ᠠᠴᠢᠳᠣᠠᠠᠭᠠᠤᠯᠠ ᠰᠣᠮᠣᠨ ᠤ ᠡᠷᠳᠡᠨᠢᠪᠤᠯᠠᠭ ᠭᠠᠴᠠᠭᠠᠨ ᠤ ︽ᠭᠡᠵᠢᠭᠡ ᠮᠠᠯᠵᠢᠯ ᠤᠨ ᠲᠠᠯᠠᠪᠠᠢ︾ ᠳᠤ ᠤᠯᠠᠮᠵᠢᠯᠠᠯᠲᠤ ᠢᠰᠡᠭᠡᠶ ᠣᠷᠠᠯᠠᠯ ᠤᠨ ᠠᠳᠠᠯᠢᠳᠬᠠᠯ ᠤᠨ ᠤᠷᠤᠯᠳᠤᠭᠠᠨ ᠣᠳᠬ᠎ᠠ ᠲᠡᠭᠦᠯᠳᠡᠷ ᠶᠠᠪᠤᠭᠳᠠᠯ᠎ᠠ
ᠨᠡᠶᠢᠲᠡᠯᠡᠭᠰᠡᠨ ᠴᠠᠭ᠄
2020/8/10
     ᠦᠨᠳᠦᠰᠦᠲᠡᠨ ᠤ ᠣᠯᠠᠮᠵᠢᠯᠠᠯᠳᠣ ᠰᠣᠶᠣᠯ ᠢ ᠤᠯᠠᠮᠵᠢᠯᠠᠨ ᠵᠠᠯᠭᠠᠨᠮᠵᠢᠯᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠢ ᠥᠢᠯᠡᠳᠥᠯᠭᠡᠵᠢᠭᠦᠯᠬᠦ ᠪᠠᠷ᠂ 8 ᠰᠠᠷ᠎ᠠ ᠶᠢᠨ 7 ᠤ ᠡᠳᠦᠷ᠂ ᠠᠴᠢᠳᠣᠠᠠᠭᠠᠤᠯᠠ ᠰᠣᠮᠣᠨ ᠤ ᠡᠷᠳᠡᠨᠢᠪᠤᠯᠠᠭ ᠭᠠᠴᠠᠭᠠᠨ ᠤ ︽ᠭᠡᠵᠢᠭᠡ ᠮᠠᠯᠵᠢᠯ ᠤᠨ ᠲᠠᠯᠠᠪᠠᠢ︾ ᠨᠢ ᠤᠯᠠᠮᠵᠢᠯᠠᠯᠲᠤ ᠢᠰᠡᠭᠡᠶ ᠣᠷᠠᠯᠠᠯ ᠤᠨ ᠠᠳᠠᠯᠢᠳᠬᠠᠯ ᠤᠨ ᠤᠷᠤᠯᠳᠤᠭᠠᠨ ᠢ ᠡᠷᠬᠢᠯᠡᠨ ᠶᠠᠪᠤᠭᠳᠠᠭᠤᠯᠤᠯ᠎ᠠ᠃ ᠰᠣᠮᠣᠨ ᠤ ᠡᠮᠡᠭᠳᠡᠶᠢᠴᠣᠳ ᠤᠨ ᠬᠤᠯᠪᠤᠭᠠᠳᠣ ᠬᠤᠷᠠᠯ ᠤᠨ ᠲᠡᠳ᠋ ᠲᠡᠷᠢᠭᠦᠯᠡᠭᠴᠢ᠂ ᠭᠠᠴᠠᠭᠠᠨ ᠤ ᠬᠤᠶᠠᠷ ᠵᠥᠪᠯᠡᠯ᠂ ᠡᠮᠡᠭᠲᠡᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠢᠭᠦᠳ ᠲᠤᠰ ᠠᠵᠢᠯᠯᠠᠭᠠᠨ ᠳᠤ ᠣᠷᠣᠯᠴᠠᠵᠤ᠂ ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷᠠᠴᠤᠳ ᠤᠨ ᠦᠢᠯᠡᠴᠢᠯᠡᠭᠡᠨ ᠤ ᠡᠩᠨᠡᠭᠡ ᠨᠢ ᠣᠷᠣᠯᠳᠣᠭᠠᠨ ᠤ ᠣᠷᠣᠭᠰᠢᠳᠠᠢ ᠶᠠᠪᠤᠭᠳᠠᠬᠤ ᠳᠤ ᠰᠠᠶᠢᠨ ᠲᠤᠷ᠎ᠠ ᠶᠢᠨ ᠥᠢᠯᠡᠴᠢᠯᠡᠯᠭᠡ ᠬᠠᠩᠭᠠᠯ᠎ᠠ᠃
     ᠤᠷᠤᠯᠳᠤᠭᠠᠨ ᠨᠢ ᠭᠤᠣᠯᠳᠠᠭᠤ ᠢᠰᠡᠭᠡᠶ ᠬᠠᠳᠬᠤᠮᠠᠯ ᠤᠨ ᠪᠥᠳᠥᠭᠡᠯ ᠪᠠ ᠤᠷ᠎ᠠ ᠮᠡᠷᠭᠡᠵᠢᠯ ᠤᠨ ᠠᠳᠠᠯᠢᠳᠬᠠᠯ ᠬᠤᠶᠠᠷ ᠬᠡᠰᠡᠭ ᠢᠶᠠᠷ ᠶᠠᠪᠤᠭᠳᠠᠵᠤ᠂ ᠤᠷᠤᠯᠳᠤᠭᠠᠨ ᠳᠤ ᠣᠷᠣᠯᠴᠠᠭᠰᠠᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠬᠤᠷᠤᠭᠤᠨ ᠤ ᠤᠷ᠎ᠠ ᠮᠡᠷᠭᠡᠵᠢᠯ ᠢᠶᠠᠨ ᠪᠠᠳᠠᠷᠠᠭᠤᠯᠤᠨ᠂ ᠪᠦᠲᠦᠭᠡᠯ ᠢᠶᠠᠨ ᠣᠷᠠᠯᠠᠵᠤ ᠲᠠᠭᠤᠰᠬᠠᠯ᠎ᠠ᠃ ᠤᠷᠤᠯᠳᠤᠭᠠᠨ  ᠤ ᠲᠤᠬᠠᠢ ᠶᠢᠨ ᠲᠠᠯᠠᠪᠤᠷ ᠳᠤ᠂ ᠤᠯᠠᠮᠵᠢᠯᠠᠯᠲᠤ ᠢᠰᠡᠭᠡᠢ ᠣᠷᠠᠯᠠᠯ ᠤᠨ ᠤᠷ᠎ᠠ ᠮᠡᠷᠭᠡᠵᠢᠯ ᠢ ᠰᠣᠷᠣᠯᠴᠠᠬᠤ ᠪᠠᠷ ᠬᠥᠷᠥᠯᠴᠡᠨ ᠢᠷᠡᠭᠰᠡᠨ ᠲᠤᠷ᠎ᠠ ᠪᠠᠭ᠋ᠠᠳᠠᠳ ᠪᠠᠰᠠ ᠪᠠᠶᠢᠵᠤ᠂ ᠳᠥᠷᠪᠡᠨ ᠨᠠᠰᠣᠳᠠᠳ ᠠᠴᠠ ᠲᠤᠬᠠᠢ ᠶᠢᠨ ᠲᠠᠯᠠᠪᠤᠷ ᠲᠤ ᠦᠨᠳᠦᠰᠦᠲᠡᠨ ᠤ ᠤᠯᠠᠮᠵᠢᠯᠠᠯᠲᠤ ᠢᠰᠡᠭᠡᠶ ᠤᠷᠠᠯᠠᠯ  ᠤᠨ ᠲᠤᠬᠠᠢ ᠵᠢᠭᠠᠨ ᠵᠢᠯᠤᠭᠤᠳᠤᠯᠭ᠎ᠠ ᠬᠢᠭᠰᠡᠨ ᠪᠠᠶᠢᠨ᠎ᠠ᠃ ᠤᠷᠤᠯᠳᠤᠭᠠᠨ ᠳᠤ ᠣᠷᠣᠯᠴᠠᠭᠰᠠᠳ ᠢᠰᠡᠭᠡᠢ ᠬᠠᠳᠬᠤᠮᠠᠯ ᠤᠨ ᠥᠷ᠎ᠠ ᠠᠪᠢᠶᠠᠰ ᠢᠶᠠᠨ ᠬᠠᠷᠠᠭᠤᠯᠬᠤ ᠶᠢᠨ ᠬᠠᠮᠳᠣ᠂ ᠦᠨᠳᠦᠰᠦᠲᠡᠨ ᠤ ᠰᠣᠶᠣᠯ ᠢᠶᠠᠨ ᠣᠯᠠᠮᠵᠢᠯᠠᠨ ᠬᠠᠮᠠᠭᠠᠯᠠᠵᠤ᠂ ᠰᠢᠨ᠎ᠡ ᠴᠠᠭ ᠥᠶ᠎ᠡ ᠶᠢᠨ ᠪᠤᠯᠪᠠᠰᠣᠨ ᠢ ᠥᠢᠯᠡᠳᠥᠯᠭᠡᠵᠢᠭᠦᠯᠵᠠᠢ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号