ᠠᠴᠢᠳᠣᠠᠠᠭᠤᠯᠠ ᠰᠣᠮᠣ ᠰᠢᠯᠢ ᠶᠢᠨ ᠭᠤᠤᠯ ᠠᠶᠢᠮᠠᠭ ᠤᠨ ᠴᠠᠭᠠᠨ ᠢᠳᠡᠭᠡᠨ ᠤ ᠥᠨᠡᠯᠡᠨ ᠰᠢᠯᠭᠠᠷᠠᠭᠤᠯᠬᠤ ᠠᠵᠢᠯᠯᠠᠭᠠᠨ ᠳᠤ ᠣᠷᠣᠯᠴᠠᠵᠠᠢ
ᠨᠡᠶᠢᠲᠡᠯᠡᠭᠰᠡᠨ ᠴᠠᠭ᠄
2020/9/3
     8 ᠰᠠᠷ᠎ᠠ ᠶᠢᠨ 26 ᠠᠴᠠ 27 ᠤ ᠡᠳᠦᠷ᠂ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤᠨ ᠳᠤ ᠶᠠᠪᠤᠭᠳᠠᠭᠰᠠᠨ ᠰᠢᠯᠢ ᠶᠢᠨ ᠭᠤᠤᠯ ᠠᠶᠢᠮᠠᠭ ᠤᠨ ᠴᠠᠭᠠᠨ ᠢᠳᠡᠭᠡᠨ ᠤ ᠥᠨᠡᠯᠡᠨ ᠰᠢᠯᠭᠠᠷᠠᠭᠤᠯᠬᠤ ᠠᠵᠢᠯᠯᠠᠭ᠎ᠠ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ︽ᠶᠤᠸᠠᠨ ᠤ ᠲᠡᠭᠡᠳᠣ ᠨᠡᠶᠢᠰᠯᠡᠯ︾ ᠬᠠᠭᠠᠨ ᠣᠷᠳᠣᠨ ᠤ ᠴᠠᠭᠠᠨ  ᠢᠳᠡᠭᠡᠨ  ᠤ ᠰᠣᠶᠣᠯ ᠤᠨ ᠨᠠᠶᠢᠷ ᠲᠤ᠂ ᠰᠥᠨᠢᠳ ᠪᠠᠷᠠᠭᠤᠨ ᠬᠤᠰᠢᠭᠤᠨ ᠤ ᠠᠴᠢᠳᠣᠠᠠᠭᠤᠯᠠ ᠰᠣᠮᠣᠨ ᠤ  ᠪᠠᠳᠣᠮᠦ᠋ᠩᠬᠡ ᠴᠠᠭᠠᠨ ᠢᠳᠡᠭᠡᠨ ᠤ ᠰᠠᠭᠤᠷᠢᠨ ᠭᠠᠵᠠᠷ᠂ ᠭᠡᠵᠢᠭᠡ ᠴᠠᠭᠠᠨ ᠢᠳᠡᠭᠡᠨ ᠤ ᠰᠠᠭᠤᠷᠢᠨ ᠭᠠᠵᠠᠷ᠂ ᠢᠷᠥᠭᠡᠯ ᠭᠡᠷ ᠪᠦᠯᠢ ᠶᠢᠨ ᠮᠠᠯᠵᠢᠯ ᠤᠨ ᠲᠠᠯᠠᠪᠠᠢ᠂ ᠱᠢᠷᠤ ᠴᠠᠭᠠᠨ ᠢᠳᠡᠭᠡᠨ ᠤ ᠰᠠᠭᠤᠷᠢᠨ ᠭᠠᠵᠠᠷ ᠨᠢ ᠲᠣᠰ ᠤᠳᠠᠭᠠᠨ ᠤ ᠠᠵᠢᠯᠯᠠᠭᠠᠨ ᠳᠤ ᠣᠷᠣᠯᠴᠠᠵᠠᠢ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠷᠢᠨᠵᠢᠨ᠂ ᠬᠤᠰᠢᠭᠤ ᠠᠵᠤ ᠥᠢᠯᠡᠳᠪᠥᠷᠢ ᠪᠠ ᠮᠡᠳᠡᠭᠡ ᠵᠠᠩᠬᠢᠴᠢᠯᠠᠯᠳᠠ ᠶᠢᠨ ᠲᠤᠪᠴᠢᠶᠠᠨ ᠤ ᠬᠠᠮᠢᠶ᠎ᠠ ᠪᠥᠬᠦᠶ ᠤᠳᠤᠷᠢᠳᠤᠯᠭ᠎ᠠ᠂ ᠰᠣᠮᠣᠨ ᠳᠠᠷᠤᠭ᠎ᠠ ᠰᠣᠶᠣᠯᠪᠦ᠋ᠷᠢᠨ᠂ ᠳᠡᠳ᠋ ᠰᠤᠮᠤᠨ ᠳᠠᠷᠤᠭ᠎ᠠ ᠬᠥᠰᠡᠯᠡᠩ ᠵᠡᠷᠭᠡ ᠤᠳᠤᠷᠢᠳᠤᠯᠭ᠎ᠠ ᠤᠷᠤᠯᠳᠤᠭᠠᠨ ᠤ ᠲᠤᠬᠠᠶ ᠶᠢᠨ ᠲᠠᠯᠠᠪᠠᠶ ᠳᠤ  ᠬᠥᠷᠥᠯᠴᠡᠨ ᠢᠷᠡᠵᠠᠢ᠃
     
   
ᠤᠷᠤᠯᠳᠤᠭᠠᠨ ᠳᠤ ᠣᠷᠣᠯᠴᠠᠭᠰᠠᠳ ᠭᠠᠵᠠᠷ ᠨᠤᠳᠤᠭ ᠤᠨ ᠤᠨᠴᠠᠯᠢᠭ ᠪᠥᠬᠦᠢ ᠤᠯᠠᠮᠵᠢᠯᠠᠯᠲᠤ ᠴᠠᠭᠠᠨ ᠢᠳᠡᠭᠡ ᠪᠤᠯᠤᠨ ᠰᠢᠨᠡᠴᠢᠯᠡᠨ ᠬᠢᠭᠰᠡᠨ ᠴᠠᠭᠠᠨ ᠢᠳᠡᠭᠡᠨ ᠤ ᠪᠥᠳᠥᠭᠡᠭᠳᠡᠭᠦᠨ ᠨᠡᠶᠢᠳᠡ 40 ᠰᠢᠬᠠᠮ ᠲᠥᠷᠥᠯ ᠤᠨ ᠴᠠᠭᠠᠨ ᠢᠳᠡᠭᠡ ᠪᠠᠨ ᠳᠡᠯᠭᠡᠨ ᠥᠵᠡᠭᠦᠯᠵᠤ ᠣᠷᠣᠯᠳᠣᠭᠠᠨ ᠳᠤ ᠣᠷᠣᠯᠴᠠᠵᠤ᠂ ᠲᠤᠰᠬᠠᠶ ᠮᠡᠷᠭᠡᠵᠢᠯ ᠤᠨ ᠥᠨᠡᠯᠡᠨ ᠰᠢᠯᠭᠠᠷᠠᠭᠤᠯᠤᠯᠲᠠ ᠪᠠᠷ ᠳᠡᠮᠵᠢᠨ ᠰᠢᠯᠢᠳᠡᠭ ᠲᠡᠰ ᠤᠨ ᠱᠠᠩᠨᠠᠯ ᠲᠤᠰᠪᠠ᠃ ᠤᠷᠤᠯᠳᠤᠭᠠᠨ ᠤ ᠲᠤᠮᠳᠠ᠂ ᠠᠶᠢᠮᠠᠭ  ᠤᠨ ᠨᠠᠮ ᠤᠨ ᠬᠤᠷᠢᠶᠠᠨ ᠤ ᠱᠥᠵᠢ ᠯᠥᠸᠧ ᠬᠤ᠋ ᠽᠠᠢ ᠮᠠᠨ ᠤ ᠬᠤᠰᠢᠭᠤᠨ ᠤ ᠲᠡᠯᠭᠡᠨ ᠥᠵᠡᠭᠦᠯᠥᠯᠭᠡ ᠶᠢᠨ ᠮᠣᠩᠭᠤᠯ ᠬᠡᠷ ᠢ ᠲᠤᠭᠤᠷᠢᠨ ᠥᠵᠡᠵᠤ᠂ ᠪᠥᠬᠦ ᠬᠤᠰᠢᠭᠤᠨ ᠤ ᠴᠠᠭᠠᠨ ᠢᠳᠡᠭᠡᠨ ᠤ ᠬᠥᠭᠵᠢᠯᠳᠡ ᠵᠡᠷᠭᠡ ᠲᠠᠯ᠎ᠠ ᠪᠠᠷ ᠤᠶᠢᠯᠭᠠᠪᠠ᠃ ᠡᠯ᠎ᠡ ᠰᠣᠨᠢᠨ ᠮᠡᠳᠡᠭᠡᠨ ᠤ ᠵᠠᠭᠤᠴᠢᠯᠠᠭᠤᠷ᠂ ᠠᠬᠤᠶ ᠲᠠᠯᠠᠪᠤᠷ ᠤᠨ ᠦᠵᠡᠭᠴᠢᠳ ᠲᠡᠯᠭᠡᠨ ᠥᠵᠡᠭᠦᠯᠥᠯᠭᠡ ᠶᠢᠨ ᠮᠣᠩᠭᠤᠯ ᠬᠡᠷ ᠲᠤ ᠬᠥᠷᠴᠤ᠂ ᠴᠠᠭᠠᠨ ᠢᠳᠡᠭᠡᠨ ᠤ  ᠪᠤᠯᠪᠠᠰᠣᠷᠠᠭᠤᠯᠳᠠ᠂ ᠪᠤᠷᠤᠯᠠᠭᠤᠯᠤᠯᠳᠠ᠂ ᠬᠥᠭᠵᠢᠯᠳᠡ ᠵᠡᠷᠭᠡ ᠲᠠᠯ᠎ᠠ ᠪᠠᠷ ᠰᠣᠷᠪᠤᠯᠵᠢᠯᠠᠨ ᠣᠶᠢᠯᠭᠠᠵᠠᠢ᠃ ᠳᠡᠯᠭᠡᠨ ᠪᠤᠷᠤᠯᠠᠭᠤᠯᠤᠯᠳᠠ ᠶᠢᠨ ᠠᠵᠢᠯᠯᠠᠭᠠᠨ ᠤ ᠳᠤᠮᠳᠠ᠂ ᠣᠷᠣᠯᠳᠣᠭᠠᠨ ᠳᠤ ᠣᠷᠣᠯᠴᠠᠭᠰᠠᠳ ᠥᠪᠡᠷ ᠤᠨ ᠬᠢᠭᠰᠡᠨ ᠴᠡᠪᠡᠷ ᠪᠠᠶᠢᠭᠠᠯᠢᠯᠢᠭ ᠥᠨᠥᠷ ᠠᠮᠳᠠ ᠲᠠᠢ ᠴᠠᠭᠠᠨ ᠢᠳᠡᠭᠡ ᠪᠠᠨ ᠬᠤᠯᠠ ᠤᠶᠢᠷ᠎ᠠ ᠶᠢᠨ ᠵᠤᠴᠢᠳ ᠲᠤ ᠠᠮᠳᠠᠯᠠᠭᠤᠯᠤᠨ᠂ ᠪᠥᠳᠥᠭᠡᠭᠳᠡᠭᠦᠨ ᠢᠶᠠᠨ ᠲᠠᠨᠢᠭᠤᠯᠬᠤ  ᠶᠢᠨ ᠬᠠᠮᠳᠣ ᠬᠡᠷᠡᠭᠯᠡᠭᠴᠢᠳ ᠤᠨ ᠲᠠᠭᠠᠰᠢᠶᠠᠯ ᠢ ᠤᠯᠵᠠᠢ᠃
     ᠲᠣᠰ ᠣᠳᠠᠭᠠᠨ ᠤ ᠠᠵᠢᠯᠯᠠᠭ᠎ᠠ ᠨᠢ ᠬᠡᠪ ᠪᠠᠷᠢᠮᠵᠢᠶ᠎ᠠ᠂ ᠬᠡᠪᠴᠢᠶ᠎ᠡ᠂ ᠠᠭᠤᠯᠭ᠎ᠠ᠂ ᠣᠷᠣᠯᠴᠠᠭᠴᠢ ᠵᠡᠷᠭᠡ ᠲᠠᠯ᠎ᠠ ᠪᠠᠷ ᠥᠩᠭᠡᠷᠡᠭᠰᠡᠨ ᠤ10 ᠬᠤᠭᠤᠴᠠᠭᠠᠨ ᠠᠴᠠ ᠲᠠᠪᠠᠵᠠᠢ᠃ ᠮᠠᠯᠴᠢᠳ ᠲᠤᠰ ᠣᠷᠣᠯᠳᠣᠭᠠᠨ ᠳᠤ ᠣᠷᠣᠯᠴᠠᠬᠤ ᠪᠠᠷ ᠲᠠᠮᠵᠢᠭᠤᠯᠤᠨ᠂ ᠰᠥᠨᠢᠳ ᠪᠠᠷᠠᠭᠤᠨ ᠬᠤᠰᠢᠭᠤᠨ ᠤ ᠤᠯᠠᠮᠵᠢᠯᠠᠯᠲᠤ ᠴᠠᠭᠠᠨ ᠢᠳᠡᠭᠡᠨ ᠤ ᠰᠣᠶᠣᠯ  ᠢᠶᠠᠨ ᠣᠯᠠᠨ ᠳᠤ ᠳᠡᠯᠭᠡᠨ ᠲᠠᠨᠢᠭᠤᠯᠵᠤ᠂ ᠲᠤᠷᠰᠢᠯᠭ᠎ᠠ ᠪᠠᠨ ᠰᠣᠯᠢᠯᠴᠠᠨ᠂ ᠴᠠᠭᠠᠨ ᠢᠳᠡᠭᠡ ᠪᠤᠯᠪᠠᠰᠣᠷᠠᠭᠤᠯᠬᠤ ᠰᠢᠨ᠎ᠡ ᠮᠡᠷᠭᠡᠵᠢᠯ ᠠᠴᠠ ᠰᠣᠷᠣᠯᠴᠠᠨ᠂ ᠴᠠᠭᠠᠨ ᠢᠳᠡᠭᠡᠨ ᠤ ᠥᠢᠯᠡᠰ ᠢ ᠬᠥᠭᠵᠢᠭᠦᠯᠬᠦ ᠢᠲᠡᠭᠡᠯ ᠵᠣᠷᠢᠭ ᠢᠶᠠᠨ ᠬᠥᠪᠴᠢᠯᠡᠪᠡ᠃ ︵ᠠᠴᠢᠳᠤᠠ᠋ᠭᠤᠯᠠ ᠰᠤᠮᠤᠨ ᠤ ᠰᠤᠳᠤᠨ᠎ᠠ ᠬᠠᠩᠭᠠᠪᠠ︶
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号