ᠨᠠᠮ ᠤᠨ ᠲᠦᠪ ᠬᠤᠷᠢᠶᠠᠨ ᠤ ᠭᠡᠳᠦᠨ ᠦᠶ᠎ᠡ ᠶᠢᠨ ᠣᠳᠣᠷᠢᠳᠣᠯᠭ᠎ᠠ ᠴᠦᠮ ᠦᠪᠦᠷ ᠮᠣᠩᠭᠤᠯ ᠤᠨ | ᠣᠯᠠᠭᠠᠠᠮᠦ᠋ᠴᠢᠷ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠯᠠᠭᠠᠠᠮᠦ᠋ᠴᠢᠷ ᠤᠨ ᠲᠣᠭᠯᠠᠭᠴᠢᠳ ᠢ | ᠲᠣᠳᠣᠨᠣ ᠪᠠᠷ ᠬᠠᠯᠠᠮᠵᠢᠯᠠᠭᠰᠠᠭᠠᠷ ᠢᠷᠡᠵᠠᠢ᠃ ᠨᠠᠮ ᠪᠠ ᠲᠦᠷᠦ ᠶᠢᠨ ᠣᠳᠣᠷᠢᠳᠬᠤ ᠨᠦᠬᠦᠳ ᠣᠯᠠᠭᠠᠠᠮᠦ᠋ᠴᠢᠷ ᠤᠨ | ᠠᠮᠵᠢᠯᠳᠠ ᠪᠦᠲᠦᠮᠵᠢ ᠶᠢ ᠦᠨᠳᠦᠷ ᠦᠨᠡᠯᠡᠨ᠂ ᠭᠦᠢᠴᠡᠳ ᠨᠣᠳᠠᠯᠠᠵᠣ᠂ ᠣᠯᠠᠭᠠᠠᠮᠦ᠋ᠴᠢᠷ ᠤᠨ ᠠᠵᠢᠯ ᠦᠢᠯᠡᠰ ᠤᠨ | ᠬᠦᠭᠵᠢᠯᠳᠡ ᠳᠤ ᠴᠢᠬᠤᠯᠠ ᠵᠢᠭᠠᠪᠣᠷᠢ ᠦᠭᠴᠦ᠂ ᠬᠦᠰᠡᠯ ᠨᠠᠶᠢᠳᠠᠯᠭ᠎ᠠ ᠪᠠᠨ ᠳᠡᠪᠰᠢᠭᠦᠯᠬᠦ ᠶᠢᠨ ᠬᠠᠮᠳᠣ | ᠣᠯᠠᠭᠠᠠᠮᠦ᠋ᠴᠢᠷ ᠤᠨ ᠲᠣᠭᠯᠠᠯᠳᠠ ᠶᠢ ᠣᠯᠠᠨᠳᠠ ᠰᠣᠨᠢᠷᠬᠠᠨ ᠦᠵᠡᠵᠦ᠂ ᠣᠯᠠᠭᠠᠠᠮᠦ᠋ᠴᠢᠷ ᠤᠨ ᠲᠣᠭᠯᠠᠭᠴᠢᠳ ᠲᠠᠢ | ᠠᠭᠤᠯᠵᠠᠭᠰᠠᠨ ᠶᠣᠮ᠃ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠯ᠎ᠡ ᠬᠤᠭᠤᠴᠠᠭᠠᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠠᠴᠠ ᠣᠯᠠᠭᠠᠠᠮᠦ᠋ᠴᠢᠷ ᠤᠨ ᠠᠵᠢᠯ ᠢ ᠦᠨᠡᠨᠬᠦ ᠴᠢᠩᠭᠠᠳᠬᠠᠵᠣ᠂ ᠣᠯᠠᠨ ᠲᠠᠯ᠎ᠠ | ᠠᠴᠠ ᠬᠠᠯᠠᠮᠵᠢᠯᠠᠨ ᠳᠡᠮᠵᠢᠵᠦ᠂ ᠪᠦᠬᠦ ᠣᠷᠣᠨ ᠤ ᠣᠯᠠᠭᠠᠠᠮᠦ᠋ᠴᠢᠷ ᠤᠨ ᠠᠵᠢᠯ ᠦᠢᠯᠡᠰ ᠤᠨ ᠦᠷᠭᠦᠯᠵᠢᠯᠡᠨ ᠡᠷᠡᠭᠦᠯ | ᠢᠶᠠᠷ ᠬᠦᠭᠵᠢᠬᠦ ᠶᠢ ᠠᠬᠢᠭᠤᠯᠪᠠ᠃ ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠨᠢ ᠦᠪᠦᠷ ᠮᠣᠩᠭᠤᠯ ᠤᠨ | ᠣᠣᠭᠠᠨ ᠣᠯᠠᠭᠠᠠᠮᠦ᠋ᠴᠢᠷ ᠪᠣᠯᠣᠭᠰᠠᠨ ᠤ ᠬᠤᠪᠢ ᠳᠤ᠂ ᠲᠣᠭᠯᠠᠭᠴᠢᠳ ᠨᠢ ᠨᠠᠮ ᠪᠠ ᠲᠦᠷᠦ ᠶᠢᠨ | ᠣᠳᠣᠷᠢᠳᠣᠭᠴᠢᠳ ᠤᠨ ᠠᠭᠤᠯᠵᠠᠯᠳᠠ ᠶᠢ ᠣᠯᠠᠨᠳᠠ ᠬᠦᠯᠢᠶᠡᠵᠦ᠂ ᠦᠪᠡᠷᠳᠡᠭᠡᠨ ᠵᠠᠰᠠᠬᠤ ᠣᠷᠣᠨ ᠤ ᠨᠠᠮ ᠵᠠᠰᠠᠭ | ᠤᠨ ᠣᠳᠣᠷᠢᠳᠬᠤ ᠨᠦᠬᠦᠳ ᠣᠯᠠᠨᠳᠠ ᠲᠣᠬᠠᠢ ᠶᠢᠨ ᠲᠠᠯᠠᠪᠣᠷ ᠲᠤ ᠬᠦᠷᠴᠦ ᠪᠠᠶᠢᠴᠠᠭᠠᠨ ᠵᠢᠯᠣᠭᠤᠳᠴᠣ᠂ ᠭᠡᠳᠦᠨ | ᠦᠶ᠎ᠡ ᠶᠢᠨ ᠣᠯᠠᠭᠠᠠᠮᠦ᠋ᠴᠢᠷ ᠤᠨ ᠲᠣᠭᠯᠠᠭᠴᠢᠳ ᠤᠨ ᠵᠣᠷᠢᠯᠳᠠ ᠪᠠᠨ ᠦᠯᠦ ᠣᠮᠠᠷᠳᠠᠨ᠂ ᠡᠭᠦᠷᠭᠡ ᠬᠠᠷᠢᠭᠤᠴᠠᠯᠭ᠎ᠠ | ᠪᠠᠨ ᠪᠠᠳᠣ ᠴᠡᠭᠡᠵᠢᠯᠡᠬᠦ ᠶᠢ ᠨᠢ ᠵᠣᠷᠢᠭᠵᠢᠭᠤᠯᠵᠣ᠂ ᠲᠠᠯ᠎ᠠ ᠨᠣᠳᠤᠭ ᠳᠡᠭᠡᠷ᠎ᠡ ᠦᠨᠳᠦᠰᠦᠯᠡᠭᠦᠯᠦᠨ ᠳᠡᠯᠭᠡᠷᠡᠭᠦᠯᠵᠦ᠂ | ᠦᠩᠭᠡ ᠬᠢᠯᠪᠠᠭ᠎ᠠ ᠶᠢ ᠨᠢ ᠪᠠᠳᠠᠷᠠᠭᠤᠯᠣᠭᠰᠠᠭᠠᠷ ᠢᠷᠡᠪᠡ᠃ | | | ᠣᠯᠠᠭᠠᠠᠮᠦ᠋ᠴᠢᠷ ᠪᠠᠶᠢᠭᠤᠯᠣᠭᠳᠠᠭᠰᠠᠨ ᠤ ᠳᠠᠷᠠᠭ᠎ᠠ᠂ ᠮᠠᠤ ᠽᠧ ᠳ᠋ᠦᠩ ᠨᠦᠬᠦᠷ ᠢᠶᠠᠷ ᠭᠤᠣᠯ ᠪᠣᠯᠭᠠᠭᠰᠠᠨ ᠨᠠᠮ | ᠤᠨ ᠲᠦᠪ ᠬᠤᠷᠢᠶᠠᠨ ᠤ ᠨᠢᠭᠡᠳᠦᠭᠡᠷ ᠦᠶ᠎ᠡ ᠶᠢᠨ ᠣᠳᠣᠷᠢᠳᠣᠭᠴᠢᠳ ᠤᠨ ᠲᠣᠳᠣᠨᠣ ᠬᠠᠯᠠᠮᠵᠢᠯᠠᠯ ᠢ ᠬᠦᠷᠳᠡᠪᠡ᠃ | ᠮᠠᠣ ᠽᠧ ᠳ᠋ᠦᠩ ᠲᠡᠷᠢᠭᠦᠯᠡᠭᠴᠢ ᠣᠯᠠᠭᠠᠠᠮᠦ᠋ᠴᠢᠷ ᠤᠨ ᠲᠣᠭᠯᠠᠭᠴᠢᠳ ᠲᠠᠢ ᠲᠠᠪᠤ ᠣᠳᠠᠭ᠎ᠠ ᠠᠭᠤᠯᠵᠠᠪᠠ᠃ ᠵᠧᠦ ᠧᠨ | ᠯᠠᠢ ᠶᠡᠷᠦᠩᠭᠡᠢ ᠰᠠᠶᠢᠳ ᠣᠯᠠᠭᠠᠠᠮᠦ᠋ᠴᠢᠷ ᠤᠨ ᠲᠣᠭᠯᠠᠭᠴᠢᠳ ᠲᠠᠢ ᠠᠷᠪᠠᠨ ᠬᠤᠶᠠᠷ ᠣᠳᠠᠭ᠎ᠠ ᠠᠭᠤᠯᠵᠠᠵᠣ᠂ | ᠣᠯᠠᠭᠠᠠᠮᠦ᠋ᠴᠢᠷ ᠪᠣᠯ ᠨᠡᠶᠢᠭᠡᠮ ᠵᠢᠷᠣᠮ ᠤᠨ ᠰᠢᠨ᠎ᠡ ᠬᠡᠷᠡᠭ ᠪᠣᠳᠠᠰ᠂ ᠮᠦᠨᠴᠦ ᠣᠯᠠᠨ ᠢᠶᠠᠷ ᠢᠶᠠᠨ ᠲᠠᠭᠠᠨ | ᠰᠣᠷᠣᠯᠴᠠᠬᠤ ᠣᠳᠬ᠎ᠠ ᠣᠷᠠᠯᠢᠭ ᠤᠨ ᠬᠢᠨ ᠤ ᠣᠯᠠᠭᠠᠨ ᠲᠤᠭ ᠮᠦᠨ ᠬᠡᠮᠡᠨ ᠮᠠᠭᠳᠠᠵᠣ᠂ ᠣᠯᠠᠭᠠᠠᠮᠦ᠋ᠴᠢᠷ ᠢ ᠪᠦᠬᠦ | ᠣᠯᠣᠰ ᠢᠶᠠᠷ ᠲᠣᠭᠤᠷᠢᠨ ᠲᠣᠭᠯᠠᠵᠣ᠂ ︽ᠣᠯᠠᠭᠠᠠᠮᠦ᠋ᠴᠢᠷ ᠤᠨ ᠮᠠᠭᠳᠠᠭᠠᠯ︾ ᠪᠢᠴᠢᠬᠦ ᠶᠢ ᠰᠠᠨᠠᠭᠠᠴᠢᠯᠠᠨ | ᠵᠢᠭᠠᠪᠣᠷᠢᠯᠠᠪᠠ᠃ | | | | | | 1964 ᠣᠨ ᠤ12 ᠰᠠᠷ᠎ᠠ ᠳᠤ᠂ ᠮᠠᠣ ᠽᠧ ᠳ᠋ᠦᠩ ᠨᠦᠬᠦᠷ ᠪᠦᠬᠦ ᠣᠯᠣᠰ ᠤᠨ ᠴᠦᠭᠡᠨ ᠲᠣᠭᠠᠳᠣ ᠦᠨᠳᠦᠰᠦᠳᠡᠨ | ᠤ ᠣᠯᠠᠨ ᠲᠦᠮᠡᠨ ᠤ ᠠᠵᠢᠯ ᠤᠨ ᠴᠢᠯᠦᠭᠡᠨ ᠤ ᠣᠳᠬ᠎ᠠ ᠣᠷᠠᠯᠢᠭ ᠤᠨ ᠦᠵᠡᠭᠦᠯᠦᠯᠭᠡ ᠶᠢᠨ ᠲᠣᠭᠯᠠᠯᠳᠠ ᠶᠢᠨ | ᠲᠦᠯᠦᠭᠡᠯᠡᠭᠴᠢᠳ ᠤᠨ ᠪᠦᠯᠬᠦᠮ ᠪᠣᠯᠣᠨ ᠣᠯᠠᠭᠠᠠᠮᠦ᠋ᠴᠢᠷ ᠤᠨ ᠠᠩᠬᠠᠳᠣᠭᠠᠷ ᠣᠳᠠᠭᠠᠨ ᠤ ᠪᠡᠭᠡᠵᠢᠩ ᠳᠤ ᠬᠦᠷᠦᠭᠰᠡᠨ | ᠲᠦᠯᠦᠭᠡᠯᠡᠭᠴᠢᠳ ᠤᠨ ᠪᠦᠯᠬᠦᠮ ᠲᠠᠢ ᠠᠭᠤᠯᠵᠠᠪᠠ᠃ | | | | | 1964 ᠣᠨ ᠤ 10 ᠰᠠᠷ᠎ᠠ ᠳᠤ᠂ ᠵᠧᠦ ᠧᠨ ᠯᠠᠢ ᠨᠦᠬᠦᠷ ᠪᠦᠬᠡ ᠨᠦᠬᠦᠷ ᠤᠨ ᠪᠠᠷᠠᠳᠠᠯᠭ᠎ᠠ ᠲᠠᠢ ᠪᠠᠷ | ᠣᠯᠠᠭᠠᠠᠮᠦ᠋ᠴᠢᠷ ᠤᠨ ᠠᠩᠬᠠᠳᠣᠭᠠᠷ ᠣᠳᠠᠭᠠᠨ ᠤ ᠪᠡᠭᠡᠵᠢᠩ ᠳᠤ ᠬᠦᠷᠦᠭᠰᠡᠨ ᠲᠦᠯᠦᠭᠡᠯᠡᠭᠴᠢᠳ ᠤᠨ ᠪᠦᠯᠬᠦᠮ ᠤᠨ | ᠲᠣᠭᠯᠠᠯᠳᠠ ᠶᠢ ᠰᠣᠨᠢᠷᠬᠠᠪᠠ᠃ | | | | 1965 ᠣᠨ ᠤ 12 ᠰᠠᠷ᠎ᠠ ᠳᠤ᠂ ᠵᠧᠦ ᠧᠨ ᠯᠠᠢ᠂ ᠴᠧᠨ ᠢ ᠵᠡᠷᠭᠡ ᠣᠳᠣᠷᠢᠳᠣᠯᠭ᠎ᠠ ᠵᠦᠩ ᠨᠠᠨ ᠬᠠᠢ ᠶᠢᠨ ᠽᠢ | ᠭᠤᠸᠠᠩ ᠭᠧ ᠳᠤ ᠣᠯᠠᠭᠠᠠᠮᠦ᠋ᠴᠢᠷ ᠤᠨ ᠪᠦᠬᠦ ᠣᠯᠣᠰ ᠤᠨ ᠲᠣᠭᠤᠷᠢᠨ ᠲᠣᠭᠯᠠᠯᠳᠠ ᠶᠢᠨ ᠪᠦᠯᠬᠦᠮ ᠤᠨ | ᠲᠣᠭᠯᠠᠭᠴᠢᠳ ᠲᠠᠢ ᠠᠭᠤᠯᠵᠠᠬᠤ ᠶᠢᠨ ᠬᠠᠮᠳᠣ ᠣᠷᠣᠢ ᠶᠢᠨ ᠳᠠᠶᠢᠯᠠᠯᠭ᠎ᠠ ᠳᠤ ᠣᠷᠣᠯᠴᠠᠪᠠ᠃ ᠵᠧᠦ ᠧᠨ ᠯᠠᠢ | ᠨᠦᠬᠦᠷ ᠠᠴᠠ ︽ᠪᠠᠯᠠᠷᠠᠰᠢ ᠦᠭᠡᠢ ᠣᠯᠠᠭᠠᠠᠮᠦ᠋ᠴᠢᠷ ᠭᠡᠬᠦ ᠰᠠᠶᠢᠬᠠᠨ ᠠᠯᠳᠠᠷᠰᠢᠯ ᠢᠶᠠᠨ ᠪᠠᠷᠢᠮᠳᠠᠯᠠᠵᠣ᠂ ᠬᠤᠪᠢᠰᠬᠠᠯ | ᠤᠨ ᠲᠠᠭᠤᠣ ᠪᠦᠵᠢᠭ ᠢ ᠪᠦᠬᠦ ᠣᠯᠣᠰ ᠲᠤ ᠣᠯᠠᠮᠵᠢᠯᠠᠨ ᠲᠠᠷᠬᠠᠭᠠᠵᠣ᠂ ᠠᠷᠠᠳ ᠲᠦᠮᠡᠨ ᠢ ᠵᠣᠷᠢᠭᠵᠢᠭᠤᠯᠬᠤ ᠶᠢ | ᠬᠦᠰᠡᠵᠦ ᠪᠠᠶᠢᠨ᠎ᠠ︾ ᠭᠡᠪᠡ᠃ | | ᠦᠭᠡᠷᠡᠴᠢᠯᠡᠯᠳᠡ ᠨᠡᠭᠡᠭᠡᠯᠳᠡ ᠠᠴᠠ ᠨᠠᠰᠢ᠂ ᠳ᠋ᠧᠩ ᠰᠢᠶᠣᠣ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ | ᠤᠨ ᠲᠦᠪ ᠬᠤᠷᠢᠶᠠᠨ ᠤ ᠬᠤᠶᠠᠳᠣᠭᠠᠷ ᠦᠶ᠎ᠡ ᠶᠢᠨ ᠣᠳᠣᠷᠢᠳᠣᠭᠴᠢᠳ ᠦᠪᠦᠷ ᠮᠣᠩᠭᠤᠯ ᠤᠨ ᠣᠯᠠᠭᠠᠠᠮᠦ᠋ᠴᠢᠷ ᠤᠨ | ᠠᠵᠢᠯ ᠦᠢᠯᠡᠰ ᠤᠨ ᠦᠭᠡᠷᠡᠴᠢᠯᠡᠯᠳᠡ ᠬᠦᠭᠵᠢᠯᠳᠡ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳ᠋ᠧᠩ | ᠰᠢᠶᠣᠣ ᠫᠢᠩ᠂ ᠳ᠋ᠧᠩ ᠢᠩ ᠴᠣᠣ᠂ ᠣᠯᠠᠭᠠᠠᠭᠦᠦ ᠵᠡᠷᠭᠡ ᠨᠠᠮ ᠪᠠ ᠲᠦᠷᠦ ᠶᠢᠨ ᠣᠳᠣᠷᠢᠳᠣᠯᠭ᠎ᠠ ᠨᠠᠷ | ᠣᠯᠠᠭᠠᠠᠮᠦ᠋ᠴᠢᠷ ᠲᠤ ᠪᠢᠴᠢᠭᠡᠰᠦ ᠦᠯᠡᠳᠡᠭᠡᠵᠦ᠂ ᠬᠠᠯᠠᠭᠤᠨ ᠲᠣᠳᠣᠨᠣ ᠬᠦᠰᠡᠯ ᠨᠠᠶᠢᠳᠠᠯᠭ᠎ᠠ ᠪᠠᠨ ᠲᠠᠯᠪᠢᠪᠠ᠃ | ᠣᠯᠠᠭᠠᠠᠭᠦᠦ ᠨᠦᠬᠦᠷ ᠣᠯᠠᠭᠠᠠᠮᠦ᠋ᠴᠢᠷ ᠤᠨ ᠲᠣᠭᠯᠠᠭᠴᠢᠳ ᠲᠠᠢ ᠣᠯᠠᠨᠳᠠ ᠠᠭᠤᠯᠵᠠᠵᠣ᠂ ᠦᠪᠦᠷ ᠮᠣᠩᠭᠤᠯ ᠤᠨ | ᠲᠡᠣᠭᠡᠨ ᠬᠠᠭᠤᠳᠠᠰᠣᠨ ᠳᠤ ᠣᠯᠠᠭᠠᠠᠮᠦ᠋ᠴᠢᠷ ᠢ ᠲᠡᠮᠳᠡᠭᠯᠡᠬᠦ ᠬᠡᠷᠡᠭᠳᠠᠢ ᠭᠡᠵᠦ ᠵᠢᠭᠠᠵᠣ ᠭᠠᠷᠭᠠᠪᠠ᠃ | | | | | | 1983 ᠣᠨ ᠤ 9 ᠰᠠᠷ᠎ᠠ ᠳᠤ᠂ ᠳ᠋ᠧᠩ ᠰᠢᠶᠣᠣ ᠫᠢᠩ ᠨᠦᠬᠦᠷ᠄ ︽ᠣᠯᠠᠭᠠᠠᠮᠦ᠋ᠴᠢᠷ ᠤᠨ ᠰᠣᠷᠳᠠᠯ ᠢ | ᠪᠠᠳᠠᠷᠠᠭᠤᠯᠵᠣ᠂ ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠰᠦᠭᠡᠢ︾ ᠭᠡᠰᠡᠨ ᠪᠢᠴᠢᠭᠡᠰᠦ | ᠪᠢᠴᠢᠵᠠᠢ᠃ | | | | | 1984 ᠣᠨ ᠤ 9 ᠰᠠᠷ᠎ᠠ ᠶᠢᠨ 28 ᠤ ᠡᠳᠦᠷ᠂ ᠣᠯᠠᠭᠠᠠᠬᠦᠦ᠂ ᠰᠢ ᠵᠦᠩ ᠰᠢᠶᠦ᠋ᠨ ᠵᠡᠷᠭᠡ ᠣᠳᠣᠷᠢᠳᠣᠯᠭ᠎ᠠ | ᠪᠡᠭᠡᠵᠢᠩ ᠤᠨ ᠦᠨᠳᠦᠰᠦᠳᠡᠨ ᠤ ᠰᠣᠶᠣᠯ ᠤᠨ ᠣᠷᠳᠣᠨ ᠳᠤ ᠶᠠᠪᠣᠭᠳᠠᠭᠤᠯᠣᠭᠰᠠᠨ ︽ᠨᠠᠮ ᠤᠨ ᠭᠤᠷᠪᠠᠳᠣᠭᠠᠷ | ᠪᠦᠭᠦᠳᠡ ᠬᠤᠷᠠᠯ ᠠᠴᠠ ᠨᠠᠰᠢᠬᠢ ᠦᠨᠳᠦᠰᠦᠳᠡᠨ ᠤ ᠠᠵᠢᠯ ᠤᠨ ᠦᠵᠡᠰᠭᠦᠯᠡᠩ︾ ᠤᠨ ᠦᠪᠦᠷ ᠮᠣᠩᠭᠤᠯ ᠤᠨ | ᠦᠵᠡᠰᠭᠦᠯᠡᠩ ᠤᠨ ᠲᠢᠩᠭᠢᠮ ᠢ ᠲᠣᠭᠤᠷᠢᠨ ᠦᠵᠡᠭᠦ ᠳᠡᠭᠡᠨ ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠤᠨ | ᠲᠣᠭᠯᠠᠭᠴᠢᠳ ᠲᠠᠢ ᠠᠭᠤᠯᠵᠠᠬᠤ ᠶᠢᠨ ᠬᠠᠮᠳᠣ ᠲᠣᠭᠯᠠᠯᠳᠠ ᠶᠢ ᠰᠣᠨᠢᠷᠬᠠᠪᠠ᠃ | | | ᠦᠭᠡᠷᠡᠴᠢᠯᠡᠯᠳᠡ ᠨᠡᠭᠡᠭᠡᠯᠳᠡ ᠶᠢᠨ ᠰᠢᠨ᠎ᠡ ᠱᠠᠳᠣ ᠦᠶ᠎ᠡ ᠳᠤ᠂ ᠵᠢᠶᠠᠩ ᠽᠧ ᠮᠢᠨ ᠨᠦᠬᠦᠷ ᠢᠶᠠᠷ ᠭᠤᠣᠯ | ᠪᠣᠯᠭᠠᠭᠰᠠᠨ ᠨᠠᠮ ᠤᠨ ᠲᠦᠪ ᠬᠤᠷᠢᠶᠠᠨ ᠤ ᠭᠤᠷᠪᠠᠳᠣᠭᠠᠷ ᠦᠶ᠎ᠡ ᠶᠢᠨ ᠣᠳᠣᠷᠢᠳᠣᠭᠴᠢᠳ ᠣᠯᠠᠭᠠᠠᠮᠦ᠋ᠴᠢᠷ ᠤᠨ ᠵᠠᠮ | ᠨᠡᠭᠡᠭᠡᠨ ᠰᠢᠨ᠎ᠡ ᠶᠢ ᠡᠭᠦᠳᠬᠦ ᠶᠢ ᠨᠢ ᠲᠣᠶᠢᠯ ᠢᠶᠠᠷ ᠬᠠᠯᠠᠮᠵᠢᠯᠠᠪᠠ᠃ ᠵᠢᠶᠠᠩ ᠽᠧ ᠮᠢᠨ᠂ ᠯᠢ ᠫᠧᠩ᠂ ᠴᠢᠶᠣᠣ ᠱᠢ᠂ | ᠯᠢ ᠷᠦᠢ ᠬᠤᠸᠠᠨ ᠵᠡᠷᠭᠡ ᠨᠠᠮ ᠪᠠ ᠲᠦᠷᠦ ᠶᠢᠨ ᠣᠳᠣᠷᠢᠳᠣᠯᠭ᠎ᠠ ᠨᠠᠷ ᠣᠯᠠᠭᠠᠠᠮᠦ᠋ᠴᠢᠷ ᠤᠨ 40 ᠵᠢᠯ ᠤᠨ ᠣᠢ | ᠳᠤ ᠪᠢᠴᠢᠭᠡᠰᠦ ᠦᠯᠡᠳᠡᠭᠡᠨ᠂ ᠦᠪᠦᠷ ᠮᠣᠩᠭᠤᠯ ᠢ ᠲᠣᠭᠤᠷᠢᠨ ᠪᠠᠶᠢᠴᠠᠭᠠᠬᠤ ᠬᠤᠭᠤᠴᠠᠭᠠᠨ ᠳᠠᠭᠠᠨ ᠣᠯᠠᠭᠠᠠᠮᠦ᠋ᠴᠢᠷ | ᠤᠨ ᠲᠣᠭᠯᠠᠯᠳᠠ ᠶᠢ ᠰᠣᠨᠢᠷᠬᠠᠵᠣ᠂ ᠠᠷᠠᠳ ᠲᠦᠮᠡᠨ ᠳᠤ ᠦᠢᠯᠡᠴᠢᠯᠡᠵᠦ᠂ ᠨᠡᠶᠢᠭᠡᠮ ᠵᠢᠷᠣᠮ ᠳᠤ ᠦᠢᠯᠡᠴᠢᠯᠡᠬᠦ | ᠣᠳᠬ᠎ᠠ ᠣᠷᠠᠯᠢᠭ ᠤᠨ ᠴᠢᠭᠯᠡᠯ ᠢ ᠪᠠᠷᠢᠮᠳᠠᠯᠠᠬᠤ ᠶᠢ ᠱᠠᠭᠠᠷᠳᠠᠪᠠ᠃ | | 1999 ᠣᠨ ᠤ 1 ᠰᠠᠷ᠎ᠠ ᠶᠢᠨ 31 ᠤ ᠡᠳᠦᠷ᠂ ᠵᠢᠶᠠᠩ ᠽᠧ ᠮᠢᠨ ᠨᠦᠬᠦᠷ ᠦᠪᠦᠷ ᠮᠣᠩᠭᠤᠯ ᠢ ᠲᠣᠭᠤᠷᠢᠨ | ᠪᠠᠶᠢᠴᠠᠭᠠᠬᠤ ᠬᠤᠭᠤᠴᠠᠭᠠᠨ ᠳᠠᠭᠠᠨ᠂ ᠦᠪᠦᠷ ᠮᠣᠩᠭᠤᠯ ᠤᠨ ᠰᠢᠭᠤᠳ ᠬᠠᠷᠢᠶ᠎ᠠ ᠣᠯᠠᠭᠠᠠᠮᠦ᠋ᠴᠢᠷ ᠤᠨ ᠲᠣᠭᠯᠠᠯᠳᠠ | ᠶᠢ ᠰᠣᠨᠢᠷᠬᠠᠨ ᠬᠠᠮᠳᠣ ᠶᠢᠨ ᠰᠡᠭᠦᠳᠡᠷ ᠳᠠᠳᠠᠭᠤᠯᠵᠣ ᠳᠣᠷᠠᠰᠬᠠᠯ ᠦᠯᠡᠳᠡᠭᠡᠪᠡ᠃ | | | ᠰᠢᠨ᠎ᠡ ᠡᠷᠢᠨ ᠵᠠᠭᠤᠨ ᠳᠤ ᠣᠷᠣᠭᠰᠠᠨ ᠤ ᠳᠠᠷᠠᠭ᠎ᠠ᠂ ᠬᠤ᠋ ᠶᠢᠨ ᠲᠣᠣ ᠨᠦᠬᠦᠷ ᠢᠶᠠᠷ ᠶᠡᠷᠦᠩᠭᠡᠢ ᠱᠦᠵᠢ | ᠪᠣᠯᠭᠠᠭᠰᠠᠨ ᠨᠠᠮ ᠤᠨ ᠲᠦᠪ ᠬᠤᠷᠢᠶ᠎ᠠ᠂ ᠣᠯᠠᠭᠠᠠᠮᠦ᠋ᠴᠢᠷ ᠤᠨ ᠣᠷᠣᠭᠰᠢᠯᠠᠯᠳᠠ ᠳᠠᠪᠰᠢᠯᠳᠠ ᠶᠢ ᠲᠣᠶᠢᠯ ᠢᠶᠠᠷ | ᠬᠠᠯᠠᠮᠵᠢᠯᠠᠪᠠ᠃ ᠬᠤ᠋ ᠶᠢᠨ ᠲᠣᠣ ᠨᠦᠬᠦᠷ ᠦᠪᠦᠷ ᠮᠣᠩᠭᠤᠯ ᠳᠤ ᠠᠵᠢᠯ ᠪᠠᠶᠢᠴᠠᠭᠠᠬᠤ ᠬᠤᠭᠤᠴᠠᠭᠠᠨ ᠳᠠᠭᠠᠨ | ᠦᠨᠳᠦᠰᠦᠨ ᠱᠠᠳᠣᠨ ᠤ ᠣᠯᠠᠭᠠᠠᠮᠦ᠋ᠴᠢᠷ ᠤᠨ ᠲᠣᠭᠯᠠᠯᠳᠠ ᠶᠢ ᠰᠣᠨᠢᠷᠬᠠᠵᠣ᠂ ᠯᠢ ᠴᠠᠩ ᠴᠦᠨ ᠵᠡᠷᠭᠡ ᠨᠠᠮ ᠪᠠ | ᠲᠦᠷᠦ ᠶᠢᠨ ᠣᠳᠣᠷᠢᠳᠣᠯᠭ᠎ᠠ ᠨᠠᠷ ᠣᠯᠠᠭᠠᠠᠮᠦ᠋ᠴᠢᠷ ᠲᠤ ᠪᠢᠴᠢᠭᠡᠰᠦ ᠪᠢᠴᠢᠵᠠᠢ᠃ | | 2000 ᠣᠨ ᠤ 4 ᠰᠠᠷ᠎ᠠ ᠳᠤ᠂ ᠬᠤ᠋ ᠶᠢᠨ ᠲᠣᠣ ᠨᠦᠬᠦᠷ ᠦᠪᠦᠷ ᠮᠣᠩᠭᠤᠯ ᠳᠤ ᠠᠵᠢᠯ ᠪᠠᠶᠢᠴᠠᠭᠠᠬᠤ | ᠬᠤᠭᠤᠴᠠᠭᠠᠨ ᠳᠠᠭᠠᠨ᠂ ᠡᠸ᠋ᠩᠬᠢ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠣᠯᠠᠭᠠᠠᠮᠦ᠋ᠴᠢᠷ ᠤᠨ | ᠲᠣᠭᠯᠠᠯᠳᠠ ᠶᠢ ᠰᠣᠨᠢᠷᠬᠠᠪᠠ᠃ | | | ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠣᠯ | ᠪᠣᠯᠭᠠᠭᠰᠠᠨ ᠨᠠᠮ ᠤᠨ ᠲᠦᠪ ᠬᠤᠷᠢᠶ᠎ᠠ ᠨᠢ ᠣᠯᠠᠭᠠᠠᠮᠦ᠋ᠴᠢᠷ ᠤᠨ ᠠᠵᠢᠯ ᠦᠢᠯᠡᠰ ᠤᠨ ᠬᠦᠭᠵᠢᠯᠳᠡ ᠶᠢ ᠲᠣᠶᠢᠯ ᠢᠶᠠᠷ | ᠴᠢᠬᠤᠯᠠᠴᠢᠯᠠᠨ ᠦᠵᠡᠪᠡ᠃ ᠣᠯᠠᠭᠠᠠᠮᠦ᠋ᠴᠢᠷ ᠤᠨ 60 ᠵᠢᠯ ᠤᠨ ᠣᠢ ᠶᠢᠨ ᠳᠠᠰᠢᠷᠠᠮ ᠳᠤ ᠰᠢ ᠶᠢᠨ ᠫᠢᠩ ᠶᠡᠷᠦᠩᠭᠡᠢ | ᠱᠦᠵᠢ ᠦᠪᠦᠷ ᠮᠣᠩᠭᠤᠯ ᠤᠨ ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠤᠨ ᠲᠣᠭᠯᠠᠭᠴᠢᠳ ᠲᠤ | ᠬᠠᠷᠢᠭᠤ ᠵᠠᠬᠢᠳᠠᠯ ᠢᠯᠡᠭᠡᠭᠰᠡᠨ ᠨᠢ ᠨᠠᠮ ᠤᠨ ᠲᠦᠪ ᠬᠤᠷᠢᠶ᠎ᠠ ᠣᠯᠠᠭᠠᠠᠮᠦ᠋ᠴᠢᠷ ᠢ ᠳᠡᠭᠡᠲᠦ ᠬᠡᠮᠵᠢᠶ᠎ᠡ ᠪᠠᠷ | ᠴᠢᠬᠤᠯᠠᠴᠢᠯᠡᠨ ᠦᠵᠡᠵᠦ ᠪᠠᠶᠢᠬᠤ ᠶᠢ ᠭᠦᠢᠴᠡᠳ ᠢᠯᠡᠷᠡᠭᠦᠯᠵᠦ᠂ ᠣᠯᠠᠭᠠᠠᠮᠦ᠋ᠴᠢᠷ ᠤᠨ ᠴᠢᠬᠤᠯᠠ ᠵᠠᠷᠴᠢᠮ᠂ | ᠬᠠᠷᠠᠯᠳᠠ ᠡᠭᠦᠷᠭᠡ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠣᠯᠠᠮ ᠨᠢᠭᠡ ᠠᠯᠬᠤᠮ ᠲᠣᠳᠣᠷᠬᠠᠶᠢᠯᠠᠵᠣ ᠦᠭᠪᠡ᠃ | ᠮᠦᠨᠴᠦ ᠣᠯᠠᠭᠠᠠᠮᠦ᠋ᠴᠢᠷ ᠤᠨ ᠬᠦᠭᠵᠢᠯᠳᠡ ᠶᠢᠨ ᠶᠠᠪᠣᠴᠠ ᠳᠠᠬᠢ ᠨᠢᠭᠡᠨ ᠴᠢᠬᠤᠯᠠ ᠪᠡᠯᠭᠡ ᠳᠡᠮᠳᠡᠭ ᠪᠣᠯᠣᠭᠰᠠᠨ | ᠪᠠᠶᠢᠨ᠎ᠠ᠃ | | 2017 ᠣᠨ ᠤ 11 ᠰᠠᠷ᠎ᠠ ᠶᠢᠨ 21 ᠤ ᠡᠳᠦᠷ᠂ ᠰᠢ ᠶᠢᠨ ᠫᠢᠩ ᠶᠡᠷᠦᠩᠭᠡᠢ ᠱᠦᠵᠢ ᠰᠦᠨᠢᠳ ᠪᠠᠷᠠᠭᠤᠨ | ᠬᠤᠰᠢᠭᠤᠨ ᠤ ᠣᠯᠠᠭᠠᠠᠮᠦ᠋ᠴᠢᠷ ᠤᠨ ᠲᠣᠭᠯᠠᠭᠴᠢᠳ ᠲᠤ ᠢᠯᠡᠭᠡᠭᠰᠡᠨ ᠬᠠᠷᠢᠭᠤ ᠵᠠᠬᠢᠳᠠᠯ᠃ | | | | 2017 ᠣᠨ ᠤ12 ᠰᠠᠷ᠎ᠠ ᠶᠢᠨ17 ᠤ ᠡᠳᠦᠷ᠂ ︽ᠠᠷᠠᠳ ᠤᠨ ᠡᠳᠦᠷ ᠤᠨ ᠰᠣᠨᠢᠨ︾ ᠳᠡᠭᠡᠷ᠎ᠡ ᠲᠦᠪ | ᠬᠤᠷᠢᠶᠠᠨ ᠤ ᠣᠬᠠᠭᠤᠯᠬᠤ ᠬᠡᠯᠳᠡᠰ ᠤᠨ ᠲᠠᠷᠣᠮᠠᠯᠯᠠᠨ ᠲᠠᠷᠬᠠᠭᠠᠭᠰᠠᠨ ᠰᠢ ᠶᠢᠨ ᠫᠢᠩ ᠶᠡᠷᠦᠩᠭᠡᠢ ᠱᠦᠵᠢ ᠶᠢᠨ | ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠵᠣ᠂ ᠰᠢᠨ᠎ᠡ ᠴᠠᠭ ᠦᠶ᠎ᠡ ᠶᠢᠨ ︽ | ᠬᠤᠪᠢᠰᠬᠠᠯᠳᠣ ᠣᠳᠬ᠎ᠠ ᠣᠷᠠᠯᠢᠭ ᠤᠨ ᠬᠦᠩᠭᠡᠨ ᠮᠣᠷᠢᠳᠣ ᠴᠡᠷᠢᠭ︾ ᠪᠣᠯᠣᠶ᠎ᠠ ᠭᠡᠰᠡᠨ ᠮᠡᠳᠡᠭᠳᠡᠯ ᠶᠢ ᠨᠡᠶᠢᠳᠡᠯᠡᠪᠡ᠃ | | | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠯ᠎ᠡ ᠬᠤᠭᠤᠴᠠᠭᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠴᠦᠮ ᠣᠯᠠᠭᠠᠠᠮᠦ᠋ᠴᠢᠷ ᠤᠨ ᠠᠵᠢᠯ ᠢ ᠴᠢᠬᠤᠯᠠ ᠵᠦᠪᠯᠡᠬᠦ ᠵᠦᠢᠯ ᠳᠤ ᠣᠷᠣᠭᠤᠯᠵᠣ᠂ ᠣᠯᠣᠰ | ᠲᠦᠷᠦ ᠦᠵᠡᠯ ᠰᠠᠨᠠᠭ᠎ᠠ᠂ ᠵᠣᠬᠢᠶᠠᠨ ᠪᠠᠶᠢᠭᠤᠯᠣᠯᠳᠠ ᠶᠢᠨ ᠪᠠᠶᠢᠭᠤᠯᠣᠮᠵᠢ᠂ ᠬᠠᠮᠢᠶᠠᠷᠣᠯᠳᠠ ᠶᠢᠨ ᠲᠣᠭᠳᠠᠴᠠ᠂ | ᠲᠦᠷᠦ ᠶᠢᠨ ᠪᠣᠳᠣᠯᠭ᠎ᠠ ᠬᠠᠣᠯᠢ ᠲᠦᠷᠢᠮ᠂ ᠲᠣᠬᠠᠶᠢᠯᠠᠭᠰᠠᠨ ᠠᠵᠢᠯ ᠤᠨ ᠪᠣᠯᠪᠠᠰᠣᠷᠠᠯ᠂ ᠡᠩᠨᠡᠭᠡᠨ ᠤ ᠪᠠᠶᠢᠭᠤᠯᠣᠯᠳᠠ | ᠂ ᠲᠣᠳᠣᠭᠠᠳᠣ ᠶᠢᠨ ᠦᠭᠡᠷᠡᠴᠢᠯᠡᠯᠳᠡ ᠵᠡᠷᠭᠡ ᠡᠯ᠎ᠡ ᠲᠠᠯ᠎ᠠ ᠳᠠᠬᠢ ᠣᠳᠣᠷᠢᠳᠣᠯᠭ᠎ᠠ ᠪᠠᠨ ᠦᠨᠡᠨᠬᠦ ᠴᠢᠩᠭᠠᠳᠬᠠᠵᠣ᠂ | ᠵᠠᠷᠣᠳᠠᠯ ᠮᠦᠩᠭᠦ᠂ ᠲᠣᠨᠤᠭ ᠲᠦᠬᠦᠭᠡᠷᠦᠮᠵᠢ᠂ ᠲᠡᠷᠭᠡ ᠣᠨᠤᠭ᠎ᠠ᠂ ᠪᠠᠭᠠᠵᠢ ᠬᠡᠷᠡᠭᠰᠡᠯ ᠬᠤᠪᠴᠠᠰᠣ ᠵᠠᠰᠠᠯ ᠵᠡᠷᠭᠡ | ᠲᠠᠯ᠎ᠠ ᠪᠠᠷ ᠮᠠᠰᠢ ᠬᠠᠯᠠᠮᠵᠢᠯᠠᠨ ᠳᠡᠮᠵᠢᠵᠦ᠂ ᠣᠯᠠᠭᠠᠠᠮᠦ᠋ᠴᠢᠷ ᠤᠨ ᠴᠠᠭ ᠦᠶ᠎ᠡ ᠶᠢ ᠲᠠᠭᠠᠨ ᠣᠷᠣᠭᠰᠢᠯᠠᠵᠣ᠂ ᠰᠢᠨ᠎ᠡ | ᠶᠢ ᠡᠭᠦᠳᠦᠨ ᠬᠦᠭᠵᠢᠬᠦ ᠶᠢ ᠠᠬᠢᠭᠤᠯᠪᠠ᠃ | | | | 2017 ᠣᠨ ᠤ 11 ᠰᠠᠷ᠎ᠠ ᠶᠢᠨ 25 ᠤ ᠡᠳᠦᠷ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠦᠵᠢ᠂ ᠠᠷᠠᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠰᠦᠨᠢᠳ ᠪᠠᠷᠠᠭᠤᠨ ᠬᠤᠰᠢᠭᠤᠨ | ᠳᠤ ᠬᠦᠨᠵᠡᠭᠡᠶᠢᠷᠡᠨ᠂ ᠰᠢ ᠶᠢᠨ ᠫᠢᠩ ᠶᠡᠷᠦᠩᠭᠡᠢ ᠱᠦᠵᠢ ᠶᠢᠨ ᠣᠯᠠᠭᠠᠠᠮᠦ᠋ᠴᠢᠷ ᠤᠨ ᠲᠣᠬᠠᠢ ᠴᠢᠬᠤᠯᠠ ᠵᠢᠭᠠᠪᠣᠷᠢ | ᠶᠢᠨ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠵᠣ᠂ ᠣᠯᠠᠭᠠᠠᠮᠦ᠋ᠴᠢᠷ ᠤᠨ ᠠᠵᠢᠯ ᠦᠢᠯᠡᠰ ᠤᠨ ᠬᠦᠭᠵᠢᠯᠳᠡ ᠶᠢ | ᠪᠠᠶᠢᠴᠠᠭᠠᠨ ᠰᠣᠳᠣᠯᠪᠠ᠃ | | | | 2018 ᠣᠨ ᠤ 2 ᠰᠠᠷ᠎ᠠ ᠶᠢᠨ 13 ᠤ ᠡᠳᠦᠷ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠦᠪᠡᠷᠳᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ ᠰᠦᠨᠢᠳ ᠪᠠᠷᠠᠭᠤᠨ ᠬᠤᠰᠢᠭᠤᠨ ᠤ | ᠣᠯᠠᠭᠠᠠᠮᠦ᠋ᠴᠢᠷ ᠤᠨ ᠲᠣᠭᠯᠠᠭᠴᠢᠳ ᠢ ᠪᠣᠯᠭᠤᠭᠠᠨ ᠦᠵᠡᠬᠦ ᠳᠡᠭᠡᠨ ᠰᠢ ᠶᠢᠨ ᠫᠢᠩ ᠶᠡᠷᠦᠩᠭᠡᠢ ᠱᠦᠵᠢ ᠶᠢᠨ ᠬᠠᠷᠢᠭᠤ | ᠵᠠᠬᠢᠳᠠᠯ ᠤᠨ ᠮᠣᠩᠭᠤᠯ ᠬᠢᠳᠠᠳ ᠬᠡᠯᠡᠨ ᠤ ᠣᠷᠠᠨ ᠪᠢᠴᠢᠯᠭᠡ ᠶᠢᠨ ᠪᠦᠲᠦᠭᠡᠯ ᠢ ᠬᠦᠷᠭᠡᠪᠡ᠃ | | | | | | | | | | | | |