ᠦᠪᠦᠷ ᠮᠣᠩᠭᠤᠯ ᠤᠨ ᠣᠯᠠᠭᠠᠠᠮᠦ᠋ᠴᠢᠷ ᠮᠡᠨᠳᠦᠯᠡᠭᠰᠡᠨ ᠨᠢ ᠨᠠᠮ ᠤᠨ ᠦᠨᠳᠦᠰᠦᠳᠡᠨ ᠤ ᠲᠦᠷᠦ ᠶᠢᠨ | ᠪᠣᠳᠣᠯᠭ᠎ᠠ᠂ ᠣᠳᠬ᠎ᠠ ᠣᠷᠠᠯᠢᠭ ᠤᠨ ᠦᠵᠡᠯ ᠰᠠᠨᠠᠭ᠎ᠠ ᠬᠢᠬᠡᠳ ᠦᠪᠦᠷ ᠮᠣᠩᠭᠤᠯ ᠤᠨ ᠪᠣᠳᠠᠳᠣ ᠪᠠᠶᠢᠳᠠᠯ ᠤᠨ | ᠣᠶᠠᠯᠳᠣᠯ ᠤᠨ ᠪᠦᠲᠦᠭᠡᠯ ᠮᠦᠨ᠂ ᠮᠦᠨᠴᠦ ᠨᠡᠶᠢᠭᠡᠮ ᠵᠢᠷᠣᠮᠳᠣ ᠰᠣᠶᠣᠯ ᠤᠨ ᠪᠠᠶᠢᠭᠤᠯᠣᠯᠳᠠ ᠶᠢᠨ ᠨᠢᠭᠡᠨ | ᠡᠭᠦᠳᠦᠯᠳᠡ ᠮᠦᠨ᠃ ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠦᠪᠦᠷ ᠮᠣᠩᠭᠤᠯ ᠤᠨ | ᠣᠣᠭᠠᠨᠣᠯᠠᠭᠠᠠᠮᠦ᠋ᠴᠢᠷ ᠪᠣᠯᠣᠭᠰᠠᠨ ᠤ ᠬᠤᠪᠢ ᠳᠤ 60 ᠭᠠᠷᠣᠢ ᠵᠢᠯ ᠤᠨ ᠲᠣᠷᠰᠢ᠂ ᠠᠷᠠᠳ ᠲᠦᠮᠡᠨ ᠳᠤ | ᠦᠢᠯᠡᠴᠢᠯᠡᠬᠦ᠂ ᠨᠡᠶᠢᠭᠡᠮ ᠵᠢᠷᠦᠮ ᠳᠤ ᠦᠢᠯᠡᠴᠢᠯᠡᠬᠦ ᠤᠳᠬ᠎ᠠ ᠤᠷᠠᠯᠢᠭ ᠤᠨ ᠴᠢᠭᠯᠡᠯ ᠢ ᠡᠷᠡᠰ ᠪᠠᠷᠢᠮᠳᠠᠯᠠᠨ᠂ ︽ | ᠴᠡᠴᠡᠭ ᠪᠦᠬᠦᠨ ᠢ ᠵᠡᠷᠭᠡᠪᠡᠷ ᠲᠡᠯᠭᠡᠷᠡᠬᠦᠯᠵᠤ᠂ ᠡᠷᠳᠡᠮᠳᠡᠨ ᠪᠦᠬᠦᠨ ᠢ ᠴᠢᠯᠦᠭᠡᠳᠡᠢ ᠶᠠᠷᠢᠯᠴᠠᠭᠤᠯᠬᠤ︾ ᠤᠳᠬ᠎ᠠ | ᠤᠷᠠᠯᠢᠭ ᠤᠨ ᠴᠢᠭᠯᠡᠯᠳᠡ ᠪᠠᠷ ᠡᠬᠦᠳᠦᠯᠳᠡ ᠶᠢᠨ ᠴᠢᠨᠠᠷᠳᠠᠢ ᠬᠤᠪᠢᠷᠠᠭᠤᠯᠬᠤ᠂ ᠡᠬᠦᠳᠦᠯᠳᠡ ᠶᠢᠨ ᠴᠢᠨᠠᠷᠳᠠᠢ | ᠬᠦᠭᠵᠢᠬᠦᠯᠬᠦ ᠤᠳᠬ᠎ᠠ ᠤᠷᠠᠯᠢᠭ ᠤᠨ ᠦᠭᠡᠷᠡᠴᠢᠯᠡᠯᠳᠡ ᠶᠢᠨ ᠵᠠᠮ ᠢᠶᠠᠷ ᠵᠠᠮᠨᠠᠨ᠂ ᠪᠦᠯᠬᠦᠮ ᠤᠨ ᠢᠶᠠᠨ ᠬᠦᠩᠭᠡᠨ | ᠠᠪᠰᠠᠷ᠂ ᠲᠤᠭᠯᠠᠭᠴᠢᠳ ᠤᠨ ᠢᠶᠠᠨ ᠨᠢᠭᠡ ᠳᠤ ᠮᠡᠷᠭᠡᠰᠢᠵᠤ ᠤᠯᠠᠨ ᠳᠤ ᠴᠠᠭᠠᠷᠠᠭᠰᠠᠨ᠂ ᠲᠤᠭᠯᠠᠯᠳᠠ ᠶᠢᠨ ᠢᠶᠠᠨ | ᠤᠬᠤᠷ ᠡᠷᠴᠢᠮᠯᠢᠭ ᠤᠯᠠᠨ ᠶᠠᠩᠵᠤᠳᠤ᠂ ᠲᠦᠬᠦᠭᠡᠷᠦᠮᠵᠢ ᠶᠢᠨ ᠢᠶᠠᠨ ᠲᠦᠬᠦᠮ ᠠᠮᠢᠳᠤᠯᠢᠭ ᠤᠨᠴᠠᠯᠢᠭ ᠢ | ᠬᠠᠳᠠᠭᠠᠯᠠᠵᠤ᠂ ᠤᠷᠳᠤ ᠬᠤᠭᠤᠴᠠᠭ᠎ᠠ ᠪᠠᠷ ᠦᠷᠭᠡᠨ ᠭᠤᠪᠢ ᠠᠭᠤᠳᠠᠮ ᠲᠠᠯ᠎ᠠ ᠪᠠᠷ ᠲᠤᠭᠤᠷᠢᠨ ᠲᠤᠭᠯᠠᠵᠤ᠂ ︽ | ᠲᠤᠭᠯᠠᠬᠤ᠂ ᠤᠬᠠᠭᠤᠯᠬᠤ᠂ ᠵᠢᠯᠤᠭᠤᠳᠬᠤ᠂ ᠦᠢᠯᠡᠴᠢᠯᠡᠬᠦ︾ ᠡᠯ᠎ᠡ ᠲᠦᠷᠦᠯ ᠤᠨ ᠠᠵᠢᠯ ᠢ ᠰᠠᠶᠢᠳᠦᠷ ᠦᠷᠨᠢᠬᠦᠯᠦᠨ | ᠂ ᠤᠯᠠᠨ ᠲᠦᠮᠡᠨ ᠢ ᠪᠠᠶᠠᠷ ᠬᠦᠷ ᠪᠠ ᠪᠤᠯᠪᠠᠰᠤᠨ ᠢᠶᠠᠷ ᠨᠦᠯᠦᠭᠡᠯᠡᠨ᠂ ᠨᠠᠮ ᠤᠨ ᠲᠠᠭᠤ ᠪᠠ ᠬᠠᠶᠢᠷ᠎ᠠ ᠬᠠᠯᠠᠮᠵᠢ ᠶᠢ | ᠲᠠᠮᠵᠢᠭᠤᠯᠤᠭᠰᠠᠨ ᠢᠶᠠᠷ ᠮᠠᠯᠴᠢᠳ ᠲᠤ ︽ᠮᠠᠨ ᠤ ᠤᠯᠠᠭᠠᠨᠮᠦ᠋ᠴᠢᠷ︾᠂ ︽ᠮᠠᠨ ᠤ ᠭᠡᠤᠭᠡᠳ ᠤᠳ︾ ᠭᠡᠮᠡᠨ | ᠨᠡᠷᠡᠯᠡᠭᠳᠡᠵᠡᠢ᠃ | | | ᠲᠡᠭᠡᠷ᠎ᠡ ᠵᠠᠭᠤᠨ ᠤ ᠲᠠᠪᠢᠭᠠᠳ ᠤᠨ ᠳᠤ ᠤᠯᠠᠭᠠᠨᠬᠦᠦ ᠨᠦᠬᠦᠷ ᠮᠠᠯᠵᠢᠬᠤ ᠲᠠᠷᠢᠶᠠᠯᠠᠬᠤ ᠤᠷᠤᠨ ᠳᠤ ᠠᠵᠢᠯ | ᠪᠠᠶᠢᠴᠠᠭᠠᠬᠤ ᠳᠠᠭᠠᠨ ᠦᠨᠳᠦᠰᠦᠨ ᠱᠠᠳᠤᠨ ᠨᠢ ᠰᠤᠶᠤᠯ ᠤᠨ ᠠᠮᠢᠳᠤᠷᠠᠯ ᠢᠶᠠᠷ ᠮᠠᠰᠢ ᠲᠤᠳᠠᠭᠳᠠᠵᠤ ᠪᠠᠶᠢᠬᠤ | ᠪᠠᠶᠢᠳᠠᠯ ᠢ ᠤᠯᠵᠤ ᠮᠡᠳᠡᠭᠡᠳ ᠵᠸᠤ ᠡᠸ᠋ᠨ ᠯᠠᠢ ᠶᠡᠷᠦᠩᠭᠡᠢ ᠰᠠᠶᠢᠳ ᠲᠤ ᠪᠠᠶᠢᠳᠠᠯ ᠢ ᠲᠤᠰᠬᠠᠭᠰᠠᠨ ᠪᠠᠶᠢᠨ᠎ᠠ᠃ ᠡᠬᠦᠨ | ᠳᠤ ᠵᠸᠤ ᠡᠸ᠋ᠨ ᠯᠠᠢ ᠶᠡᠷᠦᠩᠭᠡᠢ ᠰᠠᠶᠢᠳ ᠦᠨᠳᠦᠰᠦᠨ ᠱᠠᠳᠤᠨ ᠤ ᠤᠯᠠᠨ ᠲᠦᠮᠡᠨ ᠤ ᠰᠤᠶᠤᠯ ᠤᠨ ᠠᠮᠢᠳᠤᠷᠠᠯ ᠢ | ᠬᠠᠩᠭᠠᠬᠤ ᠠᠷᠭ᠎ᠠ ᠭᠡᠮᠵᠢᠶ᠎ᠡ ᠶᠢ ᠰᠤᠳᠤᠯᠤᠨ ᠭᠠᠷᠭᠠᠵᠤ᠂ ᠡᠨᠡ ᠠᠵᠢᠯ ᠢ ᠡᠬᠦᠷᠭᠡᠯᠡᠬᠦ ᠪᠦᠯᠬᠦᠮ ᠪᠠᠶᠢᠭᠤᠯᠵᠤ ᠪᠤᠯᠤᠨ᠎ᠠ | ᠭᠡᠵᠤ ᠵᠦᠪᠯᠡᠪᠡ᠃ | ᠦᠪᠡᠷᠳᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠲᠣᠬᠠᠢ ᠶᠢᠨ ᠦᠶ᠎ᠡ ᠶᠢᠨ ᠦᠪᠡᠷᠳᠡᠭᠡᠨ ᠵᠠᠰᠠᠬᠤ | ᠣᠷᠣᠨ ᠤ ᠰᠣᠶᠣᠯ ᠤᠨ ᠲᠣᠪᠴᠢᠶᠠᠨ ᠤ ᠨᠠᠮ ᠤᠨ ᠳᠣᠭᠤᠶᠢᠯᠠᠩ ᠤᠨ ᠱᠦᠵᠢ ᠪᠦᠬᠡ ᠶᠢᠨ ᠵᠢᠯᠣᠭᠤᠳᠣᠯᠭ᠎ᠠ ᠪᠠᠷ | ᠠᠵᠢᠯᠯᠠᠬᠤ ᠲᠣᠭᠤᠶᠢᠯᠠᠩ ᠵᠣᠬᠢᠶᠠᠨ ᠪᠠᠶᠢᠭᠤᠯᠵᠣ᠂ ᠰᠦᠨᠢᠳ ᠪᠠᠷᠠᠭᠤᠨ ᠬᠤᠰᠢᠭᠤ᠂ ᠣᠩᠨᠢᠭᠤᠳ ᠬᠤᠰᠢᠭᠤᠨ ᠳᠤ | ᠲᠣᠷᠰᠢᠯᠳᠠ ᠶᠢᠨ ᠴᠢᠭ ᠪᠠᠶᠢᠭᠤᠯᠬᠤ ᠠᠵᠢᠯ ᠢ ᠦᠷᠨᠢᠭᠦᠯᠵᠦ᠂ ᠡᠨᠡᠬᠦ ᠵᠢᠵᠢᠭᠭᠡᠨ ᠠᠵᠢᠯ ᠤᠨ ᠪᠦᠯᠬᠦᠮ ᠢᠶᠠᠨ ︽ | ᠣᠯᠠᠭᠠᠠᠮᠦ᠋ᠴᠢᠷ︾ ᠭᠡᠵᠦ ᠨᠡᠷᠡᠯᠡᠵᠠᠢ᠃ | | | | | 1957 ᠣᠨ ᠤ 5 ᠰᠠᠷ᠎ᠠ ᠶᠢᠨ 27 ᠤ ᠡᠳᠦᠷ ᠦᠪᠡᠷᠳᠡᠭᠡᠨ ᠵᠠᠰᠠᠬᠤ ᠣᠷᠣᠨ ᠤ ᠰᠣᠶᠣᠯ ᠤᠨ ᠲᠣᠪᠴᠢᠶ᠎ᠠ ︽ | ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠤᠨ ᠲᠣᠷᠰᠢᠯᠳᠠ ᠶᠢᠨ ᠴᠢᠭ ᠤᠨ ᠲᠦᠯᠦᠪᠯᠡᠭᠡ︾ ᠶᠢ | ᠲᠣᠭᠳᠠᠭᠠᠵᠣ᠂ 9 ᠰᠠᠷ᠎ᠠ ᠳᠤ ︽ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠤᠨ ᠲᠣᠷᠰᠢᠯᠳᠠ ᠶᠢᠨ ᠴᠢᠭ | ᠤᠨ ᠠᠵᠢᠯ ᠤᠨ ᠳ᠋ᠦᠩᠨᠡᠯᠳᠡ︾ ᠬᠢᠪᠡ᠃ | | | ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠠᠩᠬ᠎ᠠ ᠪᠠᠶᠢᠭᠤᠯᠣᠭᠳᠠᠬᠤ ᠳᠠᠭᠠᠨ ᠶᠢᠰᠦᠭᠡᠨ | ᠲᠣᠭᠯᠠᠭᠴᠢ ᠲᠠᠢ᠂ ᠠᠩᠬᠠᠨ ᠤ ᠳᠠᠷᠤᠭ᠎ᠠ ᠨᠢ ᠦᠯᠵᠠᠶᠢᠳᠣᠭᠳᠠᠬᠤ ᠭᠡᠳᠡᠭ᠃ ᠦᠨᠢᠭᠡᠷᠡᠯ᠂ ᠢ ᠯᠠᠨ᠂ ᠾᠧ ᠬᠤᠸᠠ᠂ | ᠡᠷᠬᠢᠮᠪᠠᠳᠣ᠂ ᠨᠠᠷᠠᠨᠳᠣᠶᠠᠭ᠎ᠠ᠂ ᠡᠷᠳᠡᠨᠢᠳᠠᠯᠠᠢ᠂ ᠰᠠᠩᠵᠠᠶᠢᠳᠣᠷᠵᠢ᠂ ᠯᠢᠦ ᠳ᠋ᠢᠶᠠᠨ ᠷᠦ᠋ ᠵᠡᠷᠭᠡ ᠲᠣᠭᠯᠠᠭᠴᠢ ᠲᠠᠢ᠃ | 1957 ᠣᠨ ᠤ 6 ᠰᠠᠷ᠎ᠠ ᠶᠢᠨ 17 ᠤ ᠡᠳᠦᠷ᠂ ᠦᠪᠦᠷ ᠮᠣᠩᠭᠤᠯ ᠤᠨ ᠣᠣᠭᠠᠨ ᠣᠯᠠᠭᠠᠠᠮᠦ᠋ᠴᠢᠷ | ᠪᠠᠶᠢᠭᠤᠯᠣᠭᠳᠠᠭᠰᠠᠨ ᠢ ᠲᠣᠩᠬᠠᠭᠯᠠᠵᠣ᠂ ᠶᠣᠰᠣᠯᠠᠯ ᠳᠡᠭᠡᠷ᠎ᠡ ᠲᠣᠷᠰᠢᠯᠳᠠ ᠶᠢᠨ ᠴᠢᠭ ᠤᠨ ᠠᠵᠢᠯᠯᠠᠬᠤ ᠳᠣᠭᠤᠶᠢᠯᠠᠩ | ᠪᠣᠯᠣᠨ ᠬᠤᠰᠢᠭᠤ ᠨᠠᠮ ᠤᠨ ᠬᠤᠷᠢᠶᠠᠨ ᠤ ᠣᠳᠣᠷᠢᠳᠣᠯᠭ᠎ᠠ ᠶᠠᠷᠢᠶ᠎ᠠ ᠲᠠᠯᠪᠢᠵᠣ᠂ᠣᠯᠠᠭᠠᠠᠮᠦ᠋ᠴᠢᠷ ᠤᠨ ᠲᠣᠭᠯᠠᠭᠴᠢᠳ | ᠠᠴᠠ ᠲᠠᠶᠢᠯᠣᠨ ᠲᠣᠭᠯᠠᠯᠳᠠ ᠭᠠᠷᠭᠠᠪᠠ᠃ | | | | | ① ᠦᠯᠵᠠᠶᠢᠳᠣᠭᠳᠠᠬᠤ② ᠦᠨᠢᠭᠡᠷᠡᠯ ③ ᠢ ᠯᠠᠨ④ ᠾᠧ ᠬᠤᠸᠠ⑤ᠡᠷᠬᠢᠮᠪᠠᠳᠣ⑥ ᠨᠠᠷᠠᠨᠳᠣᠶᠠᠭ᠎ᠠ ⑦ | ᠡᠷᠳᠡᠨᠢᠳᠠᠯᠠᠢ ⑧ ᠰᠠᠩᠵᠠᠶᠢᠳᠣᠷᠵᠢ ⑨ᠯᠢᠦ ᠳ᠋ᠢᠶᠠᠨ ᠷᠦ᠋ | | | | | | ᠣᠯᠠᠭᠠᠠᠮᠦ᠋ᠴᠢᠷ ᠪᠠᠶᠢᠭᠤᠯᠣᠭᠳᠠᠭᠰᠠᠨ ᠤ ᠳᠠᠷᠠᠭ᠎ᠠ ᠲᠣᠭᠯᠠᠯᠳᠠ ᠭᠠᠷᠭᠠᠬᠤ ᠪᠠᠷ ᠬᠦᠳᠡᠭᠡ ᠪᠠᠭᠤᠵᠣ ᠪᠠᠶᠢᠭ᠎ᠠ ᠨᠢ᠃ | | | | | | 1965 ᠣᠨ ᠤ 11 ᠰᠠᠷ᠎ᠠ ᠂ ᠣᠯᠠᠭᠠᠠᠮᠦ᠋ᠴᠢᠷ ᠪᠠᠶᠢᠭᠤᠯᠣᠭᠳᠠᠬᠤ ᠦᠶ᠎ᠡ ᠶᠢᠨ ᠣᠳᠣᠷᠢᠳᠣᠯᠭ᠎ᠠ ᠪᠣᠯᠣᠨ ᠰᠢᠨ᠎ᠡ | ᠬᠠᠭᠤᠴᠢᠨ ᠲᠣᠭᠯᠠᠭᠴᠢ ᠶᠢᠨ ᠬᠠᠮᠳᠣ ᠶᠢᠨ ᠰᠡᠭᠦᠳᠡᠷ᠃ | | | | |