ᠨᠠᠮ ᠤᠨ ᠰᠤᠷᠭᠠᠭᠤᠯᠢ ᠳᠤ 20 ᠲᠥᠮᠡᠨ ᠲᠥᠭᠦᠷᠢᠩ ᠬᠠᠨᠳᠢᠪᠯᠡᠪᠠ
ᠨᠡᠶᠢᠲᠡᠯᠡᠭᠰᠡᠨ ᠴᠠᠭ᠄
2020/9/17
                               ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠬᠠᠪᠤᠷ      9 ᠰᠠᠷ᠎ᠠ ᠶᠢᠨ16 ᠤ ᠡᠳᠤᠷ᠂ ᠪᠡᠭᠡᠵᠢᠩ ᠬᠤᠳᠠ ᠶᠢᠨ ᠳ᠋ᠠ ᠰᠢᠩ ᠲᠤᠭᠤᠷᠢᠭ ᠤᠨ ᠨᠠᠮ ᠤᠨ ᠰᠤᠷᠭᠠᠭᠤᠯᠢ ᠪᠠ ᠬᠠᠯᠠᠭᠤᠨ ᠰᠡᠳᠬᠢᠯᠳᠦ ᠠᠵᠦ ᠠᠬᠤᠶᠢᠯᠠᠯ ᠤᠨ ᠬᠢᠨ ᠰᠦᠨᠢᠳ ᠪᠠᠷᠠᠭᠤᠨ ᠬᠤᠰᠢᠭᠤᠨ ᠤ ᠨᠠᠮ ᠤᠨ ᠰᠤᠷᠭᠠᠭᠤᠯᠢ  ᠳᠤ 20 ᠲᠥᠮᠡᠨ ᠲᠥᠭᠦᠷᠢᠩ ᠬᠠᠨᠳᠢᠪᠯᠡᠪᠠ᠃
     ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠬᠤᠰᠢᠭᠤ ᠳᠡᠳ᠋ ᠲᠠᠷᠤᠭ᠎ᠠ ᠲᠠᠩ ᠬᠤᠸᠠ ᠬᠠᠨᠳᠢᠪᠯᠡᠬᠤ ᠶᠤᠰᠤᠯᠠᠯ ᠢ ᠡᠷᠬᠢᠯᠡᠪᠡ᠃
     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠨᠠᠮ ᠤᠨ ᠰᠤᠷᠭᠠᠭᠤᠯᠢ ᠶᠢᠨ ᠵᠠᠬᠢᠷᠤᠯ ᠸᠠᠩ ᠵᠠᠨ ᠴᠢ ᠬᠠᠨᠳᠢᠪᠯᠡᠬᠤ ᠶᠤᠰᠤᠯᠠᠯ ᠳᠤ ᠶᠠᠷᠢᠶ᠎ᠡ ᠬᠢᠵᠦ᠂ ᠲᠤᠰ ᠤᠳᠠᠭ᠎ᠠ ᠪᠡᠭᠡᠵᠢᠩ ᠠᠴᠠ ᠪᠢᠳᠠᠨ ᠳᠤ ᠬᠠᠨᠳᠢᠪ ᠬᠦᠷᠭᠡᠭᠰᠡᠨ ᠳᠡᠳᠤᠢ ᠦᠭᠡᠢ ᠨᠠᠩ ᠴᠢᠬᠤᠯᠠ ᠨᠢ ᠤᠶᠤᠨ ᠰᠠᠨᠠᠭᠠᠨ ᠤ ᠵᠤᠷᠢᠭᠵᠢᠭᠤᠯᠤᠯ ᠬᠦᠷᠳᠡᠭᠡᠭᠰᠡᠨ ᠪᠠᠶᠢᠨ᠎ᠠ᠃ ᠬᠤᠶᠢᠰᠢᠳᠠ ᠬᠤᠶᠠᠷ ᠭᠠᠵᠠᠷ ᠤᠨ ᠨᠠᠮ ᠤᠨ ᠰᠤᠷᠭᠠᠭᠤᠯᠢ ᠨᠢ ︽ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠡᠬᠢ ᠪᠠᠶᠠᠯᠢᠭ  ᠢ ᠬᠠᠮᠳᠤᠪᠡᠷ ᠡᠳ᠋ᠯᠡᠨ᠂ ᠬᠠᠷᠢᠯᠴᠠᠨ ᠠᠰᠢᠭ ᠬᠦᠷᠳᠡᠵᠦ᠂ ᠬᠠᠮᠳᠤᠪᠠᠷ ᠬᠦᠭᠵᠢᠬᠦ︾ ᠵᠤᠷᠢᠯᠳᠠ ᠶᠢ ᠪᠠᠷᠢᠨ ᠬᠠᠮᠳᠤᠷᠠᠨ ᠠᠵᠢᠯᠯᠠᠬᠤ ᠤᠷᠳᠤ ᠬᠤᠭᠤᠴᠠᠭᠠᠨ ᠤ ᠲᠤᠭᠳᠠᠴᠠ ᠶᠢ ᠲᠡᠬᠦᠯᠳᠡᠷᠵᠢᠭᠦᠯᠤᠨ᠂ ᠰᠤᠷᠭᠠᠭᠤᠯᠢ ᠡᠷᠬᠢᠯᠡᠬᠦ ᠨᠡᠷᠡᠳᠦ ᠳᠡᠮᠳᠡᠭ  ᠤᠨ ᠲᠠᠯ᠎ᠠ ᠪᠠᠷ ᠬᠦᠴᠦ ᠳᠡᠯᠪᠢᠵᠦ᠂ ᠵᠢᠭᠠᠨ ᠰᠤᠷᠭᠠᠯᠳᠠ ᠶᠢᠨ ᠬᠠᠮᠢᠶᠠᠷᠤᠯᠳᠠ᠂ ᠪᠠᠭᠰᠢ ᠳᠤ ᠪᠤᠯᠪᠠᠰᠤᠷᠠᠯ ᠬᠦᠷᠳᠡᠭᠡᠬᠦ ᠂ ᠰᠢᠨᠵᠢᠯᠡᠭᠡᠨ ᠤ ᠰᠠᠯᠪᠤᠷᠢ ᠲᠠᠰᠤᠭ ᠤᠨ ᠪᠠᠶᠢᠭᠤᠯᠤᠯᠳᠠ᠂ ᠵᠢᠭᠠᠨ ᠰᠤᠷᠭᠠᠯᠳᠠ ᠶᠢᠨ ᠥᠭᠡᠷᠡᠴᠢᠯᠡᠯᠳᠠ᠂ ᠡᠷᠳᠡᠮ ᠰᠢᠨᠵᠢᠯᠡᠭᠡᠨ ᠤ ᠦᠷ᠎ᠡ ᠪᠥᠳᠦᠭᠡᠯ ᠤᠨ ᠰᠤᠯᠢᠯᠴᠠᠭ᠎ᠠ ᠵᠡᠷᠭᠡ ᠪᠥᠬᠦ ᠲᠠᠯ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠦ᠂ ᠬᠠᠮᠳᠤᠪᠠᠷ ᠬᠦᠭᠵᠢᠬᠦ ᠶᠢ ᠬᠦᠰᠡᠵᠦ ᠪᠠᠶᠢᠨ᠎ᠠ ᠭᠡᠵᠡᠢ᠃       ᠠᠵᠢᠯᠯᠠᠭ᠎ᠠ ᠶᠢᠨ ᠠᠬᠤᠢ ᠲᠠᠯᠠᠪᠡᠢ ᠳᠤ᠂ ᠸᠠᠩ ᠵᠠᠨ ᠴᠢ ᠬᠠᠨᠳᠢᠪ ᠬᠦᠷᠭᠡᠭᠰᠡᠨ ᠳ᠋ᠠ ᠰᠢᠩ ᠲᠤᠭᠤᠷᠢᠭ ᠤᠨ ᠨᠠᠮ ᠤᠨ ᠰᠤᠷᠭᠠᠭᠤᠯᠢ ᠪᠠ ᠬᠠᠯᠠᠭᠤᠨ ᠰᠡᠳᠬᠢᠯᠳᠦ ᠠᠵᠦ ᠠᠬᠤᠶᠢᠯᠠᠯ ᠳᠤ ᠬᠡᠮᠡᠷᠯᠢᠭ ᠲᠤᠭ ᠭᠠᠷᠳᠠᠭᠤᠯᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号