ᠮᠠᠨ ᠤ ᠤᠯᠤᠰ ᠪᠠᠭᠰᠢ ᠶᠢᠨ ᠰᠤᠷᠭᠠᠭᠤᠯᠢ ᠲᠡᠭᠦᠰᠦᠭᠰᠡᠳ ᠲᠤ ᠰᠢᠯᠭᠠᠭᠤᠯᠬᠤ ᠥᠬᠡᠶ ᠪᠠᠷ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠥᠭᠡᠷᠡᠴᠢᠯᠡᠯᠲᠡ ᠶᠢ ᠠᠬᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2020/8/26
     ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 17᠎ ᠤ ᠡᠳᠦᠷ ᠤᠨ ᠮᠡᠳᠡᠭᠡ ︵ᠰᠤᠷᠪᠤᠯᠵᠢᠯᠠᠭᠴᠢ ᠬᠤ᠋ ᠬᠤᠤ︶ ᠨᠠᠩ ᠣᠯᠠᠨ ᠪᠠᠭᠰᠢ ᠶᠢᠨ ᠰᠤᠷᠭᠠᠭᠤᠯᠢ ᠲᠡᠭᠦᠰᠦᠭᠰᠡᠳ ᠤᠨ  ᠰᠤᠷᠭᠠᠨ ᠬᠥᠮᠦᠵᠢᠯ ᠡᠷᠭᠢᠯᠡᠭᠦ᠂ ᠠᠵᠢᠯ ᠣᠯᠭᠤᠯᠲᠠ ᠶᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ 17᠎ ᠤ ᠡᠳᠦᠷ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ  ᠬᠤᠷᠠᠯ ᠠᠴᠠ᠂ ᠪᠠᠭᠰᠢ ᠶᠢᠨ ᠰᠤᠷᠭᠠᠭᠤᠯᠢ ᠲᠡᠭᠦᠰᠦᠭᠰᠡᠳ ᠤᠨ  ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠥᠭᠡᠷᠡᠴᠢᠯᠡᠯᠲᠡ ᠶᠢ ᠠᠬᠢᠭᠤᠯᠬᠤ ᠪᠠᠷ ᠲᠣᠭᠲᠠᠪᠠ︔      ᠬᠤᠷᠠᠯ ᠠᠴᠠ᠂ ᠪᠠᠭᠰᠢ ᠶᠢᠨ ᠠᠵᠢᠯ ᠮᠡᠷᠭᠡᠵᠢᠯ ᠤᠨ ᠬᠢᠷᠢ ᠬᠡᠮ ᠳᠤ ︽ᠤᠷᠢᠳ ᠢᠶᠠᠷ ᠠᠵᠢᠯ ᠤᠨ ᠪᠠᠶᠢᠷᠢ ᠳᠤ ᠭᠠᠷᠴᠤ ᠳᠠᠬᠢᠨ ᠦᠨᠡᠮᠯᠡᠯ ᠰᠢᠯᠭᠠᠭᠤᠯᠬᠤ︾ ᠱᠠᠲᠤ ᠦᠶᠡᠴᠢ ᠴᠢᠨᠠᠷᠲᠠᠶ ᠠᠷᠭ᠎ᠠ ᠬᠡᠮᠵᠢᠶ᠎ᠡ ᠶᠢ ᠨᠢᠬᠡᠨᠲᠡ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠪᠠᠭᠰᠢ ᠶᠢᠨ ᠰᠤᠷᠭᠠᠭᠤᠯᠢ ᠲᠡᠭᠦᠰᠦᠭᠰᠡᠳ ᠲᠤ ᠰᠢᠯᠭᠠᠭᠤᠯᠬᠤ ᠥᠬᠡᠶ ᠪᠠᠷ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ  ᠥᠭᠡᠷᠡᠴᠢᠯᠡᠯᠲᠡ ᠶᠢ ᠠᠬᠢᠭᠤᠯᠬᠤ ᠶᠢᠨ ᠬᠠᠮᠳᠤ ᠪᠠᠭᠰᠢ ᠶᠢᠨ ᠬᠦᠮᠦᠵᠢᠯ ᠬᠢᠵᠦ ᠪᠠᠶᠢᠬᠤ ᠶᠡᠭᠡ ᠳᠡᠭᠡᠳᠦ ᠰᠤᠷᠭᠠᠭᠤᠯᠢ ᠠᠴᠠ ᠪᠠᠭᠰᠢ ᠶᠢᠨ ᠰᠤᠷᠭᠠᠭᠤᠯᠢ ᠶᠢᠨ ᠰᠤᠷᠤᠭᠴᠢᠳ ᠤᠨ ᠵᠢᠭᠠᠨ ᠰᠤᠷᠭᠠᠬᠤ  ᠴᠢᠳᠠᠪᠤᠷᠢ ᠶᠢ ᠬᠢᠨᠠᠨ ᠰᠢᠯᠭᠠᠬᠤ ᠲᠦᠷᠢᠮ ᠢ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠲᠥᠷᠥᠯ ᠤᠨ ᠮᠠᠰᠲ᠋ᠧᠷ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠲᠡᠭᠦᠰᠦᠭᠰᠡᠳ᠂  ᠠᠯᠪᠠᠨ ᠤ ᠰᠦᠢᠳᠬᠡᠯ ᠢᠶᠠᠷ ᠰᠤᠷᠤᠯᠴᠠᠬᠤ ᠪᠠᠭᠰᠢ ᠶᠢᠨ ᠰᠤᠷᠭᠠᠭᠤᠯᠢ ᠶᠢᠨ ᠤᠶᠤᠳᠠᠳ ᠲᠤ ᠰᠢᠯᠭᠠᠭᠤᠯᠬᠤ ᠥᠬᠡᠶ ᠪᠠᠷ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠶᠢ ᠵᠥᠪᠰᠢᠶᠡᠷᠡᠬᠦ  ᠶᠠᠪᠤᠳᠠᠯ ᠢ ᠲᠦᠷᠭᠡᠭᠡᠨ ᠠᠬᠢᠭᠤᠯᠤᠨ᠎ᠠ᠃ ᠪᠠᠭᠰᠢ ᠶᠢᠨ ᠬᠥᠮᠦᠵᠢᠯ ᠬᠢᠵᠦ ᠪᠠᠶᠢᠬᠤ ᠶᠡᠭᠡ ᠲᠡᠭᠡᠲᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠠᠰᠤ ᠴᠢᠨᠠᠷ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠵᠦ᠂ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠪᠠᠭᠰᠢ ᠶᠢᠨ ᠶᠡᠭᠡ ᠲᠡᠭᠡᠲᠦ ᠰᠤᠷᠭᠠᠭᠤᠯᠢ ᠲᠡᠭᠦᠰᠦᠭᠰᠡᠳ ᠲᠤ ᠰᠢᠯᠭᠠᠭᠤᠯᠬᠤ ᠦᠭᠡᠢ ᠪᠠᠷ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠵᠤ᠂ ᠪᠠᠭᠰᠢ ᠶᠢᠨ ᠰᠤᠷᠭᠠᠭᠤᠯᠢ ᠲᠡᠭᠦᠰᠦᠭᠰᠡᠨ ᠤᠨ ᠠᠵᠢᠯ ᠣᠯᠬᠤ ᠳᠤ ᠳᠥᠭᠦᠮ ᠦᠵᠡᠭᠦᠯᠵᠦ᠂ ᠪᠠᠭᠰᠢ ᠶᠢᠨ ᠡᠩᠨᠡᠭᠡ ᠶᠢᠨ ᠬᠡᠪ ᠪᠤᠯᠪᠠᠰᠤᠷᠠᠯ ᠢ ᠳᠡᠭᠡᠭᠰᠢᠯᠡᠭᠦᠯᠦᠨ᠎ᠠ ᠭᠡᠵᠦ ᠲᠤᠬᠳᠠᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号