ᠰᠤᠷᠭᠠᠨ ᠬᠥᠮᠦᠵᠢᠯ ᠤᠨ ᠶᠠᠮᠤᠨ᠄ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠵᠢᠷᠤᠮ ᠢ ᠪᠥᠬᠦ ᠲᠠᠯ᠎ᠠ ᠪᠠᠷ ᠰᠡᠷᠭᠦᠭᠡᠵᠦ ᠰᠤᠷᠭᠠᠭᠤᠯᠢ ᠶᠢᠨ ᠬᠦᠷᠢᠶᠡᠨ ᠤ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠶ ᠰᠠᠶᠢᠲᠤᠷ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2020/8/26
     ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 20᠎ ᠤ ᠡᠳᠦᠷ ᠤᠨ ᠮᠡᠳᠡᠭᠡ ᠰᠤᠷᠪᠤᠯᠵᠢᠯᠠᠭᠴᠢ 20᠎ ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ 2020 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠲᠦᠷᠦᠭᠦᠬᠡᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠵᠢᠷᠤᠮ ᠢ ᠪᠦᠬᠦ ᠲᠠᠯ᠎ᠠ ᠪᠠᠷ ᠰᠡᠷᠭᠦᠭᠡᠵᠦ᠂  ᠰᠤᠷᠭᠠᠭᠤᠯᠢ ᠶᠢᠨ ᠬᠦᠷᠢᠶᠡᠨ ᠤ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠪᠴᠢᠲᠠᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠮᠡᠳᠡᠭᠳᠡᠯ ᠳᠤ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠢ ᠶᠡᠭᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠤᠬᠡᠳ ᠢ ᠠᠰᠠᠷᠠᠨ ᠬᠦᠮᠦᠵᠢᠬᠦᠯᠬᠦ ᠪᠠᠶᠢᠭᠤᠯᠤᠮᠵᠢ ᠶᠢᠨ ᠨᠠᠮᠤᠷ ᠤᠨ ᠤᠯᠠᠷᠢᠯ ᠪᠠ ᠡᠪᠦᠯ ᠤᠨ ᠤᠯᠠᠷᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠤᠷᠢᠬᠯᠠᠬᠤ ᠮᠡᠷᠭᠡᠵᠢᠯ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠤᠰ ᠭᠠᠵᠠᠷ ᠤᠨ ᠢᠶᠠᠨ ᠬᠢᠵᠢᠭ ᠢ ᠰᠡᠷᠭᠡᠶᠢᠯᠡᠨ ᠬᠤᠷᠢᠬᠯᠠᠵᠤ ᠪᠠᠶᠢᠭ᠎ᠠ ᠪᠠᠶᠢᠳᠠᠯ ᠪᠣᠯᠤᠨ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠤᠷᠭᠠᠭᠤᠯᠢ ᠡᠬᠢᠯᠡᠬᠦ ᠠᠵᠢᠯ ᠤᠨ ᠲᠥᠰᠦᠯ ᠢ  ᠢᠳᠡᠪᠬᠢᠲᠡᠶ ᠪᠥᠭᠡᠳ ᠯᠠᠪᠳᠠᠭᠤᠨ ᠢᠶᠠᠷ ᠲᠣᠭᠲᠠᠭᠠᠬᠤ ᠬᠡᠷᠡᠭᠳᠡᠢ᠃ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠰᠤᠷᠭᠠᠭᠤᠯᠢ ᠶᠢᠨ ᠵᠠᠬᠢᠷᠤᠯ ︵ᠴᠡᠴᠡᠷᠯᠢᠭ ᠤᠨ ᠳᠠᠷᠤᠭ᠎ᠠ︶ ᠨᠢᠭᠡᠳᠦᠭᠡᠷ ᠬᠠᠷᠢᠭᠤᠴᠠᠯᠭ᠎ᠠ ᠲᠠᠢ ᠬᠦᠮᠦᠨ ᠪᠤᠯᠤᠬᠰᠠᠨ ᠤ ᠬᠤᠪᠢ ᠳᠤ᠂ ᠪᠠᠭᠰᠢ ᠠᠵᠢᠯᠳᠠᠨ ᠠᠵᠢᠯᠴᠢᠨ ᠢᠶᠠᠨ ᠵᠣᠬᠢᠶᠠᠨ ᠪᠠᠶᠢᠭᠤᠯᠵᠤ ᠰᠤᠷᠭᠠᠭᠤᠯᠢ ᠡᠬᠢᠯᠡᠬᠦ ᠪᠡᠯᠡᠳᠬᠡᠯ ᠢ ᠰᠠᠶᠢᠲᠤᠷ ᠬᠢᠵᠦ᠂ ᠪᠠᠭᠰᠢ  ᠰᠤᠷᠤᠬᠴᠢ ᠠᠵᠢᠯᠳᠠᠨ ᠠᠵᠢᠯᠴᠢᠨ ᠤ ᠡᠷᠡᠭᠦᠯ ᠮᠡᠨᠳᠤ ᠶᠢᠨ ᠰᠢᠯᠭᠠᠨ ᠪᠠᠶᠢᠴᠠᠭᠠᠯᠳᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠰᠢᠭᠰᠢᠨ ᠪᠠᠶᠢᠴᠠᠭᠠᠵᠤ᠂ ︽ᠣᠷᠣᠨ ᠲᠤᠭᠤᠷᠢᠭ᠂ ᠳᠡᠰ ᠳᠠᠪᠬᠤᠷᠭ᠎ᠠ᠂ ᠴᠠᠭ ᠬᠤᠭᠤᠴᠠᠭ᠎ᠠ᠂ ᠤᠷᠬᠢᠯ ᠤᠨ ᠬᠤᠭᠤᠴᠠᠭ᠎ᠠ ᠶᠢ ᠵᠦᠷᠢᠬᠦᠯᠦᠨ  ᠬᠢᠴᠢᠶᠡᠯᠯᠡᠬᠦ︾  ︽ᠬᠠᠷᠢᠶ᠎ᠠ ᠭᠠᠵᠠᠷ ᠲᠠᠭᠠᠨ ᠨᠢᠭᠡᠳᠦᠯᠲᠡᠶ ᠲᠥᠯᠥᠪᠯᠡᠬᠦ︾ ᠵᠡᠷᠭᠡ ᠵᠠᠷᠴᠢᠮ ᠶᠣᠰᠣᠭᠠᠷ ᠂ 2020 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠡᠬᠢᠯᠡᠬᠦ ᠠᠵᠢᠯ ᠢ ᠨᠠᠷᠢᠨ ᠨᠢᠮᠪᠠᠶ ᠲᠣᠬᠢᠷᠠᠭᠤᠯᠵᠤ᠂ ᠬᠡᠪ ᠤᠨ ᠰᠤᠷᠭᠠᠨ ᠬᠥᠮᠦᠵᠢᠯ‌ᠵᠢᠭᠠᠨ ᠰᠤᠷᠭᠠᠯᠲᠠ ᠶᠢᠨ ᠡᠮᠬᠢ ᠵᠢᠷᠤᠮ ᠢ ᠪᠦᠬᠦ ᠲᠠᠯ᠎ᠠ ᠪᠠᠷ ᠰᠡᠷᠭᠦᠭᠡᠬᠦ ᠬᠡᠷᠡᠭᠳᠡᠢ ᠬᠡᠵᠦ ᠱᠠᠭᠠᠷᠳᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号