︽ᠮᠠᠯᠴᠢᠨ ᠬᠦᠮᠦᠨ ᠮᠢᠩᠭᠠᠨ ᠮᠡᠷᠭᠡᠵᠢᠯ ᠤᠨ ᠡᠵᠡᠨ︾ ᠬᠡᠵᠦ ᠳᠠᠯ᠎ᠠ ᠶᠢᠨ ᠮᠠᠯᠴᠢᠳ ᠢᠶᠠᠨ ᠮᠠᠭᠳᠠᠭᠰᠠᠨ | ᠪᠡᠯᠭᠡᠳᠡᠭᠰᠡᠨ ᠰᠠᠨᠠᠭ᠎ᠠ ᠲᠠᠢ ᠰᠠᠶᠢᠬᠠᠨ ᠦᠭᠡ ᠪᠢᠳᠡᠨ ᠤ ᠠᠮᠢᠳᠣᠷᠠᠯ ᠳᠤ ᠣᠯᠠᠮᠵᠢᠯᠠᠭᠳᠠᠨ ᠳᠠᠮᠵᠢᠵᠦ ᠪᠠᠶᠢᠳᠠᠭ᠃ | ᠡᠨᠡ ᠨᠢ ᠳᠠᠯ᠎ᠠ ᠶᠢᠨ ᠮᠠᠯᠴᠢᠳ ᠤᠨ ᠮᠠᠨᠢ ᠪᠠᠶᠢᠭᠠᠯᠢ ᠨᠡᠶᠢᠭᠡᠮ ᠳᠤ ᠵᠣᠬᠢᠴᠠᠨ᠂ ᠠᠵᠦ ᠠᠮᠢᠳᠣᠷᠠᠯ ᠢᠶᠠᠨ ᠳᠡᠭᠡᠭᠰᠢ | ᠳᠠᠳᠠᠬᠤ ᠮᠠᠯᠴᠢᠨ ᠣᠬᠠᠭᠠᠨ ᠢ ᠮᠠᠭᠳᠠᠨ ᠳᠠᠭᠤᠯᠠᠭᠰᠠᠨ ᠢᠶᠠᠷ ᠪᠠᠷᠠᠬᠤ ᠦᠭᠡᠢ᠂ ᠡᠬᠦᠨ ᠢ ᠪᠠᠨ ᠦᠪᠯᠡᠨ ᠣᠯᠠᠮᠵᠢᠯᠠᠵᠦ | ᠨᠡᠩ ᠣᠯᠠᠨ ᠣᠷ᠎ᠠ ᠮᠡᠷᠭᠡᠵᠢᠯ ᠢ ᠡᠵᠡᠮᠰᠢᠬᠦ ᠶᠢ ᠪᠡᠯᠭᠡᠳᠡᠭᠰᠡᠨ ᠪᠠᠶᠢᠳᠠᠭ᠃ ᠡᠨᠡ ᠨᠢ ᠮᠦᠨᠴᠦ ᠰᠢᠨ᠎ᠡ ᠴᠠᠭ | ᠦᠶ᠎ᠡ ᠶᠢᠨ ᠨᠡᠶᠢᠭᠡᠮ ᠤᠨ ᠬᠦᠭᠵᠢᠯᠳᠡ ᠶᠢᠨ ᠱᠠᠭᠠᠷᠳᠠᠯᠭ᠎ᠠ ᠪᠣᠯᠣᠨ᠎ᠠ᠃ | | | | | ᠡᠷᠢᠶᠡᠨᠨᠠᠭᠤᠷ ᠰᠣᠮᠣᠨ ᠤ ᠰᠢᠨ᠎ᠡ ᠴᠠᠭ ᠦᠶ᠎ᠡ ᠶᠢᠨ ᠪᠣᠯᠪᠠᠰᠦᠨ ᠢ ᠦᠢᠯᠡᠳᠦᠯᠭᠡᠵᠢᠬᠦᠯᠬᠦ ᠰᠠᠯᠪᠦᠷᠢ ᠶᠢᠨ | ᠮᠠᠯᠴᠢᠨ ᠳᠦᠮᠡᠨ ᠳᠤ ᠪᠠᠨ ᠣᠷ᠎ᠠ ᠮᠡᠷᠭᠡᠵᠢᠯ ᠤᠨ ᠳᠠᠪᠴᠠᠩ ᠢ ᠬᠠᠩᠭᠠᠬᠤ ᠡᠬᠦᠳᠦᠨ ᠠᠴᠠ ᠡᠷᠬᠢᠯᠡᠨ | ᠶᠠᠪᠣᠭᠳᠠᠭᠤᠯᠣᠭᠰᠠᠨ ᠬᠤᠨᠢᠨ ᠠᠷᠠᠰᠤᠨ ᠴᠠᠭᠠᠰᠦ ᠬᠢᠬᠦ ᠮᠡᠷᠬᠡᠵᠢᠯ ᠤᠨ ᠪᠣᠯᠪᠠᠰᠣᠷᠠᠯ ᠨᠢ 7 ᠰᠠᠷ᠎ᠠ ᠶᠢᠨ31 ᠤ ᠡᠳᠦᠷ | ᠂ ᠷᠠᠰᠢᠶᠠᠨᠲᠤ ᠭᠠᠴᠠᠭᠠᠨ ᠳᠦᠪ ᠳᠡᠭᠡᠷ᠎ᠡ ᠪᠣᠯᠵᠤᠭ᠎ᠠ ᠶᠣᠰᠣᠭᠠᠷ ᠶᠠᠪᠣᠭᠳᠠᠯ᠎ᠠ᠃ | | | | | ᠪᠣᠯᠪᠠᠰᠦᠷᠠᠯ ᠳᠤ᠂ ᠷᠠᠰᠢᠶᠠᠨᠲᠦ ᠭᠠᠴᠠᠭᠠᠨ ᠤ ᠮᠠᠯᠴᠢᠨ ᠵᠠᠯᠠᠭᠤ᠂ ᠮᠦᠨᠴᠦ ᠠᠪᠢᠶᠠᠰ ᠮᠡᠷᠭᠡᠵᠢᠯ ᠢᠶᠠᠷ ᠢᠶᠠᠨ | ᠠᠵᠢᠯ ᠦᠢᠯᠡᠰ ᠢᠶᠠᠨ ᠪᠣᠰᠬᠠᠵᠦ ᠶᠠᠪᠣᠭ᠎ᠠ ᠰᠣᠳᠣᠮᠦ᠋ᠩᠭᠡ ᠠᠴᠠ ︽ᠬᠢᠮᠳᠠ︾ ᠬᠤᠨᠢᠨ ᠠᠷᠠᠰᠦ ᠶᠢ ᠡᠳ᠋ᠰᠢᠬᠦᠯᠦᠨ | ᠠᠰᠢᠭᠯᠠᠵᠦ᠂ ︽ᠦᠨᠡᠲᠦ︾ ᠣᠷᠠᠯᠠᠯ ᠤᠨ ᠪᠦᠳᠦᠭᠡᠭᠳᠡᠭᠦᠨ ᠪᠣᠯᠭᠠᠬᠤ ᠬᠦᠨ ᠬᠦᠨᠵᠡᠭᠡᠢ ᠠᠴᠢ ᠬᠤᠯᠪᠣᠭᠳᠠᠯ ᠢ | ᠣᠯᠠᠨ ᠳᠤ ᠳᠠᠨᠢᠯᠴᠠᠭᠤᠯᠣᠭᠰᠠᠨ ᠪᠠᠷ ᠪᠠᠷᠠᠬᠤ ᠦᠭᠡᠢ᠂ ᠬᠤᠨᠢᠨ ᠠᠷᠠᠰᠦ ᠶᠢ ᠬᠡᠷᠬᠢᠨ ᠡᠳ᠋ᠰᠢᠬᠦᠯᠦᠨ ᠬᠤᠨᠢᠨ | ᠠᠷᠠᠰᠦᠨ ᠴᠠᠭᠠᠰᠦ ᠪᠣᠯᠭᠠᠬᠤ ᠳᠣᠬᠠᠢ ᠠᠯᠬᠤᠮ ᠶᠠᠪᠣᠴᠠ ᠶᠢ ᠣᠯᠠᠨ ᠳᠤ ᠬᠦᠯᠢᠴᠡᠩᠭᠦᠢ ᠪᠠᠷ ᠦᠵᠡᠭᠦᠯᠦᠨ | ᠳᠠᠶᠢᠯᠪᠣᠷᠢᠯᠠᠵᠦ᠂ ᠪᠦᠳᠦᠭᠡᠵᠦ ᠭᠠᠷᠭᠠᠭᠰᠠᠨ ᠬᠤᠨᠢᠨ ᠠᠷᠠᠰᠦᠨ ᠴᠠᠭᠠᠰᠦᠨ ᠣᠷᠠᠯᠠᠯ ᠤᠨ ᠭᠤᠸ᠎ᠠ ᠰᠠᠶᠢᠬᠠᠨ ᠢ ᠣᠯᠠᠨ | ᠳᠤ ᠬᠠᠷᠠᠭᠤᠯᠣᠭᠰᠠᠨ ᠪᠠᠶᠢᠨ᠎ᠠ᠃ | | | | | ᠡᠨᠡᠬᠦ ᠣᠳᠠᠭᠠᠨ ᠤ ᠣᠯᠠᠮᠵᠢᠯᠠᠯᠲᠦ ᠰᠣᠶᠣᠯ᠂ ᠣᠷ᠎ᠡ ᠮᠡᠷᠬᠡᠵᠢᠯ ᠢ ᠠᠪᠴᠠᠯᠳᠣᠭᠤᠯᠣᠭᠰᠠᠨ ᠮᠡᠷᠭᠡᠵᠢᠯ ᠤᠨ | ᠪᠣᠯᠪᠠᠰᠣᠷᠠᠯ ᠪᠠᠷ ᠳᠠᠮᠵᠢᠨ᠂ ᠬᠦᠷᠦᠭᠰᠡᠨ ᠮᠠᠯᠴᠢᠳ ᠮᠠᠨᠢ ᠣᠶᠣᠨ ᠤ ᠬᠦᠷᠳᠡᠬᠡᠯ ᠲᠠᠢ᠂ ᠮᠡᠷᠬᠡᠵᠢᠯ ᠤᠨ ᠣᠯᠣᠯᠳᠠ | ᠲᠠᠢ ᠪᠣᠴᠠᠵᠦ᠂ ᠮᠠᠯᠵᠢᠯ ᠠᠮᠢᠳᠣᠷᠠᠯ ᠤᠨ ᠳᠣᠮᠳᠠᠬᠢ ︽ᠡᠬᠢ ᠪᠠᠶᠠᠯᠢᠭ︾ ᠢ ᠣᠬᠠᠭᠠᠯᠢᠭ ᠠᠰᠢᠭᠯᠠᠨ᠂ ︽ᠮᠢᠩᠭᠠᠨ | ᠮᠡᠷᠭᠡᠵᠢᠯ︾ ᠢᠶᠠᠷ ᠢᠶᠠᠨ ᠠᠵᠦ ᠠᠮᠢᠳᠣᠷᠠᠯ ᠪᠡᠨᠦᠭᠡᠳᠡ ᠳᠠᠳᠠᠵᠦ᠂ ᠰᠢᠨ᠎ᠡ ᠴᠠᠭ ᠦᠶ᠎ᠡ ᠶᠢᠨ ᠪᠣᠯᠪᠠᠰᠦᠨ ᠴᠠᠭ ᠲᠤ | ᠵᠢᠪᠬᠤᠭ᠎ᠠ ᠳᠡᠭᠦᠯᠳᠡᠷ ᠣᠷᠣᠭᠰᠢᠯᠠᠬᠤ ᠨᠢ ᠯᠠᠪᠲᠠᠢ᠃ ︵ᠮᠡᠳᠡᠭᠡ ᠶᠢ ᠡᠷᠢᠶᠡᠨᠨᠠᠭᠤᠷ ᠰᠤᠮᠤ ᠬᠠᠩᠭᠠᠪᠠ︶ | |