ᠡᠯᠧᠺᠲᠷᠤᠨ ᠳᠡᠯᠭᠡᠴᠡ ᠦᠵᠡᠬᠦ ᠴᠠᠭ ᠨᠢ 1 ᠴᠠᠭ ᠠᠴᠠ ᠭᠡᠳᠦᠷᠡᠪᠡᠯ ᠬᠡᠦᠬᠡᠳ ᠤᠨ ᠲᠠᠷᠢᠬᠢᠨ ᠤ ᠪᠤᠶᠢᠵᠢᠯᠲᠠ ᠶᠢ ᠨᠥᠯᠥᠭᠡᠯᠡᠨ᠎ᠡ
ᠨᠡᠶᠢᠲᠡᠯᠡᠭᠰᠡᠨ ᠴᠠᠭ᠄
2020/8/12
         ᠤᠶᠢᠷ᠎ᠠ ᠳᠤ᠂ ᠠᠮᠧᠷᠢᠺᠠ ᠶᠢᠨ ᠰᠢᠨᠰᠢᠨᠨᠠᠲ ᠬᠡᠦᠬᠡᠳ ᠤᠨ ᠡᠮᠨᠡᠯᠭᠡ ᠶᠢᠨ ᠬᠤᠷᠢᠶᠠᠨ ᠤ ᠨᠢᠭᠡᠨ ᠰᠢᠨ᠎ᠡ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠡᠯᠧᠺᠲᠷᠤᠨ ᠳᠡᠯᠭᠡᠴᠡ ᠦᠵᠡᠬᠦ ᠴᠠᠭ ᠨᠢ ᠬᠡᠲᠦ ᠤᠷᠲᠤ ᠪᠣᠯᠪᠠᠯ ᠬᠡᠦᠬᠡᠳ ᠤᠨ ᠦᠭᠡ ᠬᠡᠯᠡ ᠪᠠ ᠥᠪᠡᠷ ᠢ ᠪᠠᠨ ᠲᠣᠬᠢᠷᠠᠭᠤᠯᠬᠤ ᠲᠠᠯ᠎ᠠ ᠪᠠᠷ ᠬᠢ ᠴᠢᠳᠠᠪᠤᠷᠢ ᠶᠢ ᠪᠠᠭᠤᠷᠠᠭᠤᠯᠵᠤ ᠮᠡᠳᠡᠨ᠎ᠡ ᠬᠡᠪᠡ᠃      ᠰᠤᠳᠤᠯᠭᠠᠨ ᠤ ᠠᠵᠢᠯᠲᠠᠨ 3 ~ 5 ᠨᠠᠰᠤᠨ ᠤ ᠬᠤᠭᠤᠷᠤᠨᠳᠤᠬᠢ 47 ᠡᠷᠡᠭᠦᠯ ᠴᠢᠭᠢᠷᠠᠭ ᠬᠡᠤᠬᠡᠳ ᠲᠤ ᠲᠤᠷᠰᠢᠯᠳᠠ ᠬᠢᠪᠡ᠃ ᠰᠤᠳᠤᠯᠭᠠᠨ ᠤ ᠠᠵᠢᠯᠲᠠᠨ ᠲᠤᠷᠰᠢᠯᠳᠠ ᠬᠢᠬᠦ ᠪᠠᠷ ᠲᠠᠮᠵᠢᠭᠠᠳ᠂ ᠡᠳᠦᠷ ᠪᠦᠷᠢ ᠭᠠᠭᠴᠠᠭᠠᠷ ᠢᠶᠠᠨ ᠺᠣᠮᠫᠢᠦ᠋ᠲ᠋ᠧᠷ᠂ ᠲᠧᠯᠸᠢᠰ ᠪᠠ ᠭᠠᠷ ᠤᠲᠠᠰᠤᠨ ᠤ ᠡᠯᠧᠺᠲᠷᠤᠨ ᠳᠡᠯᠭᠡᠴᠡ ᠶᠢ 1 ᠴᠠᠭ ᠢᠯᠡᠭᠦᠤ ᠦᠵᠡᠭᠰᠡᠨ ᠬᠡᠤᠬᠡᠳ ᠤᠨ ᠶᠡᠭᠡ ᠲᠠᠷᠢᠬᠢᠨ ᠤ ᠴᠠᠭᠠᠨ ᠡᠳ᠋ ︵ᠦᠭᠡ ᠬᠡᠯᠡ᠂ ᠤᠩᠰᠢᠵᠤ ᠪᠢᠴᠢᠬᠦ ᠵᠢᠴᠢ ᠲᠠᠨᠢᠨ ᠮᠡᠳᠡᠬᠦᠢ ᠶᠢᠨ ᠴᠢᠳᠠᠪᠤᠷᠢ ᠶᠢ ᠨᠥᠯᠥᠭᠡᠯᠡᠬᠦ ᠪᠣᠳᠠᠰ︶᠎ ᠤᠨ ᠪᠤᠶᠢᠵᠢᠯᠲᠠ ᠨᠢ ᠪᠤᠰᠤᠳ ᠬᠡᠤᠬᠡᠳ ᠠᠴᠠ ᠢᠯᠡᠷᠬᠡᠶ ᠳᠣᠤᠷ᠎ᠠ ᠪᠠᠶᠢᠬᠤ ᠶᠢ ᠤᠯᠵᠤ ᠮᠡᠳᠡᠵᠡᠢ᠃      ᠰᠤᠳᠤᠯᠭᠠᠨ ᠨᠢ ᠲᠧᠯᠸᠢᠰ ᠦᠵᠡᠬᠦ᠂ ᠬᠠᠪᠲᠠᠭᠠᠶ ᠲᠡᠯᠭᠡᠴᠠᠳᠤ ᠺᠤᠮᠫᠢᠦ᠋ᠲ᠋ᠧᠷ ᠪᠠ ᠭᠠᠷ ᠤᠲᠠᠰᠤ ᠵᠡᠷᠭᠡ ᠡᠯᠧᠺᠲᠷᠤᠨ ᠳᠡᠯᠭᠡᠴᠡ ᠦᠵᠡᠬᠦ ᠨᠢ ᠬᠡᠦᠬᠡᠳ ᠤᠨ ᠠᠩᠬᠠᠷᠤᠯ ᠲᠥᠪᠯᠡᠷᠡᠬᠦ ᠥᠬᠡᠶ᠂ ᠬᠤᠭᠤᠯᠠ ᠤᠮᠳᠠ ᠪᠠᠨ ᠰᠠᠶᠢᠬᠠᠨ ᠢᠳᠡᠬᠦ ᠦᠭᠡᠢ ᠮᠠᠭᠤ ᠳᠠᠳᠬᠠᠯ ᠪᠠ ᠦᠢᠯᠡ ᠠᠵᠢᠯᠯᠠᠭ᠎ᠠ ᠲᠠᠢ ᠪᠤᠯᠬᠤ ᠲᠠᠢ ᠬᠤᠯᠪᠣᠭ᠎ᠠ ᠲᠠᠢ ᠪᠠᠶᠢᠳᠠᠭ᠃ ᠡᠯᠧᠺᠲᠷᠤᠨ ᠳᠡᠯᠭᠡᠴᠡ ᠦᠵᠡᠬᠦ ᠴᠠᠭ ᠨᠢ ᠬᠡᠲᠦᠷᠬᠡᠶ ᠤᠷᠲᠤ ᠪᠣᠯᠪᠡᠯ ᠬᠡᠦᠬᠡᠳ ᠤᠨ ᠦᠭᠡ ᠬᠡᠯᠡᠨ ᠤ ᠪᠤᠶᠢᠵᠢᠯᠲᠠ ᠨᠢ ᠤᠳᠠᠭᠠᠰᠢᠷᠠᠬᠤ᠂ ᠬᠦᠢᠴᠡᠳᠭᠡᠬᠦ ᠴᠢᠳᠠᠪᠤᠷᠢ ᠨᠢ ᠠᠨᠠᠶ ᠪᠤᠯᠬᠤ ᠵᠢᠴᠢ ᠡᠴᠢᠭᠡ ᠡᠬᠡ ᠲᠠᠢ ᠪᠠᠨ ᠬᠠᠷᠢᠯᠴᠠᠨ ᠦᠢᠯᠡᠳᠦᠯᠴᠡᠬᠦ ᠶᠠᠪᠤᠳᠠᠯ ᠪᠠᠭᠠᠰᠬᠤ ᠲᠠᠢ ᠬᠤᠯᠪᠣᠭ᠎ᠠ ᠲᠠᠢ ᠪᠠᠶᠢᠳᠠᠭ ᠢ ᠬᠠᠷᠠᠭᠤᠯᠵᠠᠢ᠃ ᠡᠶᠢᠮᠦ ᠠᠴᠠ 18 ᠰᠠᠷ᠎ᠠ ᠪᠤᠯᠤᠭᠠᠳᠤᠢ ᠨᠢᠯᠬ᠎ᠠ ᠬᠡᠤᠬᠡᠳ ᠲᠤ ᠡᠯᠧᠺᠲᠷᠤᠨ ᠦᠢᠯᠡᠳᠭᠦᠨ ᠦᠵᠡᠬᠦᠯᠬᠦ ᠠᠴᠠ ᠵᠠᠶᠢᠯᠠᠰᠬᠢᠬᠦ ᠬᠡᠷᠡᠭᠲᠡᠶ︔ 2 ~ 5 ᠨᠠᠰᠤᠨ ᠤ ᠬᠤᠭᠤᠷᠦᠨᠳᠤᠬᠢ ᠬᠡᠤᠬᠡᠳ ᠤᠨ ᠡᠯᠧᠺᠲᠷᠤᠨ ᠳᠡᠯᠭᠡᠴᠡ ᠦᠵᠡᠬᠦ ᠴᠠᠭ ᠢ ᠡᠳᠦᠷ ᠪᠦᠷᠢ 1 ᠴᠠᠭ ᠢᠶᠠᠷ ᠬᠢᠵᠠᠭᠠᠷᠯᠠᠬᠤ ᠶᠢ ᠰᠠᠨᠠᠭᠤᠯᠵᠤ ᠪᠠᠶᠢᠨ᠎ᠠ᠃ ᠡᠭᠦᠨ ᠤ ᠬᠠᠮᠲᠤ᠂ ᠣᠷᠣᠢ ᠶᠢᠨ ᠬᠤᠭᠤᠯᠠ ᠪᠠᠨ ᠢᠳᠡᠬᠦ ᠦᠶ᠎ᠡ ᠪᠤᠶᠤ ᠤᠨᠲᠠᠬᠤ ᠥᠷᠥᠭᠡᠨ ᠳᠡᠭᠡᠨ ᠡᠯᠧᠺᠳ᠋ᠷᠣᠨ ᠦᠢᠯᠡᠳᠭᠦᠨ ᠦᠵᠡᠬᠦ ᠶᠢ ᠴᠠᠭᠠᠵᠠᠯᠠᠬᠤ ᠪᠠᠷ ᠭᠡᠷ ᠤᠨ ᠠᠬᠠᠮᠠᠳ ᠨᠠᠷ ᠲᠣᠭᠲᠠᠭᠠᠪᠠᠯ ᠵᠣᠬᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号