ᠤᠨᠴᠠᠭᠠᠢ ᠰᠢᠭᠤᠳ ᠨᠡᠪᠳᠡᠷᠡᠭᠦᠯᠭᠡ ᠤᠯᠠᠨ ᠤ ᠬᠠᠷᠠᠭᠠᠨ ᠳᠤ ᠬᠦᠷᠦᠯ᠎ᠡ
ᠨᠡᠶᠢᠲᠡᠯᠡᠭᠰᠡᠨ ᠴᠠᠭ᠄
2020/9/30
                      ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠳᠡᠯᠭᠡᠷᠴᠡᠴᠡᠭ      ︽ ᠪᠢ ᠰᠦᠨᠢᠳ ᠤᠨ ᠳᠠᠯ᠎ᠠ ᠨᠤᠳᠤᠭ ᠲᠤ ᠬᠤᠨᠢ ᠲᠠᠢ︾ ᠬᠡᠬᠦ ᠤᠨᠴᠠᠭᠠᠢ ᠰᠢᠭᠤᠳ ᠨᠡᠪᠳᠡᠷᠡᠭᠦᠯᠭᠡ ᠶᠢᠨ ᠠᠵᠢᠯᠯᠠᠭ᠎ᠠ ᠦᠴᠦᠭᠡᠳᠦᠷ ᠤᠷᠤᠢ ᠪᠤᠯᠵᠤ ᠦᠩᠭᠡᠷᠡᠨ᠂ ᠰᠦᠨᠢᠳ ᠨᠤᠳᠤᠭ ᠤᠨ ᠤᠨᠴᠠ ᠭᠠᠷᠤᠯᠳᠠ ᠶᠢᠨ ᠪᠤᠷᠤᠯᠠᠭᠤᠯᠭ᠎ᠠ ᠶᠢᠨ ᠵᠠᠮ ᠢ ᠦᠷᠭᠡᠳᠬᠡᠨ᠂ ᠠᠵᠤ ᠦᠢᠯᠡᠰ ᠢ ᠬᠦᠭᠵᠢᠬᠦᠯᠵᠦ᠂ ᠪᠤᠷᠤᠯᠠᠭᠤᠯᠭ᠎ᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠨ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠪᠠ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠯ᠎ᠡ᠃
     ᠠᠵᠢᠯᠯᠠᠭ᠎ᠠ ᠶᠢ ᠬᠤᠰᠢᠭᠤ ᠠᠷᠠᠳ ᠤᠨ ᠵᠠᠰᠠᠭ ᠤᠨ ᠤᠷᠳᠤᠨ᠂ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ᠬᠢᠵᠠᠭᠠᠷᠳᠤ ᠺᠤᠮᠫᠠᠨᠢ ᠠᠴᠠ ᠭᠤᠤᠯᠯᠠᠨ ᠡᠷᠬᠢᠯᠡᠵᠦ᠂ ᠳᠤᠮᠳᠠᠳᠤ ᠤᠯᠤᠰ ᠤᠨ ᠤᠯᠠᠨ ᠤᠯᠤᠰ ᠤᠨ ᠠᠭᠠᠷ ᠠᠶᠠᠯᠠᠯ ᠤᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠡᠪᠯᠡᠯ ᠤᠨ ᠬᠤᠷᠢᠶ᠎ᠠ᠂  ᠬᠤᠰᠢᠭᠤ ᠡᠪᠯᠡᠯ ᠎ ᠤᠨ ᠬᠤᠷᠢᠶᠠᠨ ᠠᠴᠠ ᠳᠠᠭᠠᠭᠠᠴᠢᠯᠠᠨ ᠡᠷᠬᠢᠯᠡᠵᠡᠢ᠃      ᠠᠵᠢᠯᠯᠠᠭ᠎ᠠ ᠨᠢ ᠬᠤᠰᠢᠭᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠎ ᠳᠤ ᠶᠠᠪᠤᠭᠳᠠᠨ᠂ ᠠᠷᠪᠠᠭᠠᠳ ᠲᠦᠷᠦᠯ ᠤᠨ ᠮᠠᠯ ᠳᠠᠷᠢᠶᠠᠯᠠᠩ ᠤᠨ ᠤᠨᠴᠠ ᠭᠠᠷᠤᠯᠳᠠ ︽ᠡᠭᠦᠯᠡᠨ ᠰᠢᠭᠤᠳ ᠨᠡᠪᠳᠡᠷᠡᠬᠦᠯᠬᠡ︾᠎ ᠪᠠᠷ ᠲᠠᠮᠵᠢᠨ ᠨᠡᠪᠳᠡᠷᠡᠬᠦᠯᠦᠭᠳᠡᠵᠦ᠂ ᠲᠦᠮᠡᠨ ᠤᠯᠠᠨ ᠤ ᠠᠩᠬᠠᠷᠤᠯ ᠳᠤ ᠬᠦᠷᠦᠯ᠎ᠡ᠃
     ᠤᠯᠤᠰ ᠤᠨ ᠠᠭᠠᠷ ᠠᠶᠠᠯᠠᠯ ᠤᠨ ᠦᠪᠦᠷ ᠮᠤᠩᠭᠤᠯ ᠳᠠᠬᠢ ᠺᠤᠮᠫᠠᠨᠢ ᠶᠢᠨ ᠠᠶᠠᠨᠴᠢᠳ ᠤᠨ ᠦᠢᠯᠡᠴᠢᠯᠡᠭᠴᠢ ᠮᠦᠯᠡᠨ᠂ ᠬᠤ᠋ ᠼᠠᠢ ᠶᠦᠨ᠂ ᠤᠯᠠᠭᠠᠨᠮᠦ᠋ᠴᠢᠷ ᠤᠨ ᠳᠤᠭᠯᠠᠭᠴᠢ ᠸᠠᠩ ᠯᠧᠢ᠂ ᠮᠠᠯᠴᠢᠨ ᠰᠦᠯᠵᠢᠶᠠᠨ ᠤᠳᠤᠨ— ᠠᠯᠳ᠋ᠬᠠᠤᠳᠤ ᠨᠠᠷ ᠰᠢᠭᠤᠳ ᠨᠡᠪᠳᠡᠷᠡᠭᠦᠯᠭᠡ ᠶᠢᠨ ᠦᠷᠦᠭᠡᠨ ᠳᠤ ᠬᠡᠷᠡᠯᠳᠦᠬᠦᠯᠦᠨ ᠰᠠᠭᠠᠳᠠᠯ᠎ᠠ᠃      ᠨᠡᠪᠳᠡᠷᠡᠭᠦᠯᠦᠭᠴᠢᠳ ᠳᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠤᠨ ︽8+2︾ ᠲᠦᠷᠦᠯ ᠵᠦᠢᠯ ᠢᠶᠠᠷ ᠮᠠᠨ ᠤ ᠬᠤᠰᠢᠭᠤᠨ ᠳᠤ ᠬᠠᠪᠰᠤᠷᠤᠨ ᠳᠡᠳᠬᠦᠬᠦ ᠠᠵᠢᠯ ᠦᠷᠨᠢᠬᠦᠯᠵᠦ ᠪᠠᠶᠢᠭ᠎ᠠ ᠪᠠᠶᠢᠳᠠᠯ ᠵᠢᠴᠢ ᠰᠦᠨᠢᠳ ᠬᠤᠨᠢ ᠳᠡᠵᠢᠬᠡᠨ ᠦᠷᠡᠵᠢᠬᠦᠯᠬᠦ ᠰᠠᠭᠤᠷᠢᠨ ᠤ ᠪᠠᠶᠢᠭᠤᠯᠤᠯᠳᠠ ᠪᠠ ᠠᠵᠢᠯᠯᠠᠭᠠᠨ ᠤ ᠳᠠᠯ᠎ᠠ ᠪᠠᠷ ᠨᠠᠷᠢᠯᠢᠭ ᠳᠠᠨᠢᠯᠴᠠᠭᠤᠯᠤᠨ᠂ ᠰᠦᠨᠢᠳ ᠬᠤᠨᠢᠨ ᠮᠢᠬ᠎ᠠ᠂ ᠦᠬᠡᠷ ᠤᠨ ᠪᠤᠷᠴᠠ᠂ ᠴᠠᠭᠠᠨ ᠢᠳᠡᠭᠡᠨ᠂ ᠬᠤᠨᠢᠨ ᠨᠤᠤᠰᠤᠨ ᠪᠦᠲᠦᠭᠡᠭᠳᠡᠬᠦᠨ᠂ ᠢᠩᠭᠡᠨ ᠰᠦᠨ ᠳᠠᠯᠬ᠎ᠠ ᠵᠡᠷᠭᠡ ᠠᠷᠪᠠᠭᠠᠳ ᠲᠦᠷᠦᠯ ᠤᠨ ᠭᠠᠷᠤᠯᠳᠠ ᠪᠦᠲᠦᠭᠡᠭᠳᠡᠬᠦᠨ ᠢ  ᠳᠠᠨᠢᠯᠴᠠᠭᠤᠯᠤᠨ᠂ ᠬᠦᠭᠵᠢᠮ ᠪᠦᠵᠢᠭ ᠢᠶᠠᠨ ᠡᠷᠬᠦᠨ ᠪᠠᠷᠢᠵᠤ ᠦᠵᠡᠭᠴᠢᠳ ᠤᠨ ᠳᠠᠭᠠᠰᠢᠶᠠᠯ ᠳᠤ ᠬᠦᠷᠦᠨ᠂ ᠰᠦᠯᠵᠢᠶᠡᠨ ᠤᠳᠤᠨ — ᠠᠯᠳ᠋ᠬᠠᠤᠳᠤ ᠠᠴᠠ ᠰᠦᠨᠢᠳ ᠬᠤᠨᠢᠨ ᠮᠢᠬ᠎ᠠ ᠪᠠᠷ ᠬᠢᠭᠰᠡᠨ ᠲᠦᠷᠦᠯ ᠪᠦᠷᠢ ᠶᠢᠨ ᠢᠳᠡᠭᠡᠨ ᠎ ᠢ ᠠᠮᠢᠳᠤᠯᠢᠭ ᠰᠠᠶᠢᠬᠠᠨ ᠳᠠᠨᠢᠯᠴᠠᠭᠤᠯᠵᠤ᠂ ᠦᠵᠡᠭᠴᠢᠳ ᠤᠨ ᠵᠠᠬᠢᠶᠠᠯᠠᠭ᠎ᠠ ᠴᠦ ᠤᠯᠠᠰᠢᠷᠠᠨ᠂ ᠠᠵᠢᠯᠯᠠᠭ᠎ᠠ ᠬᠦᠭᠵᠢᠶᠡᠨᠳᠡᠢ ᠰᠠᠶᠢᠬᠠᠨ ᠦᠷᠬᠦᠯᠵᠢᠯᠡᠵᠦ᠂ ᠨᠢᠭᠡ ᠴᠠᠭ ᠤᠨ ᠰᠢᠭᠤᠳ ᠨᠡᠪᠲᠡᠷᠡᠭᠦᠯᠭᠡ ᠪᠠᠷ ᠳᠠᠮᠵᠢᠨ 3 ᠲᠦᠮᠡ ᠭᠠᠷᠤᠢ  ᠲᠦᠭᠦᠷᠢᠭ ᠤᠨ ᠪᠤᠷᠤᠯᠠᠭᠤᠯᠤᠯᠳᠠ ᠶᠢᠨ ᠤᠷᠤᠯᠭ᠎ᠠ  ᠡᠬᠦᠳᠦᠯ᠎ᠡ᠃
     ᠬᠤᠰᠢᠭᠤ ᠳᠡᠳ᠋ ᠳᠠᠷᠤᠭ᠎ᠠ ᠨᠠᠨᠳᠢᠨ ᠪᠠᠰᠠ ᠠᠵᠢᠯᠯᠠᠭ᠎ᠠ ᠳᠤ ᠣᠷᠣᠯᠴᠠᠵᠤ᠂ ᠰᠦᠯᠵᠢᠶᠠᠨ ᠤ ᠰᠢᠭᠤᠳ ᠨᠡᠪᠳᠡᠷᠡᠬᠦᠯᠬᠡ ᠪᠠᠷ ᠮᠠᠨ ᠤ ᠬᠤᠰᠢᠭᠤᠨ ᠤ ᠦᠨᠳᠦᠰᠦᠲᠡᠨ ᠤ ᠰᠣᠶᠣᠯ ᠪᠠ ᠰᠢᠯᠢᠳᠡᠭ  ᠪᠦᠲᠦᠭᠡᠭᠳᠡᠬᠦᠨ ᠢ  ᠤᠬᠠᠭᠤᠯᠤᠨ ᠳᠠᠶᠢᠯᠪᠤᠷᠢᠯᠠᠭᠰᠠᠨ ᠤ ᠬᠠᠮᠳᠤ ᠠᠵᠠ ᠲᠠᠢ ᠦᠵᠡᠭᠴᠢ ᠰᠤᠩᠭᠤᠨ ᠠᠵᠢᠯᠯᠠᠭ᠎ᠠ ᠶᠢ ᠤᠯᠠᠮ ᠬᠦᠭᠵᠢᠶᠡᠯ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠢᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号