ᠤᠯᠠᠭᠠᠨᠮᠦ᠋ᠴᠢᠷ —— ᠦᠪᠡᠷ ᠤᠨ ᠪᠠᠶᠢᠭᠤᠯᠤᠯᠳᠠ
ᠨᠡᠶᠢᠲᠡᠯᠡᠭᠰᠡᠨ ᠴᠠᠭ᠄
2020/9/28
     ᠦᠪᠡᠷ ᠤᠨ ᠪᠠᠶᠢᠭᠤᠯᠤᠯᠳᠠ᠄ ᠵᠢᠷᠠᠭᠠᠳ ᠵᠢᠯ ᠤᠨ ᠬᠦᠭᠵᠢᠯᠳᠡ ᠪᠠᠷ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ ᠤᠳᠤ ᠪᠤᠯᠬᠤ ᠳᠤ 47 ᠲᠤᠭᠯᠠᠭᠴᠢ ᠲᠠᠢ᠂ ᠤᠯᠠᠭᠠᠨᠮᠦ᠋ᠴᠢᠷ ᠤᠨ ᠲᠠᠷᠤᠭ᠎ᠠ᠂ ᠵᠢᠭᠠᠨ ᠵᠢᠯᠤᠭᠤᠳᠤᠭᠴᠢ᠂ ᠲᠡᠳ᠋ ᠲᠠᠷᠤᠭ᠎ᠠ᠂ ᠨᠠᠶᠢᠷᠠᠭᠤᠯᠤᠨ ᠤᠳᠤᠷᠢᠳᠤᠭᠠᠴᠢ ᠵᠡᠷᠭᠡ ᠪᠠᠷ ᠪᠦᠷᠢᠯᠳᠦᠭᠰᠡᠨ ᠤᠳᠤᠷᠢᠳᠬᠤ ᠪᠠᠭ ᠲᠠᠢ᠂ ᠪᠦᠵᠢᠭ ᠤᠨ ᠲᠤᠭᠤᠶᠢᠯᠠᠩ᠂ ᠬᠦᠭᠵᠢᠮ ᠤᠨ ᠲᠤᠭᠤᠶᠢᠯᠠᠩ᠂ ᠲᠠᠭᠤᠨ ᠤ ᠲᠤᠭᠤᠶᠢᠯᠠᠩ᠂ ᠵᠢᠮᠰᠡᠭ ᠭᠡᠷᠡᠭᠰᠡᠯ ᠤᠨ ᠲᠤᠭᠤᠶᠢᠯᠠᠩ ᠲᠠᠢ ᠪᠤᠯᠤᠨ ᠪᠤᠵᠠᠭᠠᠶᠢᠷᠠᠵᠠᠢ  ᠃ ᠤᠯᠠᠭᠠᠨᠮᠦ᠋ᠴᠢᠷ ᠨᠢ ᠤᠯᠤᠰ ᠲᠦᠷᠦ ᠶᠢᠨ ᠪᠠᠶᠢᠭᠤᠯᠤᠯᠳᠠ ᠶᠢ ᠢᠮᠠᠭᠳᠠ ᠠᠳᠬᠤᠵᠤ᠂ ᠤᠳᠤᠷᠢᠳᠬᠤ ᠪᠠᠭ ᠤᠨ ᠪᠠᠶᠢᠭᠤᠯᠤᠯᠳᠠ ᠪᠠᠷ ᠭᠤᠤᠯ ᠪᠤᠯᠭᠠᠨ ᠦᠪᠡᠷ  ᠤᠨ ᠪᠠᠶᠢᠭᠤᠯᠤᠯᠳᠠ ᠶᠢ ᠦᠨᠡᠨᠬᠦ ᠴᠢᠩᠭᠠᠳᠬᠠᠭᠰᠠᠭᠠᠷ ᠢᠷᠡᠵᠡᠢ᠃ ᠨᠠᠮ ᠤᠨ ᠡᠬᠦᠷ ᠤᠨ ᠪᠠᠬᠢᠯᠡᠯᠳᠡ ᠶᠢᠨ ᠦᠢᠯᠡᠳᠦᠯ  ᠢ ᠬᠦᠢᠴᠡᠳ ᠪᠠᠳᠠᠷᠠᠭᠤᠯᠤᠨ᠂ ᠲᠤᠭᠯᠠᠭᠴᠢᠳ ᠢᠶᠠᠨ ᠵᠤᠬᠢᠶᠠᠨ ᠪᠠᠶᠢᠭᠤᠯᠤᠨ ᠨᠠᠮ ᠤᠨ ᠤᠨᠤᠯ᠂ ᠱᠤᠭᠤᠮ ᠴᠢᠭᠯᠡᠯᠳᠡ ᠂ ᠲᠦᠷᠦ ᠶᠢᠨ ᠪᠤᠳᠤᠯᠭ᠎ᠠ᠂ ᠤᠨᠴᠠᠭᠠᠶᠢᠯᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠶᠢᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠬᠢᠭᠡᠳ ᠤᠳᠬ᠎ᠠ ᠤᠷᠠᠯᠢᠭ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠠᠢ᠃ ᠲᠤᠳᠤᠭᠠᠳᠤ ᠶᠢᠨ ᠢᠶᠠᠨ ᠬᠠᠮᠢᠶᠠᠷᠤᠯᠳᠠ ᠶᠢᠨ ᠰᠢᠨᠡᠴᠢᠯᠡᠯᠳᠡ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠪᠠᠷ ᠲᠠᠮᠵᠢᠨ ᠤᠯᠤᠰ ᠲᠦᠷᠦ᠂ ᠦᠵᠡᠯ ᠰᠠᠨᠠᠭ᠎ᠠ᠂ ᠵᠤᠬᠢᠶᠠᠨ ᠪᠠᠶᠢᠭᠤᠯᠤᠯᠳᠠ᠂ ᠭᠡᠪ ᠰᠤᠷᠳᠠᠯ᠂ ᠰᠠᠬᠢᠯᠭ᠎ᠠ ᠪᠠᠳᠤ᠂ ᠬᠢᠨᠠᠨ ᠰᠢᠯᠭᠠᠯᠳᠠ ᠵᠡᠷᠭᠡ ᠶᠢ ᠪᠠᠭᠳᠠᠭᠠᠭᠰᠠᠨ ᠲᠦᠷᠢᠮ ᠲᠤᠭᠳᠠᠭᠠᠯ ᠤᠳ ᠢ ᠪᠦᠷᠢᠨᠰᠢᠬᠦᠯᠵᠤ᠂ ᠵᠤᠬᠢᠶᠠᠨ ᠪᠦᠳᠦᠭᠡᠯᠭᠡ᠂ ᠪᠤᠯᠪᠠᠰᠤᠷᠠᠯ᠂ ᠲᠤᠭᠯᠠᠯᠳᠠ᠂ ᠦᠨᠳᠦᠰᠦᠨ ᠰᠤᠷᠭᠠᠭᠤᠯᠢᠯᠠᠯ᠂ ᠬᠦᠮᠦᠵᠢᠯ ᠪᠤᠯᠪᠠᠰᠤᠷᠠᠯ ᠢ ᠰᠢᠰᠲ᠋ᠧᠮᠵᠢᠬᠦᠯᠦᠨ ᠵᠢᠷᠦᠮᠵᠢᠭᠤᠯᠵᠤ᠂ ᠤᠯᠤᠰ ᠲᠦᠷᠦ᠂ ᠦᠵᠡᠯ ᠰᠠᠨᠠᠭ᠎ᠠ᠂ ᠲᠤᠬᠠᠶᠢᠯᠠᠭᠰᠠᠨ ᠠᠵᠢᠯ᠂ ᠰᠤᠶᠤᠯ ᠪᠤᠯᠪᠠᠰᠤᠷᠠᠯ   ᠤᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠦᠭᠰᠡᠨ ᠪᠠᠶᠢᠨ᠎ᠠ᠃
2017 ᠤᠨ᠂ ᠤᠯᠠᠭᠠᠨᠮᠦ᠋ᠴᠢᠷ ᠤᠨ ᠨᠠᠮ ᠤᠨ ᠡᠬᠦᠷ ᠨᠢ ᠲᠤᠰᠬᠠᠢ ᠰᠡᠳᠦᠪ ᠢᠶᠠᠷ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠬᠤᠷᠠᠯ ᠬᠢᠵᠤ ᠪᠠᠶᠢᠭ᠎ᠠ ᠨᠢ
2018 ᠤᠨ ᠤ 3 ᠰᠠᠷ᠎ᠠ᠂ ᠰᠢ ᠶᠢᠨ ᠫᠢᠩ ᠶᠡᠷᠦᠩᠭᠡᠢ ᠱᠦᠵᠢ ᠶᠢᠨ ᠤᠳᠬ᠎ᠠ ᠤᠷᠠᠯᠢᠭ ᠤᠨ ᠦᠵᠡᠯ ᠰᠠᠨᠠᠭ᠎ᠠ ᠶᠢ ᠬᠠᠮᠳᠤ ᠪᠠᠷ ᠰᠤᠷᠤᠯᠴᠠᠵᠤ ᠪᠠᠶᠢᠭ᠎ᠠ ᠨᠢ
ᠲᠡᠭᠡᠷ᠎ᠡ ᠵᠠᠭᠤᠨ ᠤ ᠲᠠᠯᠠᠭᠠᠳ ᠤᠨ᠂ ᠬᠦᠳᠡᠭᠡ ᠪᠠᠭᠤᠵᠤ ᠪᠠᠶᠢᠬᠤ ᠳᠠᠭᠠᠨ ᠲᠤᠰᠤᠨ ᠳ᠋ᠧᠩ ᠤᠨ ᠲᠤᠤᠷ᠎ᠠ ᠵᠤᠬᠢᠶᠠᠨ ᠪᠦᠳᠦᠭᠡᠯᠭᠡ ᠬᠢᠵᠤ ᠪᠠᠶᠢᠭ᠎ᠠ ᠨᠢ
ᠲᠡᠭᠡᠷ᠎ᠡ ᠵᠠᠭᠤᠨ ᠤ ᠲᠠᠯᠠᠭᠠᠳ ᠤᠨ᠂ ᠠᠷᠠᠳ ᠤᠨ ᠲᠠᠭᠤᠴᠢᠨ ᠠᠴᠠ ᠰᠦᠨᠢᠳ ᠠᠷᠠᠳ ᠤᠨ ᠲᠠᠭᠤᠤ ᠰᠤᠷᠴᠦ ᠪᠠᠶᠢᠭ᠎ᠠ ᠨᠢ
ᠲᠡᠭᠡᠷ᠎ᠡ ᠵᠠᠭᠤᠨ ᠤ ᠲᠠᠯᠠᠭᠠᠳ ᠤᠨ᠂ ᠪᠦᠵᠢᠭ ᠤᠨ ᠦᠨᠳᠦᠰᠦᠨ ᠪᠤᠯᠪᠠᠰᠤᠷᠠᠯ
1982 ᠤᠨ ᠤ 3 ᠰᠠᠷ᠎ᠠ ᠳᠤ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠭᠡᠤᠭᠡᠯᠳᠡᠢ ᠵᠦᠴᠦᠭᠡ  ᠶᠢᠨ ᠠᠩᠬᠢ ᠪᠠᠶᠢᠭᠤᠯᠤᠭᠳᠠᠭᠰᠠᠨ ᠤ ᠲᠠᠷᠠᠭ᠎ᠠ ᠱᠠᠩᠬᠠᠢ   ᠶᠢᠨ ᠭᠡᠤᠭᠡᠯᠳᠡᠢ ᠵᠦᠴᠦᠭᠡ ᠶᠢᠨ ᠪᠦᠯᠬᠦᠮ ᠳᠤ ᠬᠦᠷᠴᠦ ᠰᠤᠷᠤᠯᠴᠠᠭᠠᠳ6 ᠰᠠᠷ᠎ᠠ ᠳᠤᠨᠢ ᠬᠤᠰᠢᠭᠤ ᠭᠡᠤᠭᠡᠳ ᠤᠨ ᠴᠡᠴᠡᠷᠯᠢᠭ ᠲᠤ ᠠᠩᠬ᠎ᠠ ᠲᠤᠭᠯᠠᠵᠠᠢ᠃
ᠲᠡᠭᠡᠷ᠎ᠡ ᠵᠠᠭᠤᠨ ᠤ ᠨᠠᠶᠠᠭᠠᠳ ᠤᠨ᠂ ᠲᠤᠭᠯᠠᠯᠳᠠ ᠶᠢᠨ ᠡᠮᠦᠨᠡᠭᠢ ᠰᠤᠷᠢᠨ ᠲᠤᠭᠯᠠᠯᠳᠠ
1984 ᠤᠨ᠂ ᠰᠢᠨ᠎ᠡ ᠲᠤᠭᠯᠠᠭᠴᠢ ᠳᠤ ᠪᠦᠵᠢᠭ ᠤᠨ ᠦᠨᠳᠦᠰᠦᠨ ᠪᠤᠯᠪᠠᠰᠤᠷᠠᠯ ᠵᠢᠭᠠᠨ ᠵᠢᠯᠤᠭᠤᠳᠴᠦ ᠪᠠᠶᠢᠭ᠎ᠠ  ᠨᠢ
ᠲᠡᠭᠡᠷ᠎ᠡ ᠵᠠᠭᠤᠨ ᠤ ᠨᠠᠶᠠᠭᠠᠳ ᠤᠨ᠂ ᠠᠬᠠᠮᠠᠳ ᠲᠤᠭᠯᠠᠭᠴᠢ ᠠᠴᠠ ᠭᠡᠤᠭᠡᠯᠳᠡᠢ ᠵᠦᠴᠦᠭᠡ ᠶᠢᠨ ᠤᠷ᠎ᠠ ᠲᠡᠮ ᠢᠶᠠᠨ ᠤᠯᠠᠮᠵᠢᠯᠠᠵᠤ ᠪᠠᠶᠢᠭ᠎ᠠ ᠨᠢ
1997 ᠤᠨ᠂  ᠪᠦᠵᠢᠭᠴᠢᠳ ᠤᠨ ᠦᠨᠳᠦᠰᠦᠨ ᠰᠤᠷᠭᠠᠭᠤᠯᠢᠯᠠᠯ
2004 ᠤᠨ᠂ ᠠᠬᠠᠮᠠᠳ ᠰᠢᠨ᠎ᠡ ᠲᠤᠭᠯᠠᠭᠴᠢᠳ ᠲᠤᠬᠠᠶᠢᠯᠠᠭᠰᠠᠨ ᠠᠵᠢᠯ ᠤᠨ ᠲᠤᠷᠰᠢᠯᠭ᠎ᠠ ᠰᠤᠯᠢᠯᠴᠠᠨ᠎ᠠ
2018 ᠤᠨ᠂ ᠪᠦᠵᠢᠭᠴᠢᠳ ᠤᠨ ᠪᠤᠯᠪᠠᠰᠤᠷᠠᠯ
2018 ᠤᠨ᠂ ᠲᠠᠭᠤᠴᠢᠳ ᠤᠨ ᠬᠤᠭᠤᠯᠠᠢ ᠶᠢᠨ ᠪᠤᠯᠪᠠᠰᠤᠷᠠᠯ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号