ᠠᠴᠢᠳᠣᠠᠠᠭᠤᠯᠠ ᠰᠣᠮᠣᠨ ᠤ ᠥᠷᠭᠡᠨᠭᠤᠤᠯ ᠭᠠᠴᠠᠭ᠎ᠠ ᠰᠢᠨ᠎ᠡ ᠴᠠᠭ ᠥᠶ᠎ᠡ ᠶᠢᠨ ᠪᠤᠯᠪᠠᠰᠣᠨ ᠢ ᠥᠢᠯᠡᠳᠣᠯᠭᠡᠵᠢᠭᠦᠯᠬᠦ ᠠᠵᠢᠯᠯᠠᠭ᠎ᠠ ᠥᠷᠨᠢᠭᠦᠯᠥᠯ᠎ᠡ
ᠨᠡᠶᠢᠲᠡᠯᠡᠭᠰᠡᠨ ᠴᠠᠭ᠄
2020/8/20
     ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠵᠢᠴᠢ ᠠᠷᠠᠳ ᠢᠷᠭᠡᠨ ᠤ ᠶᠣᠰᠣ ᠰᠣᠷᠳᠠᠬᠤᠨ ᠤ ᠪᠠᠶᠢᠭᠤᠯᠤᠯᠲᠠ ᠶᠢᠨ ︽ᠠᠷᠪᠠᠨ ᠲᠤᠮᠤ ᠠᠵᠢᠯᠯᠠᠭ᠎ᠠ︾ ᠶᠢ ᠭᠦᠨᠵᠡᠭᠡᠶ ᠠᠬᠢᠭᠤᠯᠬᠤ ᠶᠢᠨ ᠲᠤᠰᠠᠳᠠ᠂ ᠠᠴᠢᠳᠣᠠᠠᠭᠤᠯᠠ ᠰᠣᠮᠣᠨ ᠤ ᠨᠠᠮ ᠤᠨ ᠬᠤᠷᠢᠶ᠎ᠠ ᠨᠢ ᠠᠵᠢᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ ᠶᠢ ᠪᠠᠷᠢᠮᠲᠠᠯᠠᠵᠤ᠂ ᠡᠯ᠎ᠡ ᠭᠠᠴᠠᠭᠠᠨ ᠤ ᠨᠠᠮ ᠤᠨ ᠡᠭᠦᠷ ᠪᠦᠬᠦ ᠵᠢᠯ ᠤᠨ ᠠᠵᠢᠯᠯᠠᠭᠠᠨ ᠤ ᠲᠥᠯᠥᠪᠯᠡᠭᠡ ᠲᠣᠭᠲᠠᠭᠠᠵᠤ᠂ ᠰᠠᠷ᠎ᠠ ᠪᠣᠯᠭᠠᠨ ᠠᠵᠢᠯᠯᠠᠭ᠎ᠠ ᠲᠠᠢ᠂ ᠰᠠᠶᠢᠨ ᠳᠤᠷ᠎ᠠ ᠶᠢᠨ ᠦᠢᠯᠡᠴᠢᠯᠡᠭᠡ ᠶᠢ ᠡᠷᠴᠢᠮᠳᠡᠢ ᠥᠷᠨᠢᠭᠦᠯᠬᠦ ᠶᠢ ᠪᠠᠳᠣᠯᠠᠵᠠᠢ᠃ 8 ᠰᠠᠷ᠎ᠠ ᠶᠢᠨ 19 ᠤ ᠡᠳᠦᠷ᠂ ᠥᠷᠭᠡᠨᠭᠤᠤᠯ ᠭᠠᠴᠠᠭ᠎ᠠ ᠨᠢ ᠰᠢᠨ᠎ᠡ ᠴᠠᠭ ᠦᠶ᠎ᠡ ᠶᠢᠨ ᠪᠣᠯᠪᠠᠰᠤᠨ ᠢ ᠥᠢᠯᠡᠳᠣᠯᠭᠡᠵᠢᠭᠦᠯᠬᠦ ᠠᠵᠢᠯᠯᠠᠭ᠎ᠠ ᠥᠷᠨᠢᠭᠦᠯᠥᠯ᠎ᠡ᠃
ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡ ᠤ ᠬᠠᠮᠳᠣ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠶᠢᠨ ᠲᠥᠯᠥᠭᠡ᠂ ᠭᠠᠴᠠᠭᠠᠨ ᠤ ᠨᠠᠮ ᠤᠨ ᠡᠭᠦᠷ ᠨᠠᠮ  ᠤᠨ ᠬᠡᠰᠢᠭᠦᠳ ᠢᠶᠠᠨ ᠵᠣᠬᠢᠶᠠᠨ ᠪᠠᠶᠢᠭᠤᠯᠵᠤ᠂ ᠰᠠᠶᠢᠬᠠᠨᠳᠠᠯ᠎ᠠ ᠪᠠᠯᠭᠠᠰᠤᠨ ᠤ ᠷᠠᠰᠢᠶᠠᠨ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠤᠨ ᠲᠡᠯᠭᠡᠨ ᠥᠵᠡᠭᠦᠯᠬᠦ ᠲᠢᠩᠬᠢᠮ ᠢ ᠲᠣᠭᠤᠷᠢᠨ ᠦᠵᠡᠵᠦ᠂ ᠦᠨᠳᠦᠰᠦᠲᠡᠨ ᠤ ᠪᠦᠯᠬᠦᠮᠳᠡᠯ ᠤᠨ ᠪᠠᠶᠢᠭᠤᠯᠤᠯᠳᠠ ᠶᠢᠨ ᠠᠵᠢᠯ᠂ ᠲᠡᠷᠢᠭᠦᠨ ᠤ ᠨᠡᠶᠢᠲᠡᠯᠢᠭ ᠦᠢᠯᠡ ᠠᠵᠢᠯᠯᠠᠭ᠎ᠠ ᠶᠢ ᠲᠤᠭᠤᠷᠢᠨ ᠰᠣᠷᠣᠯᠴᠠᠵᠠᠢ᠃ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠥᠨᠡᠨᠬᠦ᠋ᠤ  ᠠᠴᠠ ᠣᠯᠠᠨ ᠳᠤ ᠦᠨᠳᠦᠰᠦᠲᠡᠨ ᠤ ᠪᠦᠯᠬᠦᠮᠳᠡᠯ ᠤᠨ ᠬᠠᠮᠢᠶ᠎ᠠ ᠪᠦᠬᠦᠢ ᠠᠷᠠᠳ ᠲᠤ ᠬᠠᠷᠠᠭᠠᠯᠵᠠᠯ ᠥᠵᠡᠭᠦᠯᠬᠦ ᠲᠥᠷᠥ ᠶᠢᠨ ᠪᠣᠳᠣᠯᠭ᠎ᠠ᠂ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠮᠠᠯᠴᠢᠳ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠳᠡᠮᠵᠢᠬᠦ᠂ ᠦᠨᠳᠦᠰᠦᠲᠡᠨ ᠤ ᠪᠦᠯᠬᠦᠮᠳᠡᠯ ᠢ ᠡᠷᠬᠢᠮᠯᠡᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ  ᠪᠤᠯᠭᠠᠵᠠᠢ᠃
ᠠᠮᠢ ᠠᠬᠤᠢ ᠶᠢᠨ ᠪᠣᠯᠪᠠᠰᠤᠨ ᠤ ᠠᠵᠢᠯᠯᠠᠭ᠎ᠠ      ᠰᠢ ᠶᠢᠨ ᠫᠢᠩ ᠶᠡᠷᠥᠩᠬᠡᠢ ᠱᠥᠵᠢ ᠶᠢᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠦᠵᠡᠯ ᠤᠬᠠᠮᠰᠠᠷ ᠢ ᠲᠡᠭᠡᠭᠰᠢᠯᠡᠭᠦᠯᠬᠦ ᠪᠠᠷ᠂ ᠭᠠᠴᠠᠭᠠᠨ ᠤ ᠨᠠᠮ ᠤᠨ ᠬᠡᠰᠢᠭᠦᠳ ᠬᠤᠰᠢᠭᠤᠨ ᠤ ᠣᠶ ᠰᠢᠭᠤᠶ  ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠠᠮᠢ ᠠᠬᠤᠶ ᠶᠢᠨ ᠰᠤᠷᠭᠠᠨ ᠬᠥᠮᠦᠵᠢᠯ ‍ᠦᠨ‌‍ᠰᠠᠭᠤᠷᠢᠨ ᠭᠠᠵᠠᠷ ᠲᠤ ᠬᠦᠷᠴᠦ᠂ ᠪᠦᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ᠂ ᠬᠡᠭᠡᠷ᠎ᠡ ᠶᠢᠨ ᠠᠮᠢᠲᠠᠨ ᠤᠷᠭᠤᠮᠠᠯ ᠤᠨ ᠲᠠᠷᠬᠠᠯᠳᠠ ᠶᠢᠨ ᠲᠦᠢᠮᠣ ᠪᠠᠶᠢᠳᠠᠯ ᠢ ᠣᠶᠢᠯᠠᠭᠠᠵᠤ᠂ ᠠᠮᠢ ᠠᠬᠤᠢ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠵᠡᠯ ᠤᠬᠠᠮᠰᠠᠷ ᠢ ᠭᠦᠨᠵᠡᠭᠡᠶᠢᠷᠡᠭᠦᠯᠦᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠤᠯᠠᠮ ᠠᠬᠢᠭᠤᠯᠵᠤ᠂ ᠴᠡᠪᠡᠷ ᠴᠡᠮᠴᠡᠭᠡᠷ ᠬᠠᠮᠳᠣ ᠶᠢᠨ ᠭᠡᠷ ᠣᠷᠣᠨ ᠢ ᠪᠠᠶᠢᠭᠤᠯᠬᠤ ᠣᠶᠢᠯᠠᠭᠠᠭᠳᠠᠬᠤᠨ ᠢ ᠬᠥᠨᠵᠡᠭᠡᠶᠢᠷᠡᠭᠦᠯᠵᠠᠢ᠃
ᠡᠬᠡ ᠤᠯᠤᠰ ᠣᠷᠣᠨ ᠨᠤᠲᠤᠭ ᠢᠶᠠᠨ ᠬᠠᠶᠢᠷᠠᠯᠠᠬᠤ ᠠᠵᠢᠯᠯᠠᠭ᠎ᠠ      ᠵᠠᠯᠭᠠᠭᠠᠳ ᠣᠯᠠᠨ ᠢᠶᠠᠷ ᠢᠶᠠᠨ ᠬᠤᠰᠢᠭᠤᠨ ᠤ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠢᠩᠬᠢᠮ ᠳᠤ ᠬᠥᠷᠴᠣ᠂ ᠣᠯᠠᠭᠠᠨᠮᠥᠴᠢᠷ ᠤᠨ ᠵᠤᠷᠢᠭ ᠰᠠᠨᠠᠭ᠎ᠠ ᠶᠢ ᠬᠥᠨᠵᠡᠭᠡᠢ ᠰᠣᠷᠣᠯᠴᠠᠨ᠂ ᠶᠡᠷᠦᠩᠬᠡᠢ ᠱᠦᠵᠢ ᠰᠢ ᠶᠢᠨ ᠫᠢᠩ ᠤᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠲᠤ ᠬᠠᠷᠢᠭᠤ ᠵᠠᠬᠢᠳᠠᠯ ᠢᠯᠡᠭᠡᠭᠰᠡᠨ ᠵᠣᠷᠢᠭ ᠰᠠᠨᠠᠭ᠎ᠠ ᠶᠢ ᠰᠤᠷᠤᠯᠴᠠᠵᠤ᠂ ᠪᠦᠬᠦ ᠤᠯᠤᠰ ᠤᠨ ᠤᠤᠭᠠᠨ ᠤᠯᠠᠭᠠᠨᠮᠥ᠋ᠴᠢᠷ ᠤᠨ ᠥᠢᠯᠡᠰ᠂ ᠵᠢᠷᠤᠭ ᠰᠡᠭᠦᠳᠡᠷ᠂ ᠬᠥᠭᠵᠢᠯᠳᠡ᠂ ᠠᠮᠵᠢᠯᠳᠠ ᠪᠥᠳᠥᠮᠵᠢ ᠶᠢ ᠲᠣᠭᠤᠷᠢᠨ ᠰᠣᠷᠣᠯᠴᠠᠵᠤ᠂ ᠡᠬᠡ ᠤᠯᠤᠰ ᠣᠷᠣᠨ ᠨᠤᠲᠤᠭ ᠢᠶᠠᠨ ᠬᠠᠶᠢᠷᠠᠯᠠᠬᠤ ᠰᠡᠳᠬᠢᠯᠬᠡ ᠶᠢ ᠲᠡᠭᠡᠭᠰᠢᠯᠡᠭᠦᠯᠵᠠᠢ᠃      ᠠᠵᠢᠯᠯᠠᠭᠠᠨ ᠤ ᠳᠠᠷᠠᠭ᠎ᠠ᠂ ᠭᠠᠴᠠᠭᠠᠨ ᠤ ᠨᠠᠮ ᠤᠨ ᠡᠭᠦᠷ ᠨᠢ ᠵᠤᠬᠢᠶᠠᠨ ᠪᠠᠶᠢᠭᠤᠯᠤᠯᠳᠠ ᠶᠢᠨ ᠠᠷᠠᠳᠴᠢᠯᠠᠯ ᠠᠮᠢᠳᠤᠷᠠᠯ ᠤᠨ ᠬᠤᠷᠠᠯ ᠢ ᠬᠤᠷᠠᠯᠳᠤᠭᠤᠯᠵᠤ᠂ ᠬᠤᠷᠠᠯ ᠤᠨ ᠱᠠᠭᠠᠷᠳᠠᠯᠭ᠎ᠠ ᠪᠠᠷ᠂ ᠨᠠᠮ ᠤᠨ ᠡᠭᠦᠷ ᠤᠨ ᠱᠥᠵᠢ ᠲᠡᠭᠦᠰᠪᠠᠭᠠᠳᠣᠷ ᠠᠴᠠ ᠲᠡᠭᠡᠳᠣ ᠬᠠᠭᠠᠰ ᠵᠢᠯ ᠤᠨ ᠠᠵᠢᠯ ᠢᠶᠠᠨ ᠳ᠋ᠥᠩᠨᠡᠵᠤ᠂ ᠨᠠᠮ ᠤᠨ ᠬᠡᠰᠢᠭᠦᠳ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠵᠤ᠂ ᠨᠠᠮ ᠤᠨ ᠡᠭᠦᠷ ᠤᠨ ᠱᠦᠵᠢ ᠠᠴᠠ ᠨᠠᠮ ᠤᠨ ᠬᠡᠰᠢᠭᠦᠳ ᠤᠨ ᠥᠪᠡᠷ ᠢ ᠪᠠᠨ ᠦᠨᠡᠯᠡᠭᠰᠡᠨ ᠪᠠ ᠬᠠᠷᠢᠯᠴᠠᠨ ᠦᠨᠡᠯᠡᠭᠰᠡᠨ ᠪᠠᠶᠢᠳᠠᠯ ᠢ ᠦᠨᠳᠦᠰᠦᠯᠡᠨ᠂ ᠨᠠᠮ ᠤᠨ ᠭᠡᠰᠢᠭᠦᠨ ᠢ ᠦᠨᠡᠯᠡᠵᠦ᠂ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠬᠠᠯᠠᠨ ᠰᠠᠶᠢᠵᠢᠷᠠᠭᠤᠯᠬᠤ ᠴᠢᠬᠤᠯᠠᠲᠠᠢ ᠰᠠᠨᠠᠯ ᠰᠠᠨᠠᠭᠤᠯᠭ᠎ᠠ ᠶᠢ ᠵᠢᠭᠠᠨ ᠭᠠᠷᠭᠠᠵᠤ᠂ ᠵᠢᠯ ᠤᠨ ᠡᠴᠦᠰ ᠤᠨ ᠠᠷᠠᠳᠴᠢᠯᠠᠯ ᠢᠶᠠᠷ ᠦᠨᠡᠯᠡᠬᠦ ᠪᠠ ᠬᠢᠨᠠᠨ ᠰᠢᠯᠭᠠᠬᠤ ᠠᠵᠢᠯ ᠳᠤ  ᠰᠠᠭᠤᠷᠢ ᠲᠠᠯᠪᠢᠵᠤ  ᠥᠭᠴᠠᠢ᠃ ︵ᠠᠴᠢᠳᠤᠠ᠋ᠭᠤᠯᠠ ᠰᠤᠮᠤᠨ ᠤ ᠰᠤᠳᠤᠨ᠎ᠠ︶
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号