ᠰᠦᠨᠢᠳ ᠪᠠᠷᠠᠭᠤᠨ ᠵᠠᠰᠠᠭ ᠠᠯᠪᠠᠨ ᠦᠰᠦᠭ ﹇2020﹈ 20 ᠳ᠋ᠤᠭᠠᠷ ᠲᠤᠭᠠᠲᠦ | | | | ︽ᠰᠦᠨᠢᠳ ᠪᠠᠷᠠᠭᠤᠨ ᠬᠤᠰᠢᠭᠤᠨ ᠤ 2020 ᠤᠨ ᠤ ᠰᠦᠨᠢᠳ ᠡᠬᠦᠯᠳᠡᠷ ᠤᠨ | ᠡᠪᠤᠯ ᠤᠨ ᠬᠤᠷᠠᠭ᠎ᠠ ᠳᠤ ᠪᠤᠷᠳᠤᠭ᠎ᠠ ᠨᠥᠬᠦᠪᠦᠷᠢᠯᠡᠨ ᠤᠷᠢᠳᠴᠢᠯᠠᠨ ᠬᠤᠳᠠᠯᠳᠤᠬᠤ ᠠᠵᠢᠯ ᠤᠨ | ᠬᠡᠷᠡᠭᠵᠢᠬᠦᠯᠬᠦ ᠲᠦᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ | ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ | | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠦᠴᠢᠷ ᠲᠤ᠄ | ︽ᠰᠦᠨᠢᠳ ᠪᠠᠷᠠᠭᠤᠨ ᠬᠤᠰᠢᠭᠤᠨ ᠤ 2020 ᠤᠨ ᠤ ᠰᠦᠨᠢᠳ ᠡᠬᠦᠯᠳᠡᠷ ᠤᠨ ᠡᠪᠤᠯ ᠤᠨ ᠬᠤᠷᠠᠭ᠎ᠠ ᠳᠤ | ᠪᠤᠷᠳᠤᠭ᠎ᠠ ᠨᠥᠬᠦᠪᠦᠷᠢᠯᠡᠨ ᠤᠷᠢᠳᠴᠢᠯᠠᠨ ᠬᠤᠳᠠᠯᠳᠤᠬᠤ ᠠᠵᠢᠯ ᠤᠨ ᠬᠡᠷᠡᠭᠵᠢᠬᠦᠯᠬᠦ ᠲᠦᠰᠦᠯ︾ ᠢ ᠬᠤᠰᠢᠭᠤ ᠵᠠᠰᠠᠭ | ᠤᠨ ᠤᠷᠳᠤᠨ ᠤ ᠨᠡᠮ ᠤᠨ ᠲᠤᠭᠤᠶᠢᠯᠠᠩ ᠤᠨ ᠠᠷᠪᠡᠨ ᠨᠢᠭᠡᠳᠤᠭᠡᠷ ᠤᠳᠠᠭᠠᠨ ᠤ ᠬᠤᠷᠠᠯ ᠢᠶᠠᠷ ᠶᠡᠷᠢᠯᠴᠠᠨ | ᠪᠠᠳᠤᠯᠠᠭᠠᠳ᠂ ᠤᠳᠤ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠦᠭᠡᠷᠡᠢ | ᠃ | | ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2020 ᠤᠨ ᠤ 7 ᠰᠠᠷ᠎ᠠ ᠶᠢᠨ 2 ᠤ ᠡᠳᠦᠷ | | | | | | ᠰᠦᠨᠢᠳ ᠪᠠᠷᠠᠭᠤᠨ ᠬᠤᠰᠢᠭᠤᠨ ᠤ 2020 ᠤᠨ ᠤ ᠰᠦᠨᠢᠳ ᠡᠬᠦᠯᠳᠡᠷ ᠤᠨ | ᠡᠪᠤᠯ ᠤᠨ ᠬᠤᠷᠠᠭ᠎ᠠ ᠳᠤ ᠪᠤᠷᠳᠤᠭ᠎ᠠ ᠨᠥᠬᠦᠪᠦᠷᠢᠯᠡᠨ ᠤᠷᠢᠳᠴᠢᠯᠠᠨ ᠬᠤᠳᠠᠯᠳᠤᠬᠤ | ᠠᠵᠢᠯ ᠤᠨ ᠬᠡᠷᠡᠭᠵᠢᠬᠦᠯᠬᠦ ᠲᠦᠰᠦᠯ | ᠡᠪᠤᠯ ᠤᠨ ᠬᠤᠷᠠᠭ᠎ᠠ ᠳᠤ ᠪᠤᠷᠳᠤᠭ᠎ᠠ ᠨᠥᠬᠦᠪᠦᠷᠢᠯᠡᠨ ᠤᠷᠢᠳᠴᠢᠯᠠᠨ ᠬᠤᠳᠠᠯᠳᠤᠬᠤ ᠠᠵᠢᠯ ᠪᠤᠯ ᠮᠠᠨ ᠤ | ᠬᠤᠰᠢᠭᠤᠨ ᠤ ᠦᠨᠳᠦᠷ ᠦᠷ᠎ᠡ ᠠᠰᠢᠭᠲᠦ ᠠᠮᠢ ᠠᠬᠤᠢ ᠶᠢᠨ ᠭᠠᠮᠰᠢᠭ ᠠᠴᠠ ᠵᠠᠶᠢᠯᠠᠬᠤ ᠬᠡᠯᠪᠡᠷᠢ ᠶᠢᠨ ᠮᠠᠯ ᠠᠵᠦ | ᠠᠬᠤᠢ ᠶᠢ ᠬᠦᠭᠵᠢᠬᠦᠯᠬᠦ ᠴᠢᠬᠤᠯᠠ ᠠᠷᠭ᠎ᠠ ᠬᠡᠮᠵᠢᠶ᠎ᠡ ᠪᠠᠶᠢᠵᠦ᠂ ᠮᠠᠨ ᠤ ᠬᠤᠰᠢᠭᠤᠨ ᠤ ᠮᠠᠯᠴᠢᠳ ᠤᠨ ᠤᠷᠤᠯᠭ᠎ᠠ | ᠪᠠᠨ ᠨᠡᠮᠡᠭᠳᠡᠬᠦᠯᠬᠦ ᠭᠤᠤᠯ ᠠᠷᠭ᠎ᠠ ᠪᠠᠷᠢᠯ ᠤᠨ ᠨᠢᠭᠡ ᠪᠤᠯᠤᠨ᠎ᠠ᠃ ᠤᠯᠤᠰ ᠤᠨ ᠰᠢᠨ᠎ᠡ ᠡᠭᠡᠯᠵᠢ ᠶᠢᠨ ᠨᠤᠳᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠥᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠰᠠᠶᠢᠳᠤᠷ ᠨᠠᠶᠢᠳᠠᠪᠤᠷᠢᠵᠢᠭᠤᠯᠵᠦ᠂ ᠮᠠᠯ ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠪᠠᠷ ᠬᠢ ᠪᠦᠲᠦᠴᠡ | ᠶᠢᠨ ᠴᠢᠨᠠᠷᠲᠠᠢ ᠦᠭᠡᠷᠡᠴᠢᠯᠡᠯᠳᠡ ᠶᠢ ᠤᠯᠠᠮ ᠨᠢᠭᠡ ᠠᠯᠬᠤᠮ ᠬᠦᠨᠵᠡᠭᠡᠶᠢᠷᠡᠬᠦᠯᠵᠦ᠂ ᠮᠠᠯ ᠠᠵᠦ ᠠᠬᠤᠢ ᠶᠢᠨ | ᠪᠦᠲᠦᠴᠡ ᠶᠢ ᠢᠳᠡᠪᠬᠢᠲᠠᠢ ᠲᠤᠬᠢᠷᠠᠭᠤᠯᠤᠨ᠂ ᠤᠶᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠪᠠᠨ ᠬᠤᠪᠢᠷᠠᠭᠤᠯᠵᠦ᠂ | ᠠᠵᠦ ᠠᠬᠤᠶᠢᠯᠠᠯ ᠪᠡ ᠮᠠᠯᠴᠢᠳ ᠤᠨ ᠠᠰᠢᠭ ᠲᠤᠰᠠ ᠶᠢᠨ ᠬᠤᠯᠪᠤᠭᠠᠳᠤ ᠲᠤᠭᠳᠠᠴᠠ ᠶᠢ ᠦᠨᠡᠨᠬᠦ ᠬᠦᠢᠴᠡᠳᠭᠡᠵᠦ᠂ | ᠮᠠᠯᠴᠢᠳ ᠤᠨ ᠤᠷᠤᠯᠭ᠎ᠠ ᠶᠢ ᠤᠯᠠᠮ ᠨᠡᠮᠡᠭᠳᠡᠬᠦᠯᠬᠦ ᠶᠢᠨ ᠲᠥᠯᠦᠭᠡ᠂ ᠲᠤᠰ ᠲᠦᠰᠦᠯ ᠢ ᠤᠨᠴᠠᠭᠠᠶᠢᠯᠠᠨ ᠲᠤᠭᠳᠠᠭᠠᠪᠠ | ᠃ | ᠨᠢᠭᠡ᠂ ᠬᠠᠷᠠᠯᠳᠠᠲᠦ ᠡᠭᠦᠷᠭᠡ | ᠵᠠᠬ᠎ᠠ ᠲᠡᠯᠭᠡᠭᠦᠷ ᠤᠨ ᠡᠬᠢ ᠪᠠᠶᠠᠯᠢᠭ ᠤᠨ ᠬᠤᠪᠢᠶᠠᠷᠢᠯᠠᠯᠳᠠ ᠲᠤᠮᠳᠠᠬᠢ ᠰᠢᠢᠳᠪᠤᠷᠢᠲᠦ ᠤᠶᠢᠯᠡᠳᠦᠯ ᠢ | ᠭᠦᠢᠴᠡᠳ ᠪᠠᠳᠠᠷᠠᠭᠤᠯᠤᠨ᠂ ᠠᠵᠦ ᠠᠬᠤᠶᠢᠯᠠᠯ ᠤᠨ ᠲᠠᠭᠠᠭᠤᠯᠬᠤ ᠤᠶᠢᠯᠡᠳᠦᠯ᠂ ᠬᠤᠷᠰᠢᠶᠠᠵᠢᠯ ᠤᠨ ᠵᠤᠬᠢᠶᠠᠨ | ᠪᠠᠶᠢᠭᠤᠯᠬᠤ ᠤᠶᠢᠯᠡᠳᠦᠯ᠂ ᠲᠤᠰᠬᠠᠢ ᠮᠠᠯᠵᠢᠬᠤ ᠡᠷᠦᠬᠡ ᠶᠢᠨ ᠤᠶᠢᠯᠡᠳᠪᠦᠷᠢᠯᠡᠯ ᠤᠨ ᠴᠢᠳᠠᠪᠬᠢ ᠶᠢ ᠲᠡᠭᠡᠭᠰᠢᠯᠡᠬᠦᠯᠬᠦ | ᠪᠠᠷ ᠬᠠᠷᠠᠯᠳᠠ ᠪᠤᠯᠭᠠᠭᠰᠠᠨ ᠵᠤᠷᠢᠭᠵᠢᠭᠤᠯᠤᠯ ᠤᠨ ᠲᠦᠷᠢᠮ ᠢ ᠪᠠᠶᠢᠭᠤᠯᠵᠦ᠂ ᠰᠦᠨᠢᠳ ᠡᠬᠦᠯᠳᠡᠷ ᠤᠨ ᠡᠪᠤᠯ ᠤᠨ | ᠬᠤᠷᠠᠭ᠎ᠠ ᠳᠤ ᠪᠤᠷᠳᠤᠭ᠎ᠠ ᠨᠥᠬᠦᠪᠦᠷᠢᠯᠡᠨ ᠤᠷᠢᠳᠴᠢᠯᠠᠨ ᠬᠤᠳᠠᠯᠳᠤᠬᠤ ᠠᠵᠢᠯ ᠢ ᠵᠠᠰᠠᠭ ᠤᠨ ᠤᠷᠳᠤᠨ | ᠲᠠᠭᠠᠭᠤᠯᠤᠭᠰᠠᠨ᠂ ᠠᠵᠦ ᠠᠬᠤᠶᠢᠯᠠᠯ ᠡᠷᠬᠢᠯᠳᠦᠬᠦᠯᠦᠭᠰᠡᠨ᠂ ᠵᠠᠬ᠎ᠠ ᠲᠡᠯᠭᠡᠭᠦᠷᠴᠢᠯᠡᠭᠰᠡᠨ ᠬᠦᠭᠵᠢᠯᠳᠡ ᠶᠢᠨ ᠬᠡᠯᠪᠡᠷᠢ | ᠲᠠᠢ ᠪᠤᠯᠭᠠᠬᠤ ᠪᠤᠯᠤᠨ᠎ᠠ᠃ ᠠᠵᠦ ᠠᠬᠤᠶᠢᠯᠠᠯ ᠵᠢᠴᠢ ᠲᠤᠰᠬᠠᠢ ᠬᠤᠷᠰᠢᠶᠠᠵᠢᠯ ᠢ ᠵᠢᠭᠠᠨ ᠵᠢᠯᠤᠭᠤᠳᠬᠤ ᠠᠷᠭ᠎ᠠ ᠪᠠᠷᠢᠯ | ᠢ ᠲᠤᠭᠳᠠᠭᠠᠬᠤ ᠪᠠᠷ ᠳᠠᠮᠵᠢᠨ᠂ ︽ᠠᠵᠦ ᠠᠬᠤᠶᠢᠯᠠᠯ + ᠬᠤᠷᠰᠢᠶᠠᠵᠢᠯ + ᠮᠠᠯᠴᠢᠨ ᠡᠷᠦᠬᠡ︾ ᠶᠢᠨ | ᠤᠶᠢᠯᠡᠳᠪᠦᠷᠢᠯᠡᠯ ᠤᠨ ᠨᠢᠭᠳᠠ ᠬᠠᠮᠳᠤᠷᠠᠭᠰᠠᠨ ᠴᠤᠭᠴᠠ ᠶᠢ ᠪᠥᠷᠢᠯᠳᠦᠬᠦᠯᠵᠦ᠂ ︽ᠠᠵᠦ ᠠᠬᠤᠶᠢᠯᠠᠯ + ᠲᠤᠰᠬᠠᠢ | ᠬᠤᠷᠰᠢᠶᠠᠵᠢᠯ + ᠮᠠᠯᠴᠢᠨ ᠡᠷᠦᠬᠡ︾ ᠶᠢᠨ ᠮᠠᠯ ᠠᠵᠦ ᠠᠬᠤᠢ ᠶᠢᠨ ᠠᠵᠦ ᠤᠶᠢᠯᠡᠰᠵᠢᠭᠰᠡᠨ ᠬᠦᠭᠵᠢᠯᠳᠡ ᠶᠢᠨ | ᠬᠡᠯᠪᠡᠷᠢ ᠶᠢ ᠭᠤᠤᠯᠳᠠᠯᠭ᠎ᠠ ᠲᠠᠢ ᠪᠤᠶᠢᠵᠢᠭᠤᠯᠤᠨ ᠪᠤᠵᠠᠭᠠᠶᠢᠷᠠᠭᠤᠯᠵᠦ᠂ ᠲᠤᠰᠬᠠᠢ ᠬᠤᠷᠰᠢᠶᠠᠵᠢᠯ ᠨᠢ ᠦᠷᠭᠡᠨ ᠤᠯᠠᠨ | ᠮᠠᠯᠴᠢᠨ ᠡᠷᠦᠬᠡ ᠶᠢ ᠲᠠᠶᠢᠴᠢᠯᠠᠵᠦ᠂ ᠠᠵᠦ ᠠᠬᠤᠶᠢᠯᠠᠯ ᠪᠠ ᠬᠤᠷᠰᠢᠶᠠᠵᠢᠯ ᠤᠨ ᠠᠰᠢᠭᠲᠠᠢ ᠬᠤᠯᠪᠤᠭ᠎ᠠ ᠶᠢ | ᠪᠠᠶᠢᠭᠤᠯᠬᠤ ᠶᠢᠨ ᠬᠠᠮᠲᠦ ᠠᠵᠦ ᠠᠬᠤᠶᠢᠯᠠᠯ ᠳᠤ ᠵᠤᠬᠢᠬᠤ ᠬᠡᠮᠵᠢᠶᠡᠨ ᠤ ᠲᠦᠷᠦ ᠶᠢᠨ ᠪᠤᠳᠤᠯᠭ᠎ᠠ ᠶᠢᠨ ᠲᠡᠮᠵᠢᠯᠭᠡ | ᠦᠵᠡᠬᠦᠯᠵᠦ᠂ ᠮᠠᠯᠴᠢᠳ ᠤᠨ ᠰᠦᠨᠢᠳ ᠬᠤᠷᠠᠭ᠎ᠠ ᠶᠢ ᠵᠢᠯ ᠳᠤ ᠬᠤᠶᠠᠷ ᠤᠳᠠᠭ᠎ᠠ ᠭᠠᠷᠭᠠᠯᠳᠠ ᠬᠢᠬᠦ ᠶᠢ ᠪᠡᠶᠡᠯᠡᠬᠦᠯᠬᠦ | ᠪᠤᠯᠤᠨ᠎ᠠ᠃ ᠬᠤᠶᠢᠰᠢᠳᠠ ᠮᠡᠨ ᠤ ᠬᠤᠰᠢᠭᠤᠨ ᠤ ᠡᠪᠤᠯ ᠤᠨ ᠬᠤᠷᠠᠭ᠎ᠠ ᠳᠤ ᠪᠤᠷᠳᠤᠭ᠎ᠠ ᠨᠦᠬᠦᠪᠤᠷᠢᠯᠠᠨ ᠬᠤᠳᠠᠯᠳᠤᠬᠤ | ᠠᠵᠢᠯ ᠢ ᠮᠠᠯ ᠠᠵᠦ ᠠᠬᠤᠢ ᠶᠢᠨ ᠪᠠᠶᠢᠩᠭᠤ ᠶᠢᠨ ᠠᠵᠢᠯ ᠪᠤᠯᠭᠠᠨ ᠠᠳᠬᠤᠵᠦ᠂ ᠮᠠᠯᠵᠢᠬᠤ ᠲᠠᠷᠢᠶᠠᠯᠠᠬᠤ ᠤᠷᠤᠨ ᠤ | ᠬᠦᠳᠡᠭᠡ ᠲᠤᠰᠬᠤᠨ ᠢ ᠬᠦᠭᠵᠢᠬᠦᠯᠬᠦ ᠠᠵᠢᠯ ᠢ ᠪᠦᠳᠤᠮᠵᠢᠳᠡᠢ ᠠᠬᠢᠭᠤᠯᠤᠨ᠎ᠠ᠃ | ᠬᠤᠶᠠᠷ᠂ ᠵᠤᠬᠢᠶᠠᠨ ᠪᠠᠶᠢᠭᠤᠯᠬᠤ ᠬᠡᠯᠪᠡᠷᠢ | ᠲᠠᠷᠢᠶᠠᠯᠠᠩ ᠮᠠᠯ ᠠᠵᠦ ᠠᠬᠤᠢ ᠶᠢᠨ ᠠᠵᠦ ᠤᠶᠢᠯᠡᠰᠵᠢᠯᠲᠠ ᠶᠢᠨ ᠡᠵᠡᠩᠨᠡᠯᠲᠡ ᠨᠢ ︽ᠠᠵᠦ ᠠᠬᠤᠶᠢᠯᠠᠯ + | ᠲᠤᠰᠬᠠᠢ ᠬᠤᠷᠰᠢᠶᠠᠵᠢᠯ + ᠮᠠᠯᠴᠢᠨ ᠡᠷᠦᠬᠡ︾ ᠶᠢᠨ ᠦᠨᠳᠦᠰᠦᠨ ᠬᠡᠯᠪᠡᠷᠢ ᠶᠢ ᠵᠢᠷᠤᠮᠯᠠᠵᠦ᠂ ᠠᠵᠦ ᠠᠬᠤᠶᠢᠯᠠᠯ | ᠲᠤᠯᠤᠭᠠᠶᠢᠯᠠᠨ᠂ ᠰᠢᠨ᠎ᠡ ᠭᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠵᠤᠬᠢᠶᠠᠨ ᠪᠠᠶᠢᠭᠤᠯᠬᠤ ᠬᠡᠯᠪᠡᠷᠢ ᠪᠠᠷ | ᠂ ᠠᠵᠦ ᠠᠬᠤᠶᠢᠯᠠᠯ ᠠᠴᠠ ᠲᠤᠯᠤᠭᠠᠶᠢᠯᠠᠨ ᠵᠤᠬᠢᠶᠠᠨ ᠪᠠᠶᠢᠭᠤᠯᠵᠦ ᠲᠤᠰᠬᠠᠢ ᠬᠤᠷᠰᠢᠶᠠᠵᠢᠯ ᠪᠤᠯᠤᠨ ᠲᠤᠰᠬᠠᠢ | ᠮᠠᠯᠵᠢᠬᠤ ᠲᠤᠮᠤ ᠡᠷᠦᠬᠡ ᠲᠠᠢ ᠬᠠᠷᠢᠯᠴᠠᠵᠦ᠂ ᠬᠠᠷᠢᠯᠴᠠᠨ ᠠᠰᠢᠭᠲᠠᠢ ᠪᠠᠶᠢᠬᠤ᠂ ᠪᠥᠷᠢᠮᠤᠰᠦᠨ ᠰᠠᠶᠢᠨ ᠲᠤᠷ᠎ᠠ ᠶᠢᠨ | ᠪᠠᠶᠢᠬᠤ ᠵᠠᠷᠴᠢᠮ ᠤᠨ ᠶᠤᠰᠤᠭᠠᠷ ︽ᠬᠤᠳᠠᠯᠳᠤᠨ ᠠᠪᠬᠤ ᠪᠠ ᠪᠤᠷᠤᠯᠠᠭᠤᠯᠬᠤ ᠭᠡᠷ᠎ᠡ︾ ᠲᠤᠭᠳᠠᠵᠦ᠂ ᠭᠡᠷ᠎ᠡ ᠶᠢᠨ | ᠠᠭᠤᠯᠭ᠎ᠠ ᠵᠢᠴᠢ ᠵᠤᠷᠪᠤᠰ ᠢ ᠬᠤᠶᠠᠷ ᠲᠠᠯ᠎ᠠ ᠪᠠᠷ ᠢᠶᠠᠨ ᠶᠠᠷᠢᠯᠴᠠᠵᠦ ᠲᠤᠭᠳᠠᠭᠠᠨ᠎ᠠ᠃ ᠵᠤᠬᠢᠶᠠᠨ ᠪᠠᠶᠢᠭᠤᠯᠵᠦ | ᠵᠤᠯᠭᠠᠭᠤᠯᠬᠤ ᠶᠠᠪᠤᠴᠠ ᠲᠤᠮᠳᠠ ᠡᠯ᠎ᠡ ᠪᠤᠯᠪᠠᠰᠤᠷᠠᠭᠤᠯᠬᠤ ᠠᠵᠦ ᠠᠬᠤᠶᠢᠯᠠᠯ ᠨᠢ ᠰᠠᠭᠤᠷᠢᠨ ᠭᠠᠵᠠᠷ ᠤᠨ ᠪᠥᠲᠦᠭᠡᠨ | ᠪᠠᠶᠢᠭᠤᠯᠤᠯᠲᠠ ᠶᠢ ᠪᠤᠶᠢᠵᠢᠭᠤᠯᠬᠤ ᠶᠢ ᠠᠩᠬᠠᠷᠬᠤ ᠴᠢᠬᠤᠯᠠᠲᠠᠢ᠂ ᠲᠤᠰᠬᠠᠢ ᠬᠤᠷᠰᠢᠶᠠᠵᠢᠯ ᠢ ᠵᠢᠷᠤᠮᠵᠢᠭᠤᠯᠬᠤ ᠶᠢ | ᠲᠡᠮᠵᠢᠨ ᠵᠢᠯᠤᠭᠤᠳᠬᠤ ᠶᠢᠨ ᠬᠠᠮᠲᠦ ᠤᠶᠢᠯᠡᠳᠪᠦᠷᠢᠯᠡᠯ ᠤᠨ ᠪᠠᠷᠢᠮᠵᠢᠶ᠎ᠠ ᠶᠢ ᠲᠤᠷᠠᠳᠴᠦ᠂ ᠲᠤᠰᠬᠠᠢ ᠬᠤᠷᠰᠢᠶᠠᠵᠢᠯ | ᠪᠤᠯᠤᠨ ᠮᠠᠯᠴᠢᠨ ᠡᠷᠦᠬᠡ ᠳᠤ ᠭᠡᠷᠡᠭᠴᠡᠭᠡ ᠪᠦᠬᠦᠢ ᠤᠶᠢᠯᠡᠴᠢᠯᠡᠭᠡ ᠶᠢ ᠬᠠᠩᠭᠠᠵᠦ᠂ ᠤᠶᠢᠯᠡᠳᠪᠦᠷᠢᠯᠡᠯ ᠤᠨ ᠲᠤᠮᠳᠠ | ᠲᠤᠯᠭᠠᠷᠠᠭᠰᠠᠨ ᠪᠤᠳᠠᠲᠠᠢ ᠬᠦᠴᠢᠷ ᠲᠥᠪᠡᠭᠲᠠᠢ ᠠᠰᠠᠭᠤᠳᠠᠯ ᠢ ᠨᠢ ᠬᠠᠪᠰᠤᠷᠤᠨ ᠰᠢᠢᠳᠪᠤᠷᠢᠯᠡᠨ᠎ᠡ︔ ᠡᠯ᠎ᠡ ᠲᠤᠰᠬᠠᠢ | ᠬᠤᠷᠰᠢᠶᠠᠵᠢᠯ ᠨᠢ ᠠᠵᠢᠯ ᠤᠨ ᠭᠤᠤᠯᠳᠠᠯᠭ᠎ᠠ ᠪᠠᠨ ᠮᠠᠯᠴᠢᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠪᠤᠯᠤᠨ | ᠲᠤᠰ ᠲᠤᠰᠬᠠᠢ ᠬᠤᠷᠰᠢᠶᠠᠵᠢᠯ ᠤᠨ ᠠᠵᠦ ᠠᠬᠤᠶᠢᠯᠠᠯ ᠲᠠᠢ ᠲᠤᠭᠳᠠᠭᠰᠠᠨ ︽ᠬᠤᠳᠠᠯᠳᠤᠨ ᠠᠪᠬᠤ ᠪᠠ | ᠪᠤᠷᠤᠯᠠᠭᠤᠯᠬᠤ ᠭᠡᠷ᠎ᠡ︾᠂ ᠬᠤᠷᠰᠢᠶᠠᠵᠢᠯ ᠤᠨ ᠲᠡᠬᠦᠨ ᠤ ᠭᠡᠰᠢᠬᠦᠳ ᠲᠠᠢ ᠪᠠᠨ ᠲᠤᠭᠳᠠᠭᠰᠠᠨ ᠭᠡᠷ᠎ᠡ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠡᠭᠡᠷ᠎ᠡ ᠲᠠᠯᠪᠢᠵᠦ᠂ ᠬᠤᠨᠢᠨ ᠤ ᠢᠷᠡᠯᠳᠡ ᠬᠠᠩᠭᠠᠯᠭ᠎ᠠ ᠶᠢ ᠪᠠᠳᠤᠯᠠᠨ᠂ | ᠪᠤᠯᠪᠠᠰᠤᠷᠠᠭᠤᠯᠬᠤ ᠶᠠᠪᠤᠴᠠ ᠢᠯᠭᠤᠮ ᠪᠠᠶᠢᠬᠤ ᠶᠢ ᠪᠠᠳᠤᠯᠠᠨ᠎ᠠ᠃ ᠡᠬᠦᠨ ᠤ ᠬᠠᠮᠲᠦ᠂ ᠨᠥᠬᠦᠴᠡᠯ ᠲᠠᠢ ᠠᠵᠦ | ᠠᠬᠤᠶᠢᠯᠠᠯ᠂ ᠲᠤᠰᠬᠠᠢ ᠬᠤᠷᠰᠢᠶᠠᠵᠢᠯ ᠪᠤᠯᠤᠨ ᠮᠠᠯᠴᠢᠨ ᠡᠷᠦᠬᠡ ᠨᠢ ᠬᠠᠮᠳᠤᠷᠠᠨ ︽ᠨᠢᠭᠳᠠ ᠬᠡᠯᠪᠡᠷᠢ︾ ᠶᠢᠨ | ᠬᠠᠮᠵᠢᠯᠴᠠᠬᠤ ᠬᠠᠷᠢᠴᠠᠭ᠎ᠠ ᠪᠡ ᠠᠰᠢᠭ ᠲᠤᠰᠠ ᠶᠢᠨ ᠬᠤᠯᠪᠤᠭᠠᠳᠤ ᠴᠤᠭᠴᠠ ᠶᠢ ᠪᠥᠷᠢᠯᠳᠦᠬᠦᠯᠵᠦ᠂ ᠤᠶᠢᠯᠡᠳᠪᠦᠷᠢᠯᠡᠯ | ᠂ ᠪᠤᠯᠪᠠᠰᠤᠷᠠᠭᠤᠯᠤᠯ᠂ ᠪᠤᠷᠤᠯᠠᠭᠤᠯᠭ᠎ᠠ ᠶᠢ ᠨᠢᠭᠡ ᠴᠤᠭᠴᠠᠵᠢᠭᠤᠯᠤᠨ᠂ ᠠᠰᠢᠭ ᠲᠤᠰᠠ ᠶᠢ ᠬᠠᠮᠲᠦ ᠡᠳ᠋ᠯᠡᠵᠦ᠂ ᠠᠶᠤᠯ | ᠲᠦᠭᠰᠢᠭᠦᠷᠢ ᠶᠢ ᠬᠠᠮᠲᠦ ᠬᠠᠷᠢᠭᠤᠴᠠᠨ᠎ᠠ᠃ 2020 ᠤᠨ ᠤ ᠰᠦᠨᠢᠳ ᠡᠬᠦᠯᠳᠡᠷ ᠤᠨ ᠡᠪᠤᠯ ᠤᠨ ᠬᠤᠷᠠᠭ᠎ᠠ ᠶᠢ | ᠪᠤᠯᠪᠠᠰᠤᠷᠠᠭᠤᠯᠬᠤ ᠠᠵᠦ ᠠᠬᠤᠶᠢᠯᠠᠯ ᠨᠢ ᠲᠤᠤᠷᠠᠬᠢ ᠨᠥᠬᠦᠴᠡᠯ ᠢ ᠪᠥᠷᠢᠯᠳᠦᠬᠦᠯᠬᠦ ᠴᠢᠬᠤᠯᠠᠲᠠᠢ᠄ ᠨᠢᠭᠡ ᠳᠤ | ᠪᠤᠯᠪᠠᠰᠤᠷᠠᠭᠤᠯᠬᠤ ᠠᠵᠦ ᠠᠬᠤᠶᠢᠯᠠᠯ ᠨᠢ ᠡᠷᠬᠡᠪᠰᠢ ᠬᠠᠤᠯᠢ ᠳᠤ ᠨᠡᠶᠢᠴᠡᠭᠰᠡᠨ ᠬᠢᠷᠢ ᠭᠡᠮ ᠲᠠᠢ᠂ ᠭᠠᠷ ᠭᠦᠢᠴᠡᠳᠬᠡᠯ | ᠪᠦᠷᠢᠨ ︵ᠡᠵᠡᠩᠨᠡᠯᠳᠡ ᠶᠢᠨ ᠦᠨᠡᠮᠯᠡᠯ᠂ ᠯᠠᠯᠤ ᠶᠢᠨ ᠤᠯᠠᠭᠠᠨ ᠢᠳᠡᠭᠡᠨ ᠤ ᠦᠢᠯᠡᠳᠪᠤᠷᠢᠯᠡᠯ ᠤᠨ ᠬᠢᠷᠢ ᠭᠡᠮ ᠤᠨ | ᠬᠢᠨᠠᠨ ᠲᠤᠭᠳᠠᠭᠠᠯᠳᠠ᠂ ᠠᠮᠢᠳᠠᠨ ᠤ ᠬᠢᠵᠢᠭ ᠤᠨ ᠰᠡᠷᠭᠡᠶᠢᠯᠡᠯᠳᠡ ᠶᠢᠨ ᠬᠢᠷᠢ ᠲᠡᠩᠴᠡᠯᠳᠠ ᠶᠢᠨ ᠦᠨᠡᠮᠯᠡᠯ᠂ ᠮᠠᠯ ᠪᠡ | ᠭᠡᠷ ᠤᠨ ᠲᠡᠵᠢᠭᠡᠪᠤᠷᠢ ᠶᠢ ᠲᠤᠭᠳᠠᠭᠰᠠᠨ ᠴᠡᠭ ᠲᠤ ᠨᠢᠳᠤᠯᠬᠤ ᠦᠨᠡᠮᠯᠡᠯ᠂ ᠢᠳᠡᠭᠡᠨ ᠤ ᠦᠢᠯᠡᠳᠪᠤᠷᠢᠯᠡᠯ ᠤᠨ | ᠵᠦᠪᠰᠢᠶᠡᠷᠡᠯ ᠤᠨ ᠦᠨᠡᠮᠯᠡᠯ︶᠂ ᠠᠵᠢᠯ ᠡᠷᠬᠢᠯᠡᠨ ᠬᠤᠳᠠᠯᠳᠤᠨ ᠠᠪᠬᠤ ᠨᠥᠬᠦᠴᠡᠯ ᠲᠠᠢ᠂ ᠠᠮᠤᠷ ᠲᠦᠪᠰᠢᠨ ᠤ ᠭᠡᠮ | ᠰᠤᠭᠤᠭ ᠦᠬᠡᠢ᠃ ᠬᠤᠶᠠᠷ ᠲᠤ ᠠᠶᠢᠮᠠᠭ ᠤᠨ ᠱᠠᠳᠤᠨ ᠠᠴᠠ ᠲᠡᠭᠡᠭᠰᠢᠬᠢ ᠲᠤᠯᠤᠭᠠᠶᠢᠯᠠᠭᠴᠢ ᠠᠵᠦ ᠠᠬᠤᠶᠢᠯᠠᠯ ᠢᠶᠠᠷ | ᠭᠤᠤᠯᠯᠠᠵᠦ᠂ ᠪᠤᠰᠤᠳ ᠠᠵᠦ ᠠᠬᠤᠶᠢᠯᠠᠯ ᠢᠶᠠᠷ ᠨᠥᠬᠦᠪᠦᠷᠢ ᠪᠤᠯᠭᠠᠭᠰᠠᠨ᠃ | ᠭᠤᠷᠪᠠ᠂ ᠨᠥᠬᠦᠪᠦᠷᠢᠯᠡᠬᠦ ᠠᠷᠭ᠎ᠠ᠂ ᠬᠤᠳᠠᠯᠳᠤᠬᠤ ᠲᠥᠯᠦᠪᠯᠡᠭᠡ ᠵᠢᠴᠢ ᠪᠡᠯᠡ ᠮᠥᠩᠬᠦᠨ ᠤ ᠲᠦᠰᠦᠪ | ︵ᠨᠢᠭᠡ︶ ᠨᠥᠬᠦᠪᠦᠷᠢᠯᠡᠬᠦ ᠠᠷᠭ᠎ᠠ | ᠪᠤᠯᠪᠠᠰᠤᠷᠠᠭᠤᠯᠬᠤ ᠠᠵᠦ ᠠᠬᠤᠶᠢᠯᠠᠯ ᠤᠨ ᠪᠤᠵᠠᠭᠠᠶᠢᠷᠠᠬᠤ ᠶᠢ ᠵᠤᠷᠢᠭᠵᠢᠭᠤᠯᠤᠨ᠂ ᠲᠤᠯᠤᠭᠠᠶᠢᠯᠠᠭᠴᠢ ᠠᠵᠦ | ᠠᠬᠤᠶᠢᠯᠠᠯ ᠤᠨ ᠲᠠᠶᠢᠴᠢᠯᠠᠬᠤ ᠤᠶᠢᠯᠡᠳᠦᠯ ᠢ ᠦᠨᠡᠨᠬᠦ ᠪᠡᠶᠡᠯᠡᠬᠦᠯᠵᠦ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠦ | ᠠᠬᠤᠢ ᠶᠢᠨ ᠠᠵᠦ ᠤᠶᠢᠯᠡᠰᠵᠢᠯᠳᠡ ᠶᠢ ᠦᠨᠡᠨᠬᠦ ᠲᠦᠷᠭᠡᠳᠭᠡᠨ᠎ᠡ᠃ 2020 ᠤᠨ ᠤ 7 ᠰᠠᠷ᠎ᠠ ᠶᠢᠨ 2 ᠤ ᠡᠳᠦᠷ | ᠠᠴᠠ 7 ᠰᠠᠷ᠎ᠠ ᠶᠢᠨ 31 ᠤ ᠡᠳᠦᠷ ᠪᠤᠯᠳᠠᠯ᠎ᠠ᠂ ᠬᠡᠯᠡᠯᠴᠡᠨ ᠲᠤᠬᠢᠷᠠᠭᠰᠠᠨ ᠦᠨ᠎ᠡ ᠬᠠᠩᠰᠢ ᠪᠠᠷ ᠢᠶᠠᠨ ᠲᠤᠬᠠᠢ ᠶᠢᠨ | ᠵᠢᠯ ᠤᠨ 2 ᠲᠦᠮᠡ ᠢᠯᠡᠬᠦᠤ ᠰᠦᠨᠢᠳ ᠬᠤᠷᠠᠭ᠎ᠠ ᠶᠢ ᠬᠤᠳᠠᠯᠳᠤᠨ ᠠᠪᠬᠤ ᠶᠢᠨ ᠬᠠᠮᠲᠦ ᠮᠠᠯᠴᠢᠳ ᠲᠤ | ᠬᠤᠳᠠᠯᠳᠤᠭᠰᠠᠨ ᠪᠡᠯᠡ ᠮᠦᠩᠬᠦ ᠶᠢ ᠨᠢ ᠪᠦᠬᠦᠨ ᠢ ᠦᠭᠬᠦᠭᠰᠡᠨ ᠠᠵᠦ ᠠᠬᠤᠶᠢᠯᠠᠯ ᠳᠤ ᠱᠠᠳᠤᠯᠠᠭᠰᠠᠨ ᠨᠦᠬᠦᠪᠤᠷᠢ | ᠤᠯᠭᠤᠵᠦ᠂ ᠨᠦᠬᠦᠪᠤᠷᠢ ᠶᠢᠨ ᠮᠦᠩᠬᠦ ᠶᠢ ᠦᠨ᠎ᠡ ᠬᠠᠩᠰᠢ ᠪᠠᠷ ᠨᠤᠭᠤᠯᠤᠨ ᠪᠤᠳᠤᠵᠦ᠂ ︽ᠵᠠᠬ᠎ᠠ ᠲᠠᠯᠭᠡᠬᠦᠷ ᠤᠨ | ᠦᠨ᠎ᠡ + ᠨᠦᠬᠦᠪᠤᠷᠢ ᠶᠢᠨ ᠦᠨ᠎ᠡ︾ ᠶᠢᠨ ᠭᠡᠯᠪᠡᠷᠢ ᠪᠠᠷ ᠮᠠᠯᠴᠢᠳ ᠠᠴᠠ ᠬᠤᠷᠠᠭ᠎ᠠ ᠬᠤᠳᠠᠯᠳᠤᠨ ᠠᠪᠤᠨ᠎ᠠ᠃ | ᠰᠦᠨᠢᠳ ᠬᠤᠷᠠᠭ᠎ᠠ ᠪᠢᠰᠢ ᠪᠤᠯ ᠨᠦᠬᠦᠪᠤᠷᠢ ᠤᠯᠭᠤᠬᠤ ᠦᠬᠡᠢ᠂ ᠠᠵᠦ ᠠᠬᠤᠶᠢᠯᠠᠯ ᠦᠪᠡᠷᠳᠡᠭᠡᠨ ᠠᠰᠳᠠᠭᠠᠨ ᠦᠨ᠎ᠡ | ᠬᠠᠩᠰᠢ ᠲᠤᠭᠳᠠᠭᠠᠨ ᠬᠤᠳᠠᠯᠳᠤᠨ ᠠᠪᠴᠦ ᠪᠤᠯᠤᠨ᠎ᠠ᠂ ᠭᠡᠪᠡᠴᠦ ᠨᠦᠬᠦᠪᠤᠷᠢ ᠶᠢᠨ ᠭᠡᠪᠴᠢᠶᠠᠨ ᠳᠤ ᠤᠷᠤᠭᠤᠯᠬᠤ | ᠦᠬᠡᠢ᠃ ᠪᠤᠳᠠᠲᠠᠢ ᠱᠠᠭᠠᠷᠳᠠᠯᠭ᠎ᠠ᠄ | 1. 2020 ᠣᠨ ᠤ 7 ᠰᠠᠷ᠎ᠠ ᠶᠢᠨ 2 ᠤ ᠡᠳᠦᠷ ᠠᠴᠠ 7 ᠰᠠᠷ᠎ᠠ ᠶᠢᠨ 16 ᠤ ᠡᠳᠦᠷ ᠬᠦᠷᠳᠡᠯ᠎ᠡ᠂ | ᠬᠡᠯᠡᠯᠴᠡᠨ ᠲᠣᠬᠢᠷᠠᠭᠰᠠᠨ ᠦᠨ᠎ᠡ ᠬᠠᠩᠰᠢ ᠪᠠᠷ ᠢᠶᠠᠨ ᠲᠣᠬᠠᠢ ᠶᠢᠨ ᠵᠢᠯ ᠤᠨ ᠰᠦᠨᠢᠳ ᠬᠤᠷᠠᠭ᠎ᠠ ᠶᠢ ᠬᠤᠳᠠᠯᠳᠣᠨ | ᠠᠪᠴᠣ ᠡᠳ᠋ᠰᠢᠭᠦᠯᠬᠦ ᠶᠢᠨ ᠬᠠᠮᠳᠣ ᠮᠠᠯᠴᠢᠨ ᠡᠷᠦᠭᠡ ᠳᠤ ᠬᠤᠳᠠᠯᠳᠣᠭᠰᠠᠨ ᠪᠡᠯᠡ ᠮᠦᠩᠭᠦ ᠶᠢ ᠨᠢ ᠪᠦᠬᠦᠨ ᠢ | ᠦᠭᠭᠦᠭᠰᠡᠨ ᠡᠳ᠋ᠰᠢᠭᠦᠯᠦᠨ ᠪᠣᠯᠪᠠᠰᠣᠷᠠᠭᠤᠯᠬᠤ ᠠᠵᠣ ᠠᠬᠤᠶᠢᠯᠠᠯ ᠳᠤ ᠬᠤᠷᠠᠭ᠎ᠠ ᠪᠦᠷᠢ ᠶᠢᠨ 90 ᠲᠦᠭᠦᠷᠢᠭ ᠢᠶᠠᠷ | ᠨᠦᠬᠦᠪᠦᠷᠢ ᠣᠯᠭᠤᠨ᠎ᠠ︔ ᠲᠠᠷᠤᠢ ᠬᠤᠷᠠᠭ᠎ᠠ ᠪᠦᠷᠢ ᠶᠢᠨ ᠭᠡᠩᠬᠦᠳᠡᠭ ᠪᠠᠶ᠎ᠠ ᠶᠢᠨ ᠬᠦᠨᠳᠤ ᠶᠢᠨ ᠵᠢᠩ ᠢ | ᠲᠡᠭᠰᠢᠳᠭᠡᠭᠡᠳ 30 ᠵᠢᠩ ᠢᠶᠠᠷ ᠪᠤᠳᠤᠵᠦ᠂ ᠨᠦᠬᠦᠪᠤᠷᠢ ᠶᠢᠨ ᠮᠦᠩᠬᠦ ᠶᠢ ᠵᠢᠩ ᠪᠦᠷᠢ 3 ᠲᠦᠬᠦᠷᠢᠭ ᠢᠶᠠᠷ | ᠨᠤᠭᠤᠯᠤᠨ ᠪᠤᠳᠤᠵᠦ ᠬᠤᠳᠠᠯᠳᠤᠨ ᠠᠪᠤᠨ᠎ᠠ᠃ | 2. 2020 ᠣᠨ ᠤ 7 ᠰᠠᠷ᠎ᠠ ᠶᠢᠨ 17 ᠤ ᠡᠳᠦᠷ ᠠᠴᠠ 7 ᠰᠠᠷ᠎ᠠ ᠶᠢᠨ 31 ᠤ ᠡᠳᠦᠷ ᠬᠦᠷᠳᠡᠯ᠎ᠡ᠂ | ᠬᠡᠯᠡᠯᠴᠡᠨ ᠲᠣᠬᠢᠷᠠᠭᠰᠠᠨ ᠦᠨ᠎ᠡ ᠬᠠᠩᠰᠢ ᠪᠠᠷ ᠢᠶᠠᠨ ᠲᠣᠬᠠᠢ ᠶᠢᠨ ᠵᠢᠯ ᠤᠨ ᠰᠦᠨᠢᠳ ᠬᠤᠷᠠᠭ᠎ᠠ ᠶᠢ ᠬᠤᠳᠠᠯᠳᠣᠨ | ᠠᠪᠴᠣ ᠡᠳ᠋ᠰᠢᠭᠦᠯᠬᠦ ᠶᠢᠨ ᠬᠠᠮᠳᠣ ᠮᠠᠯᠴᠢᠨ ᠡᠷᠦᠭᠡ ᠳᠤ ᠬᠤᠳᠠᠯᠳᠣᠭᠰᠠᠨ ᠪᠡᠯᠡ ᠮᠦᠩᠭᠦ ᠶᠢ ᠨᠢ ᠪᠦᠬᠦᠨ ᠢ | ᠦᠭᠭᠦᠭᠰᠡᠨ ᠡᠳ᠋ᠰᠢᠭᠦᠯᠦᠨ ᠪᠣᠯᠪᠠᠰᠣᠷᠠᠭᠤᠯᠬᠤ ᠠᠵᠣ ᠠᠬᠤᠶᠢᠯᠠᠯ ᠳᠤ ᠬᠤᠷᠠᠭ᠎ᠠ ᠪᠦᠷᠢ ᠶᠢᠨ 40 ᠲᠦᠭᠦᠷᠢᠭ ᠢᠶᠠᠷ | ᠨᠦᠬᠦᠪᠦᠷᠢ ᠣᠯᠭᠤᠨ᠎ᠠ︔ ᠲᠠᠷᠤᠢ ᠬᠤᠷᠠᠭ᠎ᠠ ᠪᠦᠷᠢ ᠶᠢᠨ ᠭᠡᠩᠬᠦᠳᠡᠭ ᠪᠠᠶ᠎ᠠ ᠶᠢᠨ ᠬᠦᠨᠳᠤ ᠶᠢᠨ ᠵᠢᠩ ᠢ | ᠲᠡᠭᠰᠢᠳᠭᠡᠭᠡᠳ 30 ᠵᠢᠩ ᠢᠶᠠᠷ ᠪᠤᠳᠤᠵᠦ᠂ ᠨᠦᠬᠦᠪᠤᠷᠢ ᠶᠢᠨ ᠮᠦᠩᠬᠦ ᠶᠢ ᠵᠢᠩ ᠪᠦᠷᠢ 1.3 ᠲᠦᠬᠦᠷᠢᠭ ᠢᠶᠠᠷ | ᠨᠤᠭᠤᠯᠤᠨ ᠪᠤᠳᠤᠵᠦ ᠬᠤᠳᠠᠯᠳᠤᠨ ᠠᠪᠤᠨ᠎ᠠ᠃ | ︵ᠬᠤᠶᠠᠷ︶ ᠬᠤᠳᠠᠯᠳᠣᠬᠤ ᠲᠦᠯᠦᠪᠯᠡᠭᠡ | ᠮᠠᠨ ᠤ ᠬᠤᠰᠢᠭᠤᠨ ᠤ 2020 ᠣᠨ ᠤ ᠰᠦᠨᠢᠳ ᠡᠬᠦᠯᠳᠡᠷ ᠤᠨ ᠡᠪᠦᠯ ᠤᠨ ᠬᠤᠷᠠᠭ᠎ᠠ ᠲᠣᠰᠬᠤ | ᠲᠦᠯᠦᠪᠯᠡᠭᠰᠡᠨ ᠲᠤᠭ᠎ᠠ ᠶᠢ ᠦᠨᠳᠦᠰᠦᠯᠡᠨ᠂ 7 ᠰᠠᠷ᠎ᠠ ᠶᠢᠨ 2 ᠤ ᠡᠳᠦᠷ — 7 ᠰᠠᠷ᠎ᠠ ᠶᠢᠨ 31 ᠤ ᠡᠳᠦᠷ | ᠬᠦᠷᠳᠡᠯ᠎ᠡ 10 ᠲᠦᠮᠡ ᠣᠷᠴᠢᠮ ᠤᠨ ᠰᠦᠨᠢᠳ ᠬᠤᠷᠠᠭ᠎ᠠ ᠶᠢ ᠣᠷᠢᠳᠴᠢᠯᠠᠨ ᠬᠤᠳᠠᠯᠳᠣᠬᠤ ᠪᠠᠷ ᠲᠦᠯᠦᠪᠯᠡᠵᠦ᠂ | ᠡᠭᠦᠨ ᠳᠤ᠄ ᠨᠢᠭᠡᠳᠦᠭᠡᠷ ᠱᠠᠳᠣᠨ ᠤ 20 ᠡᠳᠦᠷ ᠲᠤ 4 ᠲᠦᠮᠡ ᠣᠷᠴᠢᠮ ᠢ ᠣᠷᠢᠳᠴᠢᠯᠠᠨ ᠬᠤᠳᠠᠯᠳᠣᠵᠣ᠂ | ᠬᠤᠶᠠᠳᠣᠭᠠᠷ ᠱᠠᠳᠣᠨ ᠤ 20 ᠡᠳᠦᠷ ᠲᠤ 6 ᠲᠦᠮᠡ ᠣᠷᠴᠢᠮ ᠢ ᠣᠷᠢᠳᠴᠢᠯᠠᠨ ᠬᠤᠳᠠᠯᠳᠣᠬᠤ ᠪᠠᠷ ᠲᠦᠯᠦᠪᠯᠡᠵᠦ | ᠪᠠᠶᠢᠨ᠎ᠠ᠃ | ︵ᠭᠤᠷᠪᠠ︶ ᠪᠡᠯᠡ ᠮᠦᠩᠭᠦᠨ ᠤ ᠲᠦᠰᠦᠪ | ᠡᠳ᠋ᠰᠢᠭᠦᠯᠦᠨ ᠪᠣᠯᠪᠠᠰᠣᠷᠠᠭᠤᠯᠬᠤ ᠲᠦᠯᠦᠪᠯᠡᠭᠡ ᠶᠢ ᠦᠨᠳᠦᠰᠦᠯᠡᠨ᠂ ᠨᠢᠭᠡᠳᠦᠭᠡᠷ ᠱᠠᠳᠣᠨ ᠤ ᠲᠦᠯᠦᠪᠯᠡᠭᠰᠡᠨ | ᠨᠦᠬᠦᠪᠦᠷᠢ ᠶᠢᠨ ᠮᠦᠩᠭᠦ 360 ᠲᠦᠮᠡᠨ ᠲᠦᠭᠦᠷᠢᠭ᠂ ᠬᠤᠶᠠᠳᠣᠭᠠᠷ ᠱᠠᠳᠣᠨ ᠤ ᠲᠦᠯᠦᠪᠯᠡᠭᠰᠡᠨ ᠨᠦᠬᠦᠪᠦᠷᠢ ᠶᠢᠨ | ᠮᠦᠩᠭᠦ 240 ᠲᠦᠮᠡᠨ ᠲᠦᠭᠦᠷᠢᠭ᠂ ᠨᠡᠶᠢᠳᠡ 600 ᠲᠦᠮᠡᠨ ᠲᠦᠭᠦᠷᠢᠭ ᠤᠨ ᠪᠡᠯᠡ ᠮᠦᠩᠬᠦ ᠭᠡᠷᠡᠭᠰᠡᠨ᠎ᠡ᠃ | ᠳᠦᠷᠪᠡ᠂ ᠬᠢᠨᠠᠯᠳᠠ ᠶᠢᠨ ᠲᠦᠷᠢᠮ | ︵ᠨᠢᠬᠡ︶ ᠬᠤᠰᠢᠭᠤ ᠲᠠᠷᠢᠶᠠᠯᠠᠩ ᠮᠠᠯ ᠠᠵᠣ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ ᠠᠴᠠ | ᠰᠦᠨᠢᠳ ᠡᠬᠦᠯᠳᠡᠷ ᠤᠨ ᠡᠪᠦᠯ ᠤᠨ ᠬᠤᠷᠠᠭ᠎ᠠ ᠶᠢ ᠪᠣᠷᠳᠣᠵᠣ ᠣᠷᠢᠳᠴᠢᠯᠠᠨ ᠬᠤᠳᠠᠯᠳᠣᠬᠤ ᠠᠵᠢᠯ ᠤᠨ ᠪᠦᠬᠦ | ᠶᠠᠪᠣᠴᠠ ᠳᠤ ᠬᠢᠨᠠᠯᠳᠠ ᠲᠠᠯᠪᠢᠬᠤ ᠶᠢ ᠬᠠᠷᠢᠭᠤᠴᠠᠨ᠎ᠠ᠃ ᠭᠤᠣᠯᠳᠠᠭᠤ ᠠᠵᠣ ᠠᠬᠤᠶᠢᠯᠠᠯ ᠤᠨ ᠪᠣᠳᠠᠳᠠᠢ ᠬᠤᠳᠠᠯᠳᠣᠨ | ᠠᠪᠬᠤ ᠪᠠᠶᠢᠳᠠᠯ ᠳᠤ ᠬᠢᠨᠠᠯᠳᠠ ᠲᠠᠯᠪᠢᠵᠣ᠂ ᠲᠦᠷᠢᠮ ᠢ ᠵᠦᠷᠢᠴᠡᠨ ᠬᠤᠳᠠᠯᠳᠣᠨ ᠠᠪᠬᠤ ᠵᠢᠴᠢ ᠨᠦᠬᠦᠪᠦᠷᠢ ᠶᠢ | ᠮᠡᠭᠡᠯᠡᠨ ᠠᠪᠬᠤ ᠪᠠᠶᠢᠳᠠᠯ ᠡᠭᠦᠰᠬᠦ ᠠᠴᠠ ᠰᠡᠷᠭᠡᠶᠢᠯᠡᠵᠦ᠂ ᠠᠵᠣ ᠠᠬᠤᠶᠢᠯᠠᠯ ᠤᠨ ᠭᠠᠳᠠᠨ᠎ᠠ ᠭᠠᠵᠠᠷ ᠤᠨ ᠮᠠᠯ ᠢ | ᠬᠤᠳᠠᠯᠳᠣᠨ ᠠᠪᠴᠣ ᠨᠦᠬᠦᠪᠦᠷᠢ ᠶᠢ ᠮᠡᠭᠡᠯᠡᠨ ᠠᠪᠬᠤ ᠶᠢ ᠡᠷᠡᠰ ᠳᠡᠪᠴᠢᠬᠦ ᠬᠡᠷᠡᠭᠳᠠᠢ᠃ | ︵ᠬᠤᠶᠠᠷ︶ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ ︵ᠠᠵᠦ | ᠦᠢᠯᠡᠰᠵᠢᠯᠳᠠ ᠶᠢᠨ ᠠᠯᠪᠡᠨ ᠭᠡᠷ᠂ ᠠᠮᠢᠳᠠᠨ ᠤ ᠡᠷᠡᠬᠦᠯ ᠬᠠᠮᠠᠭᠠᠯᠠᠯ ᠤᠨ ᠬᠢᠨᠡᠯᠳᠡ ᠲᠠᠯᠪᠢᠬᠤ ᠭᠠᠵᠡᠷ᠂ ᠡᠬᠦᠯᠳᠡᠷ | ᠰᠡᠶᠢᠵᠢᠷᠠᠭᠤᠯᠤᠯᠳᠠ ᠶᠢᠨ ᠦᠷᠳᠡᠭᠡᠨ ᠤ ᠠᠵᠢᠯᠳᠠᠳ ᠪᠠᠭᠳᠠᠨ᠎ᠠ︶ ᠠᠴᠠ ᠠᠵᠦ ᠠᠬᠤᠶᠢᠯᠠᠯ ᠳᠤ ᠲᠤᠰᠬᠠᠢ ᠠᠵᠢᠯᠳᠠᠨ | ᠲᠤᠮᠢᠯᠠᠨ ᠬᠢᠨᠡᠨ ᠵᠢᠯᠤᠭᠤᠳᠤᠭᠤᠯᠵᠦ᠂ ᠬᠤᠳᠠᠯᠳᠤᠨ ᠠᠪᠬᠤ ᠦᠨ᠎ᠡ ᠶᠢ ᠤᠬᠠᠭᠤᠯᠬᠤ᠂ ᠬᠢᠵᠢᠭ ᠢ ᠪᠠᠶᠢᠴᠠᠭᠠᠬᠤ᠂ | ᠲᠤᠭ᠎ᠠ ᠪᠠᠷᠢᠮᠳᠠ ᠶᠢ ᠲᠠᠩᠰᠠᠯᠠᠨ ᠬᠠᠷᠭᠤᠭᠤᠯᠬᠤ᠂ ᠰᠦᠨᠢᠳ ᠬᠤᠷᠠᠭ᠎ᠠ ᠶᠢ ᠬᠢᠨᠠᠨ ᠲᠤᠭᠳᠠᠭᠠᠬᠤ ᠵᠡᠷᠭᠡ ᠠᠵᠢᠯ ᠢ | ᠬᠠᠷᠢᠭᠤᠴᠠᠭᠤᠯᠵᠦ᠂ ᠬᠤᠳᠠᠯᠳᠤᠨ ᠠᠪᠴᠦ ᠪᠤᠯᠪᠠᠰᠤᠷᠠᠭᠤᠯᠬᠤ ᠠᠵᠢᠯ ᠤᠨ ᠡᠮᠬᠢ ᠲᠢᠭᠯᠢᠮ ᠲᠠᠢ ᠶᠠᠪᠤᠭᠳᠠᠬᠤ ᠶᠢ | ᠪᠠᠳᠤᠯᠠᠬᠤ ᠶᠢᠨ ᠬᠠᠮᠳᠤ᠂ ᠠᠵᠦ ᠠᠬᠤᠶᠢᠯᠠᠯ ᠤᠨ ᠪᠤᠳᠠᠳᠠᠢ ᠬᠤᠳᠠᠯᠳᠤᠨ ᠠᠪᠴᠦ ᠪᠤᠯᠪᠠᠰᠤᠷᠠᠭᠤᠯᠬᠤ ᠴᠠᠭ ᠪᠤᠯᠤᠨ | ᠲᠤᠭ᠎ᠠ ᠭᠡᠮᠵᠢᠶ᠎ᠠ ᠶᠢ ᠦᠨᠳᠤᠰᠤᠯᠠᠨ ᠨᠦᠬᠦᠪᠤᠷᠢ ᠶᠢᠨ ᠲᠤᠭ᠎ᠠ ᠶᠢ ᠪᠦᠷᠢᠳᠭᠡᠨ ᠬᠠᠷᠭᠤᠭᠤᠯᠬᠤ ᠭᠡᠷᠡᠭᠳᠡᠢ᠃ ᠠᠮᠢᠳᠠᠨ | ᠤ ᠡᠷᠡᠬᠦᠯ ᠬᠠᠮᠠᠭᠠᠯᠠᠯ ᠤᠨ ᠬᠢᠨᠡᠯᠳᠡ ᠲᠠᠯᠪᠢᠬᠤ ᠭᠠᠵᠡᠷ ᠠᠴᠠ ᠪᠦᠬᠦ ᠬᠤᠰᠢᠭᠤᠨ ᠤ ᠮᠠᠯᠴᠢᠨ ᠡᠷᠦᠬᠡ ᠶᠢᠨ ᠬᠢᠵᠢᠭ ᠢ | ᠰᠡᠷᠭᠡᠶᠢᠯᠡᠭᠰᠡᠨ ᠤᠨᠤᠪᠴᠢᠳᠠᠢ ᠮᠠᠯ ᠤᠨ ᠲᠤᠭ᠎ᠠ ᠶᠢ ᠬᠠᠩᠭᠠᠬᠤ ᠠᠵᠢᠯ ᠢ ᠬᠠᠷᠢᠭᠤᠴᠠᠨ᠎ᠠ᠃ | ︵ᠭᠤᠷᠪᠡ︶ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ᠂ ᠠᠵᠦ ᠠᠬᠤᠢ ᠪᠡ | ᠰᠤᠷᠠᠭ ᠵᠠᠩᠬᠢᠵᠢᠯᠳᠠ᠂ ᠵᠠᠬ᠎ᠠ ᠲᠡᠯᠭᠡᠬᠦᠷ ᠤᠨ ᠬᠢᠨᠠᠯᠳᠠ᠂ ᠤᠷᠴᠢᠨ ᠲᠤᠭᠤᠷᠢᠨ ᠢ ᠬᠠᠮᠠᠭᠠᠯᠠᠬᠤ᠂ ᠪᠠᠴᠢᠮ ᠪᠠᠶᠢᠳᠠᠯ ᠢ | ᠠᠷᠭᠠᠴᠠᠬᠤ ᠵᠡᠷᠭᠡ ᠰᠠᠯᠠᠭ᠎ᠠ ᠮᠦᠴᠢᠷ ᠡᠷᠭᠡᠪᠰᠢ ᠡᠬᠦᠷᠭᠡ ᠴᠢᠳᠡᠪᠬᠢ ᠶᠢᠨ ᠦᠢᠯᠡᠳᠤᠯ ᠢᠶᠠᠨ ᠬᠦᠢᠴᠡᠳ ᠪᠠᠳᠠᠷᠠᠭᠤᠯᠵᠦ | ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠠᠵᠦ ᠠᠬᠤᠶᠢᠯᠠᠯ ᠢ ᠵᠢᠯᠤᠭᠤᠳᠤᠨ ᠡᠯ᠎ᠡ ᠵᠦᠢᠯ ᠤᠨ ᠭᠠᠷ | ᠬᠦᠢᠴᠡᠳᠭᠡᠯ ᠢ ᠨᠢ ᠪᠦᠷᠢᠨᠰᠢᠬᠦᠯᠵᠦ᠂ ᠴᠠᠭ ᠲᠠᠭᠠᠨ ᠠᠵᠢᠯ ᠢᠶᠠᠨ ᠡᠬᠢᠯᠡᠬᠦᠯᠦᠨ᠂ ᠬᠠᠮᠢᠶ᠎ᠠ ᠪᠦᠬᠦᠢ ᠬᠠᠤᠯᠢ | ᠲᠤᠭᠳᠠᠭᠠᠯ ᠪᠡ ᠱᠠᠭᠠᠷᠳᠠᠯᠭ᠎ᠠ ᠶᠢ ᠴᠢᠩᠭ᠎ᠠ ᠭᠡᠷᠡᠭᠵᠢᠬᠦᠯᠵᠦ᠂ ᠬᠤᠳᠠᠯᠳᠤᠨ ᠠᠪᠬᠤ᠂ ᠪᠤᠯᠪᠠᠰᠤᠷᠠᠭᠤᠯᠬᠤ ᠭᠤᠭᠴᠤᠭ᠎ᠠ | ᠶᠢᠨ ᠲᠦᠷᠢᠮᠵᠢᠬᠦᠨ ᠶᠠᠪᠤᠭᠳᠠᠬᠤ ᠶᠢ ᠪᠠᠳᠤᠯᠠᠬᠤ ᠭᠡᠷᠡᠭᠳᠡᠢ᠃ | ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠬᠡ︶ ᠶᠠᠭᠤᠨ ᠤ ᠡᠮᠤᠨ᠎ᠡ ᠮᠠᠯᠴᠢᠨ ᠡᠷᠦᠬᠡ ᠠᠴᠠ ᠭᠠᠴᠠᠭ᠎ᠠ ᠲᠤᠰᠬᠤᠨ ᠳᠠᠭᠠᠨ ᠰᠦᠨᠢᠳ ᠡᠬᠦᠯᠳᠡᠷ | ᠤᠨ ᠡᠪᠤᠯ ᠤᠨ ᠬᠤᠷᠠᠭ᠎ᠠ ᠶᠢ ᠤᠷᠢᠳᠴᠢᠯᠠᠨ ᠬᠤᠳᠠᠯᠳᠤᠬᠤ ᠭᠤᠶᠤᠴᠢᠯᠠᠯ ᠭᠠᠷᠭᠠᠨ᠎ᠠ᠂ ᠭᠠᠴᠠᠭ᠎ᠠ ᠲᠤᠰᠬᠤᠨ᠂ ᠰᠤᠮᠤ | ᠪᠠᠯᠭᠠᠰᠤ ᠱᠠᠳᠤ ᠲᠠᠷᠠᠭᠠᠯᠠᠨ ᠬᠤᠳᠠᠯᠳᠤᠬᠤ ᠬᠤᠷᠠᠭᠠᠨ ᠤ ᠲᠤᠭ᠎ᠠ ᠳᠤ ᠬᠠᠷᠭᠤᠭᠤᠯᠤᠯᠳᠠ ᠬᠢᠭᠰᠡᠨ ᠤ ᠲᠠᠷᠠᠭ᠎ᠠ᠂ | ᠭᠠᠴᠠᠭ᠎ᠠ ᠲᠤᠰᠬᠤᠨ᠂ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠳᠠᠨ ᠭᠠᠷ ᠤᠨ ᠦᠰᠦᠭ ᠵᠢᠷᠤᠵᠦ ᠲᠠᠮᠠᠭ᠎ᠠ | ᠲᠠᠷᠤᠭᠠᠳ᠂ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠠᠷᠭᠡᠵᠢᠯ ᠤᠨ ᠲᠤᠪᠴᠢᠶᠠᠨ ᠳᠤ | ᠮᠡᠳᠡᠬᠦᠯᠦᠨ᠎ᠡ᠂ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶᠠᠨ ᠤ ᠠᠵᠦ | ᠠᠬᠤᠶᠢᠯᠠᠯ ᠳᠤ ᠲᠤᠮᠢᠯᠠᠭᠰᠠᠨ ᠠᠵᠢᠯᠳᠠᠳ ᠬᠢᠨᠡᠨ ᠬᠠᠷᠭᠤᠭᠤᠯᠤᠨ ᠭᠠᠷ ᠤᠨ ᠦᠰᠦᠭ ᠵᠢᠷᠤᠵᠦ ᠨᠤᠳᠠᠯᠠᠭᠰᠠᠨ ᠤ | ᠲᠠᠷᠠᠭ᠎ᠠ ᠨᠢᠳᠤᠯᠤᠨ ᠪᠤᠯᠪᠠᠰᠤᠷᠠᠭᠤᠯᠬᠤ ᠶᠢᠨ ᠬᠠᠮᠳᠤ᠂ ᠨᠦᠬᠦᠪᠤᠷᠢ ᠬᠦᠷᠳᠡᠵᠦ ᠪᠤᠯᠤᠨ᠎ᠠ᠃ | ︵ᠬᠤᠶᠠᠷ︶ ᠡᠯ᠎ᠡ ᠰᠤᠮᠤ ᠪᠠᠯᠭᠠᠰᠤ ᠪᠤᠯᠤᠨ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ | ᠮᠦᠴᠢᠷ ᠡᠷᠭᠡᠪᠰᠢ ᠰᠦᠨᠢᠳ ᠡᠬᠦᠯᠳᠡᠷ ᠤᠨ ᠡᠪᠤᠯ ᠤᠨ ᠬᠤᠷᠠᠭ᠎ᠠ ᠶᠢ ᠪᠡᠯᠴᠢᠬᠡᠷᠯᠡᠬᠦᠯᠬᠦ ᠶᠢᠨ ᠲᠠᠭᠠᠤ ᠪᠤᠷᠳᠤᠨ | ᠲᠠᠷᠭᠤᠯᠠᠭᠤᠯᠵᠦ ᠤᠷᠢᠳᠴᠢᠯᠠᠨ ᠬᠤᠳᠠᠯᠳᠤᠬᠤ ᠠᠵᠢᠯ ᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠦᠵᠡᠵᠦ᠂ ᠲᠦᠷᠦ | ᠶᠢᠨ ᠪᠤᠳᠤᠯᠭ᠎ᠠ ᠶᠢᠨ ᠤᠬᠠᠭᠤᠯᠭ᠎ᠠ ᠪᠠᠨ ᠦᠨᠡᠨᠬᠦ ᠴᠢᠩᠭᠠᠳᠬᠠᠵᠦ᠂ ᠮᠠᠯᠴᠢᠨ ᠡᠷᠦᠬᠡ ᠶᠢ ᠢᠳᠡᠪᠬᠢᠳᠡᠢ ᠵᠢᠯᠤᠭᠤᠳᠤᠨ | ᠦᠵᠡᠯᠳᠡ ᠲᠠᠨᠢᠯᠳᠠ ᠶᠢ ᠨᠢ ᠬᠤᠪᠢᠷᠠᠭᠤᠯᠵᠦ᠂ ᠲᠠᠩᠰᠠ ᠪᠤᠳᠤᠨ ᠮᠠᠯ ᠮᠠᠯᠵᠢᠭᠤᠯᠵᠦ᠂ ᠦᠷᠭᠡᠨ ᠤᠯᠠᠨ ᠮᠠᠯᠴᠢᠳ ᠢ | ᠵᠢᠯᠤᠭᠤᠳᠤᠨ ᠮᠠᠯ ᠢᠶᠠᠨ ᠡᠷᠳᠡ ᠲᠦᠯᠯᠡᠬᠦᠯᠵᠦ᠂ ᠡᠪᠤᠯ᠂ ᠬᠠᠪᠤᠷ ᠤᠨ ᠡᠷᠳᠡ ᠶᠢᠨ ᠲᠦᠯ ᠲᠤᠰᠬᠤ ᠶᠢ ᠨᠢ | ᠵᠤᠷᠢᠭᠵᠢᠭᠤᠯᠬᠤ ᠭᠡᠷᠡᠭᠳᠡᠢ᠃ ᠪᠡᠯᠴᠢᠬᠡᠷᠯᠡᠬᠦᠯᠦᠨ ᠮᠠᠯᠵᠢᠬᠤ ᠶᠢᠨ ᠲᠠᠭᠠᠤ ᠪᠤᠷᠳᠤᠨ ᠲᠠᠷᠭᠤᠯᠠᠭᠤᠯᠵᠦ᠂ ᠬᠤᠷᠠᠭᠠᠨ ᠤ | ᠬᠦᠨᠳᠤ ᠶᠢᠨ ᠬᠡᠮᠵᠢᠶ᠎ᠠ ᠶᠢ ᠠᠵᠦ ᠠᠬᠤᠶᠢᠯᠠᠯ ᠤᠨ ᠬᠠᠮᠤᠭ ᠤᠨ ᠰᠠᠶᠢᠨ ᠪᠤᠯᠪᠠᠰᠤᠷᠠᠭᠤᠯᠬᠤ ᠪᠡᠷᠢᠮᠵᠢᠶᠠᠨ ᠳᠤ ᠬᠦᠷᠭᠡᠬᠦ | ᠭᠡᠷᠡᠭᠳᠡᠢ᠃ ᠤᠬᠠᠭᠤᠯᠤᠨ ᠵᠢᠯᠤᠭᠤᠳᠬᠤ ᠪᠠᠷ ᠲᠠᠮᠵᠢᠨ᠂ ᠮᠠᠯᠴᠢᠳ ᠤᠨ ᠰᠦᠨᠢᠳ ᠡᠬᠦᠯᠳᠡᠷ ᠤᠨ ᠡᠪᠤᠯ ᠤᠨ | ᠬᠤᠷᠠᠭ᠎ᠠ ᠲᠤᠰᠴᠦ ᠡᠷᠳᠡ ᠬᠤᠳᠠᠯᠳᠤᠨ᠂ ᠪᠡᠯᠴᠢᠬᠡᠷ ᠤᠨ ᠲᠠᠷᠤᠭᠠᠰᠤ ᠶᠢ ᠬᠦᠩᠭᠡᠯᠡᠨ᠂ ᠤᠷᠤᠯᠭ᠎ᠠ ᠶᠢ ᠨᠢ | ᠨᠡᠮᠡᠭᠳᠡᠬᠦᠯᠬᠦ ᠭᠡᠷᠡᠭᠳᠡᠢ᠃ | ︵ᠭᠤᠷᠪᠡ︶ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ | ᠦᠨᠳᠤᠰᠤᠨ ᠱᠠᠳᠤᠨ ᠤ ᠬᠠᠮᠢᠶ᠎ᠠ ᠪᠦᠬᠦᠢ ᠦᠷᠳᠡᠭᠡᠨ ᠤ ᠲᠤᠰᠬᠠᠢ ᠮᠡᠷᠭᠡᠵᠢᠯᠳᠡᠳ ᠡᠷᠭᠡᠪᠰᠢ ᠮᠠᠯ ᠤᠨ ᠬᠢᠵᠢᠭ ᠤᠨ | ᠰᠡᠷᠭᠡᠶᠢᠯᠡᠯᠳᠡ᠂ ᠮᠡᠷᠭᠡᠵᠢᠯ ᠤᠨ ᠵᠢᠯᠤᠭᠤᠳᠤᠯᠭ᠎ᠠ᠂ ᠲᠠᠵᠢᠬᠡᠯ ᠡᠪᠡᠰᠤᠨ ᠤ ᠬᠠᠩᠭᠠᠯᠭ᠎ᠠ ᠶᠢᠨ ᠬᠢᠨᠡᠨ ᠬᠠᠮᠢᠶᠠᠷᠤᠯᠳᠠ | ᠵᠡᠷᠭᠡ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠦ᠂ ᠮᠠᠯᠴᠢᠳ ᠤᠨ ᠬᠠᠰᠢᠶᠠᠯᠠᠨ ᠲᠠᠵᠢᠬᠡᠵᠦ ᠨᠠᠷᠢᠯᠢᠭ ᠮᠡᠯᠵᠢᠬᠤ | ᠡᠵᠡᠩᠨᠡᠨ ᠬᠠᠮᠢᠶᠠᠷᠤᠯᠳᠠ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠬᠤᠷᠠᠭ᠎ᠠ ᠪᠠᠨ ᠤᠬᠤᠷ | ᠬᠤᠭᠤᠴᠠᠭᠠᠨ ᠳᠤ ᠪᠤᠷᠳᠤᠨ ᠲᠠᠷᠭᠤᠯᠠᠭᠤᠯᠵᠦ ᠪᠤᠳᠠᠳᠤ ᠦᠷ᠎ᠡ ᠪᠦᠳᠤᠮᠵᠢ ᠤᠯᠬᠤ ᠶᠢ ᠪᠠᠳᠤᠯᠠᠬᠤ ᠭᠡᠷᠡᠭᠳᠡᠢ︔ | ᠡᠬᠦᠨ ᠤ ᠬᠠᠮᠳᠤ ᠮᠦᠷᠳᠡᠨ ᠦᠢᠯᠡᠴᠢᠯᠠᠬᠦ ᠦᠢᠯᠡᠴᠢᠯᠡᠭᠡ ᠬᠠᠩᠭᠠᠵᠦ᠂ ᠬᠠᠮᠢᠶ᠎ᠠ ᠪᠦᠬᠦᠢ ᠭᠠᠷ ᠬᠦᠢᠴᠡᠳᠭᠡᠯ ᠢ | ᠪᠦᠷᠢᠨᠰᠢᠬᠦᠯᠵᠦ᠂ ᠪᠤᠯᠪᠠᠰᠤᠷᠠᠭᠤᠯᠬᠤ ᠠᠵᠦ ᠠᠬᠤᠶᠢᠯᠠᠯ ᠢ ᠱᠠᠭᠠᠷᠳᠠᠨ ᠪᠠᠶᠢᠴᠠᠭᠠᠵᠦ᠂ ᠭᠠᠳᠠᠨ᠎ᠠ ᠬᠤᠰᠢᠭᠤ ᠠᠴᠠ | ᠮᠠᠯ ᠬᠤᠳᠠᠯᠳᠤᠨ ᠠᠪᠬᠤ ᠶᠢ ᠨᠢ ᠬᠤᠷᠢᠭᠯᠠᠵᠦ᠂ ᠭᠠᠳᠠᠨ᠎ᠠ ᠭᠠᠵᠡᠷ ᠤᠨ ᠮᠡᠯ ᠬᠤᠳᠠᠯᠳᠤᠨ ᠠᠪᠤᠭᠠᠳ ᠨᠦᠬᠦᠪᠤᠷᠢ ᠶᠢ | ᠮᠡᠬᠡᠯᠡᠨ ᠠᠪᠬᠤ ᠠᠴᠠ ᠰᠡᠷᠭᠡᠶᠢᠯᠡᠨ᠂ ᠬᠤᠰᠢᠭᠤᠨ ᠤ ᠮᠡᠯ ᠢᠶᠠᠨ ᠤᠷᠢᠳᠴᠢᠯᠠᠨ ᠬᠤᠳᠠᠯᠳᠤᠬᠤ ᠶᠢ ᠪᠠᠳᠤᠯᠬᠠᠤ | ᠭᠡᠷᠡᠭᠳᠡᠢ︔ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ᠂ ᠬᠦᠭᠵᠢᠬᠦᠯᠦᠯᠳᠡ ᠪᠡ | ᠦᠬᠡᠷᠡᠴᠢᠯᠠᠯᠳᠠ ᠶᠢᠨ ᠲᠤᠪᠴᠢᠶᠠᠨ ᠤ ᠪᠤᠳᠠᠰ ᠤᠨ ᠦᠨ᠎ᠡ ᠵᠡᠷᠭᠡ ᠰᠠᠯᠠᠭ᠎ᠠ ᠮᠦᠴᠢᠷ ᠡᠷᠭᠡᠪᠰᠢ ᠬᠤᠨᠢᠨ ᠮᠢᠬᠠᠨ ᠤ | ᠵᠠᠬ᠎ᠠ ᠲᠠᠯᠭᠡᠬᠦᠷ ᠵᠢᠴᠢ ᠦᠨ᠎ᠡ ᠬᠠᠩᠰᠢ ᠶᠢᠨ ᠪᠠᠶᠢᠳᠠᠯ ᠢ ᠵᠦᠪ ᠤᠨᠤᠪᠴᠢᠳᠠᠢ ᠡᠵᠡᠮᠰᠢᠵᠦ᠂ ᠦᠨ᠎ᠡ ᠶᠢ | ᠲᠤᠬᠢᠷᠠᠭᠤᠯᠬᠤ ᠪᠤᠳᠠᠳᠠᠢ ᠠᠷᠭ᠎ᠠ ᠪᠡᠷᠢᠯ ᠢ ᠰᠤᠳᠤᠯᠤᠨ ᠲᠤᠭᠳᠠᠭᠠᠵᠦ᠂ ᠮᠠᠯᠴᠢᠳ ᠤᠨ ᠬᠠᠤᠯᠢ ᠶᠤᠰᠤᠨ ᠤ ᠡᠷᠭᠡ | ᠠᠰᠢᠭ ᠢ ᠦᠨᠡᠨᠬᠦ ᠪᠠᠳᠤᠯᠠᠬᠤ ᠭᠡᠷᠡᠭᠳᠡᠢ᠃ | ︵ᠲᠦᠷᠪᠡ︶ ᠡᠯ᠎ᠡ ᠪᠤᠯᠪᠠᠰᠤᠷᠠᠭᠤᠯᠬᠤ ᠠᠵᠦ ᠠᠬᠤᠶᠢᠯᠠᠯ ᠡᠷᠭᠡᠪᠰᠢ ᠨᠡᠶᠢᠭᠡᠮ ᠤᠨ ᠬᠠᠷᠢᠭᠤᠴᠠᠯᠭ᠎ᠠ ᠪᠠᠨ | ᠦᠨᠡᠨᠬᠦ ᠬᠦᠢᠴᠡᠳᠭᠡᠵᠦ᠂ ᠬᠠᠤᠯᠢ ᠶᠤᠰᠤᠭᠠᠷ ᠪᠤᠯᠪᠠᠰᠤᠨ ᠡᠵᠡᠩᠨᠡᠯᠳᠡ ᠬᠢᠵᠦ᠂ ᠬᠤᠳᠠᠯᠳᠤᠨ ᠠᠪᠬᠤ ᠦᠨ᠎ᠡ ᠬᠠᠩᠰᠢ | ᠶᠢ ᠲᠤᠭᠳᠠᠪᠤᠷᠢᠵᠢᠭᠤᠯᠵᠦ᠂ ᠦᠨ᠎ᠡ ᠲᠠᠷᠤᠬᠤ ᠦᠬᠡᠢ᠂ ᠮᠠᠯᠴᠢᠳ ᠢ ᠱᠠᠮᠰᠢᠬᠤ ᠦᠬᠡᠢ ᠪᠠᠶᠢᠵᠦ᠂ ᠬᠤᠳᠠᠯᠳᠤᠨ | ᠠᠪᠬᠤ ᠦᠨ᠎ᠡ ᠬᠠᠩᠰᠢ ᠶᠢ ᠵᠤᠬᠢᠰᠳᠠᠢ ᠲᠤᠭᠳᠠᠭᠠᠨ᠂ ᠮᠡᠨ ᠤ ᠬᠤᠰᠢᠭᠤᠨ ᠤ ᠪᠠᠨ ᠮᠠᠯᠴᠢᠳ ᠤᠨ ᠬᠤᠷᠠᠭ᠎ᠠ ᠶᠢ | ᠢᠳᠡᠪᠬᠢᠳᠡᠢ ᠬᠤᠳᠠᠯᠳᠤᠨ ᠠᠪᠴᠦ ᠪᠤᠯᠪᠠᠰᠤᠷᠠᠭᠤᠯᠬᠤ ᠭᠡᠷᠡᠭᠳᠡᠢ᠃ ᠡᠬᠦᠨ ᠤ ᠬᠠᠮᠳᠤ᠂ ᠦᠨᠳᠤᠰᠤᠨ ᠱᠠᠳᠤᠨ ᠳᠤ | ᠢᠳᠡᠪᠬᠢᠳᠡᠢ ᠬᠦᠨᠵᠡᠬᠡᠶᠢᠷᠡᠵᠦ᠂ ᠤᠬᠠᠭᠤᠯᠭ᠎ᠠ ᠪᠠᠨ ᠴᠢᠩᠭᠠᠳᠬᠠᠵᠦ᠂ ᠢᠳᠡᠪᠬᠢᠳᠡᠢ ᠪᠠᠷ ᠭᠡᠯᠡᠯᠴᠡᠭᠡᠷ ᠲᠤᠭᠳᠠᠬᠤ | ᠪᠤᠶᠤ ᠵᠠᠬᠢᠶᠠᠯᠠᠭ᠎ᠠ ᠬᠢᠵᠦ᠂ ᠰᠠᠶᠢᠳᠤᠷ ᠦᠢᠯᠡᠴᠢᠯᠠᠨ᠂ ᠪᠤᠯᠪᠠᠰᠤᠷᠠᠭᠤᠯᠬᠤ ᠴᠢᠳᠠᠪᠤᠷᠢ ᠪᠠᠨ ᠨᠢᠬᠡᠳᠤᠯᠳᠠᠢ | ᠲᠦᠯᠦᠪᠵᠢᠬᠦᠯᠦᠨ ᠪᠤᠳᠤᠯᠬᠢᠯᠠᠵᠦ᠂ ᠬᠤᠳᠠᠯᠳᠤᠨ ᠠᠪᠬᠤ ᠴᠠᠭ ᠢ ᠵᠤᠬᠢᠰᠳᠠᠢ ᠲᠤᠬᠢᠷᠠᠭᠤᠯᠵᠦ᠂ ᠪᠦᠳᠤᠮᠵᠢᠳᠡᠢ | ᠠᠰᠢᠭ ᠲᠤᠰᠠ ᠶᠢᠨ ᠬᠤᠯᠪᠤᠭᠠᠳᠤ ᠵᠤᠬᠢᠴᠠᠮᠵᠢ ᠶᠢ ᠪᠦᠷᠢᠯᠳᠤᠬᠦᠯᠦᠨ᠂ ᠮᠠᠯᠴᠢᠨ ᠲᠠᠷᠢᠶᠠᠴᠢᠳ ᠤᠨ ᠢᠳᠡᠪᠬᠢᠵᠢᠯ ᠢ | ᠨᠢ ᠤᠯᠠᠮ ᠨᠢᠭᠡ ᠠᠯᠬᠤᠮ ᠲᠡᠭᠡᠭᠰᠢᠯᠡᠬᠦᠯᠬᠦ ᠭᠡᠷᠡᠭᠳᠡᠢ᠃ | ︵ᠲᠠᠪᠤ︶ ᠲᠡᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ ᠡᠷᠭᠡᠪᠰᠢ ᠦᠢᠯᠡᠳᠤᠯ ᠢᠶᠠᠨ ᠤᠯᠠᠮ ᠨᠢᠭᠡ | ᠠᠯᠬᠤᠮ ᠪᠠᠳᠠᠷᠠᠭᠤᠯᠵᠦ᠂ ᠬᠤᠷᠰᠢᠶᠠᠵᠢᠯ ᠤᠨ ᠬᠡᠰᠢᠬᠦᠳ ᠢ ᠲᠠᠶᠢᠴᠢᠯᠠᠨ ᠮᠡᠨ ᠤ ᠬᠤᠰᠢᠭᠤᠨ ᠤ ᠪᠠᠨ ᠮᠠᠯᠴᠢᠳ ᠤᠨ | ᠤᠷᠢᠳᠴᠢᠯᠠᠨ ᠪᠤᠯᠪᠠᠰᠤᠷᠠᠭᠤᠯᠬᠤ ᠰᠦᠨᠢᠳ ᠬᠤᠷᠠᠭ᠎ᠠ ᠶᠢ ᠬᠤᠳᠠᠯᠳᠤᠨ ᠠᠪᠴᠦ ᠲᠦᠪᠯᠡᠷᠡᠬᠦᠯᠦᠨ ᠭᠡᠪᠴᠢᠶᠠᠵᠢᠬᠦᠯᠦᠨ | ᠪᠤᠷᠳᠤᠵᠦ᠂ ᠭᠠᠳᠠᠨ᠎ᠡ ᠭᠠᠵᠡᠷ ᠤᠨ ᠮᠠᠯ ᠢ ᠬᠤᠳᠠᠯᠳᠤᠨ ᠠᠪᠬᠤ ᠶᠢ ᠴᠢᠩᠭ᠎ᠠ ᠬᠤᠷᠢᠭᠯᠠᠬᠤ ᠭᠡᠷᠡᠭᠳᠡᠢ᠃ | ᠵᠢᠷᠭᠤᠭ᠎ᠠ᠂ ᠨᠦᠬᠦᠪᠤᠷᠢ ᠮᠦᠩᠬᠦ ᠶᠢ ᠦᠭᠬᠦ ᠭᠡᠯᠪᠡᠷᠢ | ᠡᠪᠤᠯ ᠤᠨ ᠬᠤᠷᠠᠭ᠎ᠠ ᠶᠢ ᠪᠤᠷᠳᠤᠵᠦ ᠤᠷᠢᠳᠴᠢᠯᠠᠨ ᠬᠤᠳᠠᠯᠳᠤᠬᠤ ᠠᠵᠢᠯ ᠲᠠᠭᠤᠰᠤᠭᠰᠠᠨ ᠤ ᠲᠠᠷᠠᠭ᠎ᠠ᠂ | ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ ᠠᠴᠠ ᠬᠢᠵᠢᠭ ᠢ ᠪᠠᠶᠢᠴᠠᠭᠠᠬᠤ | ᠲᠡᠮᠳᠡᠭᠯᠡᠯ ᠤᠨ ᠬᠦᠰᠦᠨᠦᠭᠳᠤ᠂ ᠬᠤᠳᠠᠯᠳᠤᠨ ᠠᠪᠤᠭᠰᠠᠨ ᠪᠡᠷᠢᠮᠳᠠ᠂ ᠭᠤᠶᠤᠴᠢᠯᠠᠯ ᠢ ᠬᠢᠨᠠᠨ ᠬᠠᠷᠭᠤᠭᠤᠯᠤᠭᠰᠠᠨ | ᠬᠦᠰᠦᠨᠦᠭᠳᠤ ᠵᠡᠷᠭᠡ ᠶᠢ ᠦᠨᠳᠤᠰᠤᠯᠠᠨ ᠪᠤᠯᠪᠠᠰᠤᠷᠠᠭᠤᠯᠤᠭᠰᠠᠨ ᠬᠤᠷᠠᠭᠠᠨ ᠤ ᠲᠤᠭ᠎ᠠ ᠶᠢ ᠬᠢᠨᠡᠨ ᠬᠠᠷᠭᠤᠭᠤᠯᠵᠦ | ᠬᠤᠷᠢᠶᠠᠩᠭᠤᠶᠢᠯᠠᠭᠠᠳ᠂ ᠨᠦᠬᠦᠪᠤᠷᠢ ᠶᠢᠨ ᠲᠤᠭ᠎ᠠ ᠶᠢ ᠪᠤᠳᠤᠭᠰᠠᠨ ᠤ ᠲᠠᠷᠠᠭ᠎ᠠ᠂ ᠬᠤᠰᠢᠭᠤ ᠵᠠᠰᠠᠭ ᠤᠨ ᠤᠷᠳᠤᠨ | ᠳᠤ ᠮᠡᠳᠡᠬᠦᠯᠦᠨ ᠬᠢᠨᠡᠨ ᠲᠤᠭᠳᠠᠭᠠᠯᠭᠠᠨ᠎ᠠ᠃ ᠨᠦᠬᠦᠪᠤᠷᠢ ᠮᠦᠩᠬᠦ ᠶᠢ ᠬᠤᠰᠢᠭᠤ ᠡᠳ᠋ ᠤᠨ ᠵᠠᠰᠠᠭ ᠤᠨ ᠰᠠᠯᠠᠭ᠎ᠠ | ᠮᠦᠴᠢᠷ ᠠᠴᠠ ᠠᠵᠦ ᠠᠬᠤᠶᠢᠯᠠᠯ ᠤᠨ ᠲᠠᠩᠰᠠᠨ ᠡᠷᠦᠬᠡ ᠳᠤ ᠰᠢᠭᠤᠳ ᠤᠷᠤᠭᠤᠯᠤᠨ᠎ᠠ᠃ | |