ᠤᠮᠠᠷᠠᠳᠤ ᠬᠢᠯᠢ ᠳᠤ ᠦᠩᠭᠡ ᠨᠡᠮᠡᠷᠢᠯᠡᠨ ᠦᠷᠡᠯᠡᠨ ᠲᠡᠯᠭᠡᠷᠡᠭᠰᠡᠨ ᠨᠢ ︵ᠨᠢᠭᠡ︶
ᠨᠡᠶᠢᠲᠡᠯᠡᠭᠰᠡᠨ ᠴᠠᠭ᠄
2020/9/28
ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ ᠪᠠᠶᠢᠭᠤᠯᠤᠭᠳᠠᠭᠰᠠᠨ ᠠᠴᠠ ᠨᠠᠭᠠᠰᠢᠬᠢ ᠵᠢᠷᠠᠭᠠᠳ ᠵᠢᠯ ᠤᠨ ᠲᠤᠷᠰᠢ᠂ ᠦᠪᠡᠷᠳᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠴᠤᠭᠯᠠᠭᠠᠨ ᠪᠠ ᠤᠯᠠᠭᠠᠨᠮᠦ᠋ᠴᠢᠷ ᠤᠨ ᠤᠷᠠᠯᠢᠭ  ᠤᠨ ᠨᠠᠶᠢᠷ ᠲᠤ ᠤᠯᠠᠨᠳᠠ ᠤᠷᠤᠯᠴᠠᠪᠠ᠃ ᠰᠢᠯᠢ ᠶᠢᠨ ᠭᠤᠤᠯ ᠠᠶᠢᠮᠠᠭ ᠤᠨ ᠤᠯᠠᠭᠠᠨᠮᠦ᠋ᠴᠢᠷ ᠤᠨ ᠴᠤᠭᠯᠠᠭᠠᠨ ᠳᠤ ᠤᠷᠤᠯᠴᠠᠨ᠂ ᠴᠡᠷᠢᠭ ᠠᠩᠬᠢ ᠬᠠᠷᠠᠭᠤᠯ ᠤᠨ ᠭᠠᠵᠠᠷ ᠲᠤ ᠬᠦᠷᠴᠦ ᠲᠤᠬᠤᠨᠢᠭᠤᠯᠭ᠎ᠠ ᠶᠢᠨ ᠲᠤᠭᠯᠠᠯᠳᠠ ᠭᠠᠷᠭᠠᠨ᠂ ᠦᠪᠦᠷ ᠮᠤᠩᠭᠤᠯ ᠤᠨ ᠵᠠᠷᠢᠮ ᠠᠶᠢᠮᠠᠭ ᠬᠤᠳᠠ᠂ ᠬᠤᠰᠢᠭᠤ ᠰᠢᠶᠠᠨ ᠳᠤ ᠬᠦᠷᠴᠦ ᠰᠤᠯᠢᠯᠴᠠᠭᠠᠨ ᠤ ᠲᠤᠭᠯᠠᠯᠳᠠ ᠭᠠᠷᠭᠠᠵᠤ᠂ ᠡᠯ᠎ᠡ ᠦᠨᠳᠦᠰᠦᠳᠡᠨ ᠤ ᠴᠡᠷᠢᠭ ᠠᠷᠠᠳ ᠤᠨ ᠤᠶᠤᠨ ᠤ ᠠᠮᠢᠳᠤᠷᠠᠯ ᠢ ᠪᠠᠶᠠᠯᠢᠭᠵᠢᠭᠤᠯᠤᠨ᠂ ᠪᠦᠬᠦ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠪᠠ ᠴᠡᠷᠢᠭ ᠵᠠᠰᠠᠭ᠂ ᠴᠡᠷᠢᠭ ᠠᠷᠠᠳ ᠤᠨ ᠪᠦᠯᠬᠦᠮᠳᠡᠯ ᠳᠤ ᠢᠳᠡᠪᠬᠢ ᠦᠢᠯᠡᠳᠦᠯ ᠦᠵᠡᠬᠦᠯᠦᠭᠰᠡᠨ ᠪᠠᠶᠢᠨ᠎ᠠ᠃ ᠡᠬᠦᠨ ᠤ ᠬᠠᠮᠳᠤ ᠦᠪᠦᠷ ᠮᠤᠩᠭᠤᠯ ᠤᠷᠤᠨ ᠤ  ᠪᠠᠨ ᠠᠵᠤ ᠠᠬᠤᠢ ᠨᠡᠶᠢᠭᠡᠮ ᠤᠨ ᠦᠰᠦᠷᠦᠩᠬᠦᠢ ᠬᠦᠭᠵᠢᠯᠳᠡ ᠬᠢᠭᠡᠳ ᠤᠯᠤᠰ ᠤᠷᠤᠨ ᠤ ᠴᠡᠷᠢᠭ ᠢᠶᠠᠨ ᠬᠦᠴᠦᠷᠭᠡᠭᠵᠢᠭᠦᠯᠦᠨ ᠮᠠᠨᠳᠤᠭᠤᠯᠬᠤ ᠢᠳᠡᠷᠭᠡᠭ ᠠᠯᠬᠤᠭ᠎ᠠ ᠶᠢ ᠪᠡᠶᠡᠴᠢᠯᠡᠨ ᠮᠡᠳᠡᠷᠡᠵᠤ᠂ ᠡᠯ᠎ᠡ ᠭᠠᠵᠠᠷ ᠤᠷᠤᠨ ᠪᠠ ᠴᠡᠷᠢᠭ ᠠᠩᠬᠢ ᠶᠢᠨ ᠠᠯᠢ ᠤᠯᠠᠨ ᠰᠢᠯᠢᠳᠡᠭ ᠤᠯᠠᠮᠵᠢᠯᠠᠯ᠂ ᠰᠠᠶᠢᠨ ᠭᠡᠪ ᠰᠤᠷᠳᠠᠯ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠠᠪᠴᠠᠯ ᠢ ᠰᠤᠷᠤᠯᠴᠠᠨ᠂ ᠤᠯᠠᠭᠠᠨᠮᠦ᠋ᠴᠢᠷ ᠤᠨ ᠢᠶᠠᠨ ᠤᠯᠤᠰ ᠲᠦᠷᠦ ᠦᠵᠡᠯ ᠰᠠᠨᠠᠭᠠᠨ ᠤ ᠭᠡᠪ ᠪᠤᠯᠪᠠᠰᠤᠷᠠᠯ ᠬᠢᠭᠡᠳ ᠲᠤᠬᠠᠶᠢᠯᠠᠭᠰᠠᠨ ᠠᠵᠢᠯ ᠤᠨ ᠢᠶᠠᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠦᠭᠰᠡᠨ ᠪᠠᠶᠢᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号