ᠰᠦᠨᠢᠳ ᠪᠠᠷᠠᠭᠤᠨ ᠬᠤᠰᠢᠭᠤᠨ ᠤ ᠬᠤᠸᠠᠷ ᠫᠣᠣᠵᠢᠩ ᠲᠠᠯᠪᠢᠬᠤ ᠶᠢ ᠬᠢᠵᠠᠭᠠᠷᠯᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2020/8/4
     ᠬᠤᠸᠠᠷ ᠫᠣᠣᠵᠢᠩ ᠬᠤᠳᠠᠯᠳᠣᠬᠤ ᠪᠠ ᠲᠠᠯᠪᠢᠬᠤ ᠶᠢ ᠲᠦᠷᠢᠮᠵᠢᠭᠦᠯᠵᠦ᠂ ᠬᠤᠳᠠ ᠪᠠᠯᠭᠠᠰᠣᠨ ᠤ ᠣᠷᠴᠢᠨ ᠲᠣᠭᠤᠷᠢᠨ᠂ ᠠᠭᠠᠷ ᠮᠠᠨᠳᠠᠯ ᠤᠨ ᠶᠠᠰᠣ ᠴᠢᠨᠠᠷ ᠢ ᠰᠠᠶᠢᠵᠢᠷᠠᠭᠤᠯᠵᠣ᠂ ᠲᠦᠢᠮᠡᠷ ᠤᠨ ᠠᠶᠣᠯ ᠪᠣᠯᠣᠨ ᠭᠡᠨᠡᠳᠳᠡ ᠶᠢᠨ ᠰᠢᠷᠬᠠᠳᠣᠯ ᠤᠨ ᠬᠡᠷᠡᠭ ᠡᠭᠦᠰᠬᠦ ᠠᠴᠠ ᠣᠷᠢᠳᠴᠢᠯᠠᠨ ᠰᠡᠷᠭᠡᠶᠢᠯᠡᠬᠦ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠵᠠᠰᠠᠭ ᠵᠠᠬᠢᠷᠭᠠᠨ ᠤ ᠰᠢᠳᠭᠡᠯ ᠤᠨ ᠬᠠᠣᠯᠢ︾᠂ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠠᠮᠣᠷ ᠢ ᠬᠠᠮᠠᠭᠠᠯᠠᠬᠤ ᠬᠠᠮᠢᠶᠠᠷᠣᠯᠳᠠ ᠶᠢᠨ ᠰᠢᠳᠭᠡᠯ ᠤᠨ ᠬᠠᠣᠯᠢ︾᠂ ︽ᠬᠤᠸᠠᠷ ᠫᠣᠣᠵᠢᠩ ᠤᠨ ᠠᠮᠣᠷ ᠲᠦᠪᠰᠢᠨ ᠤ ᠬᠠᠮᠢᠶᠠᠷᠣᠯᠳᠠ ᠶᠢᠨ ᠲᠦᠷᠢᠮ︾᠂ ︽ᠬᠤᠸᠠᠷ ᠫᠣᠣᠵᠢᠩ ᠤᠨ ᠠᠮᠣᠷ ᠲᠦᠪᠰᠢᠨ ᠪᠠ ᠶᠠᠰᠣ ᠴᠢᠨᠠᠷ︾ ︵GB10631-2013︶ ᠵᠡᠷᠭᠡ ᠬᠠᠮᠢᠶ᠎ᠠ ᠪᠦᠬᠦᠢ ᠬᠠᠣᠯᠢ ᠴᠠᠭᠠᠵᠠ ᠬᠠᠣᠯᠢ ᠲᠦᠷᠢᠮ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠳᠠᠢ ᠲᠠᠢ ᠪᠠᠨ ᠣᠶᠠᠯᠳᠣᠭᠤᠯᠣᠨ᠂ 2021 ᠣᠨ ᠤ ᠴᠠᠭᠠᠨ ᠰᠠᠷ᠎ᠠ  ᠶᠢᠨ ᠬᠤᠭᠤᠴᠠᠭᠠᠨ ᠳᠤ ᠬᠤᠰᠢᠭᠤᠨ ᠤ ᠬᠠᠷᠢᠶᠠᠨ ᠳᠤ ᠬᠤᠸᠠᠷ ᠫᠣᠣᠵᠢᠩ ᠲᠠᠯᠪᠢᠬᠤ ᠶᠢ ᠴᠠᠭᠠᠵᠠᠯᠠᠬᠤ ᠲᠣᠬᠠᠢ ᠲᠣᠣᠷᠠᠬᠢ ᠮᠡᠲᠦ ᠮᠡᠳᠡᠭᠳᠡᠶ᠎ᠡ᠄      ᠨᠢᠭᠡ᠂ ᠫᠣᠣᠵᠢᠩ ᠲᠠᠯᠪᠢᠬᠤ ᠶᠢ ᠬᠢᠵᠠᠭᠠᠷᠯᠠᠬᠤ ᠱᠠᠭᠠᠷᠳᠠᠯᠭ᠎ᠠ      ︵ᠨᠢᠭᠡ︶ ᠫᠣᠣᠵᠢᠩ ᠲᠠᠯᠪᠢᠬᠤ ᠴᠠᠭ ᠢ ᠬᠢᠵᠠᠭᠠᠷᠯᠠᠨ᠎ᠠ᠃      ᠬᠤᠳᠠ ᠶᠢᠨ ᠪᠦᠲᠦᠭᠡᠨ ᠪᠠᠶᠢᠭᠤᠯᠣᠯᠳᠠ ᠶᠢᠨ ᠣᠷᠣᠨ ︵ᠵᠡᠭᠦᠨᠰᠢ 208 ᠣᠯᠣᠰ ᠤᠨ ᠵᠠᠮ᠂ ᠡᠮᠦᠨᠡᠰᠢ ᠨᠣᠭᠤᠭᠠᠨ ᠵᠡᠭᠡᠯᠢ᠂ ᠪᠠᠷᠠᠭᠤᠨᠰᠢ ᠰᠢᠨ᠎ᠡ ᠲᠣᠭᠤᠷᠢᠭ᠂ ᠣᠮᠠᠷᠠᠰᠢ ᠬᠦᠴᠦᠳᠦ ᠱᠠᠷ ᠠᠭᠤᠳᠠᠮ ᠲᠠᠯᠠᠪᠠᠢ ᠬᠦᠷᠳᠡᠯ᠎ᠡ︶  ᠳᠤ 2021 ᠣᠨ ᠤ 2 ᠰᠠᠷ᠎ᠠ ᠶᠢᠨ 11 ᠤ ᠡᠳᠦᠷ ︵ᠪᠢᠳᠡᠭᠦᠨ︶᠂ 2 ᠰᠠᠷ᠎ᠠ ᠶᠢᠨ 12 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠨᠢᠭᠡᠨ︶᠂ 2 ᠰᠠᠷ᠎ᠠ ᠶᠢᠨ16 ᠤ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠲᠠᠪᠣᠨ︶᠂ 2 ᠰᠠᠷ᠎ᠠ ᠶᠢᠨ 26 ᠤ ᠡᠳᠦᠷ ︵ᠴᠠᠭᠠᠨ ᠰᠠᠷ᠎ᠠ ᠶᠢᠨ ᠠᠷᠪᠠᠨ ᠲᠠᠪᠣᠨ︶ ᠤᠨ 7 ᠴᠠᠭ ᠠᠴᠠ 22 ᠴᠠᠭ ᠬᠦᠷᠳᠡᠯᠡᠬᠢ ᠬᠤᠭᠤᠴᠠᠭᠠᠨ ᠳᠤ ᠫᠣᠣᠵᠢᠩ ᠲᠠᠯᠪᠢᠵᠣ ᠪᠣᠯᠣᠨ᠎ᠠ᠂ ᠪᠣᠰᠣᠳ ᠴᠠᠭ ᠲᠤ ᠫᠣᠣᠵᠢᠩ ᠲᠠᠯᠪᠢᠬᠤ ᠶᠢ ᠴᠠᠭᠠᠵᠠᠯᠠᠨ᠎ᠠ᠃      ︵ᠬᠤᠶᠠᠷ︶ ᠫᠣᠣᠵᠢᠩ ᠲᠠᠯᠪᠢᠬᠤ ᠶᠢ ᠴᠠᠭᠠᠵᠠᠯᠠᠬᠤ ᠣᠷᠣᠨ᠃     1. ᠪᠦᠬᠦ ᠬᠤᠰᠢᠭᠤᠨ ᠤ ᠨᠠᠮ ᠵᠠᠰᠠᠭ ᠴᠡᠷᠢᠭ ᠤᠨ ᠪᠠᠶᠢᠭᠤᠯᠭ᠎ᠠ᠂ ᠲᠡᠣᠭᠡ ᠶᠢᠨ ᠲᠣᠷᠠᠰᠬᠠᠯᠳᠣ ᠵᠦᠢᠯᠡᠰ ᠢ ᠬᠠᠮᠠᠭᠠᠯᠠᠬᠤ ᠨᠢᠭᠡᠴᠡ᠂ ᠡᠮᠨᠡᠯᠭᠡ ᠶᠢᠨ ᠬᠤᠷᠢᠶ᠎ᠠ᠂ ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ᠂ ᠺᠢᠨᠤ᠋ ᠣᠷᠳᠣᠨ᠂ ᠨᠣᠮ ᠤᠨ ᠰᠠᠩ᠂ ᠰᠣᠶᠣᠯ ᠤᠨ ᠣᠷᠳᠣᠨ᠂ ᠮᠦᠽᠸᠢ᠂ ᠳᠠᠩᠰᠠ ᠡᠪᠬᠡᠮᠡᠯ ᠤᠨ ᠣᠷᠳᠣᠨ᠂ ᠲᠠᠮᠢᠷ ᠤᠨ ᠲᠠᠯᠠᠪᠠᠢ᠂ ᠲᠡᠣᠭᠡᠨ ᠪᠠᠭᠤᠷᠢ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠷᠭᠠᠭᠤᠯᠢ ᠵᠢᠴᠢ ᠣᠯᠠᠨ ᠨᠡᠶᠢᠳᠡ  ᠶᠢᠨ ᠴᠡᠩᠭᠡᠭᠦᠨ ᠤ ᠭᠠᠵᠠᠷ᠂ ᠬᠦᠮᠦᠨ ᠣᠯᠠᠨ ᠲᠠᠢ ᠵᠡᠭᠡᠯᠢ ᠭᠤᠳᠣᠮᠵᠢ ᠪᠠ ᠭᠤᠣᠯ ᠵᠠᠮ᠂ ᠴᠣᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠲᠡᠷᠭᠡᠨ ᠦᠷᠳᠡᠭᠡᠨ ᠤ ᠣᠶᠢᠷ᠎ᠠ ᠬᠠᠪᠢ ᠶᠢᠨ 200 ᠮᠧᠲᠷ ᠤᠨ ᠲᠣᠳᠣᠷ᠎ᠠ᠃      2. ᠪᠦᠬᠦ ᠬᠤᠰᠢᠭᠤᠨ ᠤ ᠠᠮᠠᠷᠬᠠᠨ ᠨᠣᠴᠣᠵᠣ ᠲᠡᠯᠪᠡᠷᠡᠬᠦ ᠠᠶᠣᠯᠳᠠᠢ ᠬᠢᠮᠢ ᠶᠢᠨ ᠪᠦᠳᠦᠭᠡᠭᠳᠡᠭᠦᠨ ᠤ ᠬᠦᠮᠦᠷᠭᠡ᠂ ᠦᠢᠯᠡᠳᠪᠦᠷᠢ᠂  ᠬᠤᠳᠠᠯᠳᠤᠭ᠎ᠠ᠂ ᠲᠣᠰᠣ ᠨᠠᠮᠠᠬᠦ ᠦᠷᠳᠡᠭᠡ᠂ ᠬᠦᠭᠦᠷᠭᠡ᠂ ᠲᠣᠮᠣ ᠬᠦᠮᠦᠷᠭᠡ᠂ ᠰᠢᠳᠠᠮᠠᠬᠠᠢ ᠭᠡᠢ ᠶᠢᠨ ᠦᠷᠳᠡᠭᠡᠨ ᠤ ᠣᠶᠢᠷ᠎ᠠ ᠬᠠᠪᠢ ᠶᠢᠨ 200 ᠮᠧᠲᠷ ᠤᠨ ᠲᠣᠳᠣᠷ᠎ᠠ᠃ ᠴᠠᠬᠢᠯᠭᠠᠨ ᠤ ᠦᠢᠯᠡᠳᠪᠦᠷᠢ᠂ ᠷᠠᠳᠢᠤ᠋ ᠲᠧᠯᠸᠢᠰ᠂ ᠴᠢᠮᠡᠭᠡ ᠨᠡᠪᠳᠡᠷᠡᠯᠭᠡ ᠶᠢᠨ ᠲᠦᠬᠦᠭᠡᠷᠦᠮᠵᠢ ᠶᠢᠨ ᠣᠶᠢᠷ᠎ᠠ ᠬᠠᠪᠢ ᠶᠢᠨ 200 ᠮᠧᠲᠷ ᠤᠨ ᠲᠣᠳᠣᠷ᠎ᠠ᠃ ᠪᠠᠷᠢᠯᠭ᠎ᠠ ᠶᠢᠨ ᠭᠠᠵᠠᠷ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠣᠶᠢᠷ᠎ᠠ ᠬᠠᠪᠢ ᠶᠢᠨ 200 ᠮᠧᠲᠷ ᠤᠨ ᠲᠣᠳᠣᠷ᠎ᠠ᠃      3. ᠬᠤᠰᠢᠭᠤ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶᠠᠨ ᠤ ᠣᠷᠴᠢᠨ ᠲᠣᠭᠤᠷᠢᠨ ᠠᠭᠠᠷ ᠮᠠᠨᠳᠠᠯ ᠤᠨ ᠶᠠᠰᠣ ᠴᠢᠨᠠᠷ ᠢ ᠬᠢᠨᠠᠨ ᠬᠡᠮᠵᠢᠬᠦ ᠦᠷᠳᠡᠭᠡᠨ ᠤ ᠣᠶᠢᠷ᠎ᠠ ᠬᠠᠪᠢ ᠶᠢᠨ 500 ᠮᠧᠲᠷ ᠤᠨ ᠲᠣᠳᠣᠷ᠎ᠠ᠃      4. ᠳᠡᠭᠡᠷ᠎ᠡ ᠲᠣᠷᠠᠳᠣᠭᠰᠠᠨ ᠭᠠᠵᠠᠷ ᠣᠷᠣᠨ ᠪᠠ ᠵᠠᠮ ᠱᠣᠭᠤᠮ ᠤᠨ ᠲᠣᠳᠣᠷ᠎ᠠ ᠬᠤᠸᠠᠷ ᠫᠣᠣᠵᠢᠩ ᠲᠠᠯᠪᠢᠬᠤ  ᠶᠢ ᠡᠷᠡᠰ ᠴᠠᠭᠠᠵᠠᠯᠠᠨ᠎ᠠ᠃ ᠳᠡᠭᠡᠷ᠎ᠡ ᠲᠣᠷᠠᠳᠣᠭᠰᠠᠨ ᠪᠠᠶᠢᠭᠤᠯᠭ᠎ᠠ ᠨᠢᠭᠡᠴᠡ᠂ ᠰᠠᠭᠤᠭᠠᠯᠢ ᠠᠷᠠᠳ ᠤᠨ ᠲᠣᠭᠤᠷᠢᠭ ᠤᠨ ᠭᠡᠷ ᠠᠬᠤᠢ ᠶᠢᠨ ᠬᠠᠮᠢᠶᠠᠷᠣᠯᠳᠠ ᠪᠠ ᠦᠮᠴᠢᠯᠡᠯ ᠤᠨ ᠡᠷᠭᠡ ᠲᠠᠢ ᠨᠢᠭᠡᠴᠡ  ᠬᠠᠷᠢᠶ᠎ᠠ ᠭᠠᠵᠠᠷ ᠲᠠᠭᠠᠨ ᠬᠤᠸᠠᠷ ᠫᠣᠣᠵᠢᠩ ᠲᠠᠯᠪᠢᠬᠤ ᠶᠢ ᠴᠠᠭᠠᠵᠠᠯᠠᠬᠤ ᠢᠯᠡᠷᠭᠡᠢ ᠫᠠᠶᠢᠰᠠ ᠳᠡᠮᠳᠡᠭ ᠪᠣᠰᠬᠠᠵᠣ᠂ ᠴᠢᠬᠤᠯᠠᠳᠠᠢ ᠦᠶ᠎ᠡ ᠳᠤ ᠲᠣᠰᠬᠠᠢ ᠬᠦᠮᠦᠨ ᠲᠣᠮᠢᠯᠠᠨ ᠬᠢᠨᠠᠨ  ᠬᠠᠮᠢᠶᠠᠷᠤᠭᠤᠯᠵᠤ᠂ ᠢᠳᠬᠠᠬᠤ ᠶᠢ ᠰᠣᠨᠣᠰᠬᠤ ᠦᠭᠡᠢ ᠬᠦᠮᠦᠰ ᠢ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠬᠠᠣᠯᠢ ᠶᠣᠰᠣᠭᠠᠷ ᠰᠢᠳᠭᠡᠨ᠎ᠡ᠃      ︵ᠭᠤᠷᠪᠠ︶ ᠬᠤᠳᠠᠯᠳᠣᠬᠤ ᠪᠠ ᠲᠠᠯᠪᠢᠬᠤ ᠶᠢ ᠴᠠᠭᠠᠵᠠᠯᠠᠬᠤ ᠫᠣᠣᠵᠢᠩ ᠤᠨ ᠲᠦᠷᠦᠯ ᠵᠦᠢᠯ᠃      ᠪᠦᠬᠦ ᠬᠤᠰᠢᠭᠤᠨ ᠤ ᠬᠡᠪᠴᠢᠶᠡᠨ ᠳᠤ ᠫᠣᠣᠵᠢᠩ ᠤᠨ ᠬᠠᠶᠢᠷᠴᠠᠭ ᠳᠡᠭᠡᠷ᠎ᠡ ᠪᠠᠨ ᠨᠣᠭᠤᠭᠠᠨ ᠦᠰᠦᠭ ᠢᠶᠠᠷ ︽ᠬᠤᠪᠢ ᠬᠦᠮᠦᠨ ᠲᠠᠯᠪᠢᠵᠣ ᠪᠣᠯᠬᠤ ᠫᠣᠣᠵᠢᠩ ᠤᠨ ᠲᠦᠷᠦᠯ︾ ᠭᠡᠵᠦ ᠲᠣᠳᠣᠷᠬᠠᠶᠢᠯᠠᠭᠰᠠᠨ ᠫᠣᠣᠵᠢᠩ ᠢ ᠬᠤᠳᠠᠯᠳᠣᠬᠤ ᠪᠠ ᠲᠠᠯᠪᠢᠵᠣ ᠪᠣᠯᠣᠨ᠎ᠠ᠃ ᠰᠠᠪᠠᠳᠠᠭ ᠫᠣᠣᠵᠢᠩ᠂ ᠦᠪᠡᠷᠳᠡᠭᠡᠨ ᠦᠢᠯᠡᠳᠦᠭᠰᠡᠨ ᠫᠣᠣᠵᠢᠩ᠂ ᠣᠬᠤᠳᠣᠨ᠎ᠠ ᠶᠢᠨ ᠫᠣᠣᠵᠢᠩ ᠢ ᠬᠤᠳᠠᠯᠳᠣᠬᠤ ᠪᠠ ᠲᠠᠯᠪᠢᠬᠤ ᠶᠢ ᠡᠷᠡᠰ  ᠴᠠᠭᠠᠵᠠᠯᠠᠨ᠎ᠠ᠃ ᠪᠠᠭ᠎ᠠ ᠬᠡᠯᠪᠡᠷᠢ ᠶᠢᠨ ᠬᠤᠸᠠᠷ ᠫᠣᠣᠵᠢᠩ᠂  ᠦᠷᠦᠯᠳᠡᠳᠦ ᠬᠡᠯᠪᠡᠷᠢ᠂ ᠣᠳᠣᠭᠠᠳᠣ ᠬᠡᠯᠪᠡᠷᠢ ᠪᠠ ᠭᠤᠣᠷᠰᠣᠨ ᠬᠡᠯᠪᠡᠷᠢ ᠶᠢ ᠨᠡᠶᠢᠯᠡᠭᠦᠯᠦᠭᠰᠡᠨ ᠫᠣᠣᠵᠢᠩ ᠵᠡᠷᠭᠡ ᠠᠶᠣᠯᠳᠠᠢ ᠫᠣᠣᠵᠢᠩ ᠲᠠᠯᠪᠢᠬᠤ ᠶᠢ ᠴᠠᠭᠠᠵᠠᠯᠠᠨ᠎ᠠ᠃ ︽ᠫᠣᠣᠵᠢᠩ ᠲᠠᠯᠪᠢᠬᠤ ᠵᠦᠪᠰᠢᠶᠡᠷᠡᠯ ᠤᠨ ᠦᠨᠡᠮᠯᠡᠯ︾ ᠦᠭᠡᠢ ᠪᠠᠶᠢᠭᠤᠯᠭ᠎ᠠ ᠨᠢᠭᠡᠴᠡ ᠪᠣᠯᠣᠨ ᠬᠤᠪᠢ ᠬᠦᠮᠦᠨ ᠶᠣᠰᠣᠯᠠᠯ ᠤᠨ ᠫᠣᠣᠵᠢᠩ ᠪᠠ 1.2 ᠺᠢᠯᠣᠭ᠍ᠷᠠᠮ  ᠠᠴᠠ ᠳᠡᠭᠡᠭᠰᠢ ᠲᠠᠷᠢ ᠲᠠᠢ ᠨᠡᠶᠢᠯᠡᠭᠦᠯᠦᠭᠰᠡᠨ ᠬᠤᠸᠠᠷ ᠫᠣᠣᠵᠢᠩ ᠵᠡᠷᠭᠡ A᠂ B ᠳᠡᠰ ᠤᠨ ᠫᠣᠣᠵᠢᠩ ᠲᠠᠯᠪᠢᠬᠤ ᠶᠢ ᠡᠷᠡᠰ ᠴᠠᠭᠠᠵᠠᠯᠠᠨ᠎ᠠ᠃ ︽ᠦᠯᠵᠡᠶᠢᠳᠦ ᠳ᠋ᠧᠩ︾ ᠬᠤᠳᠠᠯᠳᠣᠬᠤ ᠪᠠ ᠲᠠᠯᠪᠢᠬᠤ ᠶᠢ ᠡᠷᠡᠰ ᠴᠠᠭᠠᠵᠠᠯᠠᠨ᠎ᠠ᠃      ︵ᠲᠦᠷᠪᠡ︶ ᠪᠤᠷᠤᠯᠠᠭᠤᠯᠬᠤ ᠭᠠᠵᠡᠷ ᠪᠡ ᠪᠤᠷᠤᠯᠠᠭᠤᠯᠬᠤ ᠴᠠᠭ ᠢ ᠬᠢᠵᠠᠭᠠᠷᠯᠠᠨ᠎ᠠ᠃ᠪᠡᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠵᠦᠪᠰᠢᠶᠡᠷᠡᠭᠰᠡᠨ ᠬᠤᠸᠡᠷ ᠫᠤᠤᠵᠢᠩ ᠵᠢᠵᠢᠭᠯᠡᠨ ᠬᠤᠳᠠᠯᠳᠤᠬᠤ ᠡᠵᠡᠩᠨᠡᠭᠴᠢ ᠡᠷᠭᠡᠪᠰᠢ ᠬᠤᠸᠡᠷ ᠫᠤᠤᠵᠢᠩ ᠪᠦᠭᠡᠮ ᠢᠶᠠᠷ ᠬᠤᠳᠠᠯᠳᠤᠬᠤ ᠵᠢᠩᠬᠢᠨᠢ ᠠᠵᠦ ᠠᠬᠤᠶᠢᠯᠠᠯ ᠠᠴᠠ ᠬᠤᠸᠡᠷ ᠫᠤᠤᠵᠢᠩ ᠬᠤᠳᠠᠯᠳᠤᠨ ᠠᠪᠬᠤ ᠭᠡᠷᠡᠭᠳᠡᠢ᠂ ᠪᠤᠷᠤᠯᠠᠭᠤᠯᠬᠤ ᠭᠠᠵᠡᠷ ᠢᠶᠠᠨ ᠬᠤᠳᠠᠯᠳᠤᠭᠠᠨ  ᠤ ᠲᠤᠭᠤᠷᠢᠭ᠂ ᠰᠠᠭᠤᠭᠠᠯᠢ ᠠᠷᠠᠳ ᠤᠨ ᠲᠤᠭᠤᠷᠢᠭ᠂ ᠠᠶᠤᠯᠳᠠᠢ ᠬᠢᠮᠢ ᠶᠢᠨ ᠪᠤᠳᠠᠰ ᠤᠨ ᠦᠢᠯᠡᠳᠪᠤᠷᠢᠯᠡᠯ ᠡᠵᠡᠩᠨᠡᠯᠳᠡ ᠶᠢᠨ ᠲᠠᠯᠠᠪᠤᠷ ᠠᠴᠠ ᠬᠤᠯᠠ ᠪᠠᠶᠢᠯᠭᠠᠬᠤ ᠭᠡᠷᠡᠭᠳᠡᠢ᠃ ᠲᠤᠰᠬᠠᠢ ᠲᠠᠯᠭᠡᠬᠦᠷ ᠪᠤᠶᠤ ᠲᠤᠰᠬᠠᠢ ᠯᠠᠩᠬᠦᠢ ᠳᠤ ᠪᠤᠷᠤᠯᠠᠭᠤᠯᠵᠦ᠂ ᠲᠤᠰᠬᠠᠢ ᠬᠦᠮᠦᠨ ᠢᠶᠠᠷ ᠠᠮᠤᠷ ᠲᠦᠪᠰᠢᠨ ᠤ ᠬᠠᠮᠢᠶᠠᠷᠤᠯᠳᠠ ᠶᠢ ᠬᠠᠷᠢᠭᠤᠴᠠᠭᠤᠯᠵᠦ᠂ ᠭᠠᠯ ᠤᠨᠳᠠᠷᠠᠭᠠᠬᠤ ᠴᠢᠬᠤᠯᠠ ᠪᠦᠬᠦᠢ ᠪᠠᠭᠠᠵᠢ ᠭᠡᠷᠡᠭᠰᠡᠯ ᠲᠤᠬᠢᠷᠠᠭᠤᠯᠤᠨ᠂ ᠠᠶᠤᠯᠬᠦᠢ ᠶᠢᠨ ᠰᠡᠷᠡᠮᠵᠢ ᠶᠢᠨ ᠲᠡᠮᠳᠡᠭ ᠢ ᠢᠯᠡ ᠲᠤᠳᠤᠷᠬᠠᠢ ᠨᠠᠭᠠᠬᠤ ᠭᠡᠷᠡᠭᠳᠡᠢ᠃ᠪᠤᠷᠤᠯᠠᠭᠤᠯᠬᠤ ᠴᠠᠭ᠄ 2021 ᠤᠨ ᠤ 2 ᠰᠠᠷ᠎ᠠ ᠶᠢᠨ 4 ᠤ ᠡᠳᠤᠷ ᠤᠨ 8 ᠴᠠᠭ ︵ᠬᠦᠬᠡᠬᠡ ᠰᠠᠷ᠎ᠠ ᠶᠢᠨ ᠬᠤᠷᠢᠨ ᠭᠤᠷᠪᠡᠨ︶ ᠠᠴᠠ 2 ᠰᠠᠷ᠎ᠠ ᠶᠢᠨ 26 ᠤ ᠡᠳᠤᠷ ︵ᠴᠠᠭᠠᠨ ᠰᠠᠷ᠎ᠠ ᠶᠢᠨ ᠠᠷᠪᠡᠨ ᠲᠠᠪᠤᠨ︶ ᠤᠨ 17 ᠴᠠᠭ ᠪᠤᠯᠳᠠᠯ᠎ᠠ᠃ ᠪᠤᠷᠤᠯᠠᠭᠤᠯᠬᠤ ᠴᠠᠭ ᠲᠠᠭᠤᠰᠤᠭᠰᠠᠨ ᠤ ᠲᠠᠷᠠᠭ᠎ᠠ᠂ ᠬᠤᠸᠡᠷ ᠫᠤᠤᠵᠢᠩ ᠲᠦᠷ ᠴᠠᠭ ᠪᠤᠷᠤᠯᠠᠭᠤᠯᠬᠤ ᠭᠠᠵᠡᠷ ᠢ ᠪᠦᠬᠦᠨ ᠢ ᠨᠢ ᠬᠠᠭᠠᠯᠭᠠᠨ᠎ᠠ᠃      ᠬᠤᠶᠠᠷ᠂ ᠫᠤᠤᠵᠢᠩ ᠲᠠᠯᠪᠢᠬᠤ ᠲᠤᠭᠳᠠᠭᠠᠯ      ︵ᠨᠢᠬᠡ︶ ᠪᠠᠶᠢᠭᠤᠯᠭ᠎ᠠ ᠪᠡ ᠬᠤᠪᠢ ᠬᠦᠮᠦᠨ ᠡᠷᠭᠡᠪᠰᠢ ᠪᠡᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠡᠵᠡᠩᠨᠡᠯᠳᠡ ᠶᠢᠨ ᠵᠦᠪᠰᠢᠶᠡᠷᠡᠯ ᠤᠨ ᠦᠨᠡᠮᠯᠡᠯ ᠤᠯᠭᠤᠭᠰᠠᠨ ᠬᠤᠸᠡᠷ ᠫᠤᠤᠵᠢᠩ ᠵᠢᠵᠢᠭᠯᠡᠨ ᠬᠤᠳᠠᠯᠳᠤᠬᠤ ᠭᠠᠵᠡᠷ ᠠᠴᠠ ᠫᠤᠤᠵᠢᠩ ᠬᠤᠳᠠᠯᠳᠤᠨ ᠠᠪᠬᠤ ᠭᠡᠷᠡᠭᠳᠡᠢ᠂ ᠫᠤᠤᠵᠢᠩ ᠢᠶᠠᠨ ᠠᠮᠤᠷ ᠲᠦᠪᠰᠢᠨ ᠭᠠᠵᠡᠷ ᠢ ᠰᠤᠩᠭᠤᠵᠦ᠂ ᠲᠤᠳᠤᠷᠬᠠᠶᠢᠯᠠᠯᠳᠠ ᠶᠢᠨ ᠪᠢᠴᠢᠭ ᠶᠤᠰᠤᠭᠠᠷ ᠵᠦᠪ ᠨᠤᠴᠤᠭᠠᠵᠦ ᠲᠠᠯᠪᠢᠬᠤ ᠶᠢᠨ ᠬᠠᠮᠳᠤ ᠲᠤᠤᠷᠡᠬᠢ ᠲᠤᠭᠳᠠᠭᠠᠯ ᠢ ᠵᠢᠷᠤᠮᠯᠠᠬᠤ ᠭᠡᠷᠡᠭᠳᠡᠢ᠄      1. ᠤᠯᠠᠨ ᠬᠦᠮᠦᠨ ᠤ ᠵᠦᠭ᠂ ᠲᠡᠷᠭᠡ ᠤᠨᠤᠭ᠎ᠠ᠂ ᠪᠠᠷᠢᠯᠭ᠎ᠠ ᠤᠷᠤᠭᠤ ᠬᠤᠸᠡᠷ ᠫᠤᠤᠵᠢᠩ ᠲᠠᠯᠪᠢᠵᠦ ᠪᠤᠯᠬᠤ ᠦᠬᠡᠢ︔      2. ᠪᠡᠷᠢᠯᠭ᠎ᠠ ᠶᠢᠨ ᠲᠤᠳᠤᠷ᠎ᠡ᠂ ᠭᠡᠷ ᠤᠨ ᠤᠷᠤᠢ᠂ ᠠᠰᠠᠷ ᠤᠨ ᠭᠤᠳᠤᠮᠵᠢ᠂ ᠴᠤᠩᠬᠤ᠂ ᠨᠡᠷᠡᠪᠴᠢᠨ ᠲᠡᠭᠡᠷ᠎ᠡ ᠲᠠᠯᠪᠢᠬᠤ᠂ ᠡᠰᠡᠬᠦᠯ᠎ᠡ ᠭᠠᠳᠠᠭᠰᠢ ᠲᠠᠮᠨᠠᠨ ᠲᠠᠯᠪᠢᠬᠤ᠂ ᠡᠯᠬᠦᠬᠦ ᠪᠤᠶᠤ ᠨᠤᠴᠤᠭᠠᠭᠠᠳ ᠭᠠᠳᠠᠭᠰᠢ ᠰᠢᠳᠠᠵᠦ ᠪᠤᠯᠬᠤ ᠦᠬᠡᠢ︔      3. ᠤᠯᠠᠨ ᠨᠠᠶᠢᠳᠠ ᠶᠢᠨ ᠠᠮᠤᠷ ᠲᠦᠪᠰᠢᠨ ᠪᠡ ᠬᠦᠮᠦᠨ ᠤ ᠪᠠᠶ᠎ᠠ ᠮᠠᠬᠠᠪᠤᠳ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠤᠷ ᠬᠦᠨᠦᠬᠡᠯ ᠤᠴᠠᠷᠠᠭᠤᠯᠬᠤ ᠪᠤᠰᠤᠳ ᠠᠷᠭ᠎ᠠ ᠮᠠᠶ᠋ᠢᠭ ᠢᠶᠠᠷ ᠫᠤᠤᠵᠢᠩ ᠲᠠᠯᠪᠢᠵᠦ ᠪᠤᠯᠬᠤ ᠦᠬᠡᠢ      4. ᠪᠦᠬᠦᠯᠢ 14 ᠨᠠᠰᠤᠨ ᠠᠴᠠ ᠲᠤᠷᠤᠭᠰᠢᠬᠢ ᠨᠠᠰᠤᠨ ᠳᠤ ᠦᠯᠦ ᠬᠦᠷᠦᠭᠰᠡᠳ ᠡᠷᠭᠡᠪᠰᠢ  ᠭᠡᠷ ᠤᠨ ᠠᠬᠠᠮᠠᠳ ᠤᠨ ᠢᠶᠠᠨ  ᠬᠢᠨᠡᠯᠳᠠ ᠲᠤᠤᠷ᠎ᠡ ᠫᠤᠤᠵᠢᠩ ᠲᠠᠯᠪᠢᠬᠤ ᠭᠡᠷᠡᠭᠳᠡᠢ᠃      ︵ᠬᠤᠶᠠᠷ︶ ᠲᠤᠤᠷᠡᠬᠢ ᠪᠠᠶᠢᠳᠠᠯ ᠤᠨ ᠨᠢᠭᠡ ᠨᠢ ᠪᠡᠶᠢᠪᠡᠯ᠂ ᠬᠤᠰᠢᠭᠤ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠠᠴᠠ ᠫᠤᠤᠵᠢᠩ ᠲᠠᠯᠪᠢᠬᠤ ᠶᠢ ᠨᠢ ᠵᠠᠷᠯᠢᠭᠳᠠᠨ ᠵᠤᠭᠰᠤᠭᠠᠯᠭᠠᠬᠤ ᠶᠢᠨ ᠬᠠᠮᠳᠤ᠂ 100 ᠲᠦᠬᠦᠷᠢᠭ ᠠᠴᠠ ᠲᠡᠭᠡᠭᠰᠢ 500 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠠᠮᠤᠷ ᠢ ᠬᠠᠮᠠᠭᠠᠯᠠᠬᠤ ᠬᠠᠮᠢᠶᠠᠷᠤᠯᠳᠠ ᠶᠢ ᠵᠦᠷᠢᠴᠡᠭᠰᠡᠨ ᠦᠢᠯᠡ ᠠᠵᠢᠯᠯᠠᠭ᠎ᠠ ᠪᠤᠯᠵᠦ ᠪᠦᠷᠢᠯᠳᠤᠪᠡᠯ᠂ ᠬᠠᠤᠯᠢ ᠶᠤᠰᠤᠭᠠᠷ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠳᠭᠡᠯ ᠤᠯᠭᠤᠨ᠎ᠠ᠄      1. ᠫᠤᠤᠵᠢᠩ ᠲᠠᠯᠪᠢᠬᠤ ᠶᠢ ᠴᠠᠭᠠᠵᠠᠯᠠᠭᠰᠠᠨ ᠴᠠᠭ ᠲᠤ ᠫᠤᠤᠵᠢᠩ ᠲᠠᠯᠪᠢᠭᠰᠠᠨ︔      2. ᠫᠤᠤᠵᠢᠩ ᠲᠠᠯᠪᠢᠬᠤ ᠶᠢ ᠴᠠᠭᠠᠵᠠᠯᠠᠭᠰᠠᠨ ᠭᠠᠵᠡᠷ ᠲᠤ ᠫᠤᠤᠵᠢᠩ ᠲᠠᠯᠪᠢᠭᠰᠠᠨ︔      3. ᠤᠯᠠᠨ ᠨᠠᠶᠢᠳᠠ ᠶᠢᠨ ᠠᠮᠤᠷ ᠲᠦᠪᠰᠢᠨ ᠪᠡ ᠬᠦᠮᠦᠨ ᠤ ᠪᠠᠶ᠎ᠠ ᠮᠠᠬᠠᠪᠤᠳ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠬᠤ ᠪᠤᠰᠤᠳ ᠠᠷᠭ᠎ᠠ ᠮᠠᠶ᠋ᠢᠭ ᠢᠶᠠᠷ ᠫᠤᠤᠵᠢᠩ ᠲᠠᠯᠪᠢᠭᠰᠠᠨ᠃      ︵ᠲᠦᠷᠪᠡ︶ ᠬᠤᠳᠠ ᠶᠢᠨ ᠪᠦᠳᠤᠭᠡᠨ ᠪᠠᠶᠢᠭᠤᠯᠣᠯᠳᠠ ᠶᠢᠨ ᠣᠷᠣᠨ ᠲᠤᠳᠤᠷ᠎ᠡ ᠲᠦᠳᠡᠭ ᠭᠠᠯ ᠨᠤᠴᠤᠭᠠᠵᠦ ᠪᠤᠯᠬᠤ ᠦᠬᠡᠢ᠃      ᠤᠨᠴᠠᠭᠠᠶᠢᠯᠠᠨ ᠮᠡᠳᠡᠭᠳᠡᠪᠡ             ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ                   2020 ᠤᠨ ᠤ 7 ᠰᠠᠷ᠎ᠠ ᠶᠢᠨ 6 ᠤ ᠡᠳᠤᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号