ᠰᠢᠮᠡᠳᠦ ᠬᠦᠷᠦᠰᠦᠨ᠎ᠡ ᠦᠨᠳᠦᠰᠦᠯᠡᠭᠰᠡᠨ ᠣᠯᠠᠭᠠᠨ ᠨᠠᠬᠢᠶ᠎ᠠ
ᠨᠡᠶᠢᠲᠡᠯᠡᠭᠰᠡᠨ ᠴᠠᠭ᠄
2020/8/6
     ᠦᠪᠦᠷ ᠮᠣᠩᠭᠤᠯ ᠤᠨ ᠣᠯᠠᠭᠠᠠᠮᠦ᠋ᠴᠢᠷ ᠮᠡᠨᠳᠦᠯᠡᠭᠰᠡᠨ ᠨᠢ ᠨᠠᠮ ᠤᠨ ᠦᠨᠳᠦᠰᠦᠳᠡᠨ ᠤ ᠲᠦᠷᠦ ᠶᠢᠨ ᠪᠣᠳᠣᠯᠭ᠎ᠠ᠂ ᠣᠳᠬ᠎ᠠ ᠣᠷᠠᠯᠢᠭ ᠤᠨ ᠦᠵᠡᠯ ᠰᠠᠨᠠᠭ᠎ᠠ ᠬᠢᠬᠡᠳ ᠦᠪᠦᠷ ᠮᠣᠩᠭᠤᠯ ᠤᠨ ᠪᠣᠳᠠᠳᠣ ᠪᠠᠶᠢᠳᠠᠯ ᠤᠨ ᠣᠶᠠᠯᠳᠣᠯ ᠤᠨ ᠪᠦᠲᠦᠭᠡᠯ ᠮᠦᠨ᠂ ᠮᠦᠨᠴᠦ ᠨᠡᠶᠢᠭᠡᠮ ᠵᠢᠷᠣᠮᠳᠣ ᠰᠣᠶᠣᠯ ᠤᠨ ᠪᠠᠶᠢᠭᠤᠯᠣᠯᠳᠠ ᠶᠢᠨ ᠨᠢᠭᠡᠨ ᠡᠭᠦᠳᠦᠯᠳᠡ ᠮᠦᠨ᠃ ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠦᠪᠦᠷ ᠮᠣᠩᠭᠤᠯ ᠤᠨ ᠣᠣᠭᠠᠨ‌ᠣᠯᠠᠭᠠᠠᠮᠦ᠋ᠴᠢᠷ ᠪᠣᠯᠣᠭᠰᠠᠨ ᠤ ᠬᠤᠪᠢ ᠳᠤ 60 ᠭᠠᠷᠣᠢ ᠵᠢᠯ ᠤᠨ ᠲᠣᠷᠰᠢ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠦᠮ ᠳᠤ ᠦᠢᠯᠡᠴᠢᠯᠡᠬᠦ  ᠤᠳᠬ᠎ᠠ ᠤᠷᠠᠯᠢᠭ ᠤᠨ ᠴᠢᠭᠯᠡᠯ ᠢ ᠡᠷᠡᠰ ᠪᠠᠷᠢᠮᠳᠠᠯᠠᠨ᠂ ︽ᠴᠡᠴᠡᠭ ᠪᠦᠬᠦᠨ ᠢ ᠵᠡᠷᠭᠡᠪᠡᠷ ᠲᠡᠯᠭᠡᠷᠡᠬᠦᠯᠵᠤ᠂ ᠡᠷᠳᠡᠮᠳᠡᠨ ᠪᠦᠬᠦᠨ ᠢ ᠴᠢᠯᠦᠭᠡᠳᠡᠢ ᠶᠠᠷᠢᠯᠴᠠᠭᠤᠯᠬᠤ︾ ᠤᠳᠬ᠎ᠠ ᠤᠷᠠᠯᠢᠭ ᠤᠨ ᠴᠢᠭᠯᠡᠯᠳᠡ ᠪᠠᠷ ᠡᠬᠦᠳᠦᠯᠳᠡ ᠶᠢᠨ ᠴᠢᠨᠠᠷᠳᠠᠢ ᠬᠤᠪᠢᠷᠠᠭᠤᠯᠬᠤ᠂ ᠡᠬᠦᠳᠦᠯᠳᠡ ᠶᠢᠨ ᠴᠢᠨᠠᠷᠳᠠᠢ ᠬᠦᠭᠵᠢᠬᠦᠯᠬᠦ ᠤᠳᠬ᠎ᠠ ᠤᠷᠠᠯᠢᠭ ᠤᠨ ᠦᠭᠡᠷᠡᠴᠢᠯᠡᠯᠳᠡ ᠶᠢᠨ ᠵᠠᠮ   ᠢᠶᠠᠷ ᠵᠠᠮᠨᠠᠨ᠂ ᠪᠦᠯᠬᠦᠮ ᠤᠨ ᠢᠶᠠᠨ ᠬᠦᠩᠭᠡᠨ ᠠᠪᠰᠠᠷ᠂ ᠲᠤᠭᠯᠠᠭᠴᠢᠳ ᠤᠨ ᠢᠶᠠᠨ ᠨᠢᠭᠡ ᠳᠤ ᠮᠡᠷᠭᠡᠰᠢᠵᠤ ᠤᠯᠠᠨ ᠳᠤ ᠴᠠᠭᠠᠷᠠᠭᠰᠠᠨ᠂ ᠲᠤᠭᠯᠠᠯᠳᠠ ᠶᠢᠨ ᠢᠶᠠᠨ ᠤᠬᠤᠷ ᠡᠷᠴᠢᠮᠯᠢᠭ ᠤᠯᠠᠨ ᠶᠠᠩᠵᠤᠳᠤ᠂ ᠲᠦᠬᠦᠭᠡᠷᠦᠮᠵᠢ ᠶᠢᠨ ᠢᠶᠠᠨ ᠲᠦᠬᠦᠮ ᠠᠮᠢᠳᠤᠯᠢᠭ ᠤᠨᠴᠠᠯᠢᠭ ᠢ ᠬᠠᠳᠠᠭᠠᠯᠠᠵᠤ᠂ ᠤᠷᠳᠤ ᠬᠤᠭᠤᠴᠠᠭ᠎ᠠ ᠪᠠᠷ ᠦᠷᠭᠡᠨ ᠭᠤᠪᠢ ᠠᠭᠤᠳᠠᠮ ᠲᠠᠯ᠎ᠠ ᠪᠠᠷ ᠲᠤᠭᠤᠷᠢᠨ ᠲᠤᠭᠯᠠᠵᠤ᠂ ︽ᠲᠤᠭᠯᠠᠬᠤ᠂ ᠤᠬᠠᠭᠤᠯᠬᠤ᠂ ᠵᠢᠯᠤᠭᠤᠳᠬᠤ᠂ ᠦᠢᠯᠡᠴᠢᠯᠡᠬᠦ︾ ᠡᠯ᠎ᠡ ᠲᠦᠷᠦᠯ ᠤᠨ ᠠᠵᠢᠯ ᠢ ᠰᠠᠶᠢᠳᠦᠷ ᠦᠷᠨᠢᠬᠦᠯᠦᠨ ᠂ ᠤᠯᠠᠨ ᠲᠦᠮᠡᠨ ᠢ ᠪᠠᠶᠠᠷ ᠬᠦᠷ ᠪᠠ ᠪᠤᠯᠪᠠᠰᠤᠨ ᠢᠶᠠᠷ ᠨᠦᠯᠦᠭᠡᠯᠡᠨ᠂ ᠨᠠᠮ ᠤᠨ ᠲᠠᠭᠤ ᠪᠠ ᠬᠠᠶᠢᠷ᠎ᠠ ᠬᠠᠯᠠᠮᠵᠢ ᠶᠢ ᠲᠠᠮᠵᠢᠭᠤᠯᠤᠭᠰᠠᠨ ᠢᠶᠠᠷ ᠮᠠᠯᠴᠢᠳ ᠲᠤ ︽ᠮᠠᠨ ᠤ ᠤᠯᠠᠭᠠᠨᠮᠦ᠋ᠴᠢᠷ︾᠂ ︽ᠮᠠᠨ ᠤ ᠭᠡᠤᠭᠡᠳ ᠤᠳ︾ ᠭᠡᠮᠡᠨ ᠨᠡᠷᠡᠯᠡᠭᠳᠡᠵᠡᠢ᠃      ᠲᠡᠭᠡᠷ᠎ᠡ ᠵᠠᠭᠤᠨ ᠤ ᠲᠠᠪᠢᠭᠠᠳ ᠤᠨ ᠳᠤ ᠤᠯᠠᠭᠠᠨᠬᠦᠦ ᠨᠦᠬᠦᠷ ᠮᠠᠯᠵᠢᠬᠤ ᠲᠠᠷᠢᠶᠠᠯᠠᠬᠤ ᠤᠷᠤᠨ ᠳᠤ ᠠᠵᠢᠯ ᠪᠠᠶᠢᠴᠠᠭᠠᠬᠤ ᠳᠠᠭᠠᠨ ᠦᠨᠳᠦᠰᠦᠨ ᠱᠠᠳᠤᠨ   ᠨᠢ ᠰᠤᠶᠤᠯ ᠤᠨ ᠠᠮᠢᠳᠤᠷᠠᠯ   ᠢᠶᠠᠷ ᠮᠠᠰᠢ ᠲᠤᠳᠠᠭᠳᠠᠵᠤ ᠪᠠᠶᠢᠬᠤ ᠪᠠᠶᠢᠳᠠᠯ ᠢ ᠤᠯᠵᠤ ᠮᠡᠳᠡᠭᠡᠳ ᠵᠸᠤ ᠡᠸ᠋ᠨ ᠯᠠᠢ ᠶᠡᠷᠦᠩᠭᠡᠢ ᠰᠠᠶᠢᠳ ᠲᠤ ᠪᠠᠶᠢᠳᠠᠯ ᠢ ᠲᠤᠰᠬᠠᠭᠰᠠᠨ ᠪᠠᠶᠢᠨ᠎ᠠ᠃ ᠡᠬᠦᠨ  ᠳᠤ ᠵᠸᠤ ᠡᠸ᠋ᠨ ᠯᠠᠢ ᠶᠡᠷᠦᠩᠭᠡᠢ ᠰᠠᠶᠢᠳ ᠦᠨᠳᠦᠰᠦᠨ ᠱᠠᠳᠤᠨ ᠤ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠬᠠᠩᠭᠠᠬᠤ ᠠᠷᠭ᠎ᠠ ᠭᠡᠮᠵᠢᠶ᠎ᠡ ᠶᠢ ᠰᠤᠳᠤᠯᠤᠨ ᠭᠠᠷᠭᠠᠵᠤ᠂ ᠡᠨᠡ ᠠᠵᠢᠯ ᠢ ᠡᠬᠦᠷᠭᠡᠯᠡᠬᠦ ᠪᠦᠯᠬᠦᠮ ᠪᠠᠶᠢᠭᠤᠯᠵᠤ ᠪᠤᠯᠤᠨ᠎ᠠ ᠭᠡᠵᠤ ᠵᠦᠪᠯᠡᠪᠡ᠃      ᠦᠪᠡᠷᠳᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠲᠣᠬᠠᠢ ᠶᠢᠨ ᠦᠶ᠎ᠡ ᠶᠢᠨ ᠦᠪᠡᠷᠳᠡᠭᠡᠨ ᠵᠠᠰᠠᠬᠤ ᠣᠷᠣᠨ ᠤ ᠰᠣᠶᠣᠯ ᠤᠨ ᠲᠣᠪᠴᠢᠶᠠᠨ ᠤ ᠨᠠᠮ ᠤᠨ ᠳᠣᠭᠤᠶᠢᠯᠠᠩ ᠤᠨ ᠱᠦᠵᠢ ᠪᠦᠬᠡ ᠶᠢᠨ ᠵᠢᠯᠣᠭᠤᠳᠣᠯᠭ᠎ᠠ ᠪᠠᠷ ᠠᠵᠢᠯᠯᠠᠬᠤ ᠲᠣᠭᠤᠶᠢᠯᠠᠩ ᠵᠣᠬᠢᠶᠠᠨ ᠪᠠᠶᠢᠭᠤᠯᠵᠣ᠂ ᠰᠦᠨᠢᠳ ᠪᠠᠷᠠᠭᠤᠨ ᠬᠤᠰᠢᠭᠤ᠂ ᠣᠩᠨᠢᠭᠤᠳ ᠬᠤᠰᠢᠭᠤᠨ ᠳᠤ ᠲᠣᠷᠰᠢᠯᠳᠠ ᠶᠢᠨ ᠴᠢᠭ   ᠪᠠᠶᠢᠭᠤᠯᠬᠤ ᠠᠵᠢᠯ ᠢ ᠦᠷᠨᠢᠭᠦᠯᠵᠦ᠂ ᠡᠨᠡᠬᠦ ᠵᠢᠵᠢᠭᠭᠡᠨ ᠠᠵᠢᠯ ᠤᠨ ᠪᠦᠯᠬᠦᠮ ᠢᠶᠠᠨ ︽ᠣᠯᠠᠭᠠᠠᠮᠦ᠋ᠴᠢᠷ︾ ᠭᠡᠵᠦ ᠨᠡᠷᠡᠯᠡᠵᠠᠢ᠃
1957 ᠣᠨ ᠤ 5 ᠰᠠᠷ᠎ᠠ ᠶᠢᠨ 27 ᠤ ᠡᠳᠦᠷ ᠦᠪᠡᠷᠳᠡᠭᠡᠨ ᠵᠠᠰᠠᠬᠤ ᠣᠷᠣᠨ ᠤ ᠰᠣᠶᠣᠯ ᠤᠨ ᠲᠣᠪᠴᠢᠶ᠎ᠠ ︽ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠤᠨ ᠲᠣᠷᠰᠢᠯᠳᠠ ᠶᠢᠨ ᠴᠢᠭ ᠤᠨ ᠲᠦᠯᠦᠪᠯᠡᠭᠡ︾ ᠶᠢ ᠲᠣᠭᠳᠠᠭᠠᠵᠣ᠂ 9 ᠰᠠᠷ᠎ᠠ ᠳᠤ ︽ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠤᠨ ᠲᠣᠷᠰᠢᠯᠳᠠ ᠶᠢᠨ ᠴᠢᠭ  ᠤᠨ ᠠᠵᠢᠯ ᠤᠨ ᠳ᠋ᠦᠩᠨᠡᠯᠳᠡ︾ ᠬᠢᠪᠡ᠃      ᠰᠦᠨᠢᠳ ᠪᠠᠷᠠᠭᠤᠨ ᠬᠤᠰᠢᠭᠤᠨ ᠤ ᠣᠯᠠᠭᠠᠠᠮᠦ᠋ᠴᠢᠷ ᠠᠩᠬ᠎ᠠ ᠪᠠᠶᠢᠭᠤᠯᠣᠭᠳᠠᠬᠤ ᠳᠠᠭᠠᠨ ᠶᠢᠰᠦᠭᠡᠨ ᠲᠣᠭᠯᠠᠭᠴᠢ ᠲᠠᠢ᠂ ᠠᠩᠬᠠᠨ ᠤ ᠳᠠᠷᠤᠭ᠎ᠠ ᠨᠢ ᠦᠯᠵᠠᠶᠢᠳᠣᠭᠳᠠᠬᠤ ᠭᠡᠳᠡᠭ᠃ ᠦᠨᠢᠭᠡᠷᠡᠯ᠂ ᠢ ᠯᠠᠨ᠂ ᠾᠧ ᠬᠤᠸᠠ᠂ ᠡᠷᠬᠢᠮᠪᠠᠳᠣ᠂ ᠨᠠᠷᠠᠨᠳᠣᠶᠠᠭ᠎ᠠ᠂ ᠡᠷᠳᠡᠨᠢᠳᠠᠯᠠᠢ᠂ ᠰᠠᠩᠵᠠᠶᠢᠳᠣᠷᠵᠢ᠂ ᠯᠢᠦ ᠳ᠋ᠢᠶᠠᠨ ᠷᠦ᠋ ᠵᠡᠷᠭᠡ ᠲᠣᠭᠯᠠᠭᠴᠢ ᠲᠠᠢ᠃      1957 ᠣᠨ ᠤ 6 ᠰᠠᠷ᠎ᠠ ᠶᠢᠨ 17 ᠤ ᠡᠳᠦᠷ᠂ ᠦᠪᠦᠷ ᠮᠣᠩᠭᠤᠯ ᠤᠨ ᠣᠣᠭᠠᠨ ᠣᠯᠠᠭᠠᠠᠮᠦ᠋ᠴᠢᠷ ᠪᠠᠶᠢᠭᠤᠯᠣᠭᠳᠠᠭᠰᠠᠨ ᠢ ᠲᠣᠩᠬᠠᠭᠯᠠᠵᠣ᠂ ᠶᠣᠰᠣᠯᠠᠯ ᠳᠡᠭᠡᠷ᠎ᠡ ᠲᠣᠷᠰᠢᠯᠳᠠ ᠶᠢᠨ ᠴᠢᠭ ᠤᠨ ᠠᠵᠢᠯᠯᠠᠬᠤ ᠳᠣᠭᠤᠶᠢᠯᠠᠩ ᠪᠣᠯᠣᠨ ᠬᠤᠰᠢᠭᠤ ᠨᠠᠮ ᠤᠨ ᠬᠤᠷᠢᠶᠠᠨ ᠤ ᠣᠳᠣᠷᠢᠳᠣᠯᠭ᠎ᠠ ᠶᠠᠷᠢᠶ᠎ᠠ ᠲᠠᠯᠪᠢᠵᠣ᠂ᠣᠯᠠᠭᠠᠠᠮᠦ᠋ᠴᠢᠷ ᠤᠨ ᠲᠣᠭᠯᠠᠭᠴᠢᠳ  ᠠᠴᠠ ᠲᠠᠶᠢᠯᠣᠨ ᠲᠣᠭᠯᠠᠯᠳᠠ ᠭᠠᠷᠭᠠᠪᠠ᠃
① ᠦᠯᠵᠠᠶᠢᠳᠣᠭᠳᠠᠬᠤ② ᠦᠨᠢᠭᠡᠷᠡᠯ ③ ᠢ ᠯᠠᠨ④ ᠾᠧ ᠬᠤᠸᠠ⑤ᠡᠷᠬᠢᠮᠪᠠᠳᠣ⑥ ᠨᠠᠷᠠᠨᠳᠣᠶᠠᠭ᠎ᠠ ⑦
ᠡᠷᠳᠡᠨᠢᠳᠠᠯᠠᠢ ⑧ ᠰᠠᠩᠵᠠᠶᠢᠳᠣᠷᠵᠢ ⑨ᠯᠢᠦ ᠳ᠋ᠢᠶᠠᠨ ᠷᠦ᠋
ᠣᠯᠠᠭᠠᠠᠮᠦ᠋ᠴᠢᠷ ᠪᠠᠶᠢᠭᠤᠯᠣᠭᠳᠠᠭᠰᠠᠨ ᠤ ᠳᠠᠷᠠᠭ᠎ᠠ ᠲᠣᠭᠯᠠᠯᠳᠠ ᠭᠠᠷᠭᠠᠬᠤ ᠪᠠᠷ ᠬᠦᠳᠡᠭᠡ ᠪᠠᠭᠤᠵᠣ ᠪᠠᠶᠢᠭ᠎ᠠ ᠨᠢ᠃
1965 ᠣᠨ ᠤ 11 ᠰᠠᠷ᠎ᠠ  ᠂ ᠣᠯᠠᠭᠠᠠᠮᠦ᠋ᠴᠢᠷ ᠪᠠᠶᠢᠭᠤᠯᠣᠭᠳᠠᠬᠤ ᠦᠶ᠎ᠡ ᠶᠢᠨ ᠣᠳᠣᠷᠢᠳᠣᠯᠭ᠎ᠠ ᠪᠣᠯᠣᠨ ᠰᠢᠨ᠎ᠡ ᠬᠠᠭᠤᠴᠢᠨ ᠲᠣᠭᠯᠠᠭᠴᠢ ᠶᠢᠨ ᠬᠠᠮᠳᠣ ᠶᠢᠨ ᠰᠡᠭᠦᠳᠡᠷ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号