ᠰᠡᠭᠡᠭᠡᠳᠡᠨ ᠤ ᠣᠨ ᠵᠢᠯ ᠢᠶᠠᠨ ᠲᠤᠷᠠᠰᠴᠤ᠂ ᠬᠥᠳᠡᠭᠡ ᠪᠠᠭᠤᠭᠰᠠᠨ ᠲᠠᠪᠢᠨ ᠵᠢᠯ ᠤᠨ ᠤᠢ ᠪᠠᠨ | ᠲᠤᠷᠠᠰᠬᠠᠬᠤ ᠪᠠᠷ᠂ 8 ᠰᠠᠷ᠎ᠠ ᠶᠢᠨ 17 ᠤ ᠡᠳᠦᠷ᠂ ᠠᠴᠢᠳᠣᠠᠠᠭᠤᠯᠠ ᠰᠤᠮᠤᠨ ᠤ ᠲᠥᠰᠢᠠᠠᠭᠤᠯᠠ ᠭᠠᠴᠠᠭ᠎ᠠ ᠰᠢᠨ᠎ᠡ | ᠴᠠᠭ ᠥᠶ᠎ᠡ ᠶᠢᠨ ᠪᠤᠯᠪᠠᠰᠣᠨ ᠢ ᠥᠢᠯᠡᠳᠤᠯᠭᠡᠵᠢᠭᠦᠯᠬᠦ ︽ᠥᠩᠭᠡᠷᠡᠭᠰᠡᠨ ᠢᠶᠠᠨ ᠲᠤᠷᠠᠰᠴᠣ᠂ ᠢᠷᠡᠭᠡᠳᠦᠶ ᠳᠡᠭᠡᠨ | ᠲᠡᠮᠡᠤᠯᠡᠬᠦ︾ ᠮᠠᠯᠴᠢᠳ᠂ ᠰᠡᠭᠡᠭᠡᠳᠡᠳ ᠤᠨ ᠬᠠᠮᠳᠣ ᠶᠢᠨ ᠬᠥᠳᠡᠯᠭᠡᠭᠡᠨ ᠢ ᠥᠷᠨᠢᠭᠦᠯᠥᠯ᠎ᠡ᠃ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠡᠴᠡᠨᠲᠦ᠂ | ᠠᠯᠪᠠᠨ ᠭᠡᠷ ᠤᠨ ᠡᠷᠬᠢᠯᠡᠭᠴᠢ ᠰᠣᠶᠣᠯᠳᠣ᠂ ᠰᠤᠮᠤᠨ ᠤ ᠨᠠᠮ ᠤᠨ ᠬᠤᠷᠢᠶᠠᠨ ᠤ ᠱᠦᠵᠢ ᠨᠠᠰᠣᠨᠪᠦ᠋ᠬᠡ᠂ ᠰᠤᠮᠤᠨ | ᠳᠠᠷᠤᠭ᠎ᠠ ᠰᠣᠶᠣᠯᠪᠦ᠋ᠷᠢᠨ᠂ ᠭᠠᠴᠠᠭ᠎ᠠ ᠲᠠᠠᠭᠠᠴᠢᠯᠠᠵᠤ ᠪᠠᠶᠢᠭ᠎ᠠ ᠣᠳᠣᠷᠢᠳᠣᠯᠭ᠎ᠠ ᠮᠦᠩᠭᠡᠵᠠᠶᠠᠭ᠎ᠠ ᠵᠡᠷᠭᠡ | ᠤᠳᠤᠷᠢᠳᠤᠯᠭ᠎ᠠ ᠠᠵᠢᠯᠯᠠᠭᠠᠨ ᠳᠤ ᠣᠷᠣᠯᠴᠠᠵᠠᠶ᠃ | | | | | 1970 ᠣᠨ ᠳᠤ ᠠᠯᠳᠠᠨᠪᠤᠶᠠᠨ ᠵᠡᠷᠭᠡ ᠰᠡᠭᠡᠭᠡᠳᠡᠳ ᠲᠥᠰᠢᠠᠠᠭᠤᠯᠠ ᠭᠠᠴᠠᠭᠠᠨ ᠳᠤ ᠬᠤᠪᠢᠶᠠᠭᠳᠠᠨ᠂ | ᠭᠤᠷᠪᠠᠨ ᠵᠢᠯ ᠤᠨ ᠰᠡᠭᠡᠭᠡᠳᠡᠨ ᠤ ᠠᠮᠢᠳᠤᠷᠠᠯ ᠢ ᠥᠩᠭᠡᠷᠡᠭᠦᠯᠵᠠᠢ᠃ 50 ᠵᠢᠯ ᠤᠨ ᠳᠠᠷᠠᠭ᠎ᠠ᠂ ᠣᠯᠠᠨ ᠢᠶᠠᠷ ᠢᠶᠠᠨ | ᠳᠠᠬᠢᠨ ᠵᠤᠯᠭᠠᠵᠤ᠂ ᠥᠩᠭᠡᠷᠡᠭᠡᠭᠰᠡᠨ ᠤ ᠠᠵᠢᠯᠯᠠᠵᠤ ᠠᠮᠢᠳᠣᠷᠠᠭᠰᠠᠨ ᠭᠠᠵᠠᠷ᠂ ᠥᠩᠭᠡᠷᠡᠯᠳᠡ ᠪᠠᠨ ᠡᠷᠬᠢᠴᠡᠭᠦᠯᠥᠨ | ᠲᠤᠷᠠᠰᠬᠤ ᠶᠢᠨ ᠬᠠᠮᠳᠣ ᠰᠣᠮᠣ ᠪᠤᠯᠤᠨ ᠭᠠᠴᠠᠭᠠᠨ ᠤ ᠥᠨᠳᠣᠰᠣᠨ ᠪᠠᠶᠢᠳᠠᠯ᠂ ᠡᠳᠡᠭᠡᠷ ᠵᠢᠯ ᠤᠨ ᠠᠵᠤ ᠠᠬᠤᠶ | ᠨᠡᠶᠢᠭᠡᠮ ᠤᠨ ᠬᠤᠪᠢᠷᠠᠯᠲᠠ᠂ ᠡᠯ᠎ᠡ ᠲᠥᠷᠥᠯ ᠤᠨ ᠠᠵᠢᠯ ᠦᠢᠯᠡᠰ ᠤᠨ ᠬᠥᠭᠵᠢᠯᠲᠡ ᠵᠡᠷᠭᠡ ᠶᠢ ᠤᠶᠢᠯᠭᠠᠵᠠᠢ᠃ | ᠲᠡᠳᠡ ᠭᠠᠴᠠᠭᠠᠨ ᠳᠤ ᠨᠣᠮ ᠪᠢᠴᠢᠭ᠂ ᠵᠢᠷᠤᠭ ᠰᠡᠭᠦᠳᠡᠷ ᠵᠡᠷᠭᠡ ᠳᠤᠷᠠᠰᠬᠠᠯ ᠤᠨ ᠪᠤᠳᠠᠰ ᠬᠦᠷᠭᠡᠵᠦ᠂ ᠣᠯᠠᠨ ᠳᠤ | ᠰᠡᠭᠡᠭᠡᠳᠡᠨ ᠤ ᠥᠶ᠎ᠡ ᠶᠢᠨ ᠠᠮᠢᠳᠣᠷᠠᠯ ᠢᠶᠠᠨ ᠶᠠᠷᠢᠵᠤ ᠬᠤᠪᠢᠶᠠᠯᠴᠠᠨ᠂ ᠨᠠᠩ ᠣᠯᠠᠨ ᠬᠥᠮᠦᠰ ᠲᠤ ᠰᠡᠭᠡᠭᠡᠳᠡᠨ ᠤ | ᠴᠠᠭ ᠥᠶ᠎ᠡ ᠶᠢᠨ ᠲᠡᠤᠬᠡ ᠶᠢ ᠲᠠᠨᠢᠭᠤᠯᠵᠤ ᠴᠡᠭᠡᠵᠢᠯᠡᠭᠦᠯᠥᠨ᠂ ᠬᠥᠴᠢᠷ ᠢ ᠲᠠᠪᠠᠭ᠋ᠤ᠂ ᠰᠢᠨᠲᠠᠷᠠᠰᠢ ᠦᠭᠡᠢ | ᠴᠢᠷᠮᠠᠶᠢᠬᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠵᠣᠷᠢᠭ ᠰᠠᠨᠠᠭ᠎ᠠ ᠶᠢ ᠤᠷᠢᠶᠠᠯᠠᠵᠠᠢ᠃ | | | | | ᠬᠠᠮᠳᠣ ᠶᠢᠨ ᠠᠵᠢᠯᠯᠠᠭᠠᠨ ᠤ ᠳᠠᠷᠠᠭ᠎ᠠ᠂ ᠭᠠᠴᠠᠭᠠᠨ ᠤ ᠨᠠᠮ ᠤᠨ ᠡᠭᠦᠷ ᠨᠢ ᠵᠤᠬᠢᠶᠠᠨ ᠪᠠᠶᠢᠭᠤᠯᠤᠯᠳᠠ ᠶᠢᠨ | ᠠᠷᠠᠳᠴᠢᠯᠠᠯ ᠠᠮᠢᠳᠤᠷᠠᠯ ᠤᠨ ᠬᠤᠷᠠᠯ ᠢ ᠬᠤᠷᠠᠯᠳᠤᠭᠤᠯᠵᠤ᠂ ᠬᠤᠷᠠᠯ ᠤᠨ ᠱᠠᠭᠠᠷᠳᠠᠯᠭ᠎ᠠ ᠪᠠᠷ᠂ ᠨᠠᠮ ᠤᠨ ᠡᠭᠦᠷ ᠤᠨ | ᠱᠥᠵᠢ ᠠᠴᠠ ᠲᠡᠭᠡᠳᠣ ᠬᠠᠭᠠᠰ ᠵᠢᠯ ᠤᠨ ᠠᠵᠢᠯ ᠢᠶᠠᠨ ᠳ᠋ᠥᠩᠨᠡᠵᠤ᠂ ᠨᠠᠮ ᠤᠨ ᠬᠡᠰᠢᠭᠦᠳ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠵᠤ᠂ ᠨᠠᠮ ᠤᠨ ᠡᠭᠦᠷ ᠤᠨ ᠱᠦᠵᠢ ᠠᠴᠠ ᠨᠠᠮ ᠤᠨ | ᠬᠡᠰᠢᠭᠦᠳ ᠤᠨ ᠥᠪᠡᠷ ᠢ ᠪᠠᠨ ᠦᠨᠡᠯᠡᠭᠰᠡᠨ ᠪᠠ ᠬᠠᠷᠢᠯᠴᠠᠨ ᠦᠨᠡᠯᠡᠭᠰᠡᠨ ᠪᠠᠶᠢᠳᠠᠯ ᠢ ᠦᠨᠳᠦᠰᠦᠯᠡᠨ᠂ ᠨᠠᠮ ᠤᠨ | ᠭᠡᠰᠢᠭᠦᠨ ᠢ ᠦᠨᠡᠯᠡᠵᠦ᠂ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠬᠠᠯᠠᠨ ᠰᠠᠶᠢᠵᠢᠷᠠᠭᠤᠯᠬᠤ | ᠴᠢᠬᠤᠯᠠᠲᠠᠢ ᠰᠠᠨᠠᠯ ᠰᠠᠨᠠᠭᠤᠯᠭ᠎ᠠ ᠶᠢ ᠵᠢᠭᠠᠨ ᠭᠠᠷᠭᠠᠵᠤ᠂ ᠵᠢᠯ ᠤᠨ ᠡᠴᠦᠰ ᠤᠨ ᠠᠷᠠᠳᠴᠢᠯᠠᠯ ᠢᠶᠠᠷ ᠦᠨᠡᠯᠡᠬᠦ ᠪᠠ | ᠬᠢᠨᠠᠨ ᠰᠢᠯᠭᠠᠬᠤ ᠠᠵᠢᠯ ᠳᠤ ᠰᠠᠭᠤᠷᠢ ᠲᠠᠯᠪᠢᠵᠤ ᠥᠭᠴᠠᠢ᠃ ︵ᠮᠡᠳᠡᠭᠡᠯᠡᠭᠴᠢ᠄ ᠰᠣᠳᠣᠨᠠ︶ | | | |