ᠠᠴᠢᠳᠣᠠᠠᠭᠤᠯᠠ ᠰᠤᠮᠤᠨ ᠤ ᠰᠠᠶᠢᠬᠠᠨᠰᠢᠯᠢ ᠭᠠᠴᠠᠭ᠎ᠠ ᠰᠢᠨ᠎ᠡ ᠴᠠᠭ ᠥᠶ᠎ᠡ ᠶᠢᠨ ᠪᠤᠯᠪᠠᠰᠣᠨ ᠥᠢᠯᠡᠳᠣᠯᠭᠡ  ᠶᠢᠨ ᠠᠵᠢᠯᠯᠠᠭ᠎ᠠ ᠥᠷᠨᠢᠭᠦᠯᠥᠯ᠎ᠡ
ᠨᠡᠶᠢᠲᠡᠯᠡᠭᠰᠡᠨ ᠴᠠᠭ᠄
2020/9/3
     2020 ᠣᠨ ᠤ 8 ᠰᠠᠷ᠎ᠠ ᠶᠢᠨ 26 ᠤ ᠡᠳᠦᠷ᠂ ᠠᠴᠢᠳᠣᠠᠠᠭᠤᠯᠠ ᠰᠤᠮᠤᠨ ᠤ  ᠰᠠᠶᠢᠬᠠᠨᠰᠢᠯᠢ ᠭᠠᠴᠠᠭᠠᠨ ᠤ ᠰᠢᠨ᠎ᠡ ᠴᠠᠭ ᠥᠶ᠎ᠡ ᠶᠢᠨ ᠪᠤᠯᠪᠠᠰᠣᠨ ᠢ ᠥᠢᠯᠡᠳᠣᠯᠭᠡᠵᠢᠭᠦᠯᠬᠦ ᠥᠷᠲᠡᠭᠡ ᠨᠢ ᠭᠠᠴᠠᠭᠠᠨ ᠤ 41 ᠨᠠᠷ᠎ᠡ ᠨᠠᠮ ᠤᠨ ᠬᠡᠰᠢᠭᠦᠳ ᠪᠤᠯᠤᠨ ᠮᠠᠯᠴᠢᠳ ᠢ ᠵᠣᠬᠢᠶᠠᠨ ᠪᠠᠶᠢᠭᠤᠯᠵᠤ ᠰᠢᠨ᠎ᠡ ᠴᠠᠭ ᠦᠶ᠎ᠡ ᠶᠢᠨ ᠪᠣᠯᠪᠠᠰᠤᠨ ᠥᠢᠯᠡᠳᠣᠯᠭᠡ ᠶᠢᠨ ︽ᠠᠷᠪᠠᠨ ᠲᠤᠮᠤ ᠠᠵᠢᠯᠯᠠᠭ᠎ᠠ︾ ᠶᠢᠨ ᠰᠤᠷᠤᠯᠴᠠᠯᠭ᠎ᠠ ᠬᠥᠮᠦᠵᠢᠯ᠂ ᠠᠮᠢ ᠠᠬᠤᠶ ᠶᠢᠨ ᠪᠣᠯᠪᠠᠰᠤᠨ᠂  ᠬᠠᠣᠯᠢ ᠲᠥᠷᠢᠮ  ᠢ ᠰᠠᠬᠢᠬᠤ᠂ ᠡᠷᠡᠭᠦᠯ ᠮᠡᠨᠳᠣ ᠠᠮᠢᠳᠤᠷᠠᠯ ᠤᠨ ᠠᠵᠢᠯᠯᠠᠭ᠎ᠠ ᠪᠠᠷ ᠰᠡᠳᠣᠪᠯᠡᠵᠤ᠂ ᠰᠢᠨ᠎ᠡ ᠴᠠᠭ ᠦᠶ᠎ᠡ ᠶᠢᠨ ᠪᠤᠯᠪᠠᠰᠣᠨ ᠥᠢᠯᠡᠳᠣᠯᠭᠡ ᠶᠢᠨ ᠣᠯᠠᠨ ᠲᠦᠮᠡᠨᠴᠢ ᠴᠢᠨᠠᠷᠳᠠᠢ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠨ ᠦᠢᠯᠡᠳᠦᠯᠭᠡ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠠᠵᠢᠯᠯᠠᠭᠠᠨ ᠤ ᠣᠶᠢᠯᠠᠭᠠᠭᠳᠠᠬᠤᠨ ᠢ ᠣᠯᠠᠨ ᠳᠤ ᠰᠣᠷᠳᠠᠯᠴᠢᠯᠠᠨ ᠣᠬᠠᠭᠤᠯᠵᠠᠢ᠃      ᠠᠵᠢᠯᠯᠠᠭᠠᠨ ᠳᠤ᠂ ᠬᠠᠮᠳᠣ ᠪᠠᠷ ᠢᠶᠠᠨ ᠭᠠᠴᠠᠭᠠᠨ ᠤ ᠪᠢᠳᠡᠭᠦᠮᠵᠢᠯᠡᠨ ᠤᠶᠢᠵᠢᠭᠤᠯᠬᠤ ᠬᠠᠮᠳᠣ ᠶᠢᠨ ᠪᠡᠯᠴᠢᠭᠡᠷ  ᠲᠤ ᠲᠠᠷᠢᠭᠰᠠᠨ ᠵᠠᠭ ᠮᠤᠳᠤᠨ ᠤ ᠣᠷᠭᠤᠯᠳᠠ ᠪᠤᠯᠤᠨ‌ᠤᠷᠭᠤᠮᠠᠯ ᠤᠨ ᠪᠦᠷᠬᠦᠴᠡ ᠶᠢᠨ ᠪᠠᠶᠢᠳᠠᠯ ᠢ ᠲᠤᠭᠤᠷᠢᠨ ᠥᠵᠡᠵᠤ᠂ ︽ᠰᠢᠷ᠎ᠠ ᠮᠠᠩᠬ᠎ᠠ︾ ᠠᠴᠠ ︽ᠨᠤᠭᠤᠭᠠᠨ ᠮᠠᠩᠬ᠎ᠠ︾ ᠪᠤᠯᠤᠭᠰᠠᠨ ᠡᠯᠡᠰᠣ ᠮᠠᠩᠬᠠᠨ ᠤ ᠨᠤᠭᠤᠭᠠᠷᠠᠯᠳᠠ  ᠶᠢ ᠤᠯᠵᠤ ᠬᠠᠷᠠᠨ᠂ ᠵᠠᠭ ᠮᠣᠳᠣᠨ ᠤ ᠣᠨᠴᠠᠯᠢᠭ ᠰᠢᠨᠵᠢ᠂ ᠣᠷᠭᠤᠯᠳᠠ ᠶᠢᠨ ᠨᠥᠭᠦᠴᠡᠯ᠂ ᠡᠯᠡᠰᠦ ᠶᠢ ᠵᠠᠰᠠᠬᠤ ᠦᠢᠯᠡᠳᠦᠯ᠂ ᠥᠷᠭᠦᠯᠵᠢᠯᠡᠨ ᠬᠡᠷᠬᠢᠨ ᠤᠶᠢᠵᠢᠭᠤᠯᠤᠯᠳᠠ ᠬᠢᠬᠦ ᠵᠡᠷᠭᠡ ᠶᠢ ᠰᠣᠷᠣᠯᠴᠠᠨ ᠤᠶᠢᠯᠭᠠᠵᠤ᠂ ᠠᠮᠢ ᠠᠬᠤᠢ  ᠪᠠᠨ ᠬᠠᠮᠳᠣ ᠪᠠᠷ ᠬᠠᠶᠢᠷᠠᠯᠠᠨ ᠬᠠᠮᠠᠭᠠᠯᠠᠬᠤ ᠣᠬᠠᠮᠰᠠᠷ ᠢ ᠤᠯᠠᠮ ᠴᠢᠩᠭᠠᠳᠬᠠᠵᠠᠢ᠃      ᠵᠠᠯᠭᠠᠭᠠᠳ᠂ ᠭᠠᠴᠠᠭᠠᠨ ᠤ ᠨᠠᠮ ᠤᠨ ᠡᠭᠦᠷ ᠤᠨ ᠱᠥᠵᠢ ᠬᠡᠷᠡᠯᠴᠤᠭᠳᠣ ᠠᠴᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠥᠢᠯᠡᠳᠣᠯᠭᠡ ᠶᠢᠨ ︽ᠠᠷᠪᠠᠨ ᠲᠤᠮᠤ ᠠᠵᠢᠯᠯᠠᠭ᠎ᠠ︾ ᠶᠢᠨ ᠭᠤᠤᠯ ᠠᠭᠤᠯᠭ᠎ᠠ᠂ ᠠᠴᠢ ᠬᠤᠯᠪᠣᠭᠳᠠᠯ᠂ ᠴᠢᠬᠤᠯᠠ ᠴᠢᠨᠠᠷ ᠢ  ᠤᠯᠠᠨ ᠳᠤ ᠲᠠᠶᠢᠯᠪᠤᠷᠢᠯᠠᠨ ᠰᠣᠷᠣᠯᠴᠠᠵᠤ᠂ ᠪᠤᠯᠪᠠᠰᠣᠨ ᠥᠢᠯᠡᠳᠣᠯᠭᠡ   ᠶᠢᠨ ᠠᠵᠢᠯᠯᠠᠭ᠎ᠠ ᠶᠢ ᠲᠥᠯᠬᠢᠨ ᠠᠬᠢᠭᠤᠯᠵᠠᠢ᠃      ᠭᠠᠴᠠᠭᠠᠨ ᠤ ᠬᠤᠶᠠᠷ ᠵᠥᠪᠯᠡᠯ ᠠᠴᠠ ᠣᠯᠠᠨ ᠳᠤ ᠰᠦᠯᠵᠢᠶᠡᠨ ᠤ ᠠᠮᠤᠷ ᠲᠦᠪᠰᠢᠨ ᠤ  ᠬᠠᠤᠯᠢ ᠲᠥᠷᠢᠮ᠂ ᠸᠢᠴᠠᠲ ᠬᠤᠯᠪᠤᠭ᠎ᠠ ᠶᠢ ᠲᠥᠷᠢᠮ ᠶᠤᠰᠤᠭᠠᠷ ᠬᠡᠷᠡᠭᠯᠡᠬᠦ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠣᠮᠯᠠᠨ᠂ ᠤᠯᠤᠰ ᠲᠦᠷᠦ ᠶᠢᠨ ᠵᠣᠭᠰᠣᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠴᠤᠤᠷᠬᠠᠯ ᠲᠠᠷᠬᠠᠭᠠᠬᠤ ᠦᠭᠡᠢ᠂ ᠴᠤᠤᠷᠬᠠᠯ ᠲᠠᠯᠪᠢᠬᠤ ᠦᠭᠡᠢ᠂ ᠴᠤᠤᠷᠬᠠᠯ ᠲᠠᠯᠪᠢᠬᠤ ᠦᠭᠡᠢ ᠪᠠᠶᠢᠬᠤ ᠶᠢ   ᠣᠯᠠᠨ ᠳᠤ ᠰᠠᠨᠠᠭᠤᠯᠵᠠᠢ᠃      ᠠᠵᠢᠯᠯᠠᠭ᠎ᠠ ᠪᠠᠷ ᠲᠠᠮᠵᠢᠭᠤᠯᠤᠨ᠂ ᠭᠠᠴᠠᠭᠠᠨ ᠠᠴᠠ ᠪᠦᠬᠦ ᠬᠤᠰᠢᠭᠤᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠤᠯᠪᠠᠰᠣᠷᠠᠯ ᠤᠨ ᠬᠤᠷᠠᠯ ᠵᠢᠴᠢ ᠲᠡᠭᠡᠳᠣ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠡᠵᠡᠮᠳᠡᠵᠤ ᠪᠠᠶᠢᠭ᠎ᠠ ᠪᠠᠶᠢᠳᠠᠯ ᠵᠢᠴᠢ ᠠᠷᠭ᠎ᠠ ᠪᠣᠳᠣᠯᠭ᠎ᠠ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠰᠤᠷᠤᠯᠴᠠᠨ  ᠣᠶᠢᠯᠭᠠᠵᠤ᠂ ᠭᠠᠴᠠᠭᠠᠨ ᠤ ᠬᠤᠶᠠᠷ ᠵᠥᠪᠯᠡᠯ᠂ ᠲᠤᠤᠷᠴᠢᠯᠠᠨ ᠬᠠᠮᠢᠶᠠᠷᠣᠭᠴᠢ᠂ ᠨᠠᠮ ᠤᠨ ᠭᠡᠰᠢᠭᠦᠨ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠵᠡᠷᠭᠡ ᠨᠢ ᠥᠵᠡᠯᠳᠡ ᠲᠠᠨᠢᠯᠳᠠ ᠪᠠᠨ ᠲᠡᠭᠡᠭᠰᠢᠯᠡᠭᠦᠯᠥᠨ᠂ ᠡᠭᠦᠷᠭᠡ ᠬᠠᠷᠢᠭᠤᠴᠠᠯᠭ᠎ᠠ ᠪᠠᠨ ᠬᠥᠢᠴᠡᠳᠬᠡᠨ᠂  ᠣᠬᠠᠭᠤᠯᠭ᠎ᠠ ᠶᠢᠨ ᠠᠵᠢᠯ ᠢ ᠴᠢᠩᠭᠠᠳᠬᠠᠬᠤ ᠶᠢ ᠱᠠᠭᠠᠷᠳᠠᠵᠠᠢ᠃      ᠠᠵᠢᠯᠯᠠᠭᠠᠨ ᠤ ᠡᠴᠥᠰ ᠲᠤ᠂ ᠰᠢᠪᠠᠭ᠎ᠠ ᠰᠤᠭᠤᠯᠬᠤ ᠬᠡᠯᠪᠡᠷᠢ ᠪᠠᠷ ᠭᠠᠴᠠᠭᠠᠨ ᠤ ᠵᠣᠷᠯᠣᠩ ᠤᠨ  ᠥᠭᠡᠷᠡᠴᠢᠯᠡᠯᠳᠡ ᠶᠢᠨ ᠲᠥᠷᠥᠯ ᠵᠥᠢᠯ ᠢ ᠬᠤᠪᠢᠶᠠᠷᠯᠠᠵᠠᠢ᠃ ︵ᠠᠴᠢᠳᠤᠠ᠋ᠭᠤᠯᠠ ᠰᠤᠮᠤᠨ ᠤ ᠰᠤᠳᠤᠨ᠎ᠠ ᠬᠠᠩᠭᠠᠪᠠ︶
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号