ᠰᠦᠨᠢᠳ ᠪᠠᠷᠠᠭᠤᠨ ᠵᠠᠰᠠᠭ ᠠᠯᠪᠡᠨ ᠲᠠᠷᠬᠠᠭᠠᠭᠰᠠᠨ ﹇2020﹈ 30 ᠳ᠋ᠤᠭᠠᠷ ᠲᠤᠭᠠᠳᠤ | | ︽2020 ᠤᠨ ᠤ ᠮᠠᠯᠵᠢᠬᠤ ᠤᠷᠤᠨ ᠤ ᠭᠡᠷ ᠤᠨ ᠵᠤᠷᠯᠤᠩ ᠤᠨ ᠦᠬᠡᠷᠡᠴᠢᠯᠠᠯᠳᠠ ᠶᠢ | ᠭᠡᠷᠡᠭᠵᠢᠬᠦᠯᠬᠦ ᠲᠦᠰᠦᠯ︾ ᠢ ᠲᠠᠷᠤᠮᠠᠯᠯᠠᠨ ᠲᠠᠷᠬᠠᠭᠠᠬᠤ ᠲᠤᠬᠠᠢ | ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠭᠡᠷ ᠤᠨ ᠮᠡᠳᠡᠭᠳᠡᠯ | | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠦᠴᠢᠷ ᠲᠤ᠄ | ᠤᠯᠤᠰ᠂ ᠦᠪᠡᠷᠳᠡᠭᠡᠨ ᠵᠠᠰᠠᠬᠤ ᠤᠷᠤᠨ᠂ ᠠᠶᠢᠮᠠᠭ ᠤᠨ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠷᠠᠳ | ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠡ ︽ᠵᠤᠷᠯᠤᠩ ᠤᠨ ᠦᠬᠡᠷᠡᠴᠢᠯᠠᠯᠳᠠ︾ | ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ | ᠮᠡᠨ ᠤ ᠬᠤᠰᠢᠭᠤᠨ ᠤ ᠮᠠᠯᠵᠢᠬᠤ ᠤᠷᠤᠨ ᠤ ᠵᠤᠷᠯᠤᠩ ᠤᠨ ᠦᠬᠡᠷᠡᠴᠢᠯᠠᠯᠳᠠ ᠶᠢᠨ ᠢᠨᠵᠧᠨᠧᠷᠢᠩ ᠢ ᠴᠢᠨᠠᠷᠯᠢᠭ ᠬᠢᠬᠦ | ᠶᠢ ᠪᠦᠬᠦ ᠲᠠᠯ᠎ᠠ ᠪᠠᠷ ᠠᠬᠢᠭᠤᠯᠵᠦ᠂ ᠮᠠᠯᠵᠢᠬᠤ ᠤᠷᠤᠨ ᠤ ᠤᠷᠴᠢᠨ ᠲᠤᠭᠤᠷᠢᠨ ᠢ ᠤᠯᠠᠮ ᠨᠢᠭᠡ ᠠᠯᠬᠤᠮ | ᠰᠠᠶᠢᠵᠢᠷᠠᠭᠤᠯᠤᠨ᠂ ᠦᠷᠭᠡᠨ ᠤᠯᠠᠨ ᠮᠠᠯᠴᠢᠳ ᠢ ᠤᠯᠠᠮ ᠬᠦᠷᠳᠡᠭᠡᠮᠵᠢ ᠲᠠᠢ᠂ ᠵᠤᠯ ᠵᠢᠷᠭᠠᠯ ᠲᠠᠢ ᠠᠮᠢᠳᠤᠷᠠᠭᠤᠯᠬᠤ | ᠶᠢᠨ ᠲᠦᠯᠦᠬᠡ᠂ ᠲᠡᠭᠡᠳᠤ ᠱᠠᠳᠤᠨ ᠤ ᠪᠢᠴᠢᠭ ᠮᠡᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠤᠰᠤᠯᠠᠨ ᠲᠤᠰ ᠲᠦᠰᠦᠯ | ᠢ ᠲᠤᠭᠳᠠᠭᠠᠪᠠ᠃ | ᠨᠢᠬᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠶᠡᠷᠦᠩᠭᠡᠢ ᠱᠦᠵᠢ ᠰᠢ ᠶᠢᠨ ᠫᠢᠩ ᠤᠨ ︽ᠵᠤᠷᠯᠦᠩ ᠤᠨ | ᠦᠬᠡᠷᠡᠴᠢᠯᠠᠯᠳᠠ︾ ᠶᠢᠨ ᠲᠤᠬᠠᠢ ᠴᠢᠬᠤᠯᠠ ᠴᠤᠬᠤᠯᠠᠪᠤᠷᠢ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠪᠤᠳᠠᠳᠠᠢ ᠳᠤ ᠰᠠᠭᠤᠷᠢᠯᠠᠨ ᠵᠤᠷᠯᠤᠩ ᠢ ᠦᠬᠡᠷᠡᠴᠢᠯᠠᠬᠦ ᠮᠡᠷᠭᠡᠵᠢᠯ ᠪᠡ | ᠵᠤᠷᠯᠤᠩ ᠤᠨ ᠭᠡᠪ ᠵᠠᠭᠪᠤᠷ ᠢ ᠰᠤᠩᠭᠤᠵᠦ᠂ ᠮᠠᠯᠵᠢᠬᠤ ᠤᠷᠤᠨ ᠤ ᠵᠤᠷᠯᠤᠩ ᠤᠨ ᠦᠬᠡᠷᠡᠴᠢᠯᠠᠯᠳᠠ ᠶᠢᠨ ᠠᠵᠢᠯ ᠢ | ᠲᠦᠷᠦᠯ ᠬᠤᠪᠢᠶᠠᠨ ᠠᠬᠢᠭᠤᠯᠵᠦ᠂ ᠮᠡᠨ ᠤ ᠬᠤᠰᠢᠭᠤᠨ ᠤ ᠪᠠᠶᠢᠭᠠᠯᠢ ᠶᠢᠨ ᠨᠦᠬᠦᠴᠠᠯ᠂ ᠠᠵᠦ ᠠᠬᠤᠢ ᠶᠢᠨ | ᠨᠦᠬᠦᠴᠠᠯ ᠪᠡ ᠮᠠᠯᠴᠢᠨ ᠲᠦᠮᠡᠨ ᠤ ᠪᠤᠳᠠᠳᠤ ᠭᠡᠷᠡᠭᠴᠡᠭᠡ ᠳᠤ ᠨᠠᠶᠢᠴᠡᠭᠰᠡᠨ ᠭᠡᠷ ᠤᠨ ᠵᠤᠷᠯᠦᠩ ᠤᠨ ᠲᠦᠷᠦᠯ | ᠭᠡᠯᠪᠡᠷᠢ ᠶᠢ ᠠᠩᠬ᠎ᠠ ᠠᠯᠬᠤᠮ ᠪᠦᠷᠢᠯᠳᠤᠬᠦᠯᠦᠨ᠎ᠡ᠃ | ᠬᠤᠶᠠᠷ᠂ ᠦᠨᠳᠤᠰᠤᠨ ᠵᠠᠷᠴᠢᠮ | ︵ᠨᠢᠭᠡ︶ ᠮᠠᠯᠴᠢᠳ ᠢᠶᠠᠷ ᠭᠤᠤᠯ ᠪᠤᠯᠭᠠᠵᠦ᠂ ᠵᠠᠰᠠᠭ ᠤᠨ ᠤᠷᠳᠤᠨ ᠠᠴᠠ ᠬᠦᠳᠤᠯᠤᠨ ᠵᠢᠯᠤᠭᠤᠳᠤᠨ᠎ᠠ᠃ | ᠮᠠᠯᠴᠢᠳ ᠤᠨ ᠭᠤᠤᠯ ᠴᠤᠭᠴᠠ ᠶᠢᠨ ᠦᠢᠯᠡᠳᠤᠯ ᠢ ᠬᠦᠢᠴᠡᠳ ᠪᠠᠳᠠᠷᠠᠭᠤᠯᠵᠦ᠂ ᠮᠠᠯᠴᠢᠳ ᠤᠨ ᠬᠦᠰᠡᠯ ᠰᠠᠨᠠᠭ᠎ᠠ ᠶᠢ | ᠬᠦᠨᠳᠤᠳᠭᠡᠵᠦ᠂ ᠮᠠᠯᠴᠢᠳ ᠤᠨ ᠤᠷᠤᠯᠴᠠᠬᠤ ᠡᠷᠭᠡ ᠪᠡ ᠬᠢᠨᠡᠯᠳᠡ ᠲᠡᠯᠪᠢᠬᠤ ᠡᠷᠭᠡ ᠶᠢ ᠦᠨᠡᠨᠬᠦ ᠪᠠᠳᠤᠯᠠᠨ᠎ᠠ᠃ | ᠵᠠᠰᠠᠭ ᠤᠨ ᠤᠷᠳᠤᠨ ᠤ ᠬᠦᠳᠤᠯᠤᠨ ᠵᠢᠯᠤᠭᠤᠳᠬᠤ ᠦᠢᠯᠡᠳᠤᠯ ᠢ ᠬᠦᠢᠴᠡᠳ ᠪᠠᠳᠠᠷᠠᠭᠤᠯᠤᠨ᠂ ᠲᠦᠷᠦ ᠶᠢᠨ | ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠮᠠᠯᠴᠢᠳ ᠤᠨ ᠭᠡᠷ ᠤᠨ ᠵᠤᠷᠯᠤᠩ ᠤᠨ ᠦᠬᠡᠷᠡᠴᠢᠯᠠᠯᠳᠠ ᠶᠢᠨ | ᠠᠵᠢᠯ ᠳᠤ ᠤᠷᠤᠯᠴᠠᠬᠤ ᠢᠳᠡᠪᠬᠢᠵᠢᠯ ᠢ ᠲᠠᠶᠢᠴᠢᠯᠠᠨ᠎ᠠ᠃ | ︵ᠬᠤᠶᠠᠷ︶ ᠲᠤᠬᠠᠢ ᠶᠢᠨ ᠭᠠᠵᠡᠷ ᠤᠷᠤᠨ ᠤ ᠪᠠᠶᠢᠳᠠᠯ ᠳᠤᠨᠢ ᠲᠤᠬᠢᠷᠠᠭᠤᠯᠤᠨ᠂ ᠲᠦᠷᠦᠯ ᠬᠤᠪᠢᠶᠠᠨ ᠠᠷᠭ᠎ᠠ | ᠪᠤᠳᠤᠯᠭ᠎ᠠ ᠭᠡᠷᠡᠭᠵᠢᠬᠦᠯᠦᠨ᠎ᠡ᠃ ︽ᠭᠡᠷᠡᠭᠯᠡᠵᠦ ᠲᠠᠶᠢᠯᠬᠦ ᠪᠠᠷ ᠰᠠᠭᠤᠷᠢ ᠪᠤᠯᠭᠠᠬᠤ︾ ᠪᠡ ︽ᠠᠰᠢᠭᠯᠠᠯᠳᠠ ᠰᠠᠶᠢᠨ | ᠪᠠᠶᠢᠬᠤ ᠪᠠᠷ ᠪᠠᠷᠢᠮᠵᠢᠶ᠎ᠠ ᠪᠤᠯᠭᠠᠬᠤ︾ ᠪᠠᠷ ᠠᠵᠢᠯ ᠤᠨ ᠶᠡᠷᠦᠩᠭᠡᠢ ᠬᠠᠷᠠᠯᠳᠠ ᠪᠤᠯᠭᠠᠵᠦ᠂ ᠡᠯ᠎ᠡ ᠭᠠᠴᠠᠭᠠᠨ ᠤ | ᠮᠠᠯᠴᠢᠳ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠤ ᠤᠳᠤᠬᠢ ᠪᠠᠶᠢᠳᠠᠯ ᠪᠡ ᠪᠤᠳᠠᠳᠤ ᠭᠡᠷᠡᠭᠴᠡᠭᠡ | ᠱᠠᠭᠠᠷᠳᠠᠯᠭ᠎ᠠ ᠶᠢ ᠦᠨᠳᠤᠰᠤᠯᠠᠨ᠂ ᠮᠠᠯᠴᠢᠳ ᠤᠨ ᠬᠦᠯᠢᠶᠠᠨ ᠠᠪᠴᠦ ᠲᠠᠶᠢᠯᠬᠦ᠂ ᠦᠨ᠎ᠡ ᠬᠠᠩᠰᠢ ᠲᠤᠬᠢᠷᠠᠮᠵᠢᠳᠠᠢ᠂ | ᠠᠷᠠᠴᠢᠯᠠᠭ᠎ᠠ ᠲᠦᠬᠦᠮ᠂ ᠤᠷᠴᠢᠨ ᠲᠤᠭᠤᠷᠢᠨ ᠳᠤ ᠪᠤᠬᠢᠷᠳᠤᠯ ᠦᠬᠡᠢ ᠵᠤᠷᠯᠤᠩ ᠤᠨ ᠭᠡᠪ ᠵᠠᠭᠪᠤᠷ ᠢ ᠰᠢᠨᠵᠢᠯᠡᠬᠦ | ᠤᠬᠠᠭᠠᠨᠴᠢ ᠪᠠᠷ ᠵᠦᠢ ᠵᠤᠬᠢᠰᠳᠠᠢ ᠲᠤᠭᠳᠠᠭᠠᠨ᠎ᠠ᠃ | ︵ᠭᠤᠷᠪᠡ︶ ᠰᠢᠨᠵᠢᠯᠡᠬᠦ ᠤᠬᠠᠭᠠᠨᠴᠢ ᠪᠠᠷ ᠠᠰᠢᠭᠯᠠᠵᠦ᠂ ᠤᠷᠳᠤ ᠬᠤᠭᠤᠴᠠᠭ᠎ᠠ ᠪᠠᠷ ᠪᠦᠳᠤᠮᠵᠢᠳᠠᠢ | ᠬᠠᠮᠢᠶᠠᠷᠤᠨ᠎ᠠ᠃ ᠵᠤᠷᠯᠤᠩ ᠤᠨ ᠶᠠᠰᠤ ᠴᠢᠨᠡᠷ ᠢ ᠪᠠᠳᠤᠯᠠᠭᠰᠠᠨ ᠤᠷᠢᠳᠠᠯ ᠲᠤᠤᠷ᠎ᠡ᠂ ᠲᠤᠰ ᠭᠠᠵᠡᠷ ᠤᠷᠤᠨ ᠤ | ᠪᠤᠳᠠᠳᠤ ᠪᠠᠶᠢᠳᠠᠯ ᠳᠤ ᠲᠤᠬᠢᠷᠠᠭᠰᠠᠨ ᠤᠷᠳᠤ ᠬᠤᠭᠤᠴᠠᠭᠠᠨ ᠤ ᠪᠦᠳᠤᠮᠵᠢᠳᠠᠢ ᠠᠵᠢᠯᠯᠠᠭᠠᠨ ᠤ ᠬᠠᠮᠢᠶᠠᠷᠤᠯᠳᠠ ᠶᠢᠨ | ᠲᠦᠷᠢᠮ ᠢ ᠪᠠᠶᠢᠭᠤᠯᠤᠨ᠎ᠠ᠃ | ᠭᠤᠷᠪᠡ᠂ ᠠᠵᠢᠯ ᠤᠨ ᠬᠠᠷᠠᠯᠳᠠ | 2019 ᠤᠨ ᠤ ᠮᠡᠨ ᠤ ᠬᠤᠰᠢᠭᠤᠨ ᠤ ᠮᠡᠯᠵᠢᠬᠤ ᠤᠷᠤᠨ ᠤ ᠭᠡᠷ ᠤᠨ ᠵᠤᠷᠯᠤᠩ ᠤᠨ ᠦᠬᠡᠷᠡᠴᠢᠯᠠᠯᠳᠠ | ᠶᠢᠨ ᠲᠤᠷᠰᠢᠯᠭ᠎ᠠ ᠶᠢ ᠳ᠋ᠦᠩᠨᠡᠵᠦ᠂ 2020 ᠤᠨ ᠤ ᠮᠠᠯᠵᠢᠬᠤ ᠤᠷᠤᠨ ᠤ ᠵᠤᠷᠯᠤᠩ ᠤᠨ ᠦᠬᠡᠷᠡᠴᠢᠯᠠᠯᠳᠠ ᠶᠢᠨ | ᠠᠵᠢᠯ ᠢ ᠦᠷᠬᠦᠯᠵᠢᠯᠡᠨ ᠠᠬᠢᠭᠤᠯᠵᠦ᠂ ᠪᠦᠬᠦ ᠵᠢᠯ ᠳᠤ ᠪᠦᠬᠦ ᠬᠤᠰᠢᠭᠤᠨ ᠤ 974 ᠵᠤᠷᠯᠤᠩ ︵2019 ᠤᠨ ᠳᠤ | ᠪᠡᠶᠡᠯᠡᠬᠦᠯᠵᠦ ᠲᠠᠭᠤᠰᠤᠭᠠᠳᠤᠢ 674 ᠡᠷᠦᠬᠡ᠂ 2020 ᠤᠨ ᠤ 300 ᠡᠷᠦᠬᠡ︶ ᠤᠨ ᠦᠬᠡᠷᠡᠴᠢᠯᠠᠯᠳᠠ ᠶᠢᠨ | ᠠᠵᠢᠯ ᠢ ᠪᠡᠶᠡᠯᠡᠬᠦᠯᠵᠦ᠂ ᠮᠠᠯᠵᠢᠬᠤ ᠡᠷᠦᠬᠡ ᠶᠢᠨ ᠤᠷᠤᠨ ᠰᠠᠭᠤᠴᠠ ᠶᠢᠨ ᠶᠡᠰᠤ ᠴᠢᠨᠡᠷ ᠪᠡ ᠮᠠᠯᠵᠢᠬᠤ ᠤᠷᠤᠨ ᠤ | ᠤᠷᠤᠰᠢᠨ ᠰᠠᠭᠤᠬᠤ ᠤᠷᠴᠢᠨ ᠲᠤᠭᠤᠷᠢᠨ ᠤ ᠰᠠᠶᠢᠵᠢᠷᠠᠯᠳᠠ ᠶᠢ ᠠᠬᠢᠭᠤᠯᠤᠨ᠎ᠠ᠃ ᠡᠬᠦᠨ ᠳᠤ 2019 ᠤᠨ ᠤ | ᠤᠷᠤᠨ ᠰᠠᠭᠤᠴᠠ ᠪᠡ ᠬᠤᠳᠠ ᠬᠦᠳᠡᠭᠡ ᠶᠢᠨ ᠪᠦᠳᠤᠭᠡᠨ ᠪᠠᠶᠢᠭᠤᠯᠤᠯᠳᠠ ᠶᠢᠨ ᠲᠤᠪᠴᠢᠶ᠎ᠠ ᠨᠢ ᠭᠡᠷ᠎ᠡ ᠲᠤᠭᠳᠠᠭᠰᠠᠨ | ᠡᠷᠦᠬᠡ ᠶᠢᠨ ᠢᠶᠠᠨ ᠦᠬᠡᠷᠡᠴᠢᠯᠠᠵᠦ ᠲᠠᠭᠤᠰᠤᠭᠠᠳᠤᠢ 365 ᠡᠷᠦᠬᠡ ᠶᠢᠨ ᠵᠤᠷᠯᠤᠩ ᠤᠨ ᠦᠭᠡᠷᠡᠴᠢᠯᠠᠯᠳᠠ ᠶᠢᠨ | ᠡᠬᠦᠷᠭᠡ ᠪᠠᠨ ᠦᠷᠬᠦᠯᠵᠢᠯᠡᠨ ᠪᠡᠶᠡᠯᠡᠬᠦᠯᠵᠦ᠂ ᠪᠤᠰᠤᠳ 609 ᠡᠷᠦᠭᠡ ᠶᠢᠨ ᠵᠤᠷᠯᠤᠩ ᠤᠨ ᠦᠬᠡᠷᠡᠴᠢᠯᠠᠯᠳᠠ ᠶᠢᠨ | ᠠᠵᠢᠯ ᠢ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ ᠠᠴᠠ ᠪᠡᠶᠡᠯᠡᠬᠦᠯᠦᠨ᠎ᠡ᠃ | 2020 ᠤᠨ ᠤ ᠬᠤᠰᠢᠭᠤ ᠤᠷᠤᠨ ᠨᠤᠳᠤᠭ ᠤᠨ ᠢᠵᠢ ᠪᠦᠷᠢᠳᠤᠬᠦᠯᠬᠦ ᠪᠡᠯᠡ ᠮᠦᠩᠬᠦ ᠪᠠᠷ 450 ᠡᠷᠦᠬᠡ ᠳᠤ | ᠵᠤᠷᠯᠤᠩ ᠪᠠᠶᠢᠭᠤᠯᠵᠦ᠂ 2020 ᠤᠨ ᠳᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ | ᠲᠤᠪᠴᠢᠶ᠎ᠠ ᠠᠴᠠ ᠨᠡᠶᠢᠳᠡ 1059 ᠡᠷᠦᠬᠡ ᠳᠤ ᠵᠤᠷᠯᠤᠩ ᠤᠨ ᠦᠬᠡᠷᠡᠴᠢᠯᠠᠯᠳᠠ ᠬᠢᠨ᠎ᠡ᠃ | ᠲᠦᠷᠪᠡ᠂ ᠵᠤᠷᠯᠤᠩ ᠤᠨ ᠭᠡᠪ ᠵᠠᠭᠪᠤᠷ | 2019 ᠤᠨ ᠤ ᠮᠡᠨ ᠤ ᠬᠤᠰᠢᠭᠤᠨ ᠤ ᠮᠡᠯᠵᠢᠬᠤ ᠤᠷᠤᠨ ᠤ ᠭᠡᠷ ᠤᠨ ᠵᠤᠷᠯᠤᠩ ᠤᠨ ᠦᠬᠡᠷᠡᠴᠢᠯᠠᠯᠳᠠ | ᠶᠢᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠲᠡᠭᠡᠷ᠎ᠡ᠂ ᠮᠡᠨ ᠤ ᠬᠤᠰᠢᠭᠤᠨ ᠤ ᠮᠠᠯᠵᠢᠬᠤ ᠤᠷᠤᠨ ᠤ ᠪᠤᠳᠠᠳᠤ | ᠪᠠᠶᠢᠳᠠᠯ ᠪᠡ ᠮᠠᠯᠴᠢᠳ ᠤᠨ ᠬᠦᠰᠡᠯ ᠰᠠᠨᠠᠭ᠎ᠠ ᠶᠢ ᠦᠨᠳᠤᠰᠤᠯᠠᠵᠦ᠂ 2020 ᠤᠨ ᠤ ᠮᠡᠯᠵᠢᠬᠤ ᠤᠷᠤᠨ ᠤ ᠭᠡᠷ ᠤᠨ | ᠵᠤᠷᠯᠤᠩ ᠤᠨ ᠦᠬᠡᠷᠡᠴᠢᠯᠠᠯᠳᠠ ᠶᠢᠨ ᠭᠡᠪ ᠵᠠᠭᠪᠤᠷ ᠨᠢ ᠭᠡᠷ ᠲᠤᠳᠤᠷᠡᠬᠢ ᠠᠮᠢᠳᠤ ᠪᠤᠳᠠᠰ ᠤᠨ ᠵᠠᠳᠠᠷᠠᠭᠤᠯᠤᠯᠳᠠ ᠶᠢᠨ | ᠴᠢᠳᠠᠪᠬᠢᠳᠤ ᠵᠤᠷᠯᠤᠩ ᠪᠡ ᠭᠡᠷ ᠤᠨ ᠭᠠᠳᠠᠨᠠᠬᠢ ᠬᠠᠭᠤᠷᠠᠢ ᠵᠤᠷᠯᠤᠩ ᠭᠡᠬᠦ ᠬᠤᠶᠠᠷ ᠵᠦᠢᠯ ᠤᠨ ᠭᠡᠪ ᠵᠠᠭᠪᠤᠷ ᠪᠤᠯᠤᠨ᠎ᠠ | ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠬᠡ︶ ᠵᠤᠷᠯᠤᠩ ᠤᠨ ᠭᠡᠪ ᠵᠠᠭᠪᠤᠷ ᠢ ᠵᠤᠬᠢᠰᠳᠠᠢ ᠰᠤᠩᠭᠤᠬᠤ ᠭᠡᠷᠡᠭᠳᠡᠢ᠃ ᠲᠤᠬᠠᠢ ᠶᠢᠨ ᠭᠠᠵᠡᠷ ᠤᠨ | ᠪᠤᠳᠠᠳᠤ ᠪᠠᠶᠢᠳᠠᠯ ᠳᠤ ᠰᠠᠭᠤᠷᠢᠯᠠᠵᠦ᠂ ︽ᠭᠡᠷᠡᠭᠯᠡᠬᠦ ᠳᠤ ᠲᠦᠬᠦᠮ᠂ ᠦᠨ᠎ᠡ ᠬᠠᠩᠰᠢ ᠲᠤᠬᠢᠷᠠᠮᠵᠢᠳᠠᠢ᠂ ᠠᠮᠤᠷ | ᠲᠦᠪᠰᠢᠨ᠂ ᠠᠷᠢᠭᠤᠨ ᠴᠡᠪᠡᠷ︾ ᠪᠠᠶᠢᠬᠤ ᠦᠬᠡᠷᠡᠴᠢᠯᠠᠯᠳᠠ ᠶᠢᠨ ᠱᠠᠭᠠᠷᠳᠠᠯᠭ᠎ᠠ ᠶᠤᠰᠤᠭᠠᠷ᠂ ᠮᠠᠯᠵᠢᠬᠤ ᠤᠷᠤᠨ ᠤ | ᠠᠭᠤᠷ ᠠᠮᠢᠰᠬᠤᠯ᠂ ᠤᠰᠤᠨ ᠰᠤᠷᠪᠤᠯᠵᠢ ᠵᠡᠷᠭᠡ ᠭᠤᠤᠯ ᠬᠦᠴᠦᠨ ᠵᠦᠢᠯ ᠢ ᠬᠦᠢᠴᠡᠳ ᠪᠤᠳᠤᠯᠬᠢᠯᠠᠬᠤ ᠭᠡᠷᠡᠭᠳᠡᠢ᠃ | ᠲᠤᠬᠠᠢ ᠶᠢᠨ ᠭᠠᠵᠡᠷ ᠤᠷᠤᠨ ᠤ ᠪᠠᠶᠢᠳᠠᠯ ᠳᠠᠭᠠᠨ ᠲᠤᠬᠢᠷᠠᠭᠤᠯᠤᠨ ᠭᠡᠷ ᠲᠤᠳᠤᠷᠡᠬᠢ ᠠᠮᠢᠳᠤ ᠪᠤᠳᠠᠰ ᠤᠨ | ᠵᠠᠳᠠᠷᠠᠭᠤᠯᠤᠯᠳᠠ ᠶᠢᠨ ᠴᠢᠳᠠᠪᠬᠢᠳᠤ ᠵᠤᠷᠯᠤᠩ ᠪᠡ ᠭᠡᠷ ᠤᠨ ᠭᠠᠳᠠᠨᠠᠭᠢ ᠬᠠᠭᠤᠷᠠᠢ ᠵᠤᠷᠯᠤᠩ ᠭᠡᠬᠦ ᠬᠤᠶᠠᠷ ᠵᠠᠭᠪᠤᠷ | ᠠᠴᠠ ᠰᠤᠩᠭᠤᠨ᠎ᠠ᠃ ︽ᠤᠰᠤᠨ ᠳᠤ ᠲᠤᠬᠢᠷᠠᠮᠵᠢᠳᠠᠢ ᠪᠤᠯ ᠤᠰᠤ ᠪᠠᠷ ᠵᠠᠶᠢᠯᠠᠬᠤ ᠵᠤᠷᠯᠤᠩ ᠢ ᠰᠤᠩᠭᠤᠬᠤ᠂ | ᠬᠠᠭᠤᠷᠠᠢ ᠳᠤ ᠲᠤᠬᠢᠷᠠᠮᠵᠢᠳᠠᠢ ᠪᠤᠯ ᠬᠠᠭᠤᠷᠠᠢ ᠵᠤᠷᠯᠤᠩ ᠢ ᠰᠤᠩᠭᠤᠬᠤ︾ ᠵᠡᠷᠴᠢᠮ ᠢᠶᠠᠷ ᠪᠤᠳᠠᠳᠤ ᠪᠠᠶᠢᠳᠠᠯ ᠢᠶᠠᠨ | ᠦᠨᠳᠤᠰᠤᠯᠠᠨ ᠵᠤᠷᠯᠤᠩ ᠤᠨ ᠲᠦᠷᠦᠯ ᠭᠡᠯᠪᠡᠷᠢ ᠶᠢ ᠰᠤᠩᠭᠤᠵᠦ᠂ ᠪᠤᠰᠤᠳ ᠭᠠᠵᠡᠷ ᠤᠷᠤᠨ ᠤ ᠵᠤᠷᠯᠤᠩ ᠤᠨ ᠭᠡᠪ | ᠵᠠᠭᠪᠤᠷ ᠢ ᠰᠤᠬᠤᠷ ᠪᠠᠯᠠᠢ ᠪᠠᠷ ᠲᠠᠭᠤᠷᠢᠶᠠᠬᠤ ᠶᠢ ᠡᠷᠡᠰ ᠬᠤᠷᠢᠭᠯᠠᠵᠦ᠂ ᠵᠤᠷᠯᠤᠩ ᠪᠤᠯᠭᠠᠨ ᠢ ᠪᠡᠷᠢᠮᠵᠢᠶ᠎ᠠ ᠪᠠᠷ | ᠪᠠᠶᠢᠭᠤᠯᠤᠨ᠂ ᠠᠰᠢᠭᠯᠠᠯᠳᠠ ᠶᠢ ᠨᠢ ᠦᠨᠡᠨᠬᠦ ᠪᠠᠳᠤᠯᠠᠬᠤ ᠭᠡᠷᠡᠭᠳᠡᠢ᠃ | ︵ᠬᠤᠶᠠᠷ︶ ᠪᠦᠳᠤᠭᠡᠨ ᠪᠠᠶᠢᠭᠤᠯᠤᠯᠳᠠ ᠶᠢᠨ ᠶᠠᠪᠤᠴᠠ ᠶᠢ ᠴᠢᠩᠭ᠎ᠠ ᠲᠦᠷᠢᠮᠵᠢᠬᠦᠯᠬᠦ ᠭᠡᠷᠡᠭᠳᠡᠢ | 1. ᠵᠤᠷᠯᠤᠩ ᠢ ᠦᠬᠡᠷᠡᠴᠢᠯᠠᠨ ᠪᠠᠷᠢᠬᠤ ᠠᠵᠦ ᠠᠬᠤᠶᠢᠯᠠᠯ ᠢ ᠲᠤᠭᠳᠠᠭᠠᠨ᠎ᠡ᠃ ᠲᠠᠷᠢᠶᠠᠯᠠᠩ ᠮᠠᠯ ᠠᠵᠦ | ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ ᠠᠴᠠ ᠪᠦᠬᠦ ᠠᠶᠢᠮᠠᠭ ᠤᠨ ᠵᠤᠷᠯᠤᠩ ᠢ ᠦᠬᠡᠷᠡᠴᠢᠯᠠᠨ ᠪᠠᠷᠢᠬᠤ | ᠠᠵᠦ ᠠᠬᠤᠶᠢᠯᠠᠯ ᠢ ᠲᠠᠨᠢᠯᠴᠠᠭᠤᠯᠬᠤ ᠬᠤᠷᠠᠯ ︵2020 ᠤᠨ ᠤ 5 ᠰᠠᠷ᠎ᠠ 26 ᠤ ᠡᠳᠤᠷ ᠲᠤᠯᠤᠨ ᠨᠠᠭᠤᠷ ᠲᠤ | ᠬᠢᠭᠰᠡᠨ ᠬᠤᠷᠠᠯ︶ ᠳᠤ ᠮᠡᠨ ᠤ ᠠᠶᠢᠮᠠᠭ ᠤᠨ ᠲᠠᠨᠢᠯᠴᠠᠭᠤᠯᠤᠭᠰᠠᠨ ᠵᠤᠷᠯᠤᠩ ᠢ ᠦᠬᠡᠷᠡᠴᠢᠯᠠᠨ ᠪᠠᠷᠢᠬᠤ 3 — 4 | ᠠᠵᠦ ᠠᠬᠤᠶᠢᠯᠠᠯ ᠢ ᠤᠷᠢᠵᠦ ᠪᠦᠳᠤᠭᠡᠭᠳᠡᠬᠦᠨ ᠤ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠭᠤᠯᠵᠦ᠂ ᠰᠤᠮᠤ | ᠪᠠᠯᠭᠠᠰᠤ ᠵᠢᠴᠢ ᠭᠠᠴᠠᠭᠠᠨ ᠤ ᠬᠠᠷᠢᠭᠤᠴᠠᠯᠭᠠᠳᠠᠳ ᠬᠤᠷᠠᠯ ᠳᠤ ᠤᠷᠤᠯᠴᠠᠪᠡ᠃ ᠲᠠᠷᠢᠶᠠᠯᠠᠩ ᠮᠠᠯ ᠠᠵᠦ ᠠᠬᠤᠢ ᠪᠡ | ᠰᠢᠨᠵᠢᠯᠡᠭᠡ ᠮᠡᠷᠭᠡᠵᠢᠯ ᠤᠨ ᠲᠤᠪᠴᠢᠶ᠎ᠠ ᠠᠴᠠ ᠦᠨ᠎ᠡ ᠯᠠᠪᠯᠠᠬᠤ ᠲᠤᠭᠤᠶᠢᠯᠠᠩ ᠪᠠᠶᠢᠭᠤᠯᠵᠦ᠂ ᠦᠨ᠎ᠡ ᠯᠠᠪᠯᠠᠬᠤ ᠠᠷᠭ᠎ᠠ | ᠭᠡᠯᠪᠡᠷᠢ ᠪᠠᠷ ᠠᠵᠦ ᠠᠬᠤᠶᠢᠯᠠᠯ ᠤᠳ ᠤᠨ ᠲᠠᠨᠢᠯᠴᠠᠭᠤᠯᠤᠭᠰᠠᠨ ᠪᠦᠳᠤᠭᠡᠭᠳᠡᠬᠦᠨ ᠤ ᠴᠢᠳᠠᠮᠵᠢ᠂ ᠦᠨ᠎ᠡ ᠬᠠᠩᠰᠢ | ᠵᠡᠷᠭᠡ ᠶᠢ ᠬᠤᠭᠤᠷᠤᠨᠳᠤ ᠨᠢ ᠬᠠᠷᠢᠴᠠᠭᠤᠯᠤᠭᠠᠳ 1 — 2 ᠠᠵᠦ ᠠᠬᠤᠶᠢᠯᠠᠯ ᠢ ᠰᠤᠩᠭᠤᠭᠰᠠᠨ ᠤ ᠬᠠᠮᠳᠤ᠂ ᠮᠡᠨ | ᠤ ᠬᠤᠰᠢᠭᠤᠨ ᠳᠤ 1 — 2 ᠵᠦᠢᠯ ᠤᠨ ᠬᠠᠭᠤᠷᠠᠢ ᠵᠤᠷᠯᠤᠩ ᠤᠨ ᠭᠡᠪ ᠵᠠᠭᠪᠤᠷ ᠢ ᠭᠡᠷᠡᠭᠯᠡᠬᠦ ᠪᠠᠷ ᠲᠤᠭᠳᠠᠪᠠ᠃ | 2. ᠵᠤᠷᠯᠤᠩ ᠦᠬᠡᠷᠡᠴᠢᠯᠠᠬᠦ ᠡᠷᠦᠬᠡ ᠶᠢ ᠲᠤᠭᠳᠠᠭᠠᠨ᠎ᠠ᠃ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ | ᠮᠡᠷᠭᠡᠵᠢᠯ ᠤᠨ ᠲᠤᠪᠴᠢᠶ᠎ᠠ ᠠᠴᠠ ᠡᠯ᠎ᠡ ᠰᠤᠮᠤ ᠪᠠᠯᠭᠠᠰᠤ᠂ ᠭᠠᠴᠠᠭᠠᠨ ᠳᠤ 2019 ᠤᠨ᠂ 2020 ᠤᠨ ᠤ ᠭᠡᠷ | ᠤᠨ ᠵᠤᠷᠯᠤᠩ ᠤᠨ ᠦᠬᠡᠷᠡᠴᠢᠯᠠᠯᠳᠠ ᠶᠢᠨ ᠪᠦᠳᠤᠭᠡᠨ ᠪᠠᠶᠢᠭᠤᠯᠤᠯᠳᠠ ᠶᠢᠨ ᠡᠬᠦᠷᠭᠡ ᠶᠢᠨ ᠵᠠᠳᠠᠯᠤᠯᠳᠠ ᠶᠢᠨ | ᠲᠦᠯᠤᠪᠯᠡᠭᠡ ᠶᠢ ᠪᠠᠭᠤᠯᠭᠠᠵᠦ᠂ ᠮᠠᠯᠵᠢᠬᠤ ᠡᠷᠦᠬᠡ ᠠᠴᠠ ᠭᠤᠶᠤᠴᠢᠯᠠᠯ ᠭᠠᠷᠭᠠᠵᠦ᠂ ᠱᠠᠭᠠᠷᠳᠠᠯᠭ᠎ᠠ ᠶᠤᠰᠤᠭᠠᠷ | ᠵᠤᠷᠯᠤᠩ ᠤᠨ ᠪᠦᠬᠦ ᠦᠷᠳᠡᠭ ᠤᠨ ᠦᠪᠡᠷᠳᠡᠭᠡᠨ ᠭᠠᠷᠭᠠᠬᠤ ᠭᠡᠰᠡᠭ ᠢᠶᠠᠨ ᠰᠤᠮᠤ ᠪᠠᠯᠭᠠᠰᠤᠨ ᠳᠤ ᠲᠤᠰᠢᠶᠠᠵᠦ᠂ | ᠰᠤᠮᠤ ᠪᠠᠯᠭᠠᠰᠤ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠵᠤᠷᠯᠤᠩ ᠦᠬᠡᠷᠡᠴᠢᠯᠠᠬᠦ ᠡᠷᠦᠬᠡ ᠶᠢ ᠲᠤᠭᠳᠠᠭᠠᠨ᠎ᠠ᠃ | ᠵᠤᠷᠯᠤᠩ ᠦᠬᠡᠷᠡᠴᠢᠯᠠᠬᠦ ᠡᠷᠦᠬᠡ ᠨᠢ ᠡᠷᠭᠡᠪᠰᠢ ᠮᠠᠯᠵᠢᠬᠤ ᠦᠢᠯᠡᠳᠪᠤᠷᠢᠯᠡᠯ ᠡᠷᠬᠢᠯᠡᠵᠦ ᠪᠠᠶᠢᠭ᠎ᠠ ᠪᠠᠶᠢᠩᠭᠤ ᠰᠠᠭᠤᠭ᠎ᠠ | ᠡᠷᠦᠬᠡ ᠪᠠᠶᠢᠬᠤ ᠭᠡᠷᠡᠭᠳᠡᠢ᠃ | 3. ᠪᠦᠳᠤᠭᠡᠨ ᠪᠠᠶᠢᠭᠤᠯᠬᠤ ᠶᠠᠪᠤᠴᠠ᠃ ᠵᠤᠷᠯᠤᠩ ᠢ ᠦᠬᠡᠷᠡᠴᠢᠯᠠᠨ ᠪᠡᠷᠢᠬᠤ ᠠᠵᠦ ᠠᠬᠤᠶᠢᠯᠠᠯ ᠢ | ᠲᠤᠭᠳᠠᠭᠰᠠᠨ ᠤ ᠲᠠᠷᠠᠭ᠎ᠠ᠂ ᠮᠠᠯᠵᠢᠬᠤ ᠡᠷᠦᠬᠡ ᠨᠢ ᠠᠵᠦ ᠠᠬᠤᠶᠢᠯᠠᠯ ᠯᠤᠭ᠎ᠠ ᠪᠤᠳᠠᠳᠠᠢ ᠪᠡᠷᠢᠯᠭ᠎ᠠ ᠪᠡᠷᠢᠬᠤ ᠭᠡᠷ᠎ᠡ | ᠲᠤᠭᠳᠠᠨ᠎ᠠ᠃ ᠠᠵᠦ ᠠᠬᠤᠶᠢᠯᠠᠯ ᠭᠡᠷ᠎ᠡ ᠶᠤᠰᠤᠭᠠᠷ ᠵᠤᠷᠯᠤᠩ ᠦᠬᠡᠷᠡᠴᠢᠯᠠᠬᠦ ᠡᠷᠦᠬᠡ ᠨᠢᠭᠡᠪᠤᠷᠢ ᠳᠤ ᠪᠤᠳᠠᠳᠠᠢ | ᠪᠠᠷᠢᠯᠭ᠎ᠠ ᠬᠢᠬᠦ ᠭᠡᠷᠡᠭᠳᠡᠢ᠃ ᠪᠡᠷᠢᠯᠭ᠎ᠠ ᠶᠢᠨ ᠠᠵᠢᠯ ᠲᠠᠭᠤᠰᠪᠡᠯ᠂ ᠪᠠᠷᠢᠯᠭ᠎ᠠ ᠶᠢᠨ ᠠᠵᠦ ᠠᠬᠤᠶᠢᠯᠠᠯ ᠨᠢ ᠵᠤᠷᠯᠤᠩ | ᠪᠠᠷᠢᠭᠤᠯᠤᠭᠰᠠᠨ ᠡᠷᠦᠬᠡ ᠬᠠᠨᠤᠮᠵᠢᠳᠠᠢ ᠪᠠᠶᠢᠬᠤ ᠰᠠᠭᠤᠷᠢᠨ ᠲᠡᠭᠡᠷ᠎ᠡ᠂ ᠲᠤᠰ ᠡᠷᠦᠬᠡ ᠪᠠᠷ ︽ᠰᠦᠨᠢᠳ ᠪᠠᠷᠠᠭᠤᠨ | ᠬᠤᠰᠢᠭᠤᠨ ᠤ ᠮᠠᠯᠵᠢᠬᠤ ᠤᠷᠤᠨ ᠤ ᠭᠡᠷ ᠤᠨ ᠵᠤᠷᠯᠤᠩ ᠢ ᠦᠭᠡᠷᠡᠴᠢᠯᠠᠨ ᠪᠠᠷᠢᠵᠦ ᠲᠠᠭᠤᠰᠬᠠᠭᠰᠠᠨ ᠤ ᠲᠠᠷᠠᠭᠠᠬᠢ | ᠨᠦᠬᠦᠪᠤᠷᠢ ᠮᠦᠩᠬᠦ ᠶᠢ ᠨᠤᠳᠠᠯᠠᠬᠤ ᠨᠠᠶᠢᠳᠠᠯᠭ᠎ᠠ ᠶᠢᠨ ᠪᠢᠴᠢᠭ︾ ᠲᠡᠭᠡᠷ᠎ᠡ ᠭᠠᠷ ᠤᠨ ᠦᠰᠦᠭ ᠵᠢᠷᠤᠭᠤᠯᠤᠨ᠎ᠠ᠂ | ᠲᠡᠬᠢᠨ ᠪᠠᠷᠢᠯᠭ᠎ᠠ ᠶᠢᠨ ᠠᠵᠦ ᠠᠬᠤᠶᠢᠯᠠᠯ ᠨᠢ ᠲᠤᠰ ᠨᠠᠶᠢᠳᠠᠯᠭ᠎ᠠ ᠶᠢᠨ ᠪᠢᠴᠢᠭ ᠪᠡ ︽ᠰᠦᠨᠢᠳ ᠪᠠᠷᠠᠭᠤᠨ | ᠬᠤᠰᠢᠭᠤᠨ ᠤ ᠭᠡᠷ ᠤᠨ ᠵᠤᠷᠯᠤᠩ ᠤᠨ ᠦᠬᠡᠷᠡᠴᠢᠯᠠᠯᠳᠠ ᠶᠢᠨ ᠰᠢᠯᠭᠠᠨ ᠬᠤᠷᠢᠶᠠᠯᠳᠠ ᠶᠢᠨ ᠬᠠᠭᠤᠳᠠᠰᠤ︾ ᠵᠢᠴᠢ | ᠬᠠᠮᠢᠶ᠎ᠠ ᠪᠦᠬᠦᠢ ᠭᠡᠷ᠎ᠡ ᠬᠡᠯᠡᠯᠴᠡᠭᠡᠷ ᠤᠳ ᠢᠶᠠᠨ ᠠᠪᠴᠦ ᠤᠴᠢᠭᠠᠳ ᠰᠤᠮᠤ ᠪᠠᠯᠭᠠᠰᠤ ᠲᠠᠢ ᠲᠠᠩᠰᠠ ᠪᠤᠳᠤᠨ᠎ᠡ᠃ | 4. ᠲᠦᠷᠢᠮᠵᠢᠬᠦᠯᠬᠦ ᠱᠠᠭᠠᠷᠳᠠᠯᠭ᠎ᠠ᠃ ᠭᠡᠷ ᠤᠨ ᠵᠤᠷᠯᠤᠩ ᠤᠨ ᠦᠬᠡᠷᠡᠴᠢᠯᠠᠯᠳᠠ ᠶᠢᠨ ᠠᠵᠢᠯ ᠤᠨ | ᠲᠦᠷᠢᠮᠵᠢᠯᠳᠡ᠂ ᠪᠠᠷᠢᠮᠵᠢᠶᠠᠵᠢᠯᠳᠠ ᠶᠢ ᠪᠠᠳᠤᠯᠬᠠᠤ ᠶᠢᠨ ᠲᠦᠯᠦᠬᠡ᠂ ᠠᠳᠠᠯᠢ ᠭᠡᠪ ᠵᠠᠭᠪᠤᠷ ᠤᠨ ᠭᠡᠷ ᠤᠨ ᠵᠤᠷᠯᠤᠩ | ᠢ ᠨᠢᠭᠡᠳᠤᠯᠳᠠᠢ ᠪᠡᠷᠢᠮᠵᠢᠶ᠎ᠠ ᠶᠤᠰᠤᠭᠠᠷ ᠪᠠᠶᠢᠭᠤᠯᠬᠤ ᠶᠢᠨ ᠬᠠᠮᠳᠤ᠂ ᠡᠷᠦᠬᠡ ᠪᠠᠷ ᠭᠤᠤᠯ ᠴᠤᠭᠴᠠ ᠪᠤᠯᠭᠠᠨ | ᠪᠦᠳᠤᠭᠡᠨ ᠪᠠᠶᠢᠭᠤᠯᠤᠯᠳᠠ ᠪᠡ ᠬᠠᠮᠢᠶᠠᠷᠤᠯᠳᠠ ᠶᠢ ᠭᠡᠷᠡᠭᠵᠢᠬᠦᠯᠬᠦ ᠭᠡᠷᠡᠭᠳᠡᠢ᠃ ᠡᠯ᠎ᠡ ᠬᠠᠷᠢᠭᠤᠴᠠᠯᠭᠠᠳᠤ ᠰᠠᠯᠠᠭ᠎ᠠ | ᠮᠦᠴᠢᠷ ᠤᠳ ᠰᠤᠮᠤ ᠪᠠᠯᠭᠠᠰᠤ ᠲᠠᠢ ᠬᠠᠮᠵᠢᠯᠴᠠᠨ ᠠᠵᠦ ᠠᠬᠤᠶᠢᠯᠠᠯ ᠤᠨ ᠬᠢᠷᠢ ᠭᠡᠮ ᠢ ᠬᠢᠨᠡᠨ ᠬᠠᠷᠭᠤᠭᠤᠯᠬᠤ ᠠᠵᠢᠯ | ᠢ ᠬᠠᠮᠳᠤᠪᠡᠷ ᠰᠠᠶᠢᠳᠤᠷ ᠬᠢᠵᠦ᠂ ᠪᠠᠷᠢᠯᠭ᠎ᠠ ᠪᠡᠷᠢᠬᠤ ᠵᠦᠪᠰᠢᠶᠡᠷᠡᠯ ᠢ ᠴᠢᠩᠭ᠎ᠠ ᠠᠳᠬᠤᠬᠤ ᠭᠡᠷᠡᠭᠳᠡᠢ᠃ ᠡᠯ᠎ᠡ | ᠪᠠᠷᠢᠯᠭ᠎ᠠ ᠶᠢᠨ ᠠᠵᠦ ᠠᠬᠤᠶᠢᠯᠠᠯ ᠤᠳ ᠠᠵᠢᠯᠴᠢᠳ ᠤᠨ ᠴᠠᠯᠢᠩ ᠢ ᠲᠤᠭ᠎ᠠ ᠶᠤᠰᠤᠭᠠᠷ ᠨᠢ ᠬᠦᠢᠴᠡᠳ ᠦᠭᠴᠦ᠂ | ᠬᠠᠮᠢᠶ᠎ᠠ ᠪᠦᠬᠦᠢ ᠲᠦᠷᠢᠮᠵᠢᠭᠰᠡᠨ ᠬᠠᠮᠢᠶᠠᠷᠤᠯᠳᠠ ᠶᠢᠨ ᠭᠡᠯᠡᠯᠴᠡᠭᠡᠷ ᠲᠤᠭᠳᠠᠬᠤ ᠭᠡᠷᠡᠭᠳᠡᠢ᠃ ᠠᠵᠦ ᠠᠬᠤᠶᠢᠯᠠᠯ | ᠪᠡᠷᠢᠯᠭ᠎ᠠ ᠪᠡᠷᠢᠬᠤ ᠳᠠᠭᠠᠨ ᠮᠠᠯᠴᠢᠳ ᠤᠨ ᠬᠦᠰᠡᠯ ᠰᠠᠨᠠᠭ᠎ᠠ ᠶᠢ ᠬᠦᠨᠳᠤᠳᠭᠡᠵᠦ᠂ ᠪᠤᠳᠠᠳᠠᠢ ᠠᠵᠢᠯᠯᠠᠬᠤ ᠲᠦᠷᠢᠮ | ᠲᠤᠭᠳᠠᠭᠠᠯ ᠢᠶᠠᠷ ᠪᠠᠷᠢᠯᠭ᠎ᠠ ᠪᠠᠨ ᠪᠡᠷᠢᠬᠤ ᠶᠢᠨ ᠬᠠᠮᠳᠤ᠂ ᠡᠷᠦᠬᠡ ᠨᠢᠭᠡᠪᠤᠷᠢ ᠳᠤ ᠵᠤᠷᠯᠤᠩ ᠤᠨ ᠦᠬᠡᠷᠡᠴᠢᠯᠠᠯᠳᠠ ᠶᠢᠨ | ᠪᠦᠷᠢᠨ ᠪᠦᠳᠤᠨ ᠲᠠᠩᠰᠠ ᠡᠪᠭᠡᠮᠡᠯ ᠪᠠᠶᠢᠭᠤᠯᠬᠤ ᠭᠡᠷᠡᠭᠳᠡᠢ᠃ | ︵ᠭᠤᠷᠪᠡ︶ ᠶᠠᠰᠤ ᠴᠢᠨᠡᠷ ᠤᠨ ᠬᠢᠨᠠᠯᠳᠠ ᠶᠢ ᠴᠢᠩᠭ᠎ᠠ ᠠᠳᠬᠤᠬᠤ ᠭᠡᠷᠡᠭᠳᠡᠢ᠃ ᠪᠠᠷᠢᠯᠭ᠎ᠠ ᠶᠢᠨ ᠮᠡᠲ᠋ᠧᠷᠢᠶᠠᠯ | ᠢ ᠤᠷᠤᠭᠤᠯᠬᠤ ᠠᠴᠠ ᠡᠮᠤᠨ᠎ᠡ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠤᠰᠬᠠᠢ ᠮᠡᠷᠭᠡᠵᠢᠯ ᠤᠨ ᠠᠵᠢᠯᠳᠠᠳ | ᠪᠤᠯᠤᠨ ᠬᠦᠨᠳᠡᠯᠡᠨ ᠤ ᠬᠢᠨᠡᠨ ᠬᠠᠮᠢᠶᠠᠷᠤᠯᠳᠠ ᠶᠢᠨ ᠠᠵᠢᠯᠳᠠᠳ ᠢ ᠵᠤᠬᠢᠶᠠᠨ ᠪᠠᠶᠢᠭᠤᠯᠤᠨ ᠪᠠᠷᠢᠯᠭ᠎ᠠ ᠶᠢᠨ ᠮᠡᠲ᠋ᠧᠷᠢᠶᠠᠯ | ᠲᠦᠬᠦᠭᠡᠷᠤᠮᠵᠢ ᠶᠢ ᠲᠤᠬᠠᠢ ᠶᠢᠨ ᠲᠠᠯᠠᠪᠤᠷ ᠲᠤᠨᠢ ᠬᠢᠨᠡᠨ ᠰᠢᠯᠭᠠᠵᠦ᠂ ᠪᠦᠬᠦ ᠮᠡᠲ᠋ᠧᠷᠢᠶᠠᠯ ᠳᠤ ᠶᠠᠰᠤ ᠴᠢᠨᠡᠷ ᠤᠨ | ᠬᠢᠨᠡᠨ ᠰᠢᠯᠭᠠᠯᠳᠠ ᠶᠢᠨ ᠮᠡᠳᠡᠬᠦᠯᠤᠯᠳᠠ ᠪᠡᠯᠡᠳᠭᠡᠬᠦ ᠭᠡᠷᠡᠭᠳᠡᠢ᠃ ᠶᠠᠰᠤ ᠴᠢᠨᠡᠷ ᠨᠢ ᠬᠢᠷᠢ ᠲᠡᠩᠴᠡᠬᠦ ᠦᠬᠡᠢ | ᠪᠦᠳᠤᠭᠡᠭᠳᠡᠬᠦᠨ ᠢ ᠪᠡᠷᠢᠯᠭ᠎ᠠ ᠶᠢᠨ ᠠᠬᠤᠢ ᠲᠠᠯᠠᠪᠠᠢ ᠳᠤ ᠤᠷᠤᠭᠤᠯᠵᠦ ᠪᠤᠯᠬᠤ ᠦᠬᠡᠢ᠂ ᠤᠨᠴᠠᠭᠠᠶᠢᠯᠠᠨ ᠭᠠᠵᠡᠷ | ᠲᠤᠤᠷᠡᠬᠢ ᠲᠦᠬᠦᠭᠡᠷᠤᠮᠵᠢ ᠶᠢ ᠤᠷᠳᠤ ᠬᠤᠭᠤᠴᠠᠭ᠎ᠠ ᠪᠠᠷ ᠭᠡᠷᠡᠭᠯᠡᠵᠦ ᠲᠡᠶᠢᠯᠬᠦ ᠶᠢ ᠪᠠᠳᠤᠯᠬᠠᠤ ᠭᠡᠷᠡᠭᠳᠡᠢ᠃ ᠪᠠᠷᠢᠯᠭ᠎ᠠ | ᠶᠢᠨ ᠶᠡᠰᠤ ᠴᠢᠨᠡᠷ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠪᠡᠷᠢᠯᠭ᠎ᠠ ᠶᠢᠨ ᠪᠦᠬᠦ | ᠶᠠᠪᠤᠴᠠ ᠶᠢᠨ ᠬᠢᠨᠡᠯᠳᠡ ᠬᠠᠮᠢᠶᠠᠷᠤᠯᠳᠠ ᠶᠢ ᠴᠢᠩᠭᠠᠳᠬᠠᠵᠦ᠂ ᠬᠠᠮᠢᠶ᠎ᠠ ᠪᠦᠬᠦᠢ ᠰᠠᠯᠠᠭ᠎ᠠ ᠮᠦᠴᠢᠷ᠂ ᠰᠤᠮᠤ ᠪᠠᠯᠭᠠᠰᠤ᠂ | ᠭᠠᠴᠠᠭ᠎ᠠ᠂ ᠡᠷᠦᠬᠡ ᠶᠢᠨ ᠡᠵᠡᠨ ᠵᠢᠴᠢ ᠬᠦᠨᠳᠡᠯᠡᠨ ᠤ ᠬᠢᠨᠠᠯᠳᠠ ᠬᠠᠮᠢᠶᠠᠷᠤᠯᠳᠠ ᠳᠤ ᠬᠠᠮᠳᠤᠪᠡᠷ ᠤᠷᠤᠯᠴᠠᠭᠰᠠᠨ | ᠶᠠᠰᠤ ᠴᠢᠨᠡᠷ ᠲᠤ ᠬᠢᠨᠡᠯᠳᠡ ᠲᠠᠯᠪᠢᠬᠤ ᠲᠤᠭᠳᠠᠯᠴᠠᠭ᠎ᠠ ᠶᠢ ᠪᠠᠶᠢᠭᠤᠯᠵᠦ᠂ ᠪᠦᠳᠤᠭᠡᠨ ᠪᠠᠶᠢᠭᠤᠯᠤᠯᠳᠠ ᠶᠢᠨ ᠶᠡᠰᠤ | ᠴᠢᠨᠡᠷ ᠨᠢ ᠪᠠᠷᠢᠮᠵᠢᠶ᠎ᠠ ᠳᠤ ᠨᠡᠶᠢᠴᠡᠵᠦ᠂ ᠤᠯᠠᠨ ᠲᠦᠮᠡᠨ ᠰᠠᠳᠬᠢᠯ ᠬᠠᠨᠤᠮᠵᠢᠳᠡᠢ ᠪᠠᠶᠢᠬᠤ ᠶᠢ ᠪᠠᠳᠤᠯᠠᠬᠤ ᠭᠡᠷᠡᠭᠳᠡᠢ᠃ | ︵ᠲᠦᠷᠪᠡ︶ ᠪᠡᠷᠢᠯᠭ᠎ᠠ ᠶᠢ ᠰᠢᠯᠭᠠᠨ ᠬᠤᠷᠢᠶᠠᠬᠤ ᠠᠵᠢᠯ ᠢ ᠴᠢᠩᠭ᠎ᠠ ᠠᠳᠬᠤᠬᠤ ᠭᠡᠷᠡᠭᠳᠡᠢ | ᠭᠡᠷ ᠤᠨ ᠵᠤᠷᠯᠤᠩ ᠢ ᠪᠠᠷᠢᠵᠦ ᠲᠠᠭᠤᠰᠤᠭᠰᠠᠨ ᠤ ᠲᠠᠷᠠᠭ᠎ᠠ᠂ ᠲᠠᠷᠢᠶᠠᠯᠠᠩ ᠮᠠᠯ ᠠᠵᠦ ᠠᠬᠤᠢ ᠪᠡ | ᠰᠢᠨᠵᠢᠯᠡᠭᠡ ᠮᠡᠷᠭᠡᠵᠢᠯ ᠤᠨ ᠲᠤᠪᠴᠢᠶ᠎ᠠ ᠨᠢ ᠰᠤᠮᠤ ᠪᠠᠯᠭᠠᠰᠤ᠂ ᠠᠵᠦ ᠠᠬᠤᠶᠢᠯᠠᠯ᠂ ᠮᠠᠯᠵᠢᠬᠤ ᠡᠷᠦᠭᠡ ᠲᠠᠢ | ᠬᠠᠮᠳᠤᠷᠠᠨ ᠰᠢᠯᠭᠠᠨ ᠬᠤᠷᠢᠶᠠᠨ᠎ᠠ᠃ ᠰᠢᠯᠭᠠᠨ ᠬᠤᠷᠢᠶᠠᠬᠤ ᠳᠠᠭᠠᠨ ᠤᠯᠠᠨ ᠲᠦᠮᠡᠨ ᠤ ᠠᠰᠢᠭᠯᠠᠯᠳᠠ ᠶᠢᠨ ᠦᠷ᠎ᠡ | ᠪᠦᠳᠤᠮᠵᠢ᠂ ᠬᠠᠨᠤᠮᠵᠢ ᠶᠢᠨ ᠭᠡᠮᠵᠢᠶ᠎ᠠ ᠪᠤᠯᠤᠨ ᠭᠡᠷ ᠤᠨ ᠵᠤᠷᠯᠤᠩ ᠢ ᠦᠭᠡᠷᠡᠴᠢᠯᠠᠬᠦ ᠲᠠᠩᠰᠠ ᠡᠪᠭᠡᠮᠡᠯ ︵ᠲᠠᠩᠰᠠ | ᠡᠪᠭᠡᠮᠡᠯ ᠨᠢ ᠡᠷᠦᠬᠡ ᠶᠢᠨ ᠡᠵᠡᠨ ᠤ ᠮᠡᠳᠡᠭᠡ ᠵᠠᠩᠬᠢ᠂ ᠵᠤᠷᠯᠤᠩ ᠤᠨ ᠭᠡᠷᠡᠭᠰᠡᠯ ᠤᠨ ᠪᠦᠳᠤᠭᠡᠭᠳᠡᠬᠦᠨ ᠤ ᠮᠡᠳᠡᠭᠡ | ᠵᠠᠩᠬᠢ ᠵᠡᠷᠭᠡ ᠪᠦᠳᠤᠭᠡᠨ ᠪᠠᠶᠢᠭᠤᠯᠤᠯᠳᠠ ᠶᠢᠨ ᠪᠠᠶᠢᠳᠠᠯ ᠢ ᠪᠠᠭᠳᠠᠭᠠᠨ᠎ᠠ︶ ᠵᠡᠷᠭᠡ ᠶᠢ ᠰᠢᠯᠭᠠᠨ ᠬᠤᠷᠢᠶᠠᠯᠳᠠ ᠶᠢᠨ | ᠬᠦᠢᠴᠡᠳᠭᠡᠬᠦ ᠲᠤᠭ᠎ᠠ ᠳᠤ ᠤᠷᠤᠭᠤᠯᠬᠤ ᠭᠡᠷᠡᠭᠳᠡᠢ᠃ ᠵᠤᠷᠯᠤᠩ ᠢ ᠰᠢᠯᠭᠠᠨ ᠬᠤᠷᠢᠶᠠᠬᠤ ᠳᠤ ᠡᠷᠦᠭᠡ ᠶᠢᠨ ᠡᠵᠡᠨ ᠤ | ᠰᠡᠨᠡᠯ ᠢ ᠬᠤᠷᠢᠶᠠᠵᠦ᠂ ᠡᠷᠦᠬᠡ ᠶᠢᠨ ᠡᠵᠡᠨ ᠨᠢ ᠵᠤᠷᠯᠤᠩ ᠤᠨ ᠪᠠᠷᠢᠯᠭ᠎ᠠ ᠳᠤ ᠬᠠᠨᠤᠮᠵᠢ ᠦᠬᠡᠢ ᠮᠦᠷᠳᠡᠭᠡᠨ ᠵᠦᠢ | ᠶᠤᠰᠤᠨ ᠤ ᠤᠴᠢᠷ ᠰᠢᠯᠳᠠᠭᠠᠨ ᠲᠤᠷᠡᠳᠤᠭᠰᠠᠨ ᠪᠠᠶᠢᠪᠡᠯ ᠰᠢᠯᠭᠠᠨ ᠬᠤᠷᠢᠶᠠᠯᠳᠠ ᠳᠤ ᠬᠢᠷᠢ ᠲᠡᠩᠴᠡᠬᠦ ᠦᠬᠡᠢ ᠪᠠᠷ | ᠦᠵᠡᠨ᠎ᠡ᠃ ᠠᠵᠦ ᠠᠬᠤᠶᠢᠯᠠᠯ ᠨᠢ ᠲᠠᠬᠢᠨ ᠰᠢᠯᠭᠠᠨ ᠬᠤᠷᠢᠶᠠᠬᠤ ᠪᠠᠷᠢᠮᠵᠢᠶᠠᠨ ᠳᠤ ᠬᠦᠷᠳᠡᠯ᠎ᠡ ᠴᠡᠭᠴᠡᠯᠡᠨ | ᠰᠠᠶᠢᠵᠢᠷᠠᠭᠤᠯᠬᠤ ᠭᠡᠷᠡᠭᠳᠡᠢ᠃ ᠰᠢᠯᠭᠠᠨ ᠬᠤᠷᠢᠶᠠᠯᠳᠠ ᠳᠤ ᠬᠢᠷᠢ ᠲᠠᠩᠴᠠᠬᠦ ᠦᠬᠡᠢ ᠪᠤᠯ ᠡᠳ᠋ ᠤᠨ ᠵᠠᠰᠠᠭ ᠤᠨ | ᠨᠦᠬᠦᠪᠤᠷᠢ ᠮᠦᠩᠬᠦ ᠶᠢ ᠨᠢ ᠤᠯᠭᠤᠬᠤ ᠦᠬᠡᠢ᠃ | ︵ᠲᠠᠪᠤ︶ ᠪᠡᠯᠡ ᠮᠦᠩᠬᠦ ᠤᠯᠭᠤᠬᠤ ᠠᠷᠭ᠎ᠠ ᠮᠠᠶ᠋ᠢᠭ | ᠵᠤᠷᠯᠤᠩ ᠢ ᠦᠬᠡᠷᠡᠴᠢᠯᠠᠨ ᠪᠠᠷᠢᠬᠤ ᠠᠵᠦ ᠠᠬᠤᠶᠢᠯᠠᠯ ᠨᠢ ᠭᠡᠷ᠎ᠡ ᠶᠢᠨ ᠡᠬᠦᠷᠭᠡ ᠪᠠᠨ ᠪᠡᠶᠡᠯᠡᠬᠦᠯᠦᠭᠰᠡᠨ | ᠪᠦᠭᠡᠳ ᠰᠢᠯᠭᠠᠨ ᠬᠤᠷᠢᠶᠠᠯᠳᠠ ᠳᠤ ᠬᠢᠷᠢ ᠲᠡᠩᠴᠡᠪᠡᠯ ᠤᠷᠢᠳᠡᠪᠡᠷ ᠭᠡᠷ᠎ᠡ ᠶᠢᠨ ᠪᠦᠬᠦ ᠦᠨ᠎ᠡ ᠶᠢᠨ 90% ᠶᠢ ᠨᠢ | ᠦᠭᠴᠦ᠂ ᠦᠯᠡᠳᠡᠭᠰᠡᠨ 10% ᠶᠢ ᠨᠢ ᠲᠦᠬᠦᠭᠡᠷᠤᠮᠵᠢ ᠶᠢᠨ ᠪᠠᠳᠤᠯᠠᠭ᠎ᠠ ᠶᠢᠨ ᠮᠦᠩᠬᠦ ᠪᠤᠯᠭᠠᠵᠦ᠂ ᠨᠢᠬᠡ ᠵᠢᠯ ᠤᠨ | ᠶᠠᠰᠤ ᠴᠢᠨᠡᠷ ᠤᠨ ᠪᠠᠳᠤᠯᠠᠭ᠎ᠠ ᠶᠢᠨ ᠬᠤᠭᠤᠴᠠᠭ᠎ᠠ ᠨᠢ ᠲᠦᠬᠦᠷᠦᠭᠰᠡᠨ ᠤ ᠲᠠᠷᠠᠭ᠎ᠠ ᠶᠠᠰᠤ ᠴᠢᠨᠡᠷ ᠤᠨ ᠠᠰᠠᠭᠤᠳᠠᠯ | ᠦᠬᠡᠢ ᠪᠤᠯ ᠦᠯᠡᠳᠡᠭᠰᠡᠨ ᠵᠤᠭᠤᠰ ᠢ ᠨᠢ ᠪᠦᠬᠦᠨ ᠢ ᠦᠭᠴᠦ ᠲᠠᠭᠤᠰᠬᠠᠨ᠎ᠠ᠃ | ︵ᠵᠢᠷᠭᠤᠭ᠎ᠠ︶ ᠤᠷᠳᠤ ᠬᠤᠭᠤᠴᠠᠭᠠᠨ ᠤ ᠪᠦᠳᠤᠮᠵᠢᠳᠤ ᠲᠤᠭᠳᠠᠴᠠ ᠶᠢ ᠪᠠᠶᠢᠭᠤᠯᠤᠨ᠎ᠠ | ︽ᠭᠤᠷᠪᠡᠨ ᠬᠤᠪᠢ ᠶᠢᠨ ᠪᠦᠳᠤᠭᠡᠨ ᠪᠠᠶᠢᠭᠤᠯᠤᠯᠳᠠ᠂ ᠲᠤᠯᠤᠭᠠᠨ ᠬᠤᠪᠢ ᠶᠢᠨ ᠠᠷᠠᠴᠢᠯᠠᠭ᠎ᠠ︾ ᠭᠡᠬᠦ | ᠤᠶᠢᠯᠠᠭᠠᠭᠳᠠᠬᠤᠨ ᠢ ᠪᠤᠢ ᠪᠤᠯᠭᠠᠵᠦ᠂ ᠭᠡᠷ ᠤᠨ ᠵᠤᠷᠯᠤᠩ ᠢ ᠦᠬᠡᠷᠡᠴᠢᠯᠠᠨ ᠪᠠᠷᠢᠬᠤ ᠠᠵᠦ ᠠᠬᠤᠶᠢᠯᠠᠯ ᠰᠡᠬᠦᠯᠴᠢ | ᠶᠢᠨ ᠬᠤᠭᠤᠴᠠᠭᠠᠨ ᠤ ᠠᠷᠠᠴᠢᠯᠠᠭ᠎ᠠ᠂ ᠭᠡᠷᠡᠭᠯᠡᠯᠳᠡ᠂ ᠲᠦᠬᠦᠭᠡᠷᠤᠮᠵᠢ ᠶᠢᠨ ᠰᠠᠭᠠᠳᠠᠯ ᠢ ᠰᠡᠯᠪᠢᠨ ᠵᠠᠰᠠᠵᠦ ᠰᠤᠯᠢᠬᠤ | ᠵᠡᠷᠭᠡ ᠲᠠᠯ᠎ᠠ ᠶᠢᠨ ᠪᠤᠯᠪᠠᠰᠤᠷᠠᠯ ᠤᠨ ᠠᠵᠢᠯ ᠢ ᠰᠠᠶᠢᠳᠤᠷ ᠬᠢᠵᠦ᠂ ᠲᠤᠬᠠᠢ ᠶᠢᠨ ᠲᠠᠯᠠᠪᠤᠷ ᠲᠤ ᠲᠤᠭᠤᠷᠢᠨ ᠦᠵᠡᠬᠦ᠂ | ᠵᠤᠷᠯᠤᠩ ᠤᠨ ᠪᠠᠭᠠᠵᠢ ᠲᠦᠬᠦᠭᠡᠷᠤᠮᠵᠢ ᠶᠢᠨ ᠦᠵᠡᠬᠦᠯᠦᠯᠬᠡ ᠬᠢᠬᠦ ᠵᠡᠷᠭᠡ ᠭᠡᠯᠪᠡᠷᠢ ᠪᠠᠷ ᠮᠡᠯᠵᠢᠬᠤ ᠤᠷᠤᠨ ᠤ ᠭᠡᠷ ᠤᠨ | ᠵᠤᠷᠯᠤᠩ ᠢ ᠦᠭᠡᠷᠡᠴᠢᠯᠠᠬᠦ ᠮᠡᠷᠭᠡᠵᠢᠯ ᠤᠨ ᠵᠢᠯᠤᠭᠤᠳᠤᠯᠭ᠎ᠠ ᠶᠢ ᠬᠦᠨᠵᠡᠭᠡᠢ ᠦᠷᠨᠢᠬᠦᠯᠬᠦ ᠭᠡᠷᠡᠭᠳᠡᠢ᠃ ᠬᠠᠮᠢᠶ᠎ᠠ ᠪᠦᠬᠦᠢ | ᠮᠡᠷᠭᠡᠵᠢᠯ ᠤᠨ ᠬᠦᠢᠴᠡᠳᠭᠡᠬᠦ ᠲᠤᠭ᠎ᠠ ᠶᠢ ᠲᠤᠳᠤᠷᠬᠠᠶᠢᠯᠠᠵᠦ᠂ ᠪᠠᠷᠢᠯᠭ᠎ᠠ ᠶᠢᠨ ᠵᠢᠷᠤᠭ ᠲᠦᠯᠦᠪᠯᠡᠭᠡ ᠶᠢ ᠬᠠᠩᠭᠠᠬᠤ | ᠭᠡᠷᠡᠭᠳᠡᠢ᠃ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ ᠨᠢ ᠪᠡᠷᠢᠯᠭ᠎ᠠ | ᠶᠢᠨ ᠠᠵᠢᠯᠳᠠᠳ ᠤᠨ ᠪᠠᠷᠢᠯᠭ᠎ᠠ ᠶᠢᠨ ᠪᠡᠷᠢᠮᠵᠢᠶ᠎ᠠ ᠶᠤᠰᠤᠭᠠᠷ ᠪᠡᠷᠢᠬᠤ ᠶᠢ ᠱᠠᠭᠠᠷᠳᠠᠵᠦ᠂ ᠪᠡᠷᠢᠯᠭ᠎ᠠ ᠶᠢᠨ ᠶᠠᠰᠤ ᠴᠢᠨᠡᠷ | ᠪᠡ ᠠᠮᠤᠷ ᠲᠦᠪᠰᠢᠨ ᠢ ᠦᠨᠡᠨᠬᠦ ᠪᠠᠳᠤᠯᠠᠬᠤ ᠭᠡᠷᠡᠭᠳᠡᠢ᠃ ᠪᠤᠳᠠᠳᠠᠢ ᠠᠵᠢᠯ ᠢ ᠠᠬᠢᠭᠤᠯᠬᠤ ᠲᠤᠮᠳᠠ᠂ ᠲᠠᠷᠢᠶᠠᠯᠠᠩ | ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ ᠨᠢ ᠪᠠᠶᠢᠴᠠᠭᠠᠯᠳᠠ᠂ ᠮᠡᠷᠭᠡᠵᠢᠯ ᠤᠨ ᠵᠢᠯᠤᠭᠤᠳᠤᠯᠭ᠎ᠠ | ᠶᠢᠨ ᠦᠢᠯᠡᠴᠢᠯᠡᠭᠡ ᠪᠡ ᠪᠡᠴᠢᠮ ᠪᠠᠶᠢᠳᠠᠯ ᠢ ᠠᠷᠭᠠᠴᠠᠨ ᠰᠢᠢᠳᠪᠤᠷᠢᠯᠡᠬᠦ ᠠᠵᠢᠯ ᠢ ᠲᠤᠭᠳᠠᠮᠠᠯ ᠬᠤᠭᠤᠴᠠᠭ᠎ᠠ ᠲᠠᠢ ᠪᠠᠷ | ᠦᠷᠨᠢᠬᠦᠯᠵᠦ᠂ ᠵᠤᠷᠯᠤᠩ ᠦᠬᠡᠷᠡᠴᠢᠯᠠᠬᠦ ᠠᠵᠢᠯ ᠳᠤ ᠪᠠᠶᠢᠩᠭᠤ ᠶᠢᠨ ᠴᠢᠨᠡᠷᠳᠡᠢ ᠮᠦᠷᠳᠡᠨ ᠦᠢᠯᠡᠴᠢᠯᠠᠬᠦ ᠦᠢᠯᠡᠴᠢᠯᠡᠭᠡ | ᠪᠡ ᠵᠢᠯᠤᠭᠤᠳᠤᠯᠭ᠎ᠠ ᠬᠠᠩᠭᠠᠬᠤ ᠭᠡᠷᠡᠭᠳᠡᠢ᠃ ᠮᠠᠯᠴᠢᠳ ᠤᠷᠴᠢᠨ ᠲᠤᠭᠤᠷᠢᠨ ᠢ ᠬᠠᠮᠠᠭᠠᠯᠠᠬᠤ ᠤᠬᠠᠮᠰᠠᠷ ᠢᠶᠠᠨ | ᠴᠢᠩᠭᠠᠳᠬᠠᠵᠦ᠂ ᠵᠠᠬ᠎ᠠ ᠲᠠᠯᠭᠡᠬᠦᠷ ᠤᠨ ᠬᠦᠨᠳᠡᠯᠡᠨ ᠲᠠᠯ᠎ᠠ ᠶᠢᠨ ᠵᠤᠷᠯᠤᠩ ᠤᠨ ᠢᠯᠭᠠᠳᠠᠰᠤ ᠪᠤᠬᠢᠷᠳᠤᠯ ᠢ ᠴᠡᠪᠡᠷᠯᠡᠬᠦ | ᠦᠨ᠎ᠡ ᠲᠦᠯᠦᠪᠤᠷᠢ ᠲᠠᠢ ᠦᠢᠯᠡᠴᠢᠯᠡᠭᠡ ᠬᠠᠩᠭᠠᠵᠦ᠂ ᠡᠨᠡᠬᠦ ᠵᠠᠷᠤᠳᠠᠯ ᠢ ᠨᠢ ᠮᠠᠯᠵᠢᠬᠤ ᠡᠷᠦᠬᠡ ᠦᠪᠡᠷᠳᠡᠭᠡᠨ | ᠬᠠᠷᠢᠭᠤᠴᠠᠨ᠎ᠠ᠃ | ᠵᠢᠷᠭᠤᠭ᠎ᠠ᠂ ᠨᠦᠬᠦᠪᠤᠷᠢ ᠶᠢᠨ ᠪᠡᠷᠢᠮᠵᠢᠶ᠎ᠠ ᠪᠡ ᠤᠯᠭᠤᠬᠤ ᠠᠷᠭ᠎ᠠ ᠬᠡᠯᠪᠡᠷᠢ | ᠲᠡᠭᠡᠳᠤ ᠱᠠᠳᠤᠨ ᠤ ᠡᠳ᠋ ᠤᠨ ᠵᠠᠰᠠᠭ ᠡᠷᠦᠬᠡ ᠪᠦᠷᠢ ᠳᠤ 3000 ᠲᠦᠬᠦᠷᠢᠭ ᠨᠦᠬᠦᠪᠤᠷᠢᠯᠡᠵᠦ᠂ | ᠬᠦᠷᠦᠯᠴᠡᠬᠦ ᠦᠬᠡᠢ ᠭᠡᠰᠡᠭ ᠢ ᠨᠢ ᠵᠤᠷᠯᠤᠩ ᠦᠬᠡᠷᠡᠴᠢᠯᠠᠬᠦ ᠡᠷᠦᠬᠡ ᠦᠪᠡᠷᠳᠡᠭᠡᠨ ᠭᠠᠷᠭᠠᠵᠦ᠂ ᠪᠤᠳᠠᠳᠠᠢ ᠭᠠᠷᠭᠠᠬᠤ | ᠵᠤᠭᠤᠰᠤᠨ ᠤ ᠲᠤᠭ᠎ᠠ ᠶᠢ ᠪᠡᠷᠢᠯᠭ᠎ᠠ ᠶᠢᠨ ᠠᠵᠦ ᠠᠬᠤᠶᠢᠯᠠᠯ ᠢ ᠲᠤᠭᠳᠠᠭᠰᠠᠨ ᠤ ᠲᠠᠷᠠᠭ᠎ᠠ ᠵᠤᠷᠯᠤᠩ ᠤᠨ ᠠᠳᠠᠯᠢ | ᠪᠤᠰᠤ ᠭᠡᠪ ᠵᠠᠭᠪᠤᠷ ᠢ ᠦᠨᠳᠤᠰᠤᠯᠠᠨ ᠲᠤᠭᠳᠠᠭᠠᠨ᠎ᠠ᠃ ᠠᠩᠬ᠎ᠠ ᠠᠯᠬᠤᠮ ᠤᠨ ᠯᠠᠪᠯᠠᠭᠰᠠᠨ ᠦᠨ᠎ᠡ ᠨᠢ ᠡᠷᠦᠬᠡ ᠪᠦᠷᠢ | 4000 ᠲᠦᠬᠦᠷᠢᠭ ᠤᠷᠴᠢᠮ ᠪᠤᠯᠤᠨ᠎ᠠ᠃ ᠪᠠᠷᠢᠯᠭ᠎ᠠ ᠶᠢᠨ ᠪᠦᠳᠤᠭᠡᠨ ᠪᠠᠶᠢᠭᠤᠯᠤᠯᠳᠠ ᠶᠢᠨ ᠨᠦᠬᠦᠪᠤᠷᠢ ᠮᠦᠩᠬᠦ ᠶᠢ | ︽ᠤᠷᠢᠳᠡᠪᠡᠷ ᠪᠠᠶᠢᠭᠤᠯᠵᠦ᠂ ᠲᠠᠷᠠᠭ᠎ᠠ ᠨᠢ ᠨᠦᠬᠦᠪᠤᠷᠢᠯᠡᠬᠦ︾ ᠠᠷᠭ᠎ᠠ ᠮᠠᠶ᠋ᠢᠭ ᠢᠶᠠᠷ ᠤᠯᠭᠤᠵᠦ᠂ ᠵᠤᠷᠯᠤᠩ ᠢ | ᠦᠬᠡᠷᠡᠴᠢᠯᠠᠬᠦ ᠠᠵᠢᠯ ᠡᠬᠢᠯᠡᠬᠦ ᠠᠴᠠ ᠡᠮᠤᠨ᠎ᠡ ᠵᠤᠷᠯᠤᠩ ᠦᠬᠡᠷᠡᠴᠢᠯᠠᠬᠦ ᠡᠷᠦᠬᠡ ᠨᠢ ᠦᠪᠡᠷᠳᠡᠭᠡᠨ ᠭᠠᠷᠭᠠᠬᠤ ᠭᠡᠰᠡᠭ | ᠢᠶᠠᠨ ᠰᠤᠮᠤ ᠪᠠᠯᠭᠠᠰᠤᠨ ᠳᠠᠭᠠᠨ ᠲᠤᠰᠢᠶᠠᠨ᠎ᠠ᠃ ᠵᠤᠷᠯᠤᠩ ᠦᠬᠡᠷᠡᠴᠢᠯᠠᠬᠦ ᠡᠷᠦᠬᠡ ᠶᠢᠨ ᠭᠠᠷ ᠤᠨ ᠦᠰᠦᠭ | ᠵᠢᠷᠤᠭᠰᠠᠨ ︽ᠰᠦᠨᠢᠳ ᠪᠠᠷᠠᠭᠤᠨ ᠬᠤᠰᠢᠭᠤᠨ ᠤ ᠮᠠᠯᠵᠢᠬᠤ ᠤᠷᠤᠨ ᠤ ᠭᠡᠷ ᠤᠨ ᠵᠤᠷᠯᠤᠩ ᠢ ᠦᠬᠡᠷᠡᠴᠢᠯᠠᠵᠦ | ᠲᠠᠭᠤᠰᠬᠠᠭᠰᠠᠨ ᠤ ᠲᠠᠷᠠᠭᠠᠬᠢ ᠨᠦᠬᠦᠪᠤᠷᠢ ᠮᠦᠩᠬᠦ ᠶᠢ ᠨᠤᠳᠠᠯᠠᠬᠤ ᠨᠠᠶᠢᠳᠠᠯᠭ᠎ᠠ ᠶᠢᠨ ᠪᠢᠴᠢᠭ︾ ᠵᠢᠴᠢ ᠲᠠᠷᠢᠶᠠᠯᠠᠩ | ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠰᠤᠮᠤ ᠪᠠᠯᠭᠠᠰᠤ ᠵᠡᠷᠭᠡ ᠪᠠᠷ ᠪᠦᠷᠢᠯᠳᠦᠭᠰᠡᠨ | ᠰᠢᠯᠭᠠᠨ ᠬᠤᠷᠢᠶᠠᠬᠤ ᠲᠤᠭᠤᠶᠢᠯᠠᠩ ᠤᠨ ᠰᠢᠯᠭᠠᠨ ᠬᠤᠷᠢᠶᠠᠯᠳᠠ ᠶᠢᠨ ᠳ᠋ᠦᠩ ᠢ ᠦᠨᠳᠤᠰᠤᠯᠠᠨ ᠬᠤᠷᠢᠶᠠᠩᠭᠤᠶᠢᠯᠠᠨ | ᠲᠡᠪᠳᠡᠷᠯᠡᠵᠦ᠂ ᠪᠡᠷᠢᠯᠭ᠎ᠠ ᠶᠢᠨ ᠠᠵᠦ ᠠᠬᠤᠶᠢᠯᠠᠯ ᠠᠴᠠ ᠬᠦᠴᠦᠨ ᠪᠦᠬᠦᠢ ᠪᠡᠷᠢᠮᠳᠠ ᠭᠠᠷᠭᠠᠵᠦ᠂ ᠰᠤᠮᠤ ᠪᠠᠯᠭᠠᠰᠤ | ᠨᠢ ᠡᠳ᠋ ᠤᠨ ᠵᠠᠰᠠᠭ ᠠᠴᠠ ᠭᠡᠷ ᠤᠨ ᠵᠤᠷᠯᠤᠩ ᠤᠨ ᠦᠬᠡᠷᠡᠴᠢᠯᠠᠯᠳᠠ ᠶᠢᠨ ᠨᠦᠬᠦᠪᠤᠷᠢ ᠶᠢᠨ ᠪᠡᠯᠡ ᠮᠦᠩᠬᠦ | ᠭᠤᠶᠤᠴᠢᠯᠠᠬᠤ ᠶᠢᠨ ᠬᠠᠮᠳᠤ᠂ ᠵᠤᠷᠯᠤᠩ ᠦᠬᠡᠷᠡᠴᠢᠯᠠᠬᠦ ᠡᠷᠦᠬᠡ ᠠᠴᠠ ᠴᠤᠭᠯᠠᠭᠤᠯᠤᠭᠰᠠᠨ ᠮᠦᠩᠬᠦ ᠶᠢ ᠨᠡᠶᠢᠯᠡᠬᠦᠯᠦᠨ | ᠵᠤᠷᠯᠤᠩ ᠤᠨ ᠦᠬᠡᠷᠡᠴᠢᠯᠠᠯᠳᠠ ᠶᠢᠨ ᠪᠡᠯᠡ ᠮᠦᠩᠬᠦ ᠪᠤᠯᠭᠠᠵᠦ᠂ ᠪᠠᠷᠢᠯᠭ᠎ᠠ ᠶᠢᠨ ᠠᠵᠦ ᠠᠬᠤᠶᠢᠯᠠᠯ ᠳᠤ ᠰᠢᠭᠤᠳ | ᠦᠭᠬᠦᠨ᠎ᠡ᠃ ᠨᠦᠬᠦᠪᠤᠷᠢ ᠦᠭᠬᠦ ᠦᠶ᠎ᠠ ᠳᠤ᠂ ᠰᠤᠮᠤ ᠪᠠᠯᠭᠠᠰᠤ ᠤᠷᠢᠳᠡᠪᠡᠷ ᠠᠵᠦ ᠠᠬᠤᠶᠢᠯᠠᠯ ᠤᠨ ᠪᠡᠷᠢᠯᠭ᠎ᠠ ᠶᠢᠨ | ᠪᠦᠬᠦ ᠦᠨ᠎ᠡ ᠶᠢᠨ 90% ᠶᠢ ᠨᠢ ᠦᠭᠴᠦ᠂ ᠦᠯᠡᠳᠡᠭᠰᠡᠨ 10% ᠶᠢ ᠨᠢ ᠰᠢᠯᠭᠠᠨ ᠬᠤᠷᠢᠶᠠᠵᠦ ᠲᠠᠭᠤᠰᠤᠭᠰᠠᠨ | ᠡᠳᠤᠷ ᠠᠴᠠ ᠡᠬᠢᠯᠡᠨ ᠨᠢᠬᠡ ᠵᠢᠯ ᠤᠨ ᠲᠠᠷᠠᠭ᠎ᠠ ᠶᠡᠰᠤ ᠴᠢᠨᠡᠷ ᠤᠨ ᠠᠰᠠᠭᠤᠳᠠᠯ ᠦᠬᠡᠢ ᠪᠤᠯ ᠨᠢᠬᠡᠯᠡ ᠤᠳᠠᠭ᠎ᠠ ᠳᠤ | ᠦᠭᠴᠦ ᠲᠠᠭᠤᠰᠬᠠᠨ᠎ᠠ᠃ ᠤᠨᠴᠠᠭᠠᠢ ᠪᠠᠶᠢᠳᠠᠯ ᠠᠴᠠ ᠪᠡᠷᠢᠯᠭ᠎ᠠ ᠪᠡᠷᠢᠬᠤ ᠳᠤ ᠬᠦᠴᠢᠷᠳᠡᠢ ᠪᠤᠯᠵᠦ ᠪᠡᠷᠢᠯᠭ᠎ᠠ ᠶᠢᠨ | ᠦᠨ᠎ᠡ ᠶᠢ ᠨᠢ ᠨᠡᠮᠡᠭᠳᠡᠬᠦᠯᠬᠦ ᠴᠢᠬᠤᠯᠠᠳᠠᠢ ᠪᠤᠯ᠂ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ | ᠲᠤᠪᠴᠢᠶ᠎ᠠ᠂ ᠰᠤᠮᠤ ᠪᠠᠯᠭᠠᠰᠤ᠂ ᠪᠠᠷᠢᠯᠭ᠎ᠠ ᠶᠢᠨ ᠠᠵᠦ ᠠᠬᠤᠶᠢᠯᠠᠯ ᠪᠡ ᠮᠠᠯᠵᠢᠬᠤ ᠡᠷᠦᠬᠡ ᠬᠠᠮᠳᠤᠪᠡᠷ ᠵᠦᠪᠳᠡᠯᠴᠠᠨ | ᠲᠤᠭᠳᠠᠵᠦ᠂ ᠨᠡᠮᠡᠭᠳᠡᠬᠦᠯᠦᠭᠰᠡᠨ ᠦᠨ᠎ᠡ ᠶᠢ ᠮᠠᠯᠵᠢᠬᠤ ᠡᠷᠦᠬᠡ ᠦᠪᠡᠷᠳᠡᠭᠡᠨ ᠬᠠᠷᠢᠭᠤᠴᠠᠨ᠎ᠠ᠃ | ᠲᠤᠯᠤᠭ᠎ᠠ᠂ ᠪᠠᠳᠤᠯᠠᠭ᠎ᠠ ᠶᠢᠨ ᠠᠷᠭ᠎ᠠ ᠭᠡᠮᠵᠢᠶ᠎ᠠ | ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠪᠦᠬᠦ ᠬᠤᠰᠢᠭᠤᠨ ᠤ ᠮᠠᠯᠵᠢᠬᠤ ᠤᠷᠤᠨ ᠤ ᠵᠤᠷᠯᠤᠩ ᠤᠨ ᠦᠬᠡᠷᠡᠴᠢᠯᠠᠯᠳᠠ ᠶᠢᠨ ᠢᠨᠵᠧᠨᠧᠷᠢᠩ ᠢ ᠤᠷᠤᠭᠰᠢᠳᠠᠢ | ᠭᠡᠷᠡᠭᠵᠢᠬᠦᠯᠬᠦ ᠶᠢᠨ ᠲᠦᠯᠦᠬᠡ᠂ ᠬᠤᠰᠢᠭᠤ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ ᠪᠠᠷ ᠲᠤᠭᠤᠶᠢᠯᠠᠩ | ᠤᠨ ᠲᠠᠷᠤᠭ᠎ᠠ᠂ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠦᠴᠢᠷ ᠢᠶᠠᠷ ᠪᠦᠷᠢᠯᠳᠤᠬᠦᠨ ᠪᠤᠯᠭᠠᠭᠰᠠᠨ | ᠰᠦᠨᠢᠳ ᠪᠠᠷᠠᠭᠤᠨ ᠬᠤᠰᠢᠭᠤᠨ ᠤ ᠮᠠᠯᠵᠢᠬᠤ ᠤᠷᠤᠨ ᠤ ᠭᠡᠷ ᠤᠨ ᠵᠤᠷᠯᠤᠩ ᠤᠨ ᠦᠬᠡᠷᠡᠴᠢᠯᠠᠯᠳᠠ ᠶᠢᠨ ᠠᠵᠢᠯ ᠤᠨ | ᠤᠳᠤᠷᠢᠳᠬᠤ ᠲᠤᠭᠤᠶᠢᠯᠠᠩ ᠢ ᠪᠠᠶᠢᠭᠤᠯᠪᠠ᠂ ᠪᠦᠷᠢᠯᠳᠤᠬᠦᠨ ᠨᠢ ᠲᠤᠤᠷᠡᠬᠢ ᠮᠡᠳᠤ᠄ | ᠲᠤᠭᠤᠶᠢᠯᠠᠩ ᠤᠨ ᠲᠠᠷᠤᠭ᠎ᠠ᠄ ᠰᠠᠶᠢᠨᠴᠤᠭᠳᠤ ᠬᠤᠰᠢᠭᠤ ᠵᠠᠰᠠᠭ ᠤᠨ ᠤᠷᠳᠤᠨ ᠤ ᠲᠡᠳ᠋ ᠬᠤᠰᠢᠭᠤ ᠲᠠᠷᠤᠭ᠎ᠠ | ᠲᠡᠳ᠋ ᠲᠤᠭᠤᠶᠢᠯᠠᠩ ᠤᠨ ᠲᠠᠷᠤᠭ᠎ᠠ᠄ ᠰᠤᠷᠳᠠᠯᠳᠤ ᠬᠤᠰᠢᠭᠤ ᠲᠠᠷᠢᠶᠠᠯᠠᠩ ᠮᠠᠯ ᠠᠵᠦ ᠠᠬᠤᠢ ᠪᠡ | ᠰᠢᠨᠵᠢᠯᠡᠭᠡ ᠮᠡᠷᠭᠡᠵᠢᠯ ᠤᠨ ᠲᠤᠪᠴᠢᠶᠠᠨ ᠤ ᠲᠠᠷᠤᠭ᠎ᠠ | ᠸᠠᠩ ᠢ ᠰᠦᠩ ᠬᠤᠰᠢᠭᠤ ᠤᠷᠤᠨ ᠰᠠᠭᠤᠴᠠ ᠪᠡ ᠬᠤᠳᠠ ᠬᠦᠳᠡᠭᠡ ᠶᠢᠨ ᠪᠦᠳᠤᠭᠡᠨ | ᠪᠠᠶᠢᠭᠤᠯᠤᠯᠳᠠ ᠶᠢᠨ ᠲᠤᠪᠴᠢᠶᠠᠨ ᠤ ᠲᠠᠷᠤᠭ᠎ᠠ | ᠪᠦᠷᠢᠯᠳᠤᠬᠦᠨ᠄ ᠸᠠᠩ ᠡᠾᠦ᠋ᠢ ᠬᠤᠰᠢᠭᠤ ᠨᠡᠮ ᠤᠨ ᠬᠤᠷᠢᠶᠠᠨ ᠤ ᠤᠬᠠᠭᠤᠯᠬᠤ ᠭᠡᠯᠳᠡᠰ ᠤᠨ ᠪᠠᠶᠢᠩᠭᠤ ᠶᠢᠨ | ᠲᠡᠳ᠋ ᠲᠠᠷᠤᠭ᠎ᠠ | ᠪᠦᠷᠢᠨᠵᠡᠨᠡ ᠬᠤᠰᠢᠭᠤ ᠵᠠᠰᠠᠭ ᠤᠨ ᠤᠷᠳᠤᠨ ᠤ ᠠᠯᠪᠡᠨ ᠭᠡᠷ ᠤᠨ ᠲᠡᠳ᠋ ᠡᠷᠬᠢᠯᠡᠭᠴᠢ | ᠪᠤᠯᠠᠭ ᠬᠤᠰᠢᠭᠤ ᠡᠳ᠋ ᠤᠨ ᠵᠠᠰᠠᠭ ᠤᠨ ᠲᠤᠪᠴᠢᠶᠠᠨ ᠤ ᠲᠠᠷᠤᠭ᠎ᠠ | ᠲᠠᠩ ᠸᠧᠨ ᠱᠧᠩ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠲᠠᠷᠤᠭ᠎ᠠ | ᠹᠧᠩ ᠬᠠᠢ ᠵᠢᠶᠦ᠋ᠨ ᠬᠤᠰᠢᠭᠤ ᠠᠮᠢ ᠠᠬᠤᠢ ᠶᠢᠨ ᠤᠷᠴᠢᠨ ᠲᠤᠭᠤᠷᠢᠨ ᠤ ᠲᠤᠪᠴᠢᠶᠠᠨ ᠤ | ᠲᠠᠷᠤᠭ᠎ᠠ | ᠪᠠᠨ ᠵᠢᠶᠠᠨ ᠶᠢᠩ ᠬᠤᠰᠢᠭᠤ ᠤᠢ ᠰᠢᠭᠤᠢ ᠪᠡ ᠨᠤᠳᠤᠭ ᠪᠡᠯᠴᠢᠬᠡᠷ ᠤᠨ ᠲᠤᠪᠴᠢᠶᠠᠨ ᠤ | ᠲᠠᠷᠤᠭ᠎ᠠ | ᠰᠡᠴᠡᠨᠪᠢᠯᠢᠭ ᠬᠤᠰᠢᠭᠤ ᠡᠷᠡᠬᠦᠯ ᠬᠠᠮᠠᠭᠠᠯᠠᠯ ᠪᠡ ᠡᠷᠡᠬᠦᠯ ᠮᠡᠨᠳᠤ ᠶᠢᠨ ᠵᠦᠪᠯᠡᠯ ᠤᠨ | ᠡᠷᠬᠢᠯᠡᠭᠴᠢ | ᠶᠢᠨ ᠸᠠᠩ ᠰᠠᠶᠢᠬᠠᠨᠳᠠᠯ᠎ᠠ ᠪᠠᠯᠭᠠᠰᠤᠨ ᠤ ᠨᠠᠮ ᠤᠨ ᠬᠤᠷᠢᠶᠠᠨ ᠤ ᠲᠡᠳ᠋ ᠱᠦᠵᠢ᠂ | ᠪᠠᠯᠭᠠᠰᠤᠨ ᠲᠠᠷᠤᠭ᠎ᠠ | ᠯᠥᠸᠧ ᠡᠾᠦ᠋ᠩ ᠪᠢᠨ ᠵᠢᠷᠦᠬᠡ ᠪᠠᠯᠭᠠᠰᠤᠨ ᠤ ᠨᠡᠮ ᠤᠨ ᠬᠤᠷᠢᠶᠠᠨ ᠤ ᠲᠡᠳ᠋ ᠱᠦᠵᠢ᠂ ᠪᠠᠯᠭᠠᠰᠤᠨ | ᠲᠠᠷᠤᠭ᠎ᠠ | ᠪᠤᠤ ᠴᠢᠩ ᠦᠷᠭᠡᠨᠳᠡᠯ᠎ᠡ ᠪᠠᠯᠭᠠᠰᠤᠨ ᠤ ᠨᠡᠮ ᠤᠨ ᠬᠤᠷᠢᠶᠠᠨ ᠤ ᠲᠡᠳ᠋ ᠱᠦᠵᠢ᠂ | ᠪᠠᠯᠭᠠᠰᠤᠨ ᠲᠠᠷᠤᠭ᠎ᠠ | ᠴᠤᠭᠳᠤ ᠡᠷᠢᠶᠠᠠᠨᠠᠭᠤᠷ ᠰᠤᠮᠤᠨ ᠤ ᠨᠡᠮ ᠤᠨ ᠬᠤᠷᠢᠶᠠᠨ ᠤ ᠲᠡᠳ᠋ ᠱᠦᠵᠢ᠂ | ᠪᠠᠯᠭᠠᠰᠤᠨ ᠲᠠᠷᠤᠭ᠎ᠠ | ᠤᠳᠬᠤᠨᠪᠠᠭᠠᠳᠤᠷ ᠰᠠᠩᠪᠤᠯᠠᠭ ᠰᠤᠮᠤᠨ ᠤ ᠨᠡᠮ ᠤᠨ ᠬᠤᠷᠢᠶᠠᠨ ᠤ ᠲᠡᠳ᠋ ᠱᠦᠵᠢ᠂ ᠪᠠᠯᠭᠠᠰᠤᠨ | ᠲᠠᠷᠤᠭ᠎ᠠ | ᠰᠤᠶᠤᠯᠳᠤ ᠰᠠᠶᠢᠬᠠᠠᠠᠦ᠋ᠯᠵᠡᠢ ᠰᠤᠮᠤᠨ ᠤ ᠨᠡᠮ ᠤᠨ ᠬᠤᠷᠢᠶᠠᠨ ᠤ ᠲᠡᠳ᠋ ᠱᠦᠵᠢ᠂ | ᠪᠠᠯᠭᠠᠰᠤᠨ ᠲᠠᠷᠤᠭ᠎ᠠ | ᠰᠤᠶᠤᠯᠪᠦ᠋ᠷᠢᠨ ᠠᠴᠢᠳᠤᠠᠠᠭᠤᠯᠠ ᠰᠤᠮᠤᠨ ᠤ ᠨᠡᠮ ᠤᠨ ᠬᠤᠷᠢᠶᠠᠨ ᠤ ᠲᠡᠳ᠋ ᠱᠦᠵᠢ᠂ | ᠰᠤᠮᠤᠨ ᠲᠠᠷᠤᠭ᠎ᠠ | ᠶᠡᠨ ᠵᠦᠩ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ | ᠲᠤᠪᠴᠢᠶᠠᠨ ᠤ ᠲᠡᠳ᠋ ᠲᠠᠷᠤᠭ᠎ᠠ | ᠤᠷᠠᠨ᠎ᠠ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ | ᠲᠤᠪᠴᠢᠶᠠᠨ ᠤ ᠲᠡᠳ᠋ ᠲᠠᠷᠤᠭ᠎ᠠ | ᠵᠢᠷᠤᠮᠳᠤ ᠬᠤᠰᠢᠭᠤ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠵᠦᠪᠯᠡᠯ ᠤᠨ | ᠠᠯᠪᠡᠨ ᠭᠡᠷ ᠤᠨ ᠡᠷᠬᠢᠯᠡᠭᠴᠢ | ᠵᠠᠩ ᠾᠧ ᠬᠤᠰᠢᠭᠤ ᠲᠠᠷᠢᠶᠠᠯᠠᠩ ᠤᠨ ᠮᠡᠷᠭᠡᠵᠢᠯ ᠢ ᠲᠦᠬᠡᠮᠡᠯᠵᠢᠬᠦᠯᠬᠦ ᠦᠷᠳᠡᠭᠡᠨ ᠤ | ᠲᠠᠷᠤᠭ᠎ᠠ | ᠡᠦ ᠢᠦᠢ ᠵᠦ ᠬᠤᠰᠢᠭᠤ ᠮᠠᠯ ᠠᠵᠦ ᠠᠬᠤᠢ ᠶᠢᠨ ᠮᠡᠰᠢᠨ ᠮᠧᠬᠠᠨᠢᠭ ᠢ ᠲᠦᠬᠡᠮᠡᠯᠵᠢᠬᠦᠯᠬᠦ ᠦᠷᠳᠡᠭᠡ | ᠤᠳᠤᠷᠢᠳᠬᠤ ᠲᠤᠭᠤᠶᠢᠯᠠᠩ ᠤᠨ ᠠᠯᠪᠡᠨ ᠭᠡᠷ ᠢ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ | ᠤᠨ ᠲᠤᠪᠴᠢᠶᠠᠨ ᠳᠤ ᠲᠤᠬᠢᠷᠠᠭᠤᠯᠵᠦ᠂ ᠠᠯᠪᠡᠨ ᠭᠡᠷ ᠤᠨ ᠡᠷᠬᠢᠯᠡᠭᠴᠢ ᠰᠤᠷᠳᠠᠯᠳᠤ ︵ᠬᠠᠪᠰᠤᠷᠭᠠᠨ ᠬᠠᠷᠢᠭᠤᠴᠠᠨ᠎ᠠ︶ | ᠂ ᠠᠯᠪᠡᠨ ᠭᠡᠷ ᠨᠢ ᠤᠳᠤᠷᠢᠳᠬᠤ ᠲᠤᠭᠤᠶᠢᠯᠠᠩ ᠤᠨ ᠡᠳᠤᠷ ᠲᠤᠳᠤᠮ ᠤᠨ ᠠᠵᠢᠯ ᠢ ᠬᠠᠷᠢᠭᠤᠴᠠᠨ᠎ᠠ᠃ | ᠤᠳᠤᠷᠢᠳᠬᠤ ᠲᠤᠭᠤᠶᠢᠯᠠᠩ ᠨᠢ ᠪᠦᠬᠦ ᠬᠤᠰᠢᠭᠤᠨ ᠤ ᠮᠠᠯᠵᠢᠬᠤ ᠤᠷᠤᠨ ᠤ ᠵᠤᠷᠯᠤᠩ ᠤᠨ ᠦᠬᠡᠷᠡᠴᠢᠯᠠᠯᠳᠠ | ᠶᠢᠨ ᠠᠵᠢᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ᠂ ᠠᠵᠢᠯ ᠤᠨ ᠵᠤᠬᠢᠴᠠᠭᠤᠯᠭ᠎ᠠ ᠪᠤᠯᠤᠨ | ᠬᠤᠯᠪᠤᠭᠳᠠᠯ ᠪᠦᠬᠦᠢ ᠠᠰᠠᠭᠤᠳᠠᠯ ᠢ ᠶᠡᠷᠢᠯᠴᠠᠨ ᠰᠢᠢᠳᠪᠤᠷᠢᠯᠡᠬᠦ ᠠᠵᠢᠯ ᠢ ᠬᠠᠷᠢᠭᠤᠴᠠᠨ᠎ᠠ᠃ ᠡᠯ᠎ᠡ ᠪᠦᠷᠢᠯᠳᠤᠬᠦᠨ | ᠨᠢᠬᠡᠴᠠ ᠨᠢ ᠲᠤᠰᠢᠶᠠᠯ ᠬᠠᠷᠢᠭᠤᠴᠠᠯᠭ᠎ᠠ ᠪᠠᠨ ᠦᠨᠳᠤᠰᠤᠯᠠᠨ᠂ ᠵᠤᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠦ᠂ | ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠡᠬᠦᠷᠭᠡ ᠶᠢᠨ ᠪᠤᠳᠠᠳᠠᠢ ᠨᠠᠶᠢᠳᠠᠪᠤᠷᠢᠵᠢᠭᠤᠯᠤᠯᠳᠠ ᠶᠢ ᠦᠨᠡᠨᠬᠦ | ᠪᠠᠳᠤᠯᠠᠬᠤ ᠭᠡᠷᠡᠭᠳᠡᠢ᠃ ᠤᠳᠤᠷᠢᠳᠬᠤ ᠲᠤᠭᠤᠶᠢᠯᠠᠩ ᠤᠨ ᠠᠯᠪᠡᠨ ᠭᠡᠷ ᠨᠢ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ | ᠪᠦᠬᠦᠢ ᠰᠠᠯᠠᠭ᠎ᠠ ᠮᠦᠴᠢᠷ ᠢ ᠵᠤᠬᠢᠴᠠᠭᠤᠯᠤᠨ ᠵᠤᠷᠯᠤᠩ ᠤᠨ ᠦᠬᠡᠷᠡᠴᠢᠯᠠᠯᠳᠠ ᠶᠢᠨ ᠲᠦᠰᠦᠯ ᠵᠢᠴᠢ ᠰᠢᠯᠭᠠᠨ | ᠬᠤᠷᠢᠶᠠᠯᠳᠠ ᠶᠢᠨ ᠪᠡᠷᠢᠮᠵᠢᠶ᠎ᠠ ᠶᠢ ᠲᠤᠭᠳᠠᠭᠠᠬᠤ᠂ ᠪᠠᠷᠢᠯᠭ᠎ᠠ ᠶᠢ ᠵᠤᠬᠢᠶᠠᠨ ᠪᠠᠶᠢᠭᠤᠯᠤᠨ ᠭᠡᠷᠡᠭᠵᠢᠬᠦᠯᠬᠦ᠂ ᠶᠠᠰᠤ ᠴᠢᠨᠡᠷ | ᠲᠤ ᠬᠢᠨᠠᠯᠳᠠ ᠲᠠᠯᠪᠢᠬᠤ᠂ ᠪᠡᠯᠡ ᠮᠦᠩᠬᠦ ᠴᠤᠭᠯᠠᠭᠤᠯᠬᠤ ᠪᠡ ᠪᠠᠷᠢᠯᠭ᠎ᠠ ᠶᠢᠨ ᠰᠢᠯᠭᠠᠨ ᠬᠤᠷᠢᠶᠠᠯᠳᠠ ᠵᠡᠷᠭᠡ ᠡᠯ᠎ᠡ | ᠵᠦᠢᠯ ᠤᠨ ᠠᠵᠢᠯ ᠢ ᠰᠠᠶᠢᠳᠤᠷ ᠬᠢᠬᠦ ᠭᠡᠷᠡᠭᠳᠡᠢ᠃ | ︵ᠬᠤᠶᠠᠷ︶ ᠱᠠᠯᠠᠪᠳᠠᠭᠤᠯᠤᠨ ᠵᠢᠯᠤᠭᠤᠳᠴᠦ ᠲᠤᠬᠢᠷᠠᠭᠤᠯᠬᠤ ᠠᠵᠢᠯ ᠢ ᠴᠢᠩᠭᠠᠳᠬᠠᠨ᠎ᠠ | ᠲᠤᠬᠢᠷᠠᠭᠤᠯᠤᠨ ᠮᠡᠳᠡᠭᠳᠡᠬᠦ ᠲᠦᠷᠢᠮ ᠢ ᠪᠠᠶᠢᠭᠤᠯᠵᠦ᠂ ᠮᠠᠯᠵᠢᠬᠤ ᠤᠷᠤᠨ ᠤ ᠭᠡᠷ ᠤᠨ ᠵᠤᠷᠯᠤᠩ ᠤᠨ | ᠦᠬᠡᠷᠡᠴᠢᠯᠠᠯᠳᠠ ᠶᠢ ᠡᠳᠤᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠵᠦ᠂ ᠡᠯ᠎ᠡ ᠱᠠᠳᠤᠨ ᠤ ᠨᠡᠮ | ᠵᠠᠰᠠᠭ ᠤᠨ ᠤᠳᠤᠷᠢᠳᠬᠤ ᠪᠠᠭ ᠪᠡ ᠤᠳᠤᠷᠢᠳᠬᠤ ᠺᠡᠳ᠋ᠷ ᠤᠨ ᠶᠡᠷᠦᠩᠭᠡᠶᠢᠯᠡᠭᠰᠡᠨ ᠬᠢᠨᠠᠨ ᠦᠨᠡᠯᠡᠯᠳᠡ ᠳᠤ | ᠤᠷᠤᠭᠤᠯᠬᠤ ᠭᠡᠷᠡᠭᠳᠡᠢ᠃ ᠡᠬᠦᠨ ᠤ ᠬᠠᠮᠳᠤ᠂ ᠡᠯ᠎ᠡ ᠰᠤᠮᠤ ᠪᠠᠯᠭᠠᠰᠤ᠂ ᠰᠠᠯᠠᠭ᠎ᠠ ᠮᠦᠴᠢᠷ ᠨᠢ ᠲᠡᠭᠡᠳᠤ ᠱᠠᠳᠤᠨ ᠤ | ᠱᠠᠭᠠᠷᠳᠠᠯᠭ᠎ᠠ ᠶᠤᠰᠤᠭᠠᠷ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠬᠦᠯᠵᠦ᠂ ᠤᠯᠠᠨ | ᠲᠦᠮᠡᠨ ᠤ ᠬᠢᠨᠠᠯᠳᠠ ᠲᠠᠯᠪᠢᠬᠤ ᠲᠤᠭᠳᠠᠴᠠ ᠶᠢ ᠪᠠᠶᠢᠭᠤᠯᠤᠨ᠂ ᠢᠯᠡᠴᠢᠯᠠᠨ ᠮᠡᠳᠡᠬᠦᠯᠬᠦ ᠤᠳᠠᠰᠤ᠂ ᠢᠯᠡᠴᠢᠯᠡᠨ | ᠮᠡᠳᠡᠬᠦᠯᠬᠦ ᠵᠠᠬᠢᠳᠠᠯ ᠤᠨ ᠬᠠᠶᠢᠷᠴᠠᠭ ᠲᠤᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠠᠰᠠᠭᠤᠳᠠᠯ ᠢ ᠲᠤᠰᠬᠠᠬᠤ ᠠᠷᠭ᠎ᠠ | ᠵᠡᠮ ᠢ ᠰᠢᠯᠤᠭᠤᠳᠬᠠᠵᠦ᠂ ᠤᠯᠠᠨ ᠲᠦᠮᠡᠨ ᠪᠡ ᠨᠡᠶᠢᠬᠡᠮ ᠤᠨ ᠶᠡᠷᠢᠶ᠎ᠠ ᠬᠡᠯᠡᠯᠴᠡᠭᠡᠨ ᠤ ᠬᠢᠨᠠᠯᠳᠠ ᠶᠢ ᠬᠦᠯᠢᠶᠠᠬᠦ | ᠭᠡᠷᠡᠭᠳᠡᠢ᠃ | ︵ᠭᠤᠷᠪᠡ︶ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠨ᠎ᠠ | ᠡᠯ᠎ᠡ ᠰᠤᠮᠤ ᠪᠠᠯᠭᠠᠰᠤ᠂ ᠰᠠᠯᠠᠭ᠎ᠠ ᠮᠦᠴᠢᠷ ᠡᠷᠭᠡᠪᠰᠢ ᠡᠯ᠎ᠡ ᠲᠦᠷᠤᠯ ᠤᠨ ᠤᠬᠠᠭᠤᠯᠭ᠎ᠠ ᠶᠢᠨ ᠵᠠᠭᠤᠴᠢᠯᠠᠭᠤᠷ ᠢ | ᠬᠦᠢᠴᠡᠳ ᠠᠰᠢᠭᠯᠠᠵᠦ᠂ ᠵᠤᠷᠯᠤᠩ ᠤᠨ ᠦᠬᠡᠷᠡᠴᠢᠯᠠᠯᠳᠠ ᠶᠢᠨ ᠴᠢᠬᠤᠯᠠ ᠠᠴᠢ ᠬᠤᠯᠪᠤᠭᠳᠠᠯ ᠢ ᠶᠡᠬᠡᠪᠡᠷ | ᠤᠬᠠᠭᠤᠯᠤᠨ᠂ ᠬᠠᠮᠢᠶ᠎ᠠ ᠪᠦᠬᠦᠢ ᠮᠡᠳᠡᠯᠬᠡ ᠶᠢ ᠲᠦᠬᠡᠮᠡᠯᠵᠢᠬᠦᠯᠵᠦ᠂ ᠦᠷᠬᠡᠨ ᠤᠯᠠᠨ ᠮᠠᠯᠴᠢᠳ ᠤᠨ ᠵᠤᠷᠯᠤᠩ ᠤᠨ | ᠦᠬᠡᠷᠡᠴᠢᠯᠠᠯᠳᠠ ᠶᠢᠨ ᠠᠵᠢᠯ ᠳᠤ ᠰᠠᠨᠠᠭᠠᠴᠢᠯᠠᠭ᠎ᠠ ᠠᠴᠠ ᠪᠠᠨ ᠤᠷᠤᠯᠴᠠᠬᠤ ᠶᠢ ᠨᠢ ᠢᠳᠡᠪᠬᠢᠳᠡᠢ ᠵᠢᠯᠤᠭᠤᠳᠴᠦ᠂ | ᠰᠠᠶᠢᠨ ᠰᠠᠶᠢᠬᠠᠨ ᠨᠡᠶᠢᠬᠡᠮ ᠤᠨ ᠠᠭᠤᠷ ᠠᠮᠢᠰᠬᠤᠯ ᠢ ᠪᠦᠷᠢᠯᠳᠤᠬᠦᠯᠬᠦ ᠭᠡᠷᠡᠭᠳᠡᠢ᠃ ᠦᠷᠬᠡᠨ ᠤᠯᠠᠨ ᠲᠦᠮᠡᠨ ᠤ | ᠦᠵᠡᠯ ᠲᠠᠨᠢᠯᠳᠠ ᠪᠡ ᠠᠮᠢᠳᠤᠷᠠᠯ ᠤᠨ ᠮᠠᠭᠤ ᠮᠠᠭᠤᠬᠠᠢ ᠲᠠᠳᠬᠠᠯ ᠢᠶᠠᠨ ᠦᠬᠡᠷᠡᠴᠢᠯᠠᠬᠦ ᠶᠢ ᠨᠢ ᠢᠳᠡᠪᠬᠢᠳᠡᠢ | ᠵᠢᠯᠤᠭᠤᠳᠴᠦ᠂ ᠪᠤᠯᠪᠠᠰᠤᠨ ᠢᠶᠠᠷ ᠪᠠᠶ᠎ᠠ ᠵᠠᠰᠠᠬᠤ᠂ ᠤᠷᠴᠢᠨ ᠲᠤᠭᠤᠷᠢᠨ ᠤ ᠠᠷᠢᠭᠤᠨ ᠴᠡᠪᠡᠷ ᠢ ᠡᠷᠬᠢᠮᠯᠡᠬᠦ ᠰᠠᠶᠢᠨ | ᠰᠠᠶᠢᠬᠠᠨ ᠲᠡᠳᠬᠠᠯ ᠢ ᠪᠦᠷᠢᠯᠳᠤᠬᠦᠯᠬᠦ ᠭᠡᠷᠡᠭᠳᠡᠢ᠃ | ︵ᠲᠦᠷᠪᠡ︶ ᠲᠤᠷᠰᠢᠯᠭ᠎ᠠ ᠪᠡ ᠰᠠᠶᠢᠨ ᠠᠷᠭ᠎ᠠ ᠬᠢᠳᠡᠯ ᠢ ᠳ᠋ᠦᠩᠨᠡᠨ᠎ᠡ | ᠡᠯ᠎ᠡ ᠰᠤᠮᠤ ᠪᠠᠯᠭᠠᠰᠤ᠂ ᠰᠠᠯᠠᠭ᠎ᠠ ᠮᠦᠴᠢᠷ ᠡᠷᠭᠡᠪᠰᠢ ᠵᠤᠷᠯᠤᠩ ᠤᠨ ᠦᠬᠡᠷᠡᠴᠢᠯᠠᠯᠳᠠ ᠶᠢᠨ ᠠᠵᠢᠯ ᠤᠨ ᠰᠠᠶᠢᠨ | ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠵᠦ᠂ ᠨᠡᠶᠢᠳᠡᠯᠢᠭ ᠵᠢᠱᠢᠶ᠎ᠠ ᠠᠴᠠ ᠰᠤᠷᠤᠯᠴᠠᠬᠤ᠂ | ᠲᠡᠷᠢᠬᠦᠨ ᠤ ᠬᠢ ᠶᠢ ᠡᠬᠦᠳᠬᠦ ᠰᠠᠶᠢᠨ ᠰᠠᠶᠢᠬᠠᠨ ᠠᠵᠢᠯ ᠤᠨ ᠤᠷᠴᠢᠨ ᠢ ᠪᠦᠷᠢᠯᠳᠤᠬᠦᠯᠵᠦ᠂ ᠪᠦᠬᠦ ᠬᠤᠰᠢᠭᠤᠨ ᠤ | ᠮᠠᠯᠵᠢᠬᠤ ᠤᠷᠤᠨ ᠤ ᠭᠡᠷ ᠤᠨ ᠵᠤᠷᠯᠤᠩ ᠤᠨ ᠦᠬᠡᠷᠡᠴᠢᠯᠠᠯᠳᠠ ᠶᠢᠨ ᠢᠨᠵᠧᠨᠧᠷᠢᠩ ᠤᠨ ᠤᠷᠤᠭᠰᠢᠳᠠᠢ ᠶᠠᠪᠤᠭᠳᠠᠬᠤ | ᠶᠢ ᠠᠬᠢᠭᠤᠯᠵᠦ᠂ ᠦᠬᠡᠷᠡᠴᠢᠯᠠᠯᠳᠠ ᠶᠢᠨ ᠡᠬᠦᠷᠭᠡ ᠪᠠᠨ ᠴᠢᠨᠠᠷᠯᠢᠭ ᠰᠠᠶᠢᠨ ᠪᠠᠶᠠᠯᠠᠬᠦᠯᠬᠦ ᠶᠢ ᠪᠠᠳᠤᠯᠠᠬᠤ ᠭᠡᠷᠡᠭᠳᠡᠢ᠃ | | | ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠭᠡᠷ | 2020 ᠤᠨ ᠤ 6 ᠰᠠᠷ᠎ᠠ ᠶᠢᠨ 24 ᠤ ᠡᠳᠤᠷ |