ᠬᠦᠳᠡᠯᠮᠦᠷᠢ ᠶᠢᠨ ᠪᠠᠶᠠᠰᠤᠯ ᠰᠢᠩᠭᠡᠭᠰᠡᠨ ᠤᠴᠢᠷᠳᠠᠢ ᠠᠵᠢᠯᠯᠠᠭ᠎ᠠ
ᠨᠡᠶᠢᠲᠡᠯᠡᠭᠰᠡᠨ ᠴᠠᠭ᠄
2020/7/6
           ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠰᠡᠷᠬᠦᠯᠡᠩ   ᠡᠷᠬᠢᠮᠪᠠᠶᠠᠷ      ᠦᠩᠭᠡᠷᠡᠭᠰᠡᠨ ᠭᠠᠷᠠᠭ ᠤᠨ ᠠᠮᠠᠷᠠᠯᠲᠠ ᠪᠠᠷ᠂ ᠰᠦᠨᠢᠳ ᠪᠠᠷᠠᠭᠤᠨ ᠬᠤᠰᠢᠭᠤᠨ ᠤ ᠰᠠᠩᠪᠤᠯᠠᠭ ᠰᠤᠮᠤᠨ ᠤ ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠭᠠᠵᠠᠷ ᠲᠤ᠂ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 99 ᠵᠢᠯ ᠤᠨ ᠤᠢ ᠶᠢ  ᠪᠡᠯᠭᠡᠯᠡᠬᠦ ᠠᠩᠬᠠᠳᠤᠭᠠᠷ ᠬᠤᠭᠤᠴᠠᠭᠠᠨ ᠤ ᠮᠠᠯᠴᠢᠳ ᠤᠨ ᠬᠦᠳᠡᠯᠮᠦᠷᠢ ᠶᠢᠨ ᠦᠷ᠎ᠡ ᠪᠦᠲᠦᠬᠡᠯ  ᠤᠨ ᠲᠡᠯᠭᠡᠨ  ᠦᠵᠡᠰᠭᠦᠯᠡᠩ ᠬᠦᠭᠵᠢᠶᠡᠨ ᠲᠠᠢ ᠰᠠᠶᠢᠬᠠᠨ ᠶᠠᠪᠤᠭᠲᠠᠯ᠎ᠠ᠃
     ᠪᠠᠳᠤᠰᠦ᠋ᠮᠪᠦᠷ ᠪᠣᠯ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ  ᠶᠢᠨ ᠨᠢᠭᠡᠲᠦᠭᠡᠷ ᠤᠨ ᠤ ᠤᠶᠤᠳᠠᠨ᠃ ᠦᠪᠡᠷ ᠤᠨ ᠤᠷᠠᠯᠠᠭᠰᠠᠨ ᠠᠷᠠᠰᠤᠨ ᠤᠷᠠᠯᠠᠩ ᠢᠶᠠᠷ ᠢᠶᠠᠨ   ᠲᠡᠯᠭᠡᠨ ᠦᠵᠡᠰᠭᠦᠯᠡᠩ ᠳᠤ ᠤᠷᠤᠯᠴᠠᠭᠰᠠᠨ ᠤᠶᠤᠲᠠᠨ ᠮᠠᠨᠢ᠂ ᠲᠦᠷᠪᠡᠨ ᠵᠢᠯ ᠤᠨ ᠲᠤᠷᠰᠢᠲᠠ ᠰᠤᠷᠤᠭᠰᠠᠨ ᠠᠷᠠᠰᠤᠨ ᠤᠷᠠᠯᠠᠯ ᠤᠨ ᠮᠡᠷᠭᠡᠵᠢᠯ  ᠢᠶᠠᠨ ᠨᠤᠲᠤᠭ ᠤᠨ ᠲᠦᠮᠡᠨ ᠳᠤ ᠪᠠᠨ ᠬᠠᠷᠠᠭᠤᠯᠬᠤ  ᠲᠤᠬᠢᠶᠠᠯ ᠤᠯᠤᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠂ ᠤᠯᠠᠮᠵᠢᠯᠠᠯᠲᠤ  ᠭᠠᠷ ᠤᠷᠠᠯᠠᠯ ᠨᠢ ᠨᠡᠩ ᠤᠯᠠᠨ ᠬᠦᠮᠦᠰ ᠲᠤ ᠲᠠᠭᠠᠯᠠᠭᠲᠠᠬᠤ ᠶᠢ ᠬᠦᠰᠡᠵᠦ ᠪᠠᠶᠢᠨ᠎ᠠ ᠬᠡᠮᠡᠨ ᠤᠴᠢᠷᠲᠠᠶᠢᠬᠠᠨ ᠦᠬᠦᠯᠡᠨ᠎ᠡ᠃
     ᠵᠢᠷᠭᠠᠯᠠᠩᠲᠤ ᠭᠠᠴᠠᠭᠠᠨ ᠤ ᠰᠠᠷᠠᠭᠤᠯ ᠨᠠᠰᠤᠲᠠᠨ ᠤ ᠤᠷᠠᠯᠠᠨ ᠬᠠᠳᠬᠤᠭᠰᠠᠨ ᠠᠯᠴᠢᠭᠤᠷ ᠨᠢ ᠦᠩᠭᠡ ᠬᠢᠴᠡ  ᠶᠢᠨ ᠭᠤᠶᠢᠲᠠ ᠤᠷᠠᠨ ᠢᠶᠠᠷ ᠢᠶᠠᠨ ᠤᠯᠠᠨ ᠤ ᠠᠩᠬᠠᠷᠤᠯ ᠳᠤ ᠬᠦᠷᠴᠦ᠂   ᠮᠠᠯᠴᠢᠨ  ᠪᠦᠰᠡᠭᠦᠶᠢᠴᠦᠳ ᠤᠨ ᠦᠢᠯᠡᠨ  ᠳᠤ ᠤᠷᠠᠨ᠂  ᠬᠦᠲᠡᠯᠮᠦᠷᠢ ᠳᠤ  ᠰᠢᠮᠲᠡᠢ ᠶᠢ  ᠡᠷᠭᠡ ᠦᠭᠡᠢ ᠲᠤᠲᠤᠷᠭᠤᠯᠤᠨ᠎ᠠ᠃       ᠴᠠᠭᠠᠬᠤᠰᠤ ᠭᠠᠴᠠᠭᠠᠨ ᠤ ᠦᠢᠯᠡᠰ ︽ᠠᠷᠴᠠ ᠴᠠᠭᠠᠨ ᠢᠳᠡᠭᠡᠨ ᠤ ᠬᠢᠵᠠᠭᠠᠷᠲᠤ ᠺᠣᠮᠫᠠᠨᠢ︾ ᠪᠠᠨ ᠡᠵᠡᠩᠨᠡᠵᠦ᠂ ᠤᠶᠢᠷ᠎ᠠ ᠬᠠᠪᠢ ᠳᠠᠭᠠᠨ ᠠᠯᠳᠠᠷᠰᠢᠭᠰᠠᠨ ᠪᠠᠶᠢᠳᠠᠭ᠃ ᠤᠯᠠᠮᠵᠢᠯᠠᠯᠳᠤ ᠤᠷ᠎ᠠ ᠮᠡᠷᠬᠡᠵᠢᠯ ᠢ  ᠰᠢᠨ᠎ᠡ  ᠡᠷᠡᠨ ᠤ ᠬᠦᠭᠵᠢᠯ ᠲᠠᠢ ᠬᠤᠤᠰᠯᠠᠭᠤᠯᠬᠤ ᠶᠢ ᠪᠠᠶᠢᠩᠭᠤ ᠰᠡᠳᠬᠢᠵᠦ ᠶᠠᠪᠤᠳᠠᠭ ᠲᠡᠷᠡ ᠡᠨᠡ ᠤᠲᠠᠭ᠎ᠠ ᠺᠤᠮᠫᠠᠨᠢ ᠶᠢᠨ  ᠢᠶᠠᠨ ᠴᠠᠭᠠᠨ ᠢᠳᠡᠬᠡᠨ ᠢᠶᠠᠨ ᠳᠡᠯᠬᠡᠨ ᠦᠵᠡᠬᠦᠯᠵᠠᠢ᠃
     ᠠᠷᠢᠭᠤᠨ ᠴᠠᠭᠠᠨ ᠬᠦᠲᠡᠯᠮᠦᠷᠢ ᠶᠢᠨ ᠦᠷ᠎ᠡ ᠰᠢᠮ᠎ᠡ ᠪᠠᠷ ᠢᠶᠠᠨ ᠪᠠᠭ᠋ᠠᠷᠬᠠᠭᠰᠠᠨ ᠦᠵᠡᠰᠭᠦᠯᠡᠩ   ᠳᠤ ᠰᠠᠩᠪᠤᠯᠠᠭ ᠰᠤᠮᠤᠨ ᠤ 9 ᠭᠠᠴᠠᠭᠠᠨ ᠤ ᠮᠠᠯᠴᠢᠳ ᠮᠠᠨᠢ᠂ ᠴᠠᠭᠠᠨ ᠢᠳᠡᠭᠡᠨ᠂ ᠮᠦᠩᠬᠦᠨ ᠡᠳ᠋ᠯᠡᠯ᠂ ᠠᠷᠠᠰᠤᠨ ᠡᠳ᠋ᠯᠡᠯ ᠂ ᠬᠤᠪᠴᠠᠰᠤ ᠵᠠᠰᠠᠯ ᠵᠡᠷᠬᠡ   ᠶᠢᠨ 27 ᠲᠦᠷᠦᠯ ᠤᠨ ᠪᠦᠲᠦᠬᠡᠭᠳᠡᠬᠦᠨ ᠢᠶᠠᠨ ᠳᠡᠯᠬᠡᠨ ᠦᠵᠡᠬᠦᠯᠵᠠᠢ᠃      ᠰᠢᠨ᠎ᠡ ᠴᠠᠭ ᠦᠶ᠎ᠡ ᠶᠢᠨ ᠪᠤᠯᠪᠠᠰᠤᠨ ᠢ ᠦᠢᠯᠡᠳᠦᠯᠬᠡᠵᠢᠬᠦᠯᠬᠦ ᠠᠵᠢᠯ ᠢ ᠬᠦᠨᠵᠡᠭᠡᠶᠢᠷᠡᠬᠦᠯᠦᠨ᠂ ᠠᠷᠠᠳ ᠮᠠᠯᠴᠢᠨ ᠲᠤ ᠪᠠᠨ ᠬᠥᠳᠡᠯᠮᠦᠷᠢ ᠶᠢᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠬᠦ ᠲᠠᠪᠴᠠᠩ ᠬᠠᠩᠭᠠᠵᠤ᠂ ᠮᠠᠯᠴᠢᠨ ᠲᠦᠮᠡᠨ ᠢᠶᠠᠨ ᠵᠠᠬ᠎ᠠ ᠳᠡᠯᠬᠡᠬᠦᠷ ᠤᠨ ᠠᠵᠣ ᠠᠬᠤᠢ ᠳᠤ ᠵᠤᠬᠢᠴᠠᠭᠤᠯᠬᠤ ᠶᠢ ᠰᠠᠨᠠᠭᠠᠴᠢᠯᠠᠨ᠂ ᠦᠨᠳᠦᠰᠦᠳᠡᠨ ᠤ ᠰᠤᠶᠤᠯ ᠢ ᠤᠯᠠᠮᠵᠢᠯᠠᠵᠦ᠂ ᠰᠣᠳᠣᠨ ᠪᠦᠲᠦᠬᠡᠯ ᠤᠨ ᠬᠠᠩᠭᠠᠯᠭ᠎ᠠ ᠶᠢ ᠪᠠᠶᠠᠯᠢᠭᠵᠢᠭᠤᠯᠬᠤ ᠵᠤᠷᠢᠯᠲᠠ ᠲᠠᠢ ᠤᠭ ᠠᠵᠢᠯᠯᠠᠭ᠎ᠠ ᠶᠢ᠂ ᠰᠠᠩᠪᠤᠯᠠᠭ ᠰᠤᠮᠤᠨ ᠤ ᠵᠠᠰᠠᠭ ᠤᠨ ᠤᠷᠳᠤᠨ ᠪᠠ ᠰᠦᠨᠢᠳ ᠪᠠᠷᠠᠭᠤᠨ ᠬᠤᠰᠢᠭᠤᠨ ᠤ ᠠᠵᠤ ᠦᠢᠯᠡᠳᠪᠦᠷᠢ ᠰᠤᠷᠠᠭ ᠵᠠᠩᠬᠢᠴᠢᠯᠠᠯᠳᠠ ᠶᠢᠨ ᠲᠤᠪᠴᠢᠶ᠎ᠠ ᠭᠤᠤᠯᠯᠠᠨ ᠡᠷᠬᠢᠯᠡᠵᠦ᠂ ᠵᠢᠷᠭᠠᠯᠠᠩᠲᠤ ᠭᠠᠴᠠᠭ᠎ᠠ ᠪᠣᠯᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠳᠠᠭᠠᠭᠠᠴᠢᠯᠠᠨ ᠡᠷᠬᠢᠯᠡᠵᠡᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号