ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠰᠠᠶᠢᠵᠢᠷᠠᠭᠤᠯᠤᠨ ᠴᠢᠩᠭᠠᠳᠬᠠᠬᠤ ᠭᠤᠤᠯ ᠰᠡᠳᠦᠪᠲᠦ ᠰᠢᠷᠢᠰ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2020/9/30
                     ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄ ᠰᠡᠷᠬᠦᠯᠡᠩ        ᠥᠷᠭᠡᠨ ᠤᠯᠠᠨ ᠪᠠᠭᠰᠢᠨᠠᠷ ᠲᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ  ᠮᠠᠲ᠋ᠧᠷᠢᠶᠠᠯ ᠤᠨ ᠲᠦᠷᠦ ᠶᠢᠨ ᠪᠤᠳᠤᠯᠭ᠎ᠠ ᠶᠢ ᠨᠡᠩ ᠪᠦᠬᠦ ᠲᠠᠯ᠎ᠠ ᠪᠠᠷ ᠭᠦᠨᠵᠡᠭᠡᠢ  ᠤᠶᠢᠯᠭᠠᠭᠤᠯᠵᠦ᠂ ᠪᠠᠭᠰᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ  ᠰᠠᠶᠢᠵᠢᠷᠠᠭᠤᠯᠬᠤ ᠪᠠᠷ᠂ 2020 ᠣᠨ ᠤ 9 ᠰᠠᠷ᠎ᠠ ᠶᠢᠨ 25 ᠤ ᠡᠳᠦᠷ ᠠᠴᠠ ᠡᠬᠢᠯᠡᠨ᠂ ᠮᠠᠨ ᠤ ᠠᠶᠢᠮᠠᠭ 6 ᠤᠬᠠᠭᠤᠯᠤᠨ ᠲᠠᠶᠢᠯᠪᠤᠷᠢᠯᠠᠬᠤ  ᠪᠦᠯᠬᠦᠮ ᠵᠣᠬᠢᠶᠠᠨ ᠪᠠᠶᠢᠭᠤᠯᠵᠤ ᠡᠯ᠎ᠡ ᠬᠤᠰᠢᠭᠤ ᠰᠢᠶᠠᠨ ᠬᠤᠲᠠ ᠳᠤ ᠬᠦᠷᠴᠦ᠂ ᠪᠠᠭᠰᠢ ᠳᠤ ᠬᠠᠨᠳᠤᠭᠤᠯᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠬᠦᠯᠵᠦ ᠡᠬᠢᠯᠡᠭᠰᠡᠨ ᠪᠠᠶᠢᠨ᠎ᠠ᠃  ᠦᠨᠦᠳᠦᠷ᠂ ᠠᠶᠢᠮᠠᠭ ᠤᠨ ᠲᠠᠪᠤᠳᠤᠭᠠᠷ ᠤᠬᠠᠭᠤᠯᠤᠨ ᠲᠠᠶᠢᠯᠪᠤᠷᠢᠯᠠᠬᠤ ᠪᠦᠯᠬᠦᠮ ᠮᠠᠨ ᠤ ᠬᠤᠰᠢᠭᠤᠨ ᠳᠤ ᠭᠦᠨᠵᠡᠭᠡᠶᠢᠷᠡᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ  ᠬᠢᠵᠠᠢ
           ᠬᠢᠴᠢᠶᠡᠯ ᠲᠠᠶᠢᠯᠦᠮᠵᠢ ᠨᠢ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠲᠠᠶᠢᠯᠪᠦᠷᠢᠯᠡᠬᠤ᠂  ᠶᠠᠷᠢᠯᠴᠠᠭ᠎ᠠ ᠦᠷᠨᠢᠬᠦᠯᠵᠦ ᠪᠤᠳᠤᠯ ᠰᠠᠨᠠᠯ ᠢᠶᠠᠨ ᠰᠤᠯᠢᠯᠴᠠᠬᠤ ᠵᠡᠷᠭᠡ ᠬᠡᠯᠪᠡᠷᠢ ᠪᠠᠷ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠥᠷᠥ ᠶᠢᠨ ᠪᠣᠳᠣᠯᠭ᠎ᠠ ᠶᠢ ᠬᠦᠨᠵᠡᠬᠡᠢ  ᠤᠬᠠᠭᠤᠯᠤᠨ ᠲᠠᠶᠢᠯᠪᠦᠷᠢᠯᠠᠵᠤ  ᠂ ᠬᠠᠨᠳᠤᠯᠭᠠᠲᠤ ᠴᠢᠨᠠᠷ ᠪᠠ ᠬᠡᠷᠡᠭᠯᠡᠭᠡᠨ ᠤ ᠴᠢᠨᠠᠷ ᠨᠡᠯᠢᠶᠡᠳ ᠴᠢᠩᠭ᠎ᠠ   ᠪᠤᠯᠬᠤᠷ ᠮᠠᠰᠢ ᠶᠡᠭᠡ ᠲᠤᠰᠬᠠᠯ ᠭᠠᠷᠴᠤ᠂ ᠪᠠᠭᠰᠢ ᠠᠵᠢᠯᠳᠠᠨ ᠤ ᠨᠢᠭᠡᠳᠦᠯᠲᠡᠢ ᠰᠠᠶᠢᠨ ᠦᠨᠡᠯᠡᠯᠲᠡ ᠶᠢ ᠣᠯᠵᠠᠢ᠃ ᠣᠶᠢᠯᠠᠭᠠᠭᠰᠠᠨ ᠢᠶᠠᠷ᠂ ᠡᠨᠡ ᠤᠳᠠᠭᠠᠨ ᠤ ᠠᠵᠢᠯᠯᠠᠭᠠᠨ ᠤ ᠲᠣᠬᠢᠷᠠᠭᠤᠯᠤᠯᠲᠠ ᠪᠠᠷ᠂ ᠡᠯ᠎ᠡ ᠰᠤᠷᠭᠠᠭᠤᠯᠢ ᠶᠢᠨ ᠬᠢᠨ ᠪᠠᠰᠠ ᠭᠡᠷ ᠤᠨ ᠰᠤᠷᠪᠤᠯᠵᠢᠯᠠᠭ᠎ᠠ᠂ ᠭᠤᠤᠯ ᠰᠡᠳᠦᠪᠲᠦ ᠠᠩᠭᠢ ᠶᠢᠨ ᠬᠤᠷᠠᠯ᠂ ᠵᠢᠭᠠᠨ ᠰᠤᠷᠭᠠᠯᠲᠠ᠂ ᠰᠡᠳᠬᠢᠯ ᠤᠨ ᠶᠠᠷᠢᠯᠴᠠᠭ᠎ᠠ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ  ᠦᠷᠨᠢᠬᠦᠯᠦᠨ᠂ ᠰᠤᠷᠤᠭᠴᠢᠳ ᠤᠨ ᠰᠡᠳᠬᠢᠴᠡ ᠶᠢᠨ ᠪᠠᠶᠢᠳᠠᠯ ᠢ ᠣᠨᠣᠪᠴᠢᠲᠠᠶ ᠡᠵᠡᠮᠰᠢᠵᠦ᠂ ᠴᠠᠭ ᠲᠤᠬᠠᠶ ᠳᠤᠨᠢ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠴᠤ᠂ ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ᠂ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ  ᠪᠠᠷ ᠪᠠᠶᠢᠨ᠎ᠠ᠃
     ᠰᠤᠷᠭᠠᠨ ᠬᠥᠮᠦᠵᠢᠯ ᠤᠨ ᠲᠣᠪᠴᠢᠶᠠᠨ ᠤ ᠦᠨᠳᠦᠰᠦᠲᠡᠨ ᠤ ᠺᠠᠳᠠᠷ ᠠᠵᠢᠯᠲᠠᠨ᠂ ᠭᠤᠷᠪᠠᠨ ᠮᠤᠩᠭᠤᠯ ᠰᠤᠷᠭᠠᠭᠤᠯᠢ ᠶᠢᠨ ᠪᠦᠬᠦ ᠪᠠᠭᠰᠢ ᠠᠵᠢᠯᠲᠠᠨ ᠨᠡᠶᠢᠲᠡ 280 ᠭᠠᠷᠤᠶ ᠬᠥᠮᠦᠨ ᠬᠢᠴᠢᠶᠡᠯ ᠲᠠᠶᠢᠯᠤᠮᠵᠢ ᠶᠢ ᠬᠦᠯᠢᠶᠡᠨ ᠰᠤᠨᠤᠰᠴᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号