ᠰᠦᠨᠢᠳ ᠪᠠᠷᠠᠭᠤᠨ ᠵᠠᠰᠠᠭ ᠲᠠᠷᠬᠠᠭᠠᠭᠰᠠᠨ ﹇2020﹈ 46 ᠳ᠋ᠣᠭᠠᠷ ᠲᠣᠭᠠᠳᠣ | ︽ᠰᠦᠨᠢᠳ ᠪᠠᠷᠠᠭᠤᠨ ᠬᠤᠰᠢᠭᠤᠨ ᠤ ᠮᠠᠯ ᠠᠵᠣ ᠠᠬᠤᠢ ᠶᠢᠨ ᠴᠢᠨᠠᠷᠯᠢᠭ ᠬᠦᠭᠵᠢᠯᠳᠡ ᠶᠢᠨ | ᠬᠡᠷᠡᠭᠵᠢᠭᠦᠯᠬᠦ ᠲᠦᠰᠦᠯ ︵2020 — 2021 ᠣᠨ︶︾ ᠢ ᠲᠠᠷᠣᠮᠠᠯᠯᠠᠨ ᠲᠠᠷᠬᠠᠭᠠᠬᠤ | ᠲᠣᠬᠠᠢ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | | ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠦᠴᠢᠷ ᠲᠤ᠄ | ᠲᠣᠣᠷ᠎ᠠ ︽ᠰᠦᠨᠢᠳ ᠪᠠᠷᠠᠭᠤᠨ ᠬᠤᠰᠢᠭᠤᠨ ᠤ ᠮᠠᠯ ᠠᠵᠣ ᠠᠬᠤᠢ ᠶᠢᠨ ᠴᠢᠨᠠᠷᠯᠢᠭ ᠬᠦᠭᠵᠢᠯᠳᠡ ᠶᠢᠨ | ᠬᠡᠷᠡᠭᠵᠢᠭᠦᠯᠬᠦ ᠲᠦᠰᠦᠯ ︵2020 —2021 ᠣᠨ︶︾ ᠢ ᠲᠠᠨᠠᠷ ᠲᠤ ᠲᠠᠷᠣᠮᠠᠯᠯᠠᠨ ᠲᠠᠷᠬᠠᠭᠠᠯ᠎ᠠ᠂ ᠪᠣᠳᠠᠳᠠᠢ ᠲᠠᠢ | ᠪᠠᠨ ᠣᠶᠠᠯᠳᠣᠭᠤᠯᠣᠨ᠂ ᠨᠠᠷᠢᠨ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠬᠤ ᠪᠣᠯᠪᠠᠣ᠃ | | ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2020 ᠣᠨ ᠤ 7 ᠰᠠᠷ᠎ᠠ ᠶᠢᠨ14 ᠤ ᠡᠳᠦᠷ | | | | | ᠰᠦᠨᠢᠳ ᠪᠠᠷᠠᠭᠤᠨ ᠬᠤᠰᠢᠭᠤᠨ ᠤ ᠮᠠᠯ ᠠᠵᠣ ᠠᠬᠤᠢ ᠶᠢᠨ | ᠴᠢᠨᠠᠷᠯᠢᠭ ᠬᠦᠭᠵᠢᠯᠳᠡ ᠶᠢᠨ ᠬᠡᠷᠡᠭᠵᠢᠭᠦᠯᠬᠦ ᠲᠦᠰᠦᠯ ︵2020 —2021 ᠣᠨ︶ | | ᠮᠠᠯ ᠠᠵᠣ ᠠᠬᠤᠢ ᠶᠢᠨ ᠴᠢᠨᠠᠷᠯᠢᠭ ᠬᠦᠭᠵᠢᠯᠳᠡ ᠶᠢ ᠬᠦᠨᠵᠡᠭᠡᠢ ᠠᠬᠢᠭᠤᠯᠵᠣ᠂ ︽ᠠᠷᠪᠠᠨ ᠭᠤᠷᠪᠠᠳᠣᠭᠠᠷ | ᠲᠠᠪᠣᠨ ᠵᠢᠯ︾ ᠤᠨ ᠲᠦᠯᠦᠪᠵᠢᠭᠦᠯᠭᠡ ᠶᠢ ᠲᠡᠭᠦᠰ ᠠᠮᠵᠢᠯᠳᠠᠳᠠᠢ ᠪᠡᠶᠡᠯᠡᠭᠦᠯᠵᠦ᠂ ︽ᠠᠷᠪᠠᠨ ᠳᠦᠷᠪᠡᠳᠦᠭᠡᠷ ᠲᠠᠪᠣᠨ | ᠵᠢᠯ︾ ᠤᠨ ᠲᠦᠯᠦᠪᠵᠢᠭᠦᠯᠭᠡ ᠶᠢ ᠰᠠᠶᠢᠳᠣᠷ ᠡᠬᠢᠯᠡᠭᠦᠯᠦᠨ᠂ ︽ᠠᠮᠢ ᠠᠬᠤᠢ ᠶᠢ ᠲᠡᠷᠢᠭᠦᠨ ᠳᠤ ᠲᠠᠯᠪᠢᠵᠣ᠂ | ᠪᠣᠬᠢᠷᠳᠣᠯ ᠦᠭᠡᠢ ᠬᠦᠭᠵᠢᠭᠦᠯᠬᠦ︾ ᠪᠠᠷ ᠬᠠᠷᠠᠯᠳᠠ ᠪᠣᠯᠭᠠᠵᠣ᠂ ᠮᠠᠯᠵᠢᠬᠤ ᠲᠠᠷᠢᠶᠠᠯᠠᠬᠤ ᠣᠷᠣᠨ ᠤ ᠠᠵᠣ ᠦᠢᠯᠡᠰ ᠢ | ᠬᠦᠭᠵᠢᠭᠦᠯᠦᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠶᠢᠨ ᠲᠦᠯᠦᠭᠡ᠂ | ᠣᠨᠴᠠᠭᠠᠶᠢᠯᠠᠨ ᠲᠣᠰ ᠬᠡᠷᠡᠭᠵᠢᠭᠦᠯᠬᠦ ᠲᠦᠰᠦᠯ ᠢ ᠲᠣᠭᠳᠠᠭᠠᠪᠠ᠃ | ᠨᠢᠭᠡ᠂ ᠶᠡᠷᠦᠩᠭᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ | ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠣᠩᠭᠤᠯ ᠳᠠᠬᠢ ᠴᠢᠬᠤᠯᠠ | ᠶᠠᠷᠢᠶ᠎ᠠ ᠪᠣᠯᠣᠨ ᠵᠢᠭᠠᠪᠣᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠣᠣᠱᠯᠠᠭᠤᠯᠵᠣ᠂ ᠦᠪᠡᠷᠳᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠷᠪᠠᠳᠣᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠦᠭᠦᠳᠡ ᠬᠤᠷᠠᠯ ᠵᠢᠴᠢ ᠠᠵᠣ ᠠᠬᠤᠢ | ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠣᠷᠢᠵᠢᠭᠤᠯᠵᠣ᠂ ᠰᠢᠨ᠎ᠡ ᠬᠦᠭᠵᠢᠯᠳᠡ | ᠶᠢᠨ ᠦᠵᠡᠯᠳᠡ ᠶᠢ ᠵᠢᠷᠣᠮᠯᠠᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠬᠠᠷᠠᠯᠳᠠ ᠪᠣᠯᠭᠠᠵᠣ᠂ | ᠬᠦᠳᠡᠭᠡ ᠲᠣᠰᠬᠤᠨ ᠮᠠᠯᠵᠢᠬᠤ ᠣᠷᠣᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠬᠦ | ᠪᠠᠷ ᠭᠤᠣᠯ ᠪᠣᠯᠭᠠᠵᠣ᠂ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠳᠠ ᠪᠣᠯᠣᠨ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠶᠠᠰᠣ ᠴᠢᠨᠠᠷ ᠤᠨ ᠠᠮᠣᠷ ᠲᠦᠪᠰᠢᠨ ᠤ ᠬᠤᠷᠢᠭ᠎ᠠ ᠱᠣᠭᠤᠮ ᠢ ᠪᠠᠳᠣ ᠰᠠᠬᠢᠵᠣ᠂ ᠪᠣᠬᠢᠷᠳᠣᠯ | ᠦᠭᠡᠢ᠂ ᠰᠢᠯᠢᠳᠡᠭ᠂ ᠲᠦᠷᠦᠯ ᠲᠡᠮᠳᠡᠭᠲᠦ᠂ ᠣᠨᠴᠠᠯᠢᠭᠳᠣ ᠶᠢ ᠲᠣᠪᠣᠶᠢᠯᠭᠠᠵᠣ᠂ ᠮᠠᠯ ᠠᠵᠣ ᠠᠬᠤᠢ ᠶᠢᠨ | ᠬᠠᠩᠭᠠᠯᠭ᠎ᠠ ᠶᠢᠨ ᠪᠦᠳᠦᠴᠡ ᠶᠢᠨ ᠲᠣᠬᠢᠷᠠᠭᠤᠯᠣᠯᠳᠠ ᠶᠢ ᠲᠦᠷᠭᠡᠳᠭᠡᠵᠦ᠂ ᠲᠣᠳᠠᠭᠤᠳᠠᠯ ᠢᠶᠠᠨ ᠴᠢᠷᠮᠠᠶᠢᠨ | ᠨᠦᠬᠦᠪᠦᠷᠢᠯᠡᠵᠦ᠂ ᠠᠵᠣ ᠦᠢᠯᠡᠰ ᠤᠨ ᠬᠡᠯᠬᠢᠶᠡᠵᠢᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠤᠣᠯᠯᠠᠬᠤ ᠠᠵᠣ | ᠦᠢᠯᠡᠰ ᠢ ᠬᠦᠴᠦᠷᠭᠡᠭᠵᠢᠭᠦᠯᠦᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠣᠯ ᠦᠭᠡᠢ ᠬᠦᠭᠵᠢᠯᠳᠡ ᠪᠠᠷ | ᠴᠢᠭᠯᠡᠯ ᠪᠣᠯᠭᠠᠭᠰᠠᠨ ᠮᠠᠯ ᠠᠵᠣ ᠠᠬᠤᠢ ᠶᠢᠨ ᠴᠢᠨᠠᠷᠯᠢᠭ ᠬᠦᠭᠵᠢᠯᠳᠡ ᠶᠢᠨ ᠰᠢᠨ᠎ᠡ ᠵᠠᠮ ᠢ ᠡᠭᠦᠳᠦᠨ᠎ᠡ᠃ | ︵ᠬᠤᠶᠠᠷ︶ ᠬᠦᠭᠵᠢᠯᠳᠡ ᠶᠢᠨ ᠬᠠᠷᠠᠯᠳᠠ᠃ ᠣᠯᠣᠰ ᠤᠨ ᠰᠢᠯᠢᠳᠡᠭ ᠡᠭᠦᠯᠳᠡᠷ ᠤᠨ ᠮᠠᠯ ᠮᠠᠯᠵᠢᠬᠤ | ᠭᠤᠣᠯᠳᠠᠯᠭ᠎ᠠ ᠲᠠᠢ ᠰᠠᠭᠤᠷᠢᠨ ᠭᠠᠵᠠᠷ ᠪᠠ ᠣᠯᠣᠰ ᠤᠨ ᠪᠣᠬᠢᠷᠳᠣᠯ ᠦᠭᠡᠢ ᠮᠠᠯ ᠤᠨ ᠠᠰᠢᠭ ᠰᠢᠮ᠎ᠡ ᠶᠢ | ᠦᠢᠯᠡᠳᠪᠦᠷᠢᠯᠡᠬᠦ᠂ ᠪᠣᠯᠪᠠᠰᠣᠷᠠᠭᠤᠯᠬᠤ᠂ ᠪᠣᠷᠣᠯᠠᠭᠤᠯᠬᠤ ᠴᠢᠬᠤᠯᠠ ᠰᠠᠭᠤᠷᠢᠨ ᠭᠠᠵᠠᠷ ᠢ ᠪᠠᠶᠢᠭᠤᠯᠬᠤ ᠬᠠᠷᠠᠯᠳᠠ ᠳᠤ | ᠰᠠᠭᠤᠷᠢᠯᠠᠵᠣ᠂ 2021 ᠣᠨ ᠪᠣᠯᠬᠤ ᠳᠤ᠂ ᠮᠠᠯᠵᠢᠯ ᠤᠨ ᠣᠨ ᠤ ᠪᠦᠬᠦ ᠬᠤᠰᠢᠭᠤᠨ ᠤ ᠮᠠᠯ ᠤᠨ ᠲᠤᠭ᠎ᠠ ᠶᠢ | 100 ᠲᠦᠮᠡ ᠶᠢᠨ ᠲᠣᠳᠣᠷ᠎ᠠ ᠪᠠᠶᠢᠯᠭᠠᠨ᠎ᠠ᠃ ᠡᠭᠦᠯᠳᠡᠷ ᠢ ᠰᠢᠯᠢᠳᠡᠭᠵᠢᠭᠦᠯᠬᠦ ᠬᠡᠮᠵᠢᠶ᠎ᠡ᠂ ᠬᠤᠶᠠᠳᠣᠭᠠᠷ ᠦᠶ᠎ᠡ ᠠᠴᠠ | ᠳᠡᠭᠡᠭᠰᠢᠬᠢ ᠰᠢᠯᠢᠳᠡᠭ ᠡᠭᠦᠯᠳᠡᠷ ᠤᠨ ᠦᠭᠡᠷ ᠤᠨ ᠬᠠᠷᠢᠴᠠᠯ᠂ ᠮᠢᠬᠠᠨ ᠤ ᠦᠭᠡᠷ ᠤᠨ ᠣᠨᠳᠣᠷᠣᠯᠳᠠ ᠶᠢᠨ ᠨᠣᠷᠮ᠎ᠠ | ᠶᠢ ᠵᠢᠯ ᠳᠠᠷᠠᠭᠠᠯᠠᠨ ᠳᠡᠭᠡᠭᠰᠢᠯᠡᠭᠦᠯᠦᠨ᠎ᠡ᠃ ᠮᠢᠬᠠᠨ ᠤ ᠦᠭᠡᠷ ᠢ ᠪᠣᠷᠳᠣᠨ ᠲᠠᠷᠭᠤᠯᠠᠭᠤᠯᠵᠣ᠂ ᠡᠳ᠋ᠰᠢᠭᠦᠯᠦᠨ | ᠪᠣᠯᠪᠠᠰᠣᠷᠠᠭᠤᠯᠬᠤ ᠶᠢ ᠠᠬᠢᠭᠤᠯᠵᠣ᠂ ᠬᠤᠨᠢᠨ ᠤ ᠮᠢᠬ᠎ᠠ ᠶᠢ ᠨᠠᠷᠢᠯᠢᠭ ᠪᠣᠯᠪᠠᠰᠣᠷᠠᠭᠤᠯᠬᠤ ᠲᠦᠪᠰᠢᠨ ᠢ ᠮᠡᠳᠡᠭᠳᠡᠮ᠎ᠡ | ᠳᠡᠭᠡᠭᠰᠢᠯᠡᠭᠦᠯᠵᠦ᠂ ᠰᠦᠨᠢᠳ ᠬᠤᠨᠢᠨ ᠤ ᠨᠡᠷᠡᠲᠦ ᠲᠡᠮᠳᠡᠭ ᠤᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ | ᠨᠡᠷ᠎ᠡ ᠨᠦᠯᠦᠭᠡ ᠶᠢ ᠨᠢ ᠣᠯᠠᠮ ᠢᠯᠡᠭᠦᠦ ᠦᠷᠭᠡᠳᠭᠡᠨ᠎ᠡ᠃ | ᠬᠤᠶᠠᠷ᠂ ᠭᠤᠣᠯᠳᠠᠯᠭ᠎ᠠ ᠲᠠᠢ ᠠᠵᠢᠯ ᠡᠭᠦᠷᠭᠡ | ︵ᠨᠢᠭᠡ︶ ᠣᠳᠣ ᠦᠶ᠎ᠡ ᠶᠢᠨ ᠮᠢᠬᠠᠨ ᠤ ᠦᠭᠡᠷ ᠤᠨ ᠠᠵᠣ ᠦᠢᠯᠡᠰ ᠢ ᠬᠦᠴᠦᠷᠭᠡᠭᠵᠢᠭᠦᠯᠦᠨ᠎ᠡ᠃ ᠮᠢᠬᠠᠨ ᠤ | ᠦᠭᠡᠷ ᠤᠨ ᠠᠵᠣ ᠦᠢᠯᠡᠰ ᠤᠨ ᠬᠦᠭᠵᠢᠯᠳᠡ ᠨᠢ ᠭᠤᠣᠯᠳᠠᠭᠤ ᠰᠢᠯᠢᠳᠡᠭ ᠡᠭᠦᠯᠳᠡᠷ ᠢ ᠮᠠᠯᠵᠢᠬᠤ᠂ ᠰᠢᠨᠵᠢᠯᠡᠬᠦ | ᠣᠬᠠᠭᠠᠨᠴᠢ ᠪᠠᠷ ᠲᠡᠵᠢᠭᠡᠬᠦ᠂ ᠪᠣᠷᠳᠣᠨ ᠲᠠᠷᠭᠤᠯᠠᠭᠤᠯᠬᠤ᠂ ᠨᠠᠷᠢᠯᠢᠭ ᠡᠳ᠋ᠰᠢᠭᠦᠯᠦᠨ ᠪᠣᠯᠪᠠᠰᠣᠷᠠᠭᠤᠯᠬᠤ ᠳᠡᠭᠡᠷ᠎ᠡ | ᠬᠦᠴᠦ ᠲᠠᠯᠪᠢᠵᠣ᠂ ᠵᠡᠭᠦᠨ ᠡᠮᠦᠨ᠎ᠡ ᠭᠡᠰᠡᠭ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠭᠰᠠᠨ ᠮᠢᠬᠠᠨ ᠤ ᠦᠭᠡᠷ ᠤᠨ | ᠠᠵᠣ ᠦᠢᠯᠡᠰ ᠤᠨ ᠪᠦᠰᠡ ᠪᠣᠯᠣᠨ ᠬᠤᠶᠢᠳᠣ ᠭᠡᠰᠡᠭ ᠢᠶᠠᠷ ᠭᠤᠣᠯᠳᠠᠯᠭ᠎ᠠ ᠪᠣᠯᠭᠠᠭᠰᠠᠨ ᠮᠣᠩᠭᠤᠯ ᠦᠭᠡᠷ ᠤᠨ | ᠡᠭᠦᠯᠳᠡᠷ ᠬᠠᠮᠠᠭᠠᠯᠠᠯᠳᠠ ᠶᠢᠨ ᠣᠷᠣᠨ ᠢ ᠡᠭᠦᠳᠦᠨ᠎ᠡ᠃ | 1. ᠰᠢᠯᠢᠳᠡᠭ ᠡᠭᠦᠯᠳᠡᠷ ᠢ ᠮᠠᠯᠵᠢᠬᠤ ᠰᠢᠰᠲ᠋ᠧᠮ ᠤᠨ ᠪᠠᠶᠢᠭᠤᠯᠣᠯᠳᠠ ᠶᠢ ᠴᠢᠩᠭᠠᠳᠬᠠᠨ᠎ᠠ᠃ ᠮᠢᠬᠠᠨ ᠤ | ᠦᠭᠡᠷ ᠮᠠᠯᠵᠢᠬᠤ ᠵᠢᠱᠢᠶ᠎ᠡ ᠦᠵᠡᠭᠦᠯᠬᠦ 20 ᠡᠷᠦᠭᠡ ᠶᠢᠨ ᠢᠴᠡᠭᠡᠯ ᠭᠡᠭᠡᠯᠳᠦᠭᠦᠯᠭᠡ ᠵᠢᠴᠢ ᠦᠨᠢᠶᠡᠨ ᠤ ᠡᠭᠦᠯᠳᠡᠷ ᠢ | ᠰᠠᠶᠢᠵᠢᠷᠠᠭᠤᠯᠬᠤ ᠠᠵᠢᠯ ᠢ ᠭᠤᠣᠯᠳᠠᠯᠭ᠎ᠠ ᠲᠠᠢ ᠠᠳᠬᠤᠵᠣ᠂ ᠬᠤᠶᠠᠷ ᠵᠢᠯ ᠤᠨ ᠲᠣᠳᠣᠷ᠎ᠠ 0.2 ᠲᠦᠮᠡᠨ ᠰᠢᠯᠢᠳᠡᠭ | ᠡᠭᠦᠯᠳᠡᠷ ᠤᠨ ᠮᠢᠬᠠᠨ ᠤ ᠦᠭᠡᠷ ᠣᠷᠣᠭᠤᠯᠬᠤ ᠪᠠᠷ ᠲᠦᠯᠦᠪᠯᠡᠵᠦ᠂ ᠮᠢᠬᠠᠨ ᠤ ᠦᠭᠡᠷ ᠮᠠᠯᠵᠢᠬᠤ ᠵᠢᠱᠢᠶ᠎ᠡ ᠦᠵᠡᠭᠦᠯᠬᠦ | ᠡᠷᠦᠭᠡ ᠶᠢᠨ ᠦᠨᠢᠶᠡᠨ ᠤ ᠡᠭᠦᠯᠳᠡᠷ ᠰᠠᠶᠢᠵᠢᠷᠠᠭᠤᠯᠣᠯᠳᠠ ᠶᠢᠨ ᠬᠢᠷᠢ ᠲᠡᠩᠴᠡᠯᠳᠡ ᠶᠢᠨ ᠨᠣᠷᠮ᠎ᠠ ᠪᠣᠯᠣᠨ ᠡᠭᠦᠯᠳᠡᠷ | ᠰᠠᠶᠢᠵᠢᠷᠠᠭᠤᠯᠣᠯᠳᠠ ᠶᠢᠨ ᠦᠶ᠎ᠡ ᠶᠢᠨ ᠲᠤᠭ᠎ᠠ ᠶᠢ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠯᠢᠳᠡᠭ ᠡᠭᠦᠯᠳᠡᠷ | ᠤᠨ ᠰᠢᠮᠨᠧᠲᠷ ᠮᠢᠬᠠᠨ ᠤ ᠦᠭᠡᠷ ᠪᠣᠯᠣᠨ ᠴᠡᠪᠡᠷ ᠡᠭᠦᠯᠳᠡᠷ ᠤᠨ ᠠᠩᠭᠢᠸ᠋ᠰ ᠦᠭᠡᠷ ᠮᠠᠯᠵᠢᠬᠤ ᠬᠠᠮᠢᠶᠠᠷᠣᠯᠳᠠ ᠪᠣᠯᠣᠨ | ᠬᠡᠬᠡᠯᠳᠦᠭᠦᠯᠭᠡ ᠶᠢᠨ ᠠᠵᠢᠯ ᠢ ᠰᠠᠶᠢᠳᠣᠷ ᠬᠢᠨ᠎ᠡ᠃ ᠰᠢᠮᠧᠨ᠋ᠲᠷ ᠦᠭᠡᠷ ᠢᠶᠠᠷ ᠭᠤᠣᠯ ᠪᠣᠯᠭᠠᠭᠰᠠᠨ ᠮᠢᠬᠠᠨ ᠤ ᠦᠭᠡᠷ | ᠮᠠᠯᠵᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠳᠠ ᠶᠢ ᠵᠣᠷᠢᠭᠵᠢᠭᠤᠯᠣᠨ ᠬᠦᠭᠵᠢᠭᠦᠯᠵᠦ᠂ ᠪᠠᠷᠠᠭᠤᠨᠪᠣᠯᠠᠭ | ᠭᠠᠴᠠᠭᠠᠨ ᠳᠤ ᠮᠢᠬᠠᠨ ᠤ ᠦᠭᠡᠷ ᠤᠨ ᠭᠤᠣᠯ ᠰᠦᠷᠦᠭ1 ᠶᠢ ᠪᠠᠶᠢᠭᠤᠯᠵᠣ᠂ ᠨᠡᠶᠢᠳᠡ 3 ᠰᠦᠷᠦᠭ ᠪᠣᠯᠭᠠᠵᠣ᠂ | ᠭᠤᠣᠯ ᠰᠦᠷᠦᠭ ᠤᠨ ᠰᠠᠭᠤᠷᠢ ᠦᠨᠢᠶ᠎ᠡ ᠶᠢ 200 ᠳᠤ ᠬᠦᠷᠭᠡᠨ᠎ᠡ᠃ ᠰᠠᠶᠢᠬᠠᠠᠪᠦ᠋ᠷᠢᠨ ᠭᠠᠴᠠᠭ᠎ᠠ ᠪᠣᠯᠣᠨ | ᠪᠠᠶᠠᠨᠬᠠᠷᠠᠭᠠᠳᠣ ᠭᠠᠴᠠᠭᠠᠨ ᠳᠤ ᠰᠢᠯᠢᠳᠡᠭ ᠡᠭᠦᠯᠳᠡᠷ ᠤᠨ ᠮᠢᠬᠠᠨ ᠤ ᠦᠭᠡᠷ ᠮᠠᠯᠵᠢᠬᠤ ᠲᠠᠯᠠᠪᠠᠢ 2 ᠶᠢ ᠪᠠᠶᠢᠭᠤᠯᠵᠣ᠂ | ᠬᠢᠷᠢ ᠲᠡᠩᠴᠡᠭᠰᠡᠨ ᠪᠣᠬ᠎ᠠ ᠶᠢ 50 ᠳᠤ ᠬᠦᠷᠭᠡᠨ᠎ᠡ᠃ ᠰᠠᠶᠢᠬᠠᠠᠠᠦ᠋ᠯᠵᠠᠢ ᠰᠣᠮᠣ᠂ ᠰᠠᠩᠪᠣᠯᠠᠭ ᠰᠣᠮᠣ ᠪᠠ | ᠠᠴᠢᠳᠣᠠᠭᠤᠯᠠ ᠰᠣᠮᠣ ᠪᠠᠷ ᠭᠤᠣᠯᠳᠠᠯᠭ᠎ᠠ ᠪᠣᠯᠭᠠᠨ᠂ ᠨᠣᠳᠤᠭ ᠤᠨ ᠦᠭᠡᠷ ᠤᠨ ᠡᠭᠦᠯᠳᠡᠷ ᠢ ᠰᠢᠯᠢᠳᠡᠭᠵᠢᠭᠦᠯᠬᠦ ᠠᠵᠢᠯ | ᠢ ᠦᠷᠭᠦᠯᠵᠢᠯᠡᠨ ᠴᠢᠩᠭ᠎ᠠ ᠠᠳᠬᠤᠨ᠎ᠠ᠃ 2021 ᠣᠨ ᠪᠣᠯᠬᠤ ᠳᠤ᠂ 2200 ᠦᠨᠢᠶᠡᠨ ᠳᠤ ᠢᠴᠡᠭᠡᠯ | ᠭᠡᠭᠡᠯᠳᠦᠭᠦᠯᠭᠡ ᠬᠢᠵᠦ᠂ ᠡᠩ ᠤᠨ ᠭᠡᠭᠡᠯᠳᠦᠭᠦᠯᠭᠡ ᠳᠤ ᠴᠦᠮ ᠭᠤᠷᠪᠠᠳᠣᠭᠠᠷ ᠦᠶ᠎ᠡ ᠠᠴᠠ ᠳᠡᠭᠡᠭᠰᠢᠬᠢ ᠬᠢᠷᠢ | ᠲᠡᠩᠴᠡᠭᠰᠡᠨ ᠪᠣᠬ᠎ᠠ ᠶᠢ ᠰᠣᠩᠭᠤᠨ᠎ᠠ᠃ | 2. ᠮᠢᠬᠠᠨ ᠤ ᠦᠭᠡᠷ ᠢ ᠪᠣᠷᠳᠣᠨ ᠲᠠᠷᠭᠤᠯᠠᠭᠤᠯᠬᠤ ᠲᠣᠳᠠᠭᠤᠳᠠᠯ ᠢ ᠨᠦᠬᠦᠪᠦᠷᠢᠯᠡᠨ᠎ᠡ᠃ ᠵᠢᠶᠠ ᠰᠢᠩ | ᠠᠩᠭᠧᠰ ᠪᠣᠬ᠎ᠠ ᠮᠠᠯᠵᠢᠬᠤ ᠬᠤᠷᠰᠢᠶᠠᠵᠢᠯ ᠢᠶᠠᠷ ᠭᠤᠣᠯᠳᠠᠯᠭ᠎ᠠ ᠪᠣᠯᠭᠠᠵᠣ᠂ ᠦᠨᠳᠦᠰᠦᠳᠡᠨ ᠤ ᠠᠷᠠᠯᠵᠢᠶᠠᠨ ᠤ ᠺᠣᠮᠫᠠᠨᠢ | ᠶᠢᠨ ᠠᠩᠭᠧᠰ ᠦᠭᠡᠷ ᠤᠨ ᠠᠵᠣ ᠦᠢᠯᠡᠰ ᠤᠨ ᠶᠠᠳᠠᠭᠤ ᠶᠢ ᠳᠡᠳᠭᠦᠬᠦ ᠰᠠᠭᠤᠷᠢᠨ ᠭᠠᠵᠠᠷ᠂ ᠰᠠᠩᠪᠣᠯᠠᠭ ᠰᠣᠮᠣᠨ ᠤ | ᠮᠢᠬᠠᠨ ᠤ ᠦᠭᠡᠷ ᠪᠣᠷᠳᠣᠨ ᠲᠠᠷᠭᠤᠯᠠᠭᠤᠯᠬᠤ ᠰᠠᠭᠤᠷᠢᠨ ᠭᠠᠵᠠᠷ ᠪᠠ ᠵᠢᠷᠦᠭᠡ ᠴᠢᠤᠸᠠᠨ ᠱᠧᠩ ᠪᠣᠷᠳᠣᠨ | ᠲᠠᠷᠭᠤᠯᠠᠭᠤᠯᠬᠤ ᠮᠠᠯᠵᠢᠯ ᠤᠨ ᠬᠤᠷᠰᠢᠶᠠᠵᠢᠯ ᠢ ᠳᠠᠶᠢᠴᠢᠯᠠᠵᠣ᠂ ᠮᠢᠬᠠᠨ ᠤ ᠦᠭᠡᠷ ᠢ ᠲᠠᠷᠭᠤᠯᠠᠭᠤᠯᠬᠤ ᠠᠵᠣ ᠦᠢᠯᠡᠰ | ᠪᠠ ᠮᠢᠬᠠᠨ ᠤ ᠦᠭᠡᠷ ᠢ ᠨᠠᠷᠢᠯᠢᠭ ᠡᠳ᠋ᠰᠢᠭᠦᠯᠦᠨ ᠪᠣᠯᠪᠠᠰᠣᠷᠠᠭᠤᠯᠬᠤ ᠳᠡᠭᠡᠷ᠎ᠡ ᠬᠦᠴᠦ ᠲᠠᠯᠪᠢᠨ᠎ᠠ᠃ ᠲᠡᠵᠢᠭᠡᠨ | ᠦᠷᠡᠵᠢᠭᠦᠯᠬᠦ ᠲᠣᠮᠣ ᠡᠷᠦᠭᠡ ᠶᠢᠨ ᠡᠮᠦᠨᠡᠬᠢ ᠬᠤᠭᠤᠠᠭᠠᠨ ᠤ ᠪᠣᠷᠳᠣᠨ ᠲᠠᠷᠭᠤᠯᠠᠭᠤᠯᠬᠤ ᠶᠢ ᠵᠣᠷᠢᠭᠵᠢᠭᠤᠯᠵᠣ᠂ | ᠮᠠᠯᠴᠢᠨ ᠲᠠᠷᠢᠶᠠᠴᠢᠳ ᠤᠨ ᠬᠤᠷᠰᠢᠶᠠᠵᠢᠯ ᠤᠨ ᠪᠣᠷᠳᠣᠨ ᠲᠠᠷᠭᠤᠯᠠᠭᠤᠯᠬᠤ ᠲᠠᠯᠠᠪᠠᠢ ᠶᠢᠨ ᠳᠣᠮᠳᠠ ᠬᠤᠭᠤᠴᠠᠭ᠎ᠠ ᠪᠠ | ᠳᠣᠮᠳᠠ ᠬᠤᠶᠢᠨᠠᠬᠢ ᠬᠤᠭᠤᠴᠠᠭᠠᠨ ᠳᠤ ᠪᠣᠷᠳᠣᠨ ᠲᠠᠷᠭᠤᠯᠠᠭᠤᠯᠬᠤ ᠶᠢ ᠳᠡᠮᠵᠢᠵᠦ᠂ ᠪᠣᠷᠳᠣᠨ ᠲᠠᠷᠭᠤᠯᠠᠭᠤᠯᠵᠣ | ᠡᠳ᠋ᠰᠢᠭᠦᠯᠦᠨ ᠪᠣᠯᠪᠠᠰᠣᠷᠠᠭᠤᠯᠬᠤ ᠲᠣᠯᠣᠭᠠᠶᠢᠯᠠᠭᠴᠢ ᠬᠤᠷᠰᠢᠶᠠᠵᠢᠯ᠂ ᠪᠣᠷᠳᠣᠨ ᠲᠠᠷᠭᠤᠯᠠᠭᠤᠯᠵᠣ ᠲᠡᠵᠢᠭᠡᠨ | ᠦᠷᠡᠵᠢᠭᠦᠯᠬᠦ ᠬᠡᠪᠴᠢᠶᠡᠵᠢᠭᠰᠡᠨ ᠰᠠᠭᠤᠷᠢᠨ ᠭᠠᠵᠠᠷ ᠤᠨ ᠰᠡᠭᠦᠯᠴᠢ ᠶᠢᠨ ᠬᠤᠭᠤᠴᠠᠭᠠᠨ ᠤ ᠪᠣᠷᠳᠣᠨ ᠲᠠᠷᠭᠤᠯᠠᠭᠤᠯᠬᠤ | ᠶᠢ ᠨᠢ ᠳᠡᠮᠵᠢᠨ᠎ᠡ᠃ 2021 ᠣᠨ ᠪᠣᠯᠬᠤ ᠳᠤ᠂ ᠪᠦᠬᠦ ᠬᠤᠰᠢᠭᠤᠨ ᠳᠤ 5000 ᠮᠢᠬᠠᠨ ᠤ ᠦᠭᠡᠷ ᠢ ᠪᠣᠷᠳᠣᠨ | ᠲᠠᠷᠭᠤᠯᠠᠭᠤᠯᠵᠣ ᠡᠳ᠋ᠰᠢᠭᠦᠯᠦᠨ ᠪᠣᠯᠪᠠᠰᠣᠷᠠᠭᠤᠯᠣᠨ᠎ᠠ᠃ | 3. ᠲᠡᠵᠢᠭᠡᠨ ᠠᠷᠠᠴᠢᠯᠠᠬᠤ ᠬᠠᠮᠢᠶᠠᠷᠣᠯᠳᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ 2 ᠵᠢᠯ ᠤᠨ ᠲᠣᠳᠣᠷ᠎ᠠ | ᠮᠢᠬᠠᠨ ᠤ ᠦᠭᠡᠷ ᠮᠠᠯᠵᠢᠬᠤ 30 ᠭᠤᠣᠯᠳᠠᠯᠭ᠎ᠠ ᠲᠠᠢ ᠡᠷᠦᠭᠡ ᠶᠢ ᠰᠣᠩᠭᠤᠵᠣ᠂ ᠮᠢᠬᠠᠨ ᠤ ᠦᠭᠡᠷ ᠮᠠᠯᠵᠢᠬᠤ | ᠬᠠᠮᠢᠶᠠᠷᠣᠯᠳᠠ ᠶᠢᠨ ᠲᠦᠪᠰᠢᠨ ᠢ ᠴᠢᠬᠤᠯᠠᠴᠢᠯᠠᠨ ᠳᠡᠭᠡᠭᠰᠢᠯᠡᠭᠦᠯᠵᠦ᠂ ᠮᠢᠬᠠᠨ ᠤ ᠦᠭᠡᠷ ᠮᠠᠯᠵᠢᠬᠤ ᠭᠤᠣᠯᠳᠠᠯᠭ᠎ᠠ | ᠲᠠᠢ ᠡᠷᠦᠭᠡ ᠶᠢ ᠰᠢᠨᠵᠢᠯᠡᠬᠦ ᠣᠬᠠᠭᠠᠨᠴᠢ ᠪᠠᠷ ᠮᠠᠯᠵᠢᠭᠰᠠᠨ᠂ ᠣᠨᠳᠣᠷᠣᠯᠳᠠ ᠶᠢᠨ ᠨᠣᠷᠮ᠎ᠠ ᠶᠢ ᠨᠡᠮᠡᠭᠳᠡᠭᠦᠯᠦᠭᠰᠡᠨ | ᠵᠢᠱᠢᠶ᠎ᠡ ᠦᠵᠡᠭᠦᠯᠬᠦ ᠡᠷᠦᠭᠡ ᠪᠣᠯᠭᠠᠨ ᠡᠭᠦᠳᠴᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠢ | ᠪᠠᠳᠠᠷᠠᠭᠤᠯᠣᠨ᠎ᠠ᠃ ᠮᠠᠯᠵᠢᠬᠤ ᠣᠷᠣᠨ ᠳᠤ ᠪᠡᠯᠴᠢᠭᠡᠷᠯᠡᠭᠦᠯᠦᠨ ᠮᠠᠯᠵᠢᠬᠤ ᠪᠠ ᠪᠣᠷᠳᠣᠨ ᠲᠠᠷᠭᠤᠯᠠᠭᠤᠯᠬᠤ ᠬᠡᠯᠪᠡᠷᠢ ᠶᠢ | ᠣᠶᠠᠯᠳᠣᠭᠤᠯᠬᠤ ᠶᠢ ᠴᠢᠬᠤᠯᠠᠴᠢᠯᠠᠵᠣ᠂ ᠰᠢᠮ᠎ᠡ ᠲᠡᠵᠢᠭᠡᠯ ᠤᠨ ᠲᠣᠬᠢᠷᠠᠭᠤᠯᠣᠯᠳᠠ ᠶᠢ ᠴᠢᠬᠤᠯᠠᠴᠢᠯᠠᠨ᠂ ᠪᠦᠬᠦᠯᠢ | ᠡᠳᠦᠷ ᠬᠤᠯᠢᠮᠠᠭ ᠠᠮᠣ ︵TMR︶ ᠪᠠᠷ ᠲᠡᠵᠢᠭᠡᠬᠦ ᠪᠠ ᠪᠠᠷᠢᠮᠵᠢᠶᠠᠵᠢᠭᠤᠯᠣᠭᠰᠠᠨ ᠪᠣᠷᠳᠣᠨ ᠲᠡᠵᠢᠭᠡᠬᠦ ᠮᠡᠷᠭᠡᠵᠢᠯ ᠢ | ᠶᠡᠬᠡᠪᠡᠷ ᠲᠦᠭᠡᠮᠡᠯᠵᠢᠭᠦᠯᠵᠦ᠂ ᠣᠨᠴᠠᠭᠠᠶᠢᠯᠠᠨ ᠡᠪᠦᠯᠵᠢᠬᠦ ᠮᠠᠯ ᠳᠤ ᠲᠡᠵᠢᠭᠡᠯ ᠨᠦᠬᠦᠪᠦᠷᠢᠯᠡᠬᠦ ᠠᠰᠠᠭᠤᠳᠠᠯ ᠢ ᠰᠠᠶᠢᠳᠣᠷ | ᠰᠢᠢᠳᠪᠦᠷᠢᠯᠡᠨ᠎ᠡ᠃ 2020 ᠣᠨ ᠳᠤ᠂ ᠮᠢᠬᠠᠨ ᠦᠭᠡᠷ ᠤᠨ ᠦᠷᠡᠵᠢᠯᠳᠡ ᠣᠨᠳᠣᠷᠣᠯᠳᠠ ᠶᠢᠨ ᠨᠣᠷᠮ᠎ᠠ ᠶᠢ | 78% ᠳᠤ ᠬᠦᠷᠭᠡᠵᠦ᠂ 2021 ᠣᠨ ᠳᠤ 80% ᠳᠤ ᠬᠦᠷᠭᠡᠨ᠎ᠡ᠃ | ᠣᠳᠣ ᠦᠶ᠎ᠡ ᠶᠢᠨ ᠮᠢᠬᠠᠨ ᠤ ᠦᠭᠡᠷ ᠤᠨ ᠠᠵᠣ ᠦᠢᠯᠡᠰ ᠤᠨ ᠬᠦᠭᠵᠢᠯᠳᠡ ᠶᠢᠨ ᠭᠤᠣᠯᠳᠠᠯᠭ᠎ᠠ ᠲᠠᠢ | ᠢᠨᠵᠧᠨᠧᠷᠢᠩ᠂ ᠲᠦᠷᠦᠯ ᠵᠦᠢᠯ | 1. ᠰᠢᠯᠢᠳᠡᠭ ᠡᠭᠦᠯᠳᠡᠷ ᠤᠨ ᠮᠢᠬᠠᠨ ᠤ ᠦᠭᠡᠷ ᠣᠷᠣᠭᠤᠯᠬᠤ᠄ ᠬᠤᠶᠠᠷ ᠵᠢᠯ ᠳᠤ 2000 ᠦᠭᠡᠷ | ᠣᠷᠣᠭᠤᠯᠵᠣ᠂ ᠡᠭᠦᠨ ᠳᠤ 2020 ᠣᠨ ᠳᠤ 1000 ᠦᠭᠡᠷ᠂2021 ᠣᠨ ᠳᠤ 1000 ᠦᠭᠡᠷ ᠣᠷᠣᠭᠤᠯᠬᠤ | ᠪᠠᠷ ᠲᠦᠯᠦᠪᠯᠡᠵᠦ ᠪᠣᠢ᠃ | 2. ᠨᠣᠳᠤᠭ ᠤᠨ ᠦᠭᠡᠷ ᠤᠨ ᠡᠭᠦᠯᠳᠡᠷ ᠢ ᠰᠠᠶᠢᠵᠢᠷᠠᠭᠤᠯᠬᠤ᠄ 2020 ᠣᠨ ᠳᠤ 2.82 ᠲᠦᠮᠡᠨ ᠨᠣᠳᠤᠭ | ᠤᠨ ᠦᠭᠡᠷ ᠤᠨ ᠡᠭᠦᠯᠳᠡᠷ ᠢ ᠰᠠᠶᠢᠵᠢᠷᠠᠭᠤᠯᠵᠣ᠂ ᠡᠭᠦᠨ ᠳᠤ 2200 ᠦᠨᠢᠶᠡᠨ ᠳᠤ ᠢᠴᠡᠭᠡᠯ ᠭᠡᠭᠡᠯᠳᠦᠭᠦᠯᠭᠡ ᠬᠢᠵᠦ | ᠂ 2021 ᠣᠨ ᠳᠤ 3.1 ᠲᠦᠮᠡᠨ ᠨᠣᠳᠤᠭ ᠤᠨ ᠦᠭᠡᠷ ᠤᠨ ᠡᠭᠦᠯᠳᠡᠷ ᠢ ᠰᠠᠶᠢᠵᠢᠷᠠᠭᠤᠯᠵᠣ᠂ ᠡᠭᠦᠨ ᠳᠤ 2200 | ᠦᠨᠢᠶᠡᠨ ᠳᠤ ᠢᠴᠡᠭᠡᠯ ᠭᠡᠭᠡᠯᠳᠦᠭᠦᠯᠭᠡ ᠬᠢᠨ᠎ᠡ᠃ | 3. ᠭᠤᠣᠯ ᠰᠦᠷᠦᠭ ᠤᠨ ᠪᠠᠶᠢᠭᠤᠯᠣᠯᠳᠠ᠄ 2021 ᠣᠨ ᠳᠤ ᠭᠤᠣᠯ ᠰᠦᠷᠦᠭ 3 ᠶᠢ ᠪᠠᠶᠢᠭᠤᠯᠵᠣ᠂ | 200 ᠦᠨᠢᠶ᠎ᠡ ᠣᠷᠣᠭᠤᠯᠣᠨ᠎ᠠ᠃ | 4. ᠮᠠᠯ ᠵᠢᠭᠦᠷᠳᠡᠨ ᠤ ᠢᠯᠭᠠᠳᠠᠰᠣ ᠶᠢ ᠡᠬᠢ ᠪᠠᠶᠠᠯᠢᠭᠵᠢᠭᠤᠯᠣᠨ ᠠᠰᠢᠭᠯᠠᠬᠤ᠄ ᠮᠠᠯ ᠵᠢᠭᠦᠷᠳᠡᠨ ᠤ | ᠢᠯᠭᠠᠳᠠᠰᠣ ᠶᠢ ᠡᠬᠢ ᠪᠠᠶᠠᠯᠢᠭᠵᠢᠭᠤᠯᠣᠨ ᠠᠰᠢᠭᠯᠠᠬᠤ ᠶᠢ ᠪᠦᠬᠦ ᠬᠤᠰᠢᠭᠤ ᠰᠢᠶᠠᠨ ᠢᠶᠠᠷ ᠲᠦᠯᠬᠢᠨ ᠠᠬᠢᠭᠤᠯᠬᠤ | ᠲᠣᠷᠰᠢᠯᠳᠠ ᠶᠢᠨ ᠲᠦᠷᠦᠯ ᠵᠦᠢᠯ ᠢ ᠢᠳᠡᠪᠬᠢᠳᠠᠢ ᠭᠤᠶᠣᠴᠢᠯᠠᠵᠣ᠂ ᠪᠦᠬᠦ ᠬᠤᠰᠢᠭᠤᠨ ᠤ ᠮᠠᠯ ᠵᠢᠭᠦᠷᠳᠡᠨ ᠤ | ᠢᠯᠭᠠᠳᠠᠰᠣ ᠶᠢ ᠶᠡᠷᠦᠩᠭᠡᠶᠢᠡᠯᠨ ᠠᠰᠢᠭᠯᠠᠬᠤ ᠨᠣᠷᠮ᠎ᠠ ᠶᠢ 80% ᠳᠡᠭᠡᠭᠰᠢ ᠳᠤ ᠬᠦᠷᠭᠡᠨ᠎ᠡ᠃ | ︵ᠬᠤᠶᠠᠷ︶ ᠣᠳᠣ ᠦᠶ᠎ᠡ ᠶᠢᠨ ᠮᠢᠬᠠᠨ ᠤ ᠬᠤᠨᠢᠨ ᠤ ᠠᠵᠣ ᠦᠢᠯᠡᠰ ᠢ ᠰᠢᠯᠢᠳᠡᠭᠵᠢᠭᠦᠯᠦᠨ᠎ᠡ᠃ ᠮᠢᠬᠠᠨ ᠤ | ᠬᠤᠨᠢᠨ ᠤ ᠠᠵᠣ ᠦᠢᠯᠡᠰ ᠤᠨ ᠬᠦᠭᠵᠢᠯᠳᠡ ᠨᠢ ᠭᠤᠣᠯᠳᠠᠭᠤ ᠡᠭᠦᠯᠳᠡᠷ ᠢ ᠰᠢᠯᠢᠳᠡᠭᠵᠢᠭᠦᠯᠬᠦ᠂ ᠮᠠᠯᠵᠢᠬᠤ ᠦᠷ᠎ᠡ | ᠠᠰᠢᠭ ᠢ ᠳᠡᠭᠡᠭᠰᠢᠯᠡᠭᠦᠯᠬᠦ ᠵᠢᠴᠢ ᠮᠠᠯ ᠰᠦᠷᠦᠭ ᠤᠨ ᠦᠢᠯᠡᠳᠪᠦᠷᠢᠯᠡᠯ ᠤᠨ ᠴᠢᠳᠠᠪᠣᠷᠢ ᠪᠠ ᠨᠡᠷᠡᠲᠦ ᠲᠡᠮᠳᠡᠭ ᠤᠨ | ᠡᠵᠡᠩᠨᠡᠯᠳᠡ ᠪᠣᠷᠣᠯᠠᠭᠤᠯᠣᠯᠳᠠ ᠳᠡᠭᠡᠷ᠎ᠡ ᠬᠦᠴᠦ ᠪᠠᠨ ᠲᠠᠯᠪᠢᠵᠣ᠂ ᠰᠦᠨᠢᠳ ᠬᠤᠨᠢ ᠶᠢ ᠶᠡᠷᠦᠩᠭᠡᠢ ᠳᠡᠭᠡᠨ | ᠲᠡᠩᠴᠡᠭᠦᠷᠢᠳᠠᠢ ᠬᠦᠭᠵᠢᠭᠦᠯᠦᠭᠰᠡᠨ ᠰᠠᠭᠤᠷᠢᠨ ᠳᠡᠭᠡᠷ᠎ᠡ᠂ ᠶᠡᠷᠦᠩᠭᠡᠶᠢᠯᠡᠭᠰᠡᠨ ᠦᠢᠯᠡᠳᠪᠦᠷᠢᠯᠡᠯ ᠤᠨ ᠴᠢᠳᠠᠪᠣᠷᠢ ᠶᠢ | ᠳᠡᠭᠡᠭᠰᠢᠯᠡᠭᠦᠯᠵᠦ᠂ ᠠᠵᠣ ᠦᠢᠯᠡᠰ ᠤᠨ ᠪᠦᠬᠦᠯᠢ ᠴᠣᠭᠴᠠ ᠶᠢᠨ ᠬᠦᠭᠵᠢᠯᠳᠡ ᠶᠢᠨ ᠲᠦᠪᠰᠢᠨ ᠢ ᠢᠯᠡᠳᠳᠡ | ᠳᠡᠭᠡᠭᠰᠢᠯᠡᠭᠦᠯᠦᠨ᠎ᠡ᠃ | 1. ᠣᠷᠣᠨ ᠨᠣᠳᠤᠭ ᠤᠨ ᠰᠢᠯᠢᠳᠡᠭ ᠡᠭᠦᠯᠳᠡᠷ ᠢ ᠰᠣᠩᠭᠤᠨ ᠪᠣᠶᠢᠵᠢᠭᠤᠯᠬᠤ ᠪᠠ ᠰᠢᠯᠢᠳᠡᠭ ᠡᠭᠦᠯᠳᠡᠷ ᠢ | ᠬᠠᠮᠠᠭᠠᠯᠠᠨ ᠮᠠᠯᠵᠢᠬᠤ ᠶᠢ ᠴᠢᠩᠭᠠᠳᠬᠠᠨ᠎ᠠ᠃ ᠬᠤᠴᠠ ᠮᠠᠯᠵᠢᠬᠤ ᠲᠠᠯᠠᠪᠠᠢ ᠪᠠ ᠮᠢᠬᠠᠨ ᠤ ᠬᠤᠨᠢᠨ ᠤ ᠭᠤᠣᠯ | ᠰᠦᠷᠦᠭ ᠤᠨ ᠶᠠᠰᠣ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠨᠢᠭᠦᠯᠦᠨ᠎ᠡ᠃ 2021 ᠣᠨ ᠪᠣᠯᠬᠤ ᠳᠤ᠂ | ᠣᠯᠣᠰ ᠤᠨ ᠳᠡᠰ ᠤᠨ ᠮᠢᠬᠠᠨ ᠤ ᠬᠤᠨᠢ ᠮᠠᠯᠵᠢᠬᠤ 1 ᠲᠠᠯᠠᠪᠠᠢ ᠶᠢᠨ ᠶᠠᠰᠣ ᠴᠢᠨᠠᠷ ᠢ ᠪᠠᠳᠣᠳᠬᠠᠨ | ᠳᠡᠭᠡᠭᠰᠢᠯᠡᠭᠦᠯᠦᠨ᠎ᠡ᠃ ᠦᠷᠭᠡᠨᠳᠠᠯᠠ ᠪᠠᠯᠭᠠᠰᠣ᠂ ᠡᠷᠢᠶᠡᠨᠨᠠᠭᠤᠷ ᠰᠣᠮᠣ ᠪᠠᠷ ᠭᠤᠣᠯᠳᠠᠯᠭ᠎ᠠ ᠪᠣᠯᠭᠠᠨ᠂ ᠰᠠᠶᠢᠬᠠᠨᠳᠠᠯ᠎ᠠ | ᠪᠠᠯᠭᠠᠰᠣ᠂ ᠰᠠᠩᠪᠣᠯᠠᠭ ᠰᠣᠮᠣ᠂ ᠠᠴᠢᠳᠣᠠᠠᠭᠤᠯᠠ ᠰᠣᠮᠣ᠂ ᠰᠠᠶᠢᠬᠠᠬᠠᠦ᠋ᠯᠵᠠᠢ ᠰᠣᠮᠣ ᠪᠠ ᠵᠢᠷᠦᠭᠡ ᠪᠠᠯᠭᠠᠰᠣᠨ ᠤ | ᠬᠡᠰᠡᠭ ᠭᠠᠴᠠᠭ᠎ᠠ ᠶᠢ ᠳᠠᠶᠢᠴᠢᠯᠠᠵᠣ᠂ ᠮᠠᠯᠵᠢᠬᠤ ᠲᠠᠯᠠᠪᠠᠢ 9᠂ ᠭᠤᠣᠯ ᠰᠦᠷᠦᠭ ᠢ140 ᠪᠣᠯᠭᠠᠨ ᠦᠷᠭᠡᠳᠭᠡᠨ | ᠪᠠᠶᠢᠭᠤᠯᠵᠣ᠂ ᠭᠤᠣᠯᠳᠠᠯᠭ᠎ᠠ ᠲᠠᠢ ᠬᠤᠴᠠ ᠮᠠᠯᠵᠢᠬᠤ ᠲᠠᠯᠠᠪᠠᠢ + ᠦᠷᠭᠡᠳᠭᠡᠨ ᠪᠠᠶᠢᠭᠤᠯᠬᠤ ᠲᠠᠯᠠᠪᠠᠢ + ᠭᠤᠣᠯ | ᠰᠦᠷᠦᠭ ᠢ ︽ᠨᠢᠭᠡ ᠴᠣᠭᠴᠠᠵᠢᠭᠤᠯᠣᠭᠰᠠᠨ︾ ᠰᠢᠯᠢᠳᠡᠭ ᠡᠭᠦᠯᠳᠡᠷ ᠤᠨ ᠮᠢᠬᠠᠨ ᠤ ᠬᠤᠨᠢ ᠮᠠᠯᠵᠢᠬᠤ ᠰᠢᠰᠲ᠋ᠧᠮ ᠢ | ᠪᠦᠷᠢᠯᠳᠦᠭᠦᠯᠵᠦ᠂ ᠵᠢᠯ ᠳᠤ 5000 ᠰᠢᠯᠢᠳᠡᠭ ᠡᠭᠦᠯᠳᠡᠷ ᠤᠨ ᠬᠤᠴᠠ ᠬᠠᠩᠭᠠᠨ᠎ᠠ᠃ ᠣᠷᠣᠨ ᠨᠣᠳᠤᠭ ᠤᠨ | ᠰᠢᠯᠢᠳᠡᠭ ᠡᠭᠦᠯᠳᠡᠷ ᠤᠨ ᠬᠦᠷᠢᠶ᠎ᠡ ᠬᠡᠪᠴᠢᠶᠡᠨ ᠳᠤ ᠬᠤᠴᠠ ᠲᠦᠪᠯᠡᠷᠡᠭᠦᠯᠦᠨ ᠮᠠᠯᠵᠢᠵᠣ᠂ ᠭᠠᠴᠠᠭ᠎ᠠ᠂ ᠬᠤᠷᠰᠢᠶᠠᠵᠢᠯ | ᠂ ᠲᠣᠰᠬᠠᠢ ᠡᠷᠦᠭᠡ ᠶᠢᠨ ᠲᠦᠪᠯᠡᠷᠡᠭᠦᠯᠦᠨ ᠮᠠᠯᠵᠢᠬᠤ ᠶᠢ ᠠᠬᠢᠭᠤᠯᠵᠣ᠂ ᠬᠤᠴᠠᠨ ᠤ ᠡᠭᠦᠯᠳᠡᠷ ᠢ ᠦᠷᠭᠦᠯᠵᠢᠯᠡᠨ | ᠰᠢᠯᠢᠳᠡᠭᠵᠢᠭᠦᠯᠦᠨ᠎ᠡ᠃ ᠰᠦᠨᠢᠳ ᠬᠤᠨᠢᠨ ᠤ ᠰᠢᠯᠢᠳᠡᠭ ᠡᠭᠦᠯᠳᠡᠷ ᠤᠨ ᠲᠠᠯᠠᠪᠠᠢ ᠳᠤ ᠬᠦᠮᠦᠨ ᠤ ᠬᠦᠴᠦ ᠪᠠᠷ | ᠭᠡᠭᠡᠯᠳᠦᠭᠦᠯᠬᠦ ᠠᠵᠢᠯ ᠢ ᠰᠠᠶᠢᠳᠣᠷ ᠠᠳᠬᠤᠵᠣ᠂ ᠣᠳᠣᠮ ᠤᠨ ᠳᠠᠩᠰᠠ ᠡᠪᠬᠡᠮᠡᠯ ᠢ ᠣᠯᠠᠮ ᠨᠢᠭᠡ ᠠᠯᠬᠤᠮ | ᠳᠡᠭᠦᠯᠳᠡᠷᠵᠢᠭᠦᠯᠵᠦ᠂ ᠡᠯ᠎ᠡ ᠲᠦᠷᠦᠯ ᠤᠨ ᠬᠠᠮᠢᠶᠠᠷᠣᠯᠳᠠ ᠶᠢᠨ ᠲᠦᠷᠢᠮ ᠪᠠ ᠲᠣᠰᠬᠠᠢ ᠮᠡᠷᠭᠡᠵᠢᠯ ᠤᠨ ᠠᠵᠢᠯᠳᠠᠨ ᠤ | ᠲᠣᠬᠢᠷᠠᠭᠤᠯᠣᠯᠳᠠ ᠶᠢ ᠲᠦᠷᠢᠮᠵᠢᠭᠦᠯᠵᠦ᠂ 2020 ᠣᠨ ᠳᠤ ᠰᠢᠯᠢᠳᠡᠭ ᠡᠭᠦᠯᠳᠡᠷ ᠤᠨ ᠰᠦᠨᠢᠳ ᠬᠤᠨᠢ ᠮᠠᠯᠵᠢᠬᠤ | ᠲᠠᠯᠠᠪᠠᠢ ᠶᠢ ᠳᠡᠰ ᠳᠡᠪᠰᠢᠭᠦᠯᠦᠨ᠎ᠡ᠃ | 2. ᠲᠡᠵᠢᠭᠡᠨ ᠦᠷᠡᠵᠢᠭᠦᠯᠬᠦ ᠦᠷ᠎ᠡ ᠠᠰᠢᠭ ᠪᠠ ᠬᠤᠪᠢ ᠶᠢᠨ ᠦᠢᠯᠡᠳᠭᠦᠨ ᠤ ᠦᠷᠳᠡᠭ ᠢ | ᠳᠡᠭᠡᠭᠰᠢᠯᠡᠭᠦᠯᠦᠨ᠎ᠡ᠃ ᠡᠪᠦᠯ ᠤᠨ ᠬᠤᠷᠠᠭ᠎ᠠ ᠶᠢ ᠪᠣᠷᠳᠣᠨ ᠲᠠᠷᠭᠤᠯᠠᠭᠤᠯᠵᠣ ᠣᠷᠢᠳᠴᠢᠯᠠᠨ ᠬᠤᠳᠠᠯᠳᠣᠬᠤ ᠠᠴᠠ | ᠭᠠᠷᠳᠠᠵᠣ᠂ ︽ᠲᠣᠰᠬᠠᠶᠢᠵᠢᠭᠤᠯᠣᠨ ᠮᠠᠯᠵᠢᠬᠤ᠂ ᠵᠣᠬᠢᠶᠠᠨ ᠪᠠᠶᠢᠭᠤᠯᠣᠯᠳᠠ ᠲᠠᠢ ᠪᠠᠷ ᠠᠬᠢᠭᠤᠯᠬᠤ᠂ | ᠪᠠᠷᠢᠮᠵᠢᠶᠠᠵᠢᠭᠤᠯᠣᠨ ᠦᠢᠯᠡᠳᠪᠦᠷᠢᠯᠡᠬᠦ᠂ ᠨᠠᠷᠢᠯᠢᠭ ᠪᠣᠯᠪᠠᠰᠣᠷᠠᠭᠤᠯᠬᠤ᠂ ᠨᠡᠷᠡᠳᠦ ᠲᠡᠮᠳᠡᠭᠵᠢᠭᠦᠯᠦᠨ ᠪᠣᠷᠣᠯᠠᠭᠤᠯᠬᠤ︾ | ᠠᠷᠭ᠎ᠠ ᠬᠡᠮᠵᠢᠶ᠎ᠡ ᠶᠢ ᠠᠪᠴᠣ᠂ ᠰᠦᠨᠢᠳ ᠬᠤᠨᠢᠨ ᠤ ᠠᠵᠣ ᠦᠢᠯᠡᠰ ᠢ ᠪᠦᠲᠦᠮᠵᠢᠳᠠᠢ ᠬᠠᠮᠠᠭᠠᠯᠠᠨ ᠬᠦᠭᠵᠢᠭᠦᠯᠦᠨ᠎ᠡ᠃ | ᠵᠢᠯ ᠳᠤ 6 ᠲᠦᠮᠡᠨ ᠬᠤᠷᠠᠭ᠎ᠠ ᠶᠢ ᠪᠣᠷᠳᠣᠨ ᠲᠠᠷᠭᠤᠯᠠᠭᠤᠯᠵᠣ ᠣᠷᠢᠳᠴᠢᠯᠠᠨ ᠬᠤᠳᠠᠯᠳᠣᠬᠤ ᠪᠠᠷ ᠲᠦᠯᠦᠪᠯᠡᠵᠦ | ᠪᠣᠢ᠃ | ᠣᠳᠣ ᠦᠶ᠎ᠡ ᠶᠢᠨ ᠮᠢᠬᠠᠨ ᠤ ᠬᠤᠨᠢᠨ ᠤ ᠠᠵᠣ ᠦᠢᠯᠡᠰ ᠤᠨ ᠬᠦᠭᠵᠢᠯᠳᠡ ᠶᠢᠨ ᠭᠤᠣᠯᠳᠠᠯᠭ᠎ᠠ ᠲᠠᠢ | ᠢᠨᠵᠧᠨᠧᠷᠢᠩ᠂ ᠲᠦᠷᠦᠯ ᠵᠦᠢᠯ | 1. ᠣᠯᠣᠰ ᠤᠨ ᠳᠡᠰ ᠤᠨ ᠭᠤᠣᠯ ᠮᠠᠯᠵᠢᠯ ᠤᠨ ᠲᠠᠯᠠᠪᠠᠢ᠃ ᠣᠯᠣᠰ ᠤᠨ ᠳᠡᠰ ᠤᠨ ᠰᠦᠨᠢᠳ ᠬᠤᠨᠢ | ᠮᠠᠯᠵᠢᠬᠤ ᠲᠠᠯᠠᠪᠠᠢ ᠶᠢᠨ ᠶᠠᠰᠣ ᠴᠢᠨᠠᠷ ᠢ ᠦᠷᠭᠦᠯᠵᠢᠯᠡᠨ ᠪᠠᠳᠣᠳᠬᠠᠨ ᠳᠡᠭᠡᠭᠰᠢᠯᠡᠭᠦᠯᠦᠨ᠎ᠡ᠃ | 2. ᠬᠤᠴᠠᠨ ᠤ ᠨᠦᠬᠦᠪᠦᠷᠢ ᠶᠢᠨ ᠲᠦᠷᠦ ᠶᠢᠨ ᠪᠣᠳᠣᠯᠭ᠎ᠠ᠄2020 ᠣᠨ ᠳᠤ 5000 ᠬᠤᠴᠠᠨ ᠳᠤ | ᠨᠦᠬᠦᠪᠦᠷᠢ ᠣᠯᠭᠤᠵᠣ᠂ ᠳᠡᠭᠡᠳᠦ ᠱᠠᠳᠣᠨ ᠠᠴᠠ 600 ᠲᠦᠮᠡᠨ ᠲᠦᠭᠦᠷᠢᠭ ᠤᠨ ᠨᠦᠬᠦᠪᠦᠷᠢ ᠮᠦᠩᠭᠦ ᠶᠢ | ᠭᠤᠶᠣᠴᠢᠯᠠᠨ ᠣᠯᠣᠨ᠎ᠠ᠃ 2021 ᠣᠨ ᠳᠤ 5000 ᠬᠤᠴᠠᠨ ᠳᠤ ᠨᠦᠬᠦᠪᠦᠷᠢ ᠣᠯᠭᠤᠵᠣ᠂ ᠳᠡᠭᠡᠳᠦ ᠱᠠᠳᠣᠨ | ᠠᠴᠠ600 ᠲᠦᠮᠡᠨ ᠲᠦᠭᠦᠷᠢᠭ ᠤᠨ ᠨᠦᠬᠦᠪᠦᠷᠢ ᠮᠦᠩᠭᠦ ᠶᠢ ᠭᠤᠶᠣᠴᠢᠯᠠᠨ ᠣᠯᠣᠨ᠎ᠠ᠃ | 3. ᠬᠤᠴᠠ ᠮᠠᠯᠵᠢᠬᠤ ᠲᠠᠯᠠᠪᠠᠢ ᠶᠢ ᠪᠦᠲᠦᠭᠡᠨ ᠪᠠᠶᠢᠭᠤᠯᠬᠤ ᠲᠦᠷᠦᠯ ᠵᠦᠢᠯ᠄ 2020 ᠣᠨ ᠳᠤ | ᠳᠣᠮᠳᠠᠳᠣ ᠣᠯᠣᠰ ᠤᠨ ᠠᠭᠠᠷ ᠠᠶᠠᠯᠠᠯ ᠤᠨ ᠺᠣᠮᠫᠠᠨᠢ ᠶᠢᠨ700 ᠲᠦᠮᠡᠨ ᠲᠦᠭᠦᠷᠢᠭ ᠤᠨ ᠶᠠᠳᠠᠭᠤ ᠶᠢ ᠳᠡᠳᠭᠦᠬᠦ | ᠪᠡᠯᠡ ᠮᠦᠩᠭᠦ ᠶᠢ ᠭᠤᠶᠣᠴᠢᠯᠠᠨ᠎ᠠ᠃ | 4. ᠮᠢᠬᠠᠨ ᠤ ᠬᠤᠨᠢ ᠶᠢ ᠪᠣᠷᠳᠣᠨ ᠲᠠᠷᠭᠤᠯᠠᠭᠤᠯᠬᠤ᠄ 2020 ᠣᠨ ᠳᠤ6 ᠲᠦᠮᠡᠨ ᠬᠤᠨᠢ ᠶᠢ ᠪᠣᠷᠳᠣᠨ | ᠲᠠᠷᠭᠤᠯᠠᠭᠤᠯᠵᠣ ᠣᠷᠢᠳᠴᠢᠯᠠᠨ ᠬᠤᠳᠠᠯᠳᠣᠨ᠎ᠠ᠃ 2021 ᠣᠨ ᠳᠤ 6 ᠲᠦᠮᠡᠨ ᠬᠤᠨᠢ ᠶᠢ ᠪᠣᠷᠳᠣᠨ | ᠲᠠᠷᠭᠤᠯᠠᠭᠤᠯᠵᠣ ᠣᠷᠢᠳᠴᠢᠯᠠᠨ ᠬᠤᠳᠠᠯᠳᠣᠨ᠎ᠠ᠃ | 3. ᠮᠠᠯ ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠪᠠᠷᠢᠮᠵᠢᠶᠠᠵᠢᠭᠰᠠᠨ ᠰᠦᠷᠦᠭ᠂ ᠭᠤᠣᠯ | ᠰᠦᠷᠦᠭ ᠤᠨ ᠪᠠᠶᠢᠭᠤᠯᠣᠯᠳᠠ ᠶᠢ ᠵᠢᠯᠣᠭᠤᠳᠣᠨ ᠳᠡᠮᠵᠢᠬᠦ ᠪᠠᠷ ᠳᠠᠮᠵᠢᠨ᠂ ᠮᠠᠯᠴᠢᠳ ᠢ ᠳᠠᠶᠢᠴᠢᠯᠠᠨ ᠰᠠᠭᠤᠷᠢ ᠡᠮ᠎ᠡ | ᠬᠤᠨᠢ ᠶᠢᠨ ᠪᠦᠲᠦᠴᠡ ᠶᠢ ᠰᠢᠯᠢᠳᠡᠭᠵᠢᠭᠦᠯᠵᠦ᠂ ᠰᠢᠯᠢᠳᠡᠭ ᠡᠭᠦᠯᠳᠡᠷ ᠤᠨ ᠡᠭᠡ ᠮᠠᠯ ᠢ ᠰᠣᠩᠭᠤᠨ ᠦᠯᠡᠳᠡᠭᠡᠵᠦ᠂ | ᠰᠠᠭᠤᠷᠢ ᠡᠭᠡ ᠮᠠᠯ ᠤᠨ ᠬᠠᠷᠢᠴᠠᠯ ᠢ ᠳᠡᠭᠡᠭᠰᠢᠯᠡᠭᠦᠯᠦᠨ᠎ᠡ᠃ ᠰᠠᠭᠤᠷᠢ ᠡᠭᠡ ᠮᠠᠯ ᠤᠨ ᠬᠠᠷᠢᠴᠠᠯ ᠢ 85% ᠤᠨ | ᠲᠣᠳᠣᠷ᠎ᠠ ᠪᠠᠶᠢᠯᠭᠠᠵᠣ᠂ ᠡᠬᠡ ᠮᠠᠯ ᠢ ᠰᠢᠭᠰᠢᠬᠦ ᠨᠣᠷᠮ᠎ᠠ ᠶᠢ 15% ᠤᠨ ᠲᠣᠳᠣᠷ᠎ᠠ᠂ ᠡᠷ᠎ᠡ ᠡᠮ᠎ᠡ ᠶᠢᠨ ᠬᠠᠷᠢᠴᠠᠯ ᠢ | 1᠄35 ᠶᠢᠨ ᠲᠣᠳᠣᠷ᠎ᠠ ᠪᠠᠶᠢᠯᠭᠠᠵᠣ᠂ ᠬᠤᠴᠠ ᠶᠢ ᠣᠨᠴᠠ ᠳᠡᠰ᠂ ᠨᠢᠭᠡᠳᠦᠭᠡᠷ ᠳᠡᠰ ᠤᠨ ᠪᠠᠷᠢᠮᠵᠢᠶᠠᠨ ᠳᠤ | ᠬᠦᠷᠭᠡᠨ᠎ᠡ᠃ | 4. ᠰᠦᠨᠢᠳ ᠬᠤᠨᠢᠨ ᠤ ᠨᠡᠷᠡᠲᠦ ᠲᠡᠮᠳᠡᠭ ᠤᠨ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠦᠨ᠎ᠡ᠃ ︽ᠰᠢᠯᠢ | ᠶᠢᠨ ᠭᠤᠣᠯ ᠬᠤᠨᠢᠨ ᠤ ᠳᠣᠮᠳᠠᠳᠣ ᠣᠯᠣᠰ ᠤᠨ ᠣᠨᠴᠠᠯᠢᠭᠳᠣ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ | ᠳᠠᠪᠠᠭᠤᠯᠢᠭ ᠣᠷᠣᠨ︾ ᠤ ᠪᠦᠲᠦᠭᠡᠨ ᠪᠠᠶᠢᠭᠤᠯᠣᠯᠳᠠ ᠵᠢᠴᠢ ᠰᠢᠯᠢ ᠶᠢᠨ ᠭᠤᠣᠯ ᠬᠤᠨᠢᠨ ᠤ ︽ᠮᠣᠩᠭᠤᠯ ᠦᠰᠦᠭ | ᠤᠨ ᠱᠣᠰᠢᠭ᠎ᠠ ᠳᠡᠮᠳᠡᠭ︾ ᠤᠨ ᠬᠡᠷᠡᠴᠢᠯᠡᠯᠳᠡ ᠬᠠᠮᠢᠶᠠᠷᠣᠯᠳᠠ ᠪᠠᠷ ᠲᠣᠬᠢᠶᠠᠯ ᠪᠣᠯᠭᠠᠵᠣ᠂ ᠰᠦᠨᠢᠳ ᠬᠤᠨᠢ ᠪᠠᠷ | ᠭᠤᠣᠯ ᠪᠣᠯᠭᠠᠭᠰᠠᠨ ︽ᠰᠢᠯᠢ ᠶᠢᠨ ᠭᠤᠣᠯ ᠬᠤᠨᠢᠨ︾ ᠤ ᠣᠷᠣᠨ ᠪᠦᠰᠡ ᠶᠢᠨ ᠨᠡᠶᠢᠳᠡ ᠶᠢᠨ ᠬᠡᠷᠡᠭᠯᠡᠭᠡᠨ ᠤ ᠨᠡᠷᠡᠲᠦ | ᠳᠡᠮᠳᠡᠭ ᠤᠨ ᠪᠠᠶᠢᠭᠤᠯᠣᠯᠳᠠ ᠶᠢᠨ ᠠᠵᠢᠯ ᠢ ᠪᠦᠬᠦ ᠬᠦᠴᠦ ᠪᠠᠷ ᠢᠶᠠᠨ ᠠᠬᠢᠭᠤᠯᠣᠨ᠎ᠠ᠃ ᠣᠷᠣᠨ ᠨᠣᠳᠤᠭ ᠤᠨ | ᠨᠡᠷᠡᠲᠦ ᠲᠡᠮᠳᠡᠭ ᠵᠢᠴᠢ ᠰᠣᠱᠢᠭᠠ ᠳᠡᠮᠳᠡᠭ ᠤᠨ ᠬᠠᠮᠢᠶᠠᠷᠣᠯᠳᠠ ᠶᠢᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ᠣᠷᠣᠨ | ᠨᠣᠳᠤᠭ ᠪᠠ ᠠᠵᠣ ᠠᠬᠤᠶᠢᠯᠠᠯ ᠤᠨ ︽ᠬᠤᠣᠰ ᠲᠠᠸᠠᠷ ᠤᠨ ᠳᠡᠮᠳᠡᠭ︾ ︵ᠲᠠᠷᠢᠶᠠᠯᠠᠩ ᠤᠨ ᠪᠦᠲᠦᠭᠡᠭᠳᠡᠭᠦᠨ ᠤ | ᠭᠠᠵᠠᠷ ᠵᠦᠢ ᠶᠢᠨ ᠳᠡᠮᠳᠡᠭ ᠢ ᠬᠡᠷᠡᠴᠢᠯᠡᠬᠦ ᠲᠠᠸᠠᠷ ᠤᠨ ᠳᠡᠮᠳᠡᠭ ᠪᠠ ᠠᠵᠣ ᠠᠬᠤᠶᠢᠯᠠᠯ ᠤᠨ ᠨᠡᠷᠡᠲᠦ ᠲᠡᠮᠳᠡᠭ ᠤᠨ | ᠲᠠᠸᠠᠷ ᠤᠨ ᠳᠡᠮᠳᠡᠭ︶ ᠢ ᠢᠳᠡᠪᠬᠢᠳᠠᠢ ᠣᠬᠠᠭᠤᠯᠵᠣ᠂ ᠨᠡᠷᠡᠲᠦ ᠳᠡᠮᠳᠡᠭ ᠤᠨ ᠠᠯᠳᠠᠷᠰᠢᠯ ᠪᠠ ᠨᠦᠯᠦᠭᠡᠯᠡᠬᠦ ᠬᠦᠴᠦᠨ | ᠢ ᠬᠠᠮᠳᠣᠪᠡᠷ ᠳᠡᠭᠡᠭᠰᠢᠯᠡᠭᠦᠯᠦᠨ᠎ᠡ᠃ ᠨᠡᠷᠡᠲᠦ ᠳᠡᠮᠳᠡᠭ ᠤᠨ ᠪᠠᠶᠢᠯᠳᠣᠬᠤ ᠪᠣᠳᠣᠯᠭ᠎ᠠ ᠶᠢ ᠬᠡᠷᠡᠭᠵᠢᠭᠦᠯᠵᠦ᠂ | ᠡᠳ᠋ᠰᠢᠭᠦᠯᠦᠭᠰᠡᠨ ᠪᠦᠲᠦᠭᠡᠭᠳᠡᠭᠦᠨ ᠤ ᠶᠠᠰᠣ ᠴᠢᠨᠠᠷ ᠢ ᠳᠡᠭᠡᠭᠰᠢᠯᠡᠭᠦᠯᠵᠦ᠂ ᠰᠦᠨᠢᠳ ᠬᠤᠨᠢᠨ ᠮᠢᠬᠠᠨ ᠤ | ᠪᠠᠷᠢᠮᠵᠢᠶᠠᠵᠢᠭᠰᠠᠨ ᠰᠢᠰᠲ᠋ᠧᠮ ᠢ ᠪᠠᠶᠢᠭᠤᠯᠣᠨ ᠲᠡᠭᠦᠯᠳᠡᠷᠵᠢᠭᠦᠯᠵᠦ᠂ ᠰᠢᠯᠢ ᠶᠢᠨ ᠭᠤᠣᠯ ᠤᠨ ᠬᠤᠨᠢᠨ ᠮᠢᠬᠠᠨ ᠤ | ᠢᠯᠭᠠᠭ᠎ᠠ ᠲᠠᠢ ᠶᠠᠰᠣ ᠴᠢᠨᠠᠷ ᠤᠨ ᠳᠠᠪᠠᠭᠤᠯᠢᠭ ᠢ ᠪᠣᠢ ᠪᠣᠯᠭᠠᠨ᠎ᠠ᠃ ᠮᠠᠯᠵᠢᠬᠤ᠂ ᠡᠳ᠋ᠰᠢᠭᠦᠯᠦᠨ ᠪᠣᠯᠪᠠᠰᠣᠷᠠᠭᠤᠯᠬᠤ᠂ | ᠪᠣᠷᠣᠯᠠᠭᠤᠯᠬᠤ ᠵᠡᠷᠭᠡ ᠴᠢᠬᠤᠯᠠ ᠭᠤᠭᠴᠣᠭᠠᠨ ᠤ ᠬᠢᠨᠠᠯᠳᠠ ᠬᠠᠮᠢᠶᠠᠷᠣᠯᠳᠠ ᠶᠢ ᠴᠢᠩᠭᠠᠳᠬᠠᠵᠣ᠂ ᠬᠤᠨᠢᠨ ᠤ ᠮᠢᠬᠠᠨ | ᠤ ᠵᠠᠬ᠎ᠠ ᠳᠡᠯᠭᠡᠭᠦᠷ ᠤᠨ ᠡᠵᠡᠩᠨᠡᠯᠳᠡ ᠶᠢᠨ ᠣᠷᠴᠢᠨ ᠢ ᠲᠦᠷᠢᠮᠵᠢᠭᠦᠯᠦᠨ᠎ᠡ᠃ ᠰᠦᠨᠢᠳ ᠬᠤᠨᠢᠨ ᠤ ᠪᠦᠬᠦ ᠠᠵᠣ | ᠦᠢᠯᠡᠰ ᠤᠨ ᠬᠡᠯᠬᠢᠶ᠎ᠡ ᠶᠢ ᠮᠦᠷᠳᠡᠬᠦ ᠰᠢᠰᠲ᠋ᠧᠮ ᠤᠨ ᠪᠠᠶᠢᠭᠤᠯᠣᠯᠳᠠ ᠶᠢ ᠠᠬᠢᠭᠤᠯᠵᠣ᠂ ᠪᠣᠬᠢᠷᠳᠣᠯ ᠦᠭᠡᠢ | ᠴᠢᠨᠠᠷᠯᠢᠭ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠡᠭᠦᠳᠴᠦ᠂ ᠰᠦᠨᠢᠳ ᠬᠤᠨᠢᠨ ᠮᠢᠬᠠᠨ ᠤ ᠨᠡᠷᠡᠲᠦ | ᠳᠡᠮᠳᠡᠭ ᠢ ᠡᠭᠦᠳᠦᠨ᠎ᠡ᠃ 2021 ᠣᠨ ᠪᠣᠯᠬᠤ ᠳᠤ᠂ ᠪᠦᠬᠦ ᠠᠵᠣ ᠦᠢᠯᠡᠰ ᠤᠨ ᠬᠡᠯᠬᠢᠶ᠎ᠡ ᠶᠢ ᠨᠢ ᠮᠦᠷᠳᠡᠵᠦ | ᠳᠡᠶᠢᠯᠬᠦ 30 ᠲᠦᠮᠡᠨ ᠬᠤᠨᠢ ᠡᠳ᠋ᠰᠢᠭᠦᠯᠦᠨ ᠪᠣᠯᠪᠠᠰᠣᠷᠠᠭᠤᠯᠵᠣ᠂ ᠬᠤᠶᠠᠷ ᠬᠡᠮᠵᠢᠯᠳᠦ ᠺᠣᠳ᠋ ᠢᠶᠠᠷ ᠮᠦᠷᠳᠡᠵᠦ ᠳᠡᠶᠢᠯᠬᠦ | ᠠᠮᠢᠳᠠᠨ ᠤ ᠠᠰᠢᠭ ᠰᠢᠮ᠎ᠡ ᠶᠢᠨ ᠪᠦᠲᠦᠭᠡᠭᠳᠡᠭᠦᠨ ᠤ ᠬᠢᠵᠢᠭ ᠤᠨ ᠪᠠᠶᠢᠴᠠᠭᠠᠯᠳᠠ ᠶᠢᠨ ᠳᠡᠮᠳᠡᠭ ᠲᠠᠢ 60 ᠲᠦᠮᠡᠨ | ᠬᠤᠨᠢ ᠶᠢ ᠡᠳ᠋ᠰᠢᠭᠦᠯᠦᠨ ᠪᠣᠯᠪᠠᠰᠣᠷᠠᠭᠤᠯᠣᠨ᠎ᠠ᠃ | ︵ᠭᠤᠷᠪᠠ︶ ᠣᠨᠴᠠᠯᠢᠭᠳᠣ ᠠᠵᠣ ᠦᠢᠯᠡᠰ ᠢ ᠨᠠᠷᠢᠯᠢᠭᠵᠢᠭᠤᠯᠣᠨ᠎ᠠ᠃ ᠭᠠᠵᠠᠷ ᠣᠷᠣᠨ ᠳᠠᠭᠠᠨ | ᠲᠣᠬᠢᠷᠠᠭᠤᠯᠣᠨ ᠰᠦᠨᠢᠳ ᠬᠤᠣᠰ ᠪᠦᠭᠦᠳᠦ ᠲᠡᠮᠡᠭᠡ᠂ ᠮᠣᠩᠭᠤᠯ ᠮᠣᠷᠢ ᠪᠣᠯᠣᠨ ᠣᠯᠠᠮᠵᠢᠯᠠᠯᠳᠣ ᠴᠠᠭᠠᠨ ᠢᠳᠡᠭᠡ | ᠵᠡᠷᠭᠡ ᠣᠨᠴᠠᠯᠢᠭᠳᠣ ᠠᠵᠣ ᠦᠢᠯᠡᠰ ᠢ ᠬᠦᠭᠵᠢᠭᠦᠯᠵᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃ | | 1. ᠲᠡᠮᠡᠭᠡᠨ ᠤ ᠠᠵᠣ ᠦᠢᠯᠡᠰ ᠢ ᠬᠦᠭᠵᠢᠭᠦᠯᠦᠨ᠎ᠡ᠃ ᠲᠡᠮᠡᠭᠡᠨ ᠤ ᠠᠵᠣ ᠦᠢᠯᠡᠰ ᠨᠢ ᠭᠤᠣᠯᠳᠠᠭᠤ | ᠰᠦᠷᠦᠭ ᠤᠨ ᠲᠤᠭ᠎ᠠ ᠶᠢ ᠠᠯᠬᠤᠮ ᠠᠯᠬᠤᠮ ᠢᠶᠠᠷ ᠨᠡᠮᠡᠭᠳᠡᠭᠦᠯᠬᠦ᠂ ᠶᠠᠰᠣ ᠴᠢᠨᠠᠷ ᠢ ᠳᠡᠭᠡᠭᠰᠢᠯᠡᠭᠦᠯᠬᠦ᠂ ᠲᠡᠮᠡᠭᠡᠨ ᠤ | ᠠᠰᠢᠭ ᠰᠢᠮ᠎ᠡ ᠶᠢᠨ ᠪᠦᠲᠦᠭᠡᠭᠳᠡᠭᠦᠨ ᠢ ᠨᠠᠷᠢᠯᠢᠭ ᠪᠣᠯᠪᠠᠰᠣᠷᠠᠭᠤᠯᠬᠤ ᠪᠠ ᠰᠣᠳᠣᠯᠣᠨ ᠬᠦᠭᠵᠢᠭᠦᠯᠬᠦ ᠳᠡᠭᠡᠷ᠎ᠡ ᠬᠦᠴᠦ | ᠲᠠᠯᠪᠢᠵᠣ᠂ ᠡᠷᠢᠶᠡᠠᠨᠠᠭᠤᠷ ᠰᠣᠮᠣᠨ ᠤ ᠰᠦᠨᠢᠳ ᠬᠤᠣᠰ ᠪᠦᠭᠦᠲᠦ ᠲᠡᠮᠡᠭᠡ ᠮᠠᠯᠵᠢᠬᠤ ᠰᠠᠭᠤᠷᠢᠨ ᠭᠠᠵᠠᠷ᠂ | ᠰᠠᠩᠪᠣᠯᠠᠭ ᠰᠣᠮᠣᠨ ᠤ ᠰᠦᠨᠢᠳ ᠬᠤᠣᠰ ᠪᠦᠬᠦᠳᠦ ᠲᠡᠮᠡᠭᠡ ᠮᠠᠯᠵᠢᠬᠤ ᠰᠠᠭᠤᠷᠢᠨ ᠭᠠᠵᠠᠷ ᠪᠣᠯᠣᠨ ᠰᠦᠨᠢᠳ ᠲᠡᠮᠡᠭᠡᠨ | ᠤ ᠦᠢᠯᠡᠰ ᠤᠨ ᠲᠡᠮᠡᠭᠡᠨ ᠤ ᠠᠰᠢᠭ ᠰᠢᠮ᠎ᠡ ᠶᠢᠨ ᠪᠦᠲᠦᠭᠡᠭᠳᠡᠭᠦᠨ ᠢ ᠨᠠᠷᠢᠯᠢᠭ ᠪᠣᠯᠪᠠᠰᠣᠷᠠᠭᠤᠯᠬᠤ ᠲᠦᠷᠦᠯ ᠵᠦᠢᠯ | ᠠᠴᠠ ᠭᠠᠷᠳᠠᠵᠣ᠂ ᠲᠡᠵᠢᠭᠡᠨ ᠦᠷᠡᠵᠢᠭᠦᠯᠬᠦ᠂ ᠢᠩᠭᠡᠨ ᠰᠦᠨ ᠤ ᠪᠦᠲᠦᠭᠡᠭᠳᠡᠭᠦᠨ ᠦᠢᠯᠡᠳᠪᠦᠷᠢᠯᠡᠬᠦ᠂ ᠡᠳ᠋ᠰᠢᠭᠦᠯᠦᠨ | ᠪᠣᠷᠣᠯᠠᠭᠤᠯᠬᠤ ᠶᠢ ᠨᠢᠭᠡ ᠴᠣᠭᠴᠠᠵᠢᠯᠠᠭᠰᠠᠨ ᠪᠦᠬᠦ ᠠᠵᠣ ᠦᠢᠯᠡᠰ ᠤᠨ ᠬᠡᠯᠬᠢᠶᠡᠨ ᠤ ᠰᠢᠰᠲ᠋ᠧᠮ ᠢ ᠢᠳᠡᠪᠬᠢᠳᠠᠢ | ᠪᠠᠶᠢᠭᠤᠯᠵᠣ᠂ ︽ᠢᠩᠭᠡᠨ ᠰᠦ ᠬᠤᠳᠠᠯᠳᠣᠬᠤ ᠳᠤ ᠨᠦᠬᠦᠪᠦᠷᠢ ᠦᠭᠬᠦ ᠠᠷᠭ᠎ᠠ︾ ᠵᠡᠷᠭᠡ ᠬᠠᠷᠠᠭᠠᠯᠵᠠᠯ ᠤᠨ ᠲᠦᠷᠦ | ᠶᠢᠨ ᠪᠣᠳᠣᠯᠭ᠎ᠠ ᠶᠢ ᠲᠣᠭᠳᠠᠭᠠᠵᠣ᠂ ᠪᠦᠬᠦ ᠬᠤᠰᠢᠭᠤᠨ ᠤ ᠲᠡᠮᠡᠭᠡᠨ ᠤ ᠠᠵᠣ ᠦᠢᠯᠡᠰ ᠤᠨ ᠡᠷᠡᠭᠦᠯ ᠬᠦᠭᠵᠢᠯᠳᠡ ᠶᠢ | ᠠᠬᠢᠭᠤᠯᠣᠨ᠎ᠠ᠃ ᠡᠯ᠎ᠡ ᠭᠠᠵᠠᠷ ᠤᠨ ᠲᠡᠮᠡᠭᠡᠨ ᠤ ᠠᠵᠣ ᠦᠢᠯᠡᠰ ᠤᠨ ᠡᠭᠢ ᠪᠠᠶᠠᠯᠢᠭ ᠢ ᠨᠡᠶᠢᠯᠡᠭᠦᠯᠵᠦ᠂ ᠠᠯᠠᠱᠠ | ᠠᠶᠢᠮᠠᠭ ᠵᠡᠷᠭᠡ ᠭᠠᠵᠠᠷ ᠣᠷᠣᠨ ᠪᠠ ᠰᠦᠨᠢᠳ ᠲᠡᠮᠡᠭᠡᠨ ᠤ ᠦᠢᠯᠡᠰ ᠤᠨ ᠠᠵᠣ ᠠᠬᠤᠶᠢᠯᠠᠯ ᠲᠠᠢ ᠢᠳᠡᠪᠬᠢᠳᠠᠢ | ᠬᠠᠮᠳᠣᠷᠠᠯᠴᠠᠨ᠂ ᠰᠦ᠂ ᠮᠢᠬ᠎ᠠ᠂ ᠨᠣᠣᠰᠣ ᠪᠣᠯᠪᠠᠰᠣᠷᠠᠭᠤᠯᠬᠤ ᠪᠠᠷ ᠭᠤᠣᠯ ᠪᠣᠯᠭᠠᠭᠰᠠᠨ ᠲᠡᠮᠡᠭᠡᠨ ᠤ ᠠᠵᠣ ᠦᠢᠯᠡᠰ | ᠢ ᠢᠳᠡᠪᠬᠢᠳᠠᠢ ᠪᠣᠶᠢᠵᠢᠭᠤᠯᠣᠨ᠎ᠠ᠃ 2020 ᠣᠨ —2021 ᠣᠨ ᠪᠣᠯᠳᠠᠯ᠎ᠠ᠂ ᠰᠦᠨᠢᠳ ᠬᠤᠣᠰ ᠪᠦᠭᠦᠲᠦ | ᠲᠡᠮᠡᠭᠡ ᠰᠣᠩᠭᠤᠨ ᠪᠣᠶᠢᠵᠢᠭᠤᠯᠬᠤ ᠬᠠᠮᠠᠭᠠᠯᠠᠯᠳᠠ ᠶᠢᠨ ᠰᠠᠭᠤᠷᠢᠨ ᠭᠠᠵᠠᠷ | 1᠂ ᠰᠦᠨᠢᠳ ᠬᠤᠣᠰ ᠪᠦᠬᠦᠲᠦ ᠲᠡᠮᠡᠭᠡ ᠮᠠᠯᠵᠢᠬᠤ ᠰᠠᠭᠤᠷᠢᠨ ᠭᠠᠵᠠᠷ 2 ᠶᠢ ᠪᠠᠶᠢᠭᠤᠯᠵᠣ᠂ ᠰᠦᠨᠢᠳ | ᠬᠤᠣᠰ ᠪᠦᠬᠦᠲᠦ ᠲᠡᠮᠡᠭᠡ ᠮᠠᠯᠵᠢᠬᠤ ᠲᠣᠰᠬᠠᠢ ᠡᠷᠦᠭᠡ ᠶᠢ 30 ᠡᠷᠦᠭᠡ ᠳᠤ ᠬᠦᠷᠭᠡᠨ᠎ᠡ᠃ | 2. ᠠᠳᠣᠭᠤᠨ ᠤ ᠠᠵᠣ ᠦᠢᠯᠡᠰ ᠢ ᠬᠦᠭᠵᠢᠭᠦᠯᠦᠨ᠎ᠡ᠃ ᠳᠣᠮᠳᠠᠳᠣ ᠣᠯᠣᠰ ᠤᠨ ᠬᠤᠷᠳᠣᠨ ᠬᠦᠯᠦᠭ ᠤᠨ | ᠦᠯᠦᠭᠡᠢ ᠪᠠᠷ ᠭᠤᠣᠯ ᠪᠣᠯᠭᠠᠨ ᠣᠷᠣᠨ ᠨᠣᠳᠤᠭ ᠤᠨ ᠣᠨᠴᠠᠯᠢᠭ ᠲᠠᠢ ᠠᠳᠣᠭᠤᠨ ᠤ ᠠᠵᠣ ᠦᠢᠯᠡᠰ ᠤᠨ ᠨᠡᠷᠡᠲᠦ | ᠲᠡᠮᠳᠡᠭ ᠢ ᠡᠭᠦᠳᠴᠦ᠂ ᠮᠣᠩᠭᠤᠯ ᠠᠳᠣᠭᠤ ᠶᠢ ᠬᠠᠮᠠᠭᠠᠯᠠᠬᠤ᠂ ᠴᠡᠭᠡ ᠪᠣᠯᠪᠠᠰᠣᠷᠠᠭᠤᠯᠬᠤ ᠪᠠ ᠠᠳᠣᠭᠤᠨ ᠰᠣᠶᠣᠯ | ᠤᠨ ᠵᠢᠭᠤᠯᠴᠢᠯᠠᠯ ᠤᠨ ᠢᠨᠵᠧᠨᠧᠷᠢᠩ ᠢ ᠠᠬᠢᠭᠤᠯᠵᠣ᠂ ᠣᠳᠣ ᠦᠶ᠎ᠡ ᠶᠢᠨ ᠠᠳᠣᠭᠤᠨ ᠤ ᠠᠵᠣ ᠦᠢᠯᠡᠰ ᠤᠨ | ᠬᠦᠭᠵᠢᠯᠳᠡ ᠶᠢ ᠠᠬᠢᠭᠤᠯᠣᠨ᠎ᠠ᠃ 2020 ᠣᠨ ᠳᠤ ᠪᠦᠬᠦ ᠬᠤᠰᠢᠭᠤᠨ ᠤ ᠣᠯᠠᠮᠵᠢᠯᠠᠯᠳᠣ ᠠᠳᠣᠭᠤᠨ ᠦᠢᠯᠡᠰ | ᠪᠣᠯᠣᠨ ᠰᠣᠶᠣᠯ ᠵᠢᠭᠤᠯᠴᠢᠯᠠᠯ᠂ ᠪᠡᠶ᠎ᠡ ᠲᠠᠮᠢᠷ ᠤᠨ ᠣᠷᠣᠯᠳᠣᠭᠠᠨ᠂ ᠰᠡᠯᠡᠭᠦᠴᠡᠯ ᠵᠣᠭᠠᠴᠠᠯ ᠤᠨ ᠮᠠᠯ ᠠᠵᠣ ᠠᠬᠤᠢ | ᠶᠢ ᠠᠩᠬ᠎ᠠ ᠠᠯᠬᠤᠮ ᠠᠭᠤᠰᠣᠯᠴᠠᠭᠤᠯᠪᠠ᠃ 2020 ᠣᠨ ᠳᠤ 2000 ᠮᠣᠩᠭᠤᠯ ᠮᠣᠷᠢᠨ ᠳᠤ ᠬᠠᠮᠠᠭᠠᠯᠠᠯᠳᠠ ᠶᠢᠨ | ᠨᠦᠬᠦᠪᠦᠷᠢ ︵ᠭᠡᠭᠦᠣ ᠪᠦᠷᠢ ᠳᠤ 1000 ᠲᠦᠭᠦᠷᠢᠭ ᠤᠨ ᠨᠦᠬᠦᠪᠦᠷᠢ ᠣᠯᠭᠤᠨ᠎ᠠ︶ ᠣᠯᠭᠤᠬᠤ ᠪᠠᠷ ᠴᠢᠷᠮᠠᠶᠢᠨ᠎ᠠ᠃ | 2021 ᠣᠨ ᠳᠤ᠂ ᠮᠣᠩᠭᠤᠯ ᠮᠣᠷᠢᠨ ᠤ ᠬᠠᠮᠠᠭᠠᠯᠠᠯᠳᠠ ᠶᠢᠨ ᠭᠤᠣᠯ ᠰᠦᠷᠦᠭ ᠤᠨ 20 ᠡᠷᠦᠭᠡ ᠶᠢ | ᠪᠣᠶᠢᠵᠢᠭᠤᠯᠵᠣ᠂ ᠠᠳᠣᠭᠤᠨ ᠰᠣᠶᠣᠯ ᠤᠨ ᠨᠡᠶᠢᠭᠡᠮᠯᠢᠭ 2᠂ ᠴᠡᠭᠡ ᠪᠣᠯᠪᠠᠰᠣᠷᠠᠭᠤᠯᠬᠤ ᠭᠠᠵᠠᠷ 2 ᠢ ᠪᠠᠶᠢᠭᠤᠯᠣᠨ᠎ᠠ᠃ | | 3. ᠣᠯᠠᠮᠵᠢᠯᠠᠯᠳᠣ ᠴᠠᠭᠠᠨ ᠢᠳᠡᠭᠡ ᠪᠣᠯᠪᠠᠰᠣᠷᠠᠭᠤᠯᠬᠤ ᠠᠵᠣ ᠦᠢᠯᠡᠰ ᠢ ᠬᠦᠭᠵᠢᠭᠦᠯᠦᠨ᠎ᠡ᠃ ᠦᠪᠡᠷᠳᠡᠭᠡᠨ | ᠵᠠᠰᠠᠬᠤ ᠣᠷᠣᠨ ᠤ ︽ᠰᠦᠨ ᠤ ᠦᠢᠯᠡᠰ ᠢ ᠬᠦᠭᠵᠢᠭᠦᠯᠦᠨ ᠮᠠᠨᠳᠣᠭᠤᠯᠬᠤ ᠶᠢ ᠠᠬᠢᠭᠤᠯᠬᠤ ᠲᠣᠬᠠᠢ ᠬᠡᠷᠡᠭᠵᠢᠭᠦᠯᠬᠦ | ᠰᠠᠨᠠᠯ︾ ︽ᠰᠦᠨ ᠤ ᠦᠢᠯᠡᠰ ᠢ ᠬᠦᠭᠵᠢᠭᠦᠯᠦᠨ ᠮᠠᠨᠳᠣᠭᠤᠯᠬᠤ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ︽ | ᠪᠦᠬᠦ ᠣᠷᠣᠨ ᠤ ᠦᠨᠳᠦᠰᠦᠳᠡᠨ ᠤ ᠣᠯᠠᠮᠵᠢᠯᠠᠯᠳᠣ ᠴᠠᠭᠠᠨ ᠢᠳᠡᠭᠡᠨ ᠤ ᠠᠵᠣ ᠦᠢᠯᠡᠰ ᠤᠨ ᠬᠦᠭᠵᠢᠯᠳᠡ ᠶᠢ | ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠣᠬᠠᠢ ᠮᠡᠳᠡᠭᠳᠡᠯ︾ ᠪᠣᠯᠣᠨ ᠰᠢᠯᠢ ᠶᠢᠨ ᠭᠤᠣᠯ ᠠᠶᠢᠮᠠᠭ ᠤᠨ ︽ | ᠣᠯᠠᠮᠵᠢᠯᠠᠯᠳᠣ ᠴᠠᠭᠠᠨ ᠢᠳᠡᠭᠡᠨ ᠤ ᠠᠵᠣ ᠦᠢᠯᠡᠰ ᠤᠨ ᠬᠦᠭᠵᠢᠯᠳᠡ ᠶᠢ ᠠᠬᠢᠭᠤᠯᠬᠤ ᠬᠡᠷᠡᠭᠵᠢᠭᠦᠯᠬᠦ ᠰᠠᠨᠠᠯ︾ ᠢ | ᠨᠠᠷᠢᠨ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠣᠨ᠎ᠠ᠃ ᠳᠣᠮᠳᠠ ᠪᠠᠭ᠎ᠠ ᠬᠡᠪᠴᠢᠶᠡᠨ ᠤ ᠳᠡᠵᠢᠭᠡᠨ | ᠦᠷᠡᠵᠢᠭᠦᠯᠬᠦ ᠲᠠᠯᠠᠪᠠᠢ ᠪᠣᠯᠣᠨ ᠣᠯᠠᠮᠵᠢᠯᠠᠯᠳᠣ ᠴᠠᠭᠠᠨ ᠢᠳᠡᠭᠡ ᠪᠣᠯᠪᠠᠰᠣᠷᠠᠭᠤᠯᠬᠤ ᠦᠢᠯᠡᠳᠪᠦᠷᠢ᠂ ᠵᠣᠬᠢᠬᠤ | ᠬᠡᠪᠴᠢᠶᠡᠵᠢᠯ ᠲᠠᠢ ᠵᠢᠵᠢᠭ ᠦᠢᠯᠡᠳᠪᠦᠷᠢ ᠶᠢ ᠬᠦᠴᠦᠳᠠᠢ ᠳᠡᠮᠵᠢᠨ᠎ᠡ᠃ 2020 ᠣᠨ — 2021 ᠣᠨ | ᠪᠣᠯᠳᠠᠯ᠎ᠠ9 ᠳᠣᠮᠳᠠ ᠪᠠᠭ᠎ᠠ ᠬᠡᠪᠴᠢᠶᠡᠨ ᠤ ᠳᠡᠵᠢᠭᠡᠨ ᠦᠷᠡᠵᠢᠭᠦᠯᠬᠦ ᠲᠠᠯᠠᠪᠠᠢ ᠪᠣᠯᠣᠨ ᠭᠡᠷ ᠪᠦᠯᠢ ᠶᠢᠨ ᠮᠠᠯᠵᠢᠯ ᠤᠨ | ᠲᠠᠯᠠᠪᠠᠢ᠂ 6 ᠵᠢᠵᠢᠭ ᠦᠢᠯᠡᠳᠪᠦᠷᠢ ᠪᠣᠯᠣᠨ ᠣᠯᠠᠮᠵᠢᠯᠠᠯᠳᠣ ᠴᠠᠭᠠᠨ ᠢᠳᠡᠭᠡᠨ ᠪᠣᠯᠪᠠᠰᠣᠷᠠᠭᠤᠯᠬᠤ ᠠᠵᠣ ᠠᠬᠤᠶᠢᠯᠠᠯ | ᠢ ᠳᠡᠳᠭᠦᠨ ᠳᠡᠮᠵᠢᠨ᠎ᠡ᠃ | ᠣᠨᠴᠠᠯᠢᠭᠳᠣ ᠠᠵᠣ ᠦᠢᠯᠡᠰ ᠢ ᠬᠦᠭᠵᠢᠭᠦᠯᠬᠦ ᠭᠤᠣᠯᠳᠠᠯᠭ᠎ᠠ ᠲᠠᠢ ᠢᠨᠵᠧᠨᠧᠷᠢᠩ ᠪᠣᠯᠣᠨ ᠲᠦᠷᠦᠯ ᠵᠦᠢᠯ | 1. ᠠᠳᠣᠭᠤᠨ ᠤ ᠲᠦᠷᠦᠯ ᠤᠨ ᠠᠮᠢᠳᠠᠨ ᠤ ᠬᠢᠵᠢᠭ ᠡᠪᠡᠳᠴᠢᠨ ᠤ ᠪᠠᠶᠢᠴᠠᠭᠠᠯᠳᠠ᠃ ᠵᠢᠯ ᠳᠤ 800 | ᠠᠳᠣᠭᠤᠨ ᠤ ᠲᠦᠷᠦᠯ ᠤᠨ ᠠᠮᠢᠳᠠᠨ ᠤ ᠬᠢᠵᠢᠭ ᠡᠪᠡᠳᠴᠢᠨ ᠢ ᠪᠠᠶᠢᠴᠠᠭᠠᠵᠣ᠂ ᠳᠡᠭᠡᠲᠦ ᠱᠠᠳᠣᠨ ᠠᠴᠠ 6 ᠲᠦᠮᠡᠨ | ᠲᠦᠭᠦᠷᠢᠭ ᠤᠨ ᠪᠡᠯᠡ ᠣᠷᠣᠭᠤᠯᠣᠨ᠎ᠠ᠃ ᠮᠣᠩᠭᠤᠯ ᠠᠳᠣᠭᠤᠨ ᠤ ᠬᠠᠮᠠᠭᠠᠯᠠᠯᠳᠠ ᠶᠢᠨ ᠨᠦᠬᠦᠪᠦᠷᠢ 200 ᠲᠦᠮᠡᠨ | ᠲᠦᠭᠦᠷᠢᠭ ᠢ ᠭᠤᠶᠣᠴᠢᠯᠠᠨ᠎ᠠ᠃ | 2. ᠣᠯᠠᠮᠵᠢᠯᠠᠯᠳᠣ ᠴᠠᠭᠠᠨ ᠢᠳᠡᠭᠡᠨ ᠤ ᠪᠣᠯᠪᠠᠰᠣᠷᠠᠭᠤᠯᠣᠯᠳᠠ᠄ ᠴᠠᠭᠠᠨ ᠢᠳᠡᠭᠡᠨ ᠤ ᠦᠢᠯᠡᠰ ᠢ | ᠬᠦᠭᠵᠢᠭᠦᠯᠦᠨ ᠮᠠᠨᠳᠣᠭᠤᠯᠬᠤ ᠠᠵᠢᠯᠯᠠᠭ᠎ᠠ ᠶᠢ ᠨᠠᠶᠢᠳᠠᠪᠣᠷᠢᠵᠢᠭᠤᠯᠵᠣ᠂ 9 ᠳᠣᠮᠳᠠ ᠪᠠᠭ᠎ᠠ ᠬᠡᠪᠴᠢᠶᠡᠨ ᠤ ᠲᠡᠵᠢᠭᠡᠨ | ᠦᠷᠡᠵᠢᠭᠦᠯᠬᠦ ᠲᠠᠯᠠᠪᠠᠢ ᠪᠣᠯᠣᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠳᠡᠮᠵᠢᠵᠦ᠂ ᠳᠡᠭᠡᠲᠦ ᠱᠠᠳᠣᠨ ᠤ 144 | ᠲᠦᠮᠡᠨ ᠲᠦᠭᠦᠷᠢᠭ ᠤᠨ ᠪᠡᠯᠡ ᠣᠷᠣᠭᠤᠯᠣᠯᠳᠠ ᠶᠢ ᠭᠤᠶᠣᠴᠢᠯᠠᠨ᠎ᠠ᠃ ᠵᠢᠵᠢᠭ ᠦᠢᠯᠡᠳᠪᠦᠷᠢ ᠪᠣᠯᠣᠨ ᠣᠯᠠᠮᠵᠢᠯᠠᠯᠳᠣ | ᠴᠠᠭᠠᠨ ᠢᠳᠡᠭᠡᠨ ᠪᠣᠯᠪᠠᠰᠣᠷᠠᠭᠤᠯᠬᠤ ᠠᠵᠣ ᠠᠬᠤᠶᠢᠯᠠᠯ 6 ᠶᠢ ᠳᠡᠮᠵᠢᠵᠦ᠂ ᠳᠡᠭᠡᠲᠦ ᠱᠠᠳᠣᠨ ᠤ 60 ᠲᠦᠮᠡᠨ | ᠲᠦᠭᠦᠷᠢᠭ ᠤᠨ ᠪᠡᠯᠡ ᠣᠷᠣᠭᠤᠯᠣᠯᠳᠠ ᠶᠢ ᠭᠤᠶᠣᠴᠢᠯᠠᠨ᠎ᠠ᠃ | 3. ᠰᠦᠨᠢᠳ ᠬᠤᠣᠰ ᠪᠦᠭᠦᠲᠦ ᠲᠡᠮᠡᠭᠡᠨ ᠤ ᠬᠠᠮᠠᠭᠠᠯᠠᠯᠳᠠ᠄ 2020 — 2021 ᠣᠨ ᠪᠣᠯᠳᠠᠯ᠎ᠠ᠂ | ᠰᠦᠨᠢᠳ ᠬᠤᠣᠰ ᠪᠦᠬᠦᠲᠦ ᠲᠡᠮᠡᠭᠡᠨ ᠤ ᠬᠠᠮᠠᠭᠠᠯᠠᠯᠳᠠ ᠶᠢᠨ ᠰᠠᠭᠤᠷᠢᠨ ᠭᠠᠵᠠᠷ 1 ᠂ ᠰᠦᠨᠢᠳ ᠬᠤᠣᠰ ᠪᠦᠬᠦᠲᠦ | ᠲᠡᠮᠡᠭᠡ ᠮᠠᠯᠵᠢᠬᠤ ᠰᠠᠭᠤᠷᠢᠨ ᠭᠠᠵᠠᠷ 2᠂ ᠲᠣᠰᠬᠠᠢ ᠡᠷᠦᠭᠡ 30 ᠶᠢ ᠪᠠᠶᠢᠭᠤᠯᠣᠨ᠎ᠠ᠃ | ᠭᠤᠷᠪᠠ᠂ ᠣᠳᠣ ᠦᠶ᠎ᠡ ᠶᠢᠨ ᠮᠠᠯ ᠠᠵᠣ ᠠᠬᠤᠢ ᠶᠢᠨ ᠲᠣᠯᠭᠠᠭᠤᠷᠢᠯᠠᠬᠤ ᠰᠢᠰᠲ᠋ᠧᠮ | ︵ᠨᠢᠭᠡ︶ ᠲᠡᠵᠢᠭᠡᠯ ᠡᠪᠡᠰᠦ ᠪᠣᠷᠳᠣᠭᠠᠨ ᠤ ᠪᠠᠳᠣᠯᠠᠭ᠎ᠠ ᠶᠢᠨ ᠰᠢᠰᠲ᠋ᠧᠮ ᠢ ᠪᠠᠬᠢᠵᠢᠭᠦᠯᠦᠨ᠎ᠡ᠃ ᠨᠢᠭᠡ ᠳᠤ | ᠨᠣᠳᠤᠭ ᠪᠡᠯᠴᠢᠭᠡᠷ ᠢ ᠰᠡᠷᠭᠦᠭᠡᠨ ᠵᠠᠰᠠᠬᠤ ᠢᠨᠵᠧᠨᠧᠷᠢᠩ ᠪᠠ ᠲᠡᠷᠢᠮᠠᠯ ᠪᠡᠯᠴᠢᠭᠡᠷ ᠤᠨ ᠪᠦᠲᠦᠭᠡᠨ ᠪᠠᠶᠢᠭᠤᠯᠣᠯᠳᠠ ᠶᠢ | ᠯᠠᠪᠳᠠᠭᠤᠨ ᠪᠠᠳᠣᠳᠠᠢ ᠦᠷᠨᠢᠭᠦᠯᠵᠦ᠂ ᠮᠠᠭᠤᠳᠠᠵᠣ ᠡᠯᠡᠰᠦᠷᠭᠡᠭᠵᠢᠭᠰᠡᠨ ᠪᠡᠯᠴᠢᠭᠡᠷ ᠢ ᠵᠠᠰᠠᠬᠤ ᠪᠠᠷ ᠭᠤᠣᠯ ᠪᠣᠯᠭᠠᠵᠣ᠂ | ᠬᠦᠷᠢᠶᠡᠯᠡᠨ ᠪᠢᠳᠡᠭᠦᠮᠵᠢᠯᠡᠬᠦ᠂ ᠨᠦᠬᠦᠵᠦ ᠲᠠᠷᠢᠬᠤ᠂ ᠪᠣᠷᠳᠣᠭᠤᠷ ᠣᠷᠣᠭᠤᠯᠬᠤ ᠵᠡᠷᠭᠡ ᠮᠡᠷᠭᠡᠵᠢᠯ ᠤᠨ ᠠᠷᠭ᠎ᠠ ᠬᠡᠮᠵᠢᠶ᠎ᠡ | ᠪᠠᠷ᠂ ᠨᠣᠳᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠣᠯᠳᠠ ᠶᠢᠨ ᠲᠦᠷᠦᠯ ᠵᠦᠢᠯ ᠤᠨ ᠣᠷᠣᠨ ᠤ | ᠪᠡᠯᠴᠢᠭᠡᠷ ᠤᠨ ᠰᠡᠷᠭᠦᠭᠡᠯᠳᠡ ᠶᠢ ᠴᠢᠩᠭᠠᠳᠬᠠᠨ᠎ᠠ᠃ 2021 ᠣᠨ ᠪᠣᠯᠬᠤ ᠳᠤ᠂ ᠨᠣᠳᠤᠭ ᠪᠡᠯᠴᠢᠭᠡᠷ ᠢ ᠰᠡᠷᠭᠦᠭᠡᠨ | ᠵᠠᠰᠠᠬᠤ ᠬᠡᠪᠴᠢᠶ᠎ᠡ ᠶᠢ 49.13 ᠲᠦᠮᠡᠨ ᠮᠣ᠋ ᠳᠤ ᠬᠦᠷᠭᠡᠵᠦ᠂ ᠲᠠᠷᠢᠮᠠᠯ ᠪᠡᠯᠴᠢᠭᠡᠷ ᠤᠨ ᠲᠠᠯᠠᠪᠠᠢ ᠶᠢ 3 ᠲᠦᠮᠡᠨ | ᠮᠣ᠋ ᠣᠷᠴᠢᠮ ᠳᠤ ᠲᠣᠭᠳᠠᠪᠣᠷᠢᠵᠢᠭᠤᠯᠣᠨᠠ᠃ ︵ᠣᠢ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ ᠬᠠᠩᠭᠠᠪᠠ︶ | ᠪᠠᠶᠢᠭᠠᠯᠢ ᠶᠢᠨ ᠬᠠᠳᠣᠯᠠᠩ ᠤᠨ ᠬᠠᠮᠠᠭᠠᠯᠠᠯᠳᠠ ᠠᠰᠢᠭᠯᠠᠯᠳᠠ ᠶᠢ ᠴᠢᠩᠭᠠᠳᠬᠠᠵᠣ᠂ ᠰᠢᠨ᠎ᠡ ᠡᠭᠡᠯᠵᠢ ᠶᠢᠨ ᠨᠣᠳᠤᠭ | ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠦᠷᠦ ᠶᠢᠨ ᠪᠣᠳᠣᠯᠭ᠎ᠠ ᠲᠠᠢ ᠣᠶᠠᠯᠳᠣᠭᠤᠯᠣᠨ᠂ | ᠬᠠᠳᠣᠯᠠᠩ ᠤᠨ ᠲᠠᠯᠠᠪᠠᠢ ᠶᠢ ᠦᠷᠭᠡᠳᠭᠡᠬᠦ ᠪᠠᠷ ᠴᠢᠷᠮᠠᠶᠢᠨ᠎ᠠ᠃ ᠬᠤᠶᠠᠷ ᠲᠤ ︽ᠮᠠᠯ ᠪᠡᠯᠴᠢᠭᠡᠷ ᠢ ᠨᠢᠭᠡ | ᠴᠣᠭᠴᠠᠵᠢᠭᠤᠯᠣᠨ᠂ ᠮᠠᠯᠵᠢᠬᠤ ᠶᠢᠨ ᠲᠦᠯᠦᠭᠡ ᠲᠠᠷᠢᠬᠤ︾ ᠶᠢ ᠪᠠᠷᠢᠮᠳᠠᠯᠠᠵᠣ᠂ ᠨᠣᠭᠤᠭᠠᠨ ᠲᠠᠷᠣᠰᠢ ᠶᠢᠨ ᠡᠷᠳᠡᠨᠢ | ᠰᠢᠰᠢ᠂ ᠬᠦᠭᠡ ᠨᠠᠷᠢᠮᠣ ᠡᠪᠡᠰᠦ᠂ ᠨᠣᠭᠤᠭᠠᠨ ᠶᠣᠣᠮᠠᠢ ᠵᠡᠷᠭᠡ ᠲᠡᠵᠢᠭᠡᠯ ᠡᠪᠡᠰᠦ ᠪᠣᠷᠣᠭᠠᠨ ᠤ ᠲᠠᠷᠢᠮᠠᠯ ᠵᠢᠴᠢ | ᠴᠠᠷᠭᠠᠰᠣ ᠵᠡᠷᠭᠡ ᠰᠢᠯᠢᠳᠡᠭ ᠡᠪᠡᠰᠦᠨ ᠤ ᠲᠡᠷᠢᠮᠠᠯ ᠤᠨ ᠰᠠᠭᠤᠷᠢᠨ ᠭᠠᠵᠠᠷ ᠢ ᠵᠣᠬᠢᠰᠳᠠᠢ ᠠᠰᠢᠭᠯᠠᠵᠣ᠂ 2021 ᠣᠨ | ᠳᠤ ᠪᠦᠬᠦ ᠬᠤᠰᠢᠭᠤᠨ ᠤ ᠴᠠᠷᠭᠠᠰᠣ ᠶᠢᠨ ᠲᠠᠯᠠᠪᠠᠢ ᠶᠢ 3000 ᠮᠣ᠋ ᠳᠤ ᠬᠦᠷᠭᠡᠨ᠎ᠡ᠃ ᠭᠤᠷᠪᠠ ᠳᠤ ᠬᠤᠰᠢᠭᠤᠨ ᠤ | ᠡᠪᠡᠰᠦᠨ ᠤ ᠦᠢᠯᠡᠰ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠴᠢᠳᠠᠪᠬᠢ ᠶᠢ ᠣᠯᠠᠮ ᠨᠢᠭᠡ ᠠᠯᠬᠤᠮ | ᠳᠡᠭᠦᠯᠳᠡᠷᠵᠢᠭᠦᠯᠵᠦ᠂ ᠬᠤᠰᠢᠭᠤ᠂ ᠰᠣᠮᠣ ᠪᠠᠯᠭᠠᠰᠣ᠂ ᠭᠠᠴᠠᠭ᠎ᠠ ᠲᠣᠰᠬᠤᠨ ︵ᠬᠤᠷᠰᠢᠶᠠᠵᠢᠯ︶ ᠭᠤᠷᠪᠠᠨ ᠱᠠᠳᠣᠨ ᠤ | ᠡᠪᠡᠰᠦᠨ ᠤ ᠨᠦᠭᠡᠴᠡ ᠶᠢᠨ ᠰᠢᠰᠲ᠋ᠧᠮ ᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ᠂ ᠭᠠᠮᠰᠢᠭ ᠲᠠᠢ | ᠲᠡᠮᠡᠴᠡᠵᠦ ᠭᠠᠮᠰᠢᠭ ᠠᠴᠠ ᠠᠪᠣᠷᠠᠬᠤ ᠶᠢ ᠲᠦᠷᠢᠮ ᠤᠨ ᠴᠢᠨᠠᠷᠳᠠᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠲᠡᠰᠢ ᠠᠯᠬᠤᠮ ᠠᠯᠬᠤᠮ ᠢᠶᠠᠷ ᠬᠤᠪᠢᠷᠠᠭᠤᠯᠵᠣ᠂ ᠠᠮᠢ ᠬᠠᠮᠠᠭᠠᠯᠠᠬᠤ ᠬᠡᠯᠪᠡᠷᠢ ᠶᠢᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠶᠢ ᠣᠯᠠᠷᠢᠯ ᠤᠨ ᠴᠢᠨᠠᠷᠳᠠᠢ ᠰᠢᠮ᠎ᠡ ᠲᠡᠵᠢᠭᠡᠯ ᠢ ᠲᠡᠩᠴᠡᠭᠦᠷᠢᠰᠢᠭᠦᠯᠬᠦ ᠳᠡᠰᠢ | ᠬᠤᠪᠢᠷᠠᠭᠤᠯᠣᠨ᠎ᠠ᠃ ᠡᠪᠡᠰᠦ ᠪᠡᠯᠴᠢᠭᠡᠷ ᠢ ᠡᠷᠬᠢᠯᠳᠦᠭᠦᠯᠬᠦ ᠬᠠᠮᠢᠶᠠᠷᠣᠯᠳᠠ ᠶᠢ ᠴᠢᠩᠭᠠᠳᠬᠠᠵᠣ᠂ ᠬᠠᠳᠣᠯᠠᠩ ᠪᠡᠯᠴᠢᠭᠡᠷ | ᠢ ᠡᠷᠬᠢᠯᠳᠦᠭᠦᠯᠬᠦ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠳᠦᠷᠪᠡ ᠳᠤ | ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠡᠵᠢᠭᠡᠯ ᠪᠣᠷᠳᠤᠭ᠎ᠠ ᠦᠢᠯᠡᠳᠪᠦᠷᠢᠯᠡᠬᠦ ᠬᠤᠷᠰᠢᠶᠠᠵᠢᠯ ᠪᠣᠯᠣᠨ ᠠᠵᠣ | ᠠᠬᠤᠶᠢᠯᠠᠯ ᠢ ᠵᠣᠷᠢᠭᠵᠢᠭᠤᠯᠣᠨ ᠬᠦᠭᠵᠢᠭᠦᠯᠵᠦ᠂ ᠪᠣᠳᠠ ᠮᠣᠳᠣ ᠶᠢ ᠠᠰᠢᠭᠯᠠᠨ ᠲᠡᠵᠢᠭᠡᠯ ᠪᠣᠷᠳᠤᠭ᠎ᠠ | ᠦᠢᠯᠡᠳᠪᠦᠷᠢᠯᠡᠬᠦ ᠶᠢ ᠳᠡᠮᠵᠢᠵᠦ᠂ ᠪᠠᠶᠢᠭᠠᠯᠢ ᠶᠢᠨ ᠨᠣᠳᠤᠭ ᠪᠡᠯᠴᠢᠭᠡᠷ ᠤᠨ ᠬᠠᠩᠭᠠᠯᠭ᠎ᠠ ᠶᠢᠨ ᠲᠠᠷᠣᠯᠳᠠ ᠶᠢ | ᠪᠦᠲᠦᠮᠵᠢᠳᠠᠢ ᠬᠦᠩᠭᠡᠷᠡᠭᠦᠯᠦᠨ᠎ᠡ᠃ ᠲᠠᠷᠢᠬᠤ᠂ ᠨᠦᠭᠡᠴᠡᠯᠡᠬᠦ᠂ ᠪᠣᠯᠪᠠᠰᠣᠷᠠᠭᠤᠯᠬᠤ᠂ ᠲᠣᠬᠢᠷᠠᠭᠤᠯᠣᠨ ᠬᠦᠷᠭᠡᠬᠦ | ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠣᠨ᠎ᠠ᠃ | ︵ᠬᠤᠶᠠᠷ︶ ᠰᠢᠨᠵᠢᠯᠡᠭᠡ ᠮᠡᠷᠭᠡᠵᠢᠯ ᠤᠨ ᠲᠣᠯᠭᠠᠭᠤᠷᠢᠯᠠᠬᠤ ᠰᠢᠰᠲ᠋ᠧᠮ ᠢ ᠴᠢᠩᠭᠠᠳᠬᠠᠨ᠎ᠠ᠃ ᠨᠢᠭᠡ ᠳᠤ | ᠳᠡᠭᠡᠲᠦ ᠰᠣᠷᠭᠠᠭᠤᠯᠢ᠂ ᠰᠢᠨᠵᠢᠯᠡᠬᠦ ᠣᠬᠠᠭᠠᠨ ᠤ ᠰᠣᠳᠣᠯᠭᠠᠨ ᠤ ᠬᠦᠷᠢᠶᠡᠯᠡᠩ᠂ ᠠᠵᠣ ᠠᠬᠤᠶᠢᠯᠠᠯ ᠲᠠᠢ ᠢᠳᠡᠪᠬᠢᠳᠠᠢ | ᠬᠠᠮᠳᠣᠷᠠᠯᠴᠠᠵᠣ᠂ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠦᠷᠢᠮ ᠢ | ᠦᠷᠭᠦᠯᠵᠢᠯᠡᠨ ᠬᠡᠷᠡᠭᠵᠢᠭᠦᠯᠵᠦ᠂ ᠰᠢᠯᠢᠳᠡᠭ ᠡᠭᠦᠯᠳᠡᠷ ᠢ ᠮᠠᠯᠵᠢᠬᠤ᠂ ᠪᠣᠬᠢᠷᠳᠣᠯ ᠦᠭᠡᠢ ᠦᠨᠳᠦᠷ ᠦᠷ᠎ᠡ ᠠᠰᠢᠭ | ᠲᠠᠢ ᠮᠠᠯᠵᠢᠬᠤ᠂ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠣᠴᠠ ᠳᠤ ᠮᠠᠰᠢᠨᠴᠢᠯᠠᠬᠤ᠂ ᠲᠡᠵᠢᠭᠡᠯ | ᠡᠪᠡᠰᠦ ᠪᠣᠷᠳᠤᠭ᠎ᠠ ᠲᠠᠷᠢᠬᠤ ᠵᠡᠷᠭᠡ ᠲᠠᠯ᠎ᠠ ᠶᠢᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠮᠵᠢ ᠶᠢ ᠬᠤᠪᠢᠷᠠᠭᠤᠯᠬᠤ | ᠪᠠ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠬᠦ ᠬᠦᠴᠦᠨ ᠢ ᠨᠡᠮᠡᠭᠳᠡᠭᠦᠯᠦᠨ᠎ᠡ᠃ 2020 ᠣᠨ ᠳᠤ ᠰᠢᠨᠵᠢᠯᠡᠭᠡ | ᠮᠡᠷᠭᠡᠵᠢᠯ ᠤᠨ ᠡᠭᠦᠳᠦᠯᠳᠡ ᠶᠢᠨ ᠭᠤᠣᠯᠳᠠᠯᠭ᠎ᠠ ᠲᠠᠢ 3 ᠲᠦᠷᠦᠯ ᠵᠦᠢᠯ ᠢ ᠬᠡᠷᠡᠭᠵᠢᠭᠦᠯᠵᠦ᠂ ᠨᠡᠶᠢᠳᠡ 400 | ᠲᠦᠮᠡᠨ ᠲᠦᠭᠦᠷᠢᠭ ᠤᠨ ᠪᠡᠯᠡ ᠣᠷᠣᠭᠤᠯᠣᠨ᠎ᠠ᠃ ᠡᠭᠦᠨ ᠳᠤ᠄ ᠵᠢᠶᠠ ᠯᠢ ᠣᠰᠣ ᠠᠷᠪᠢᠯᠠᠨ ᠣᠰᠣᠯᠠᠯᠳᠠ ᠬᠢᠬᠦ | ᠺᠣᠮᠫᠠᠨᠢ ᠶᠢᠨ ᠰᠢᠨᠵᠢᠯᠡᠭᠡ ᠮᠡᠷᠭᠡᠵᠢᠯ ᠤᠨ ᠦᠷ᠎ᠡ ᠪᠦᠲᠦᠮᠵᠢ ᠶᠢ ᠬᠤᠪᠢᠷᠠᠭᠤᠯᠬᠤ ᠲᠦᠷᠦᠯ ᠵᠦᠢᠯ ᠳᠤ 200 ᠲᠦᠮᠡ | ᠂ ᠶᠦᠨ ᠴᠤᠸᠠᠩ ᠡᠯᠧᠺᠲᠷᠣᠨ ᠬᠤᠳᠠᠯᠳᠣᠭᠠᠨ ᠤ ᠺᠣᠮᠫᠠᠨᠢ ᠶᠢᠨ ᠲᠦᠪ ᠠᠴᠠ ᠣᠷᠣᠨ ᠨᠣᠳᠤᠭ ᠤᠨ ᠬᠦᠭᠵᠢᠯᠳᠡ ᠶᠢ | ᠬᠦᠳᠦᠯᠦᠨ ᠵᠢᠯᠣᠭᠤᠳᠬᠤ ᠪᠡᠯᠡ ᠮᠦᠩᠭᠦ ᠶᠢᠨ ᠲᠦᠷᠦᠯ ᠵᠦᠢᠯ ᠳᠤ 150 ᠲᠦᠮᠡ᠂ ᠰᠦᠨᠢᠳ ᠲᠡᠮᠡᠭᠡᠨ ᠤ ᠦᠢᠯᠡᠰ | ᠤᠨ ᠰᠢᠨᠵᠢᠯᠡᠭᠡ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠦᠳᠦᠯᠦᠨ ᠵᠢᠯᠣᠭᠤᠳᠬᠤ ᠲᠦᠷᠦᠯ ᠵᠦᠢᠯ ᠳᠤ 50 | ᠲᠦᠮᠡᠨ ᠲᠦᠭᠦᠷᠢᠭ᠃ ᠬᠤᠶᠠᠷ ᠲᠤ ᠣᠳᠣ ᠦᠶ᠎ᠡ ᠶᠢᠨ ᠡᠭᠦᠯᠳᠡᠷ ᠬᠠᠮᠠᠭᠠᠯᠠᠬᠤ ᠦᠢᠯᠡᠰ ᠢ ᠰᠢᠨᠡᠴᠢᠯᠡᠨ ᠬᠦᠭᠵᠢᠭᠦᠯᠬᠦ | ᠶᠢ ᠠᠬᠢᠭᠤᠯᠵᠣ᠂ ᠲᠠᠪᠠᠭᠤᠯᠢᠭ ᠣᠨᠴᠠᠯᠢᠭᠳᠣ ᠠᠵᠣ ᠦᠢᠯᠡᠰ ᠤᠨ ᠬᠦᠭᠵᠢᠯᠳᠡ ᠶᠢᠨ ᠲᠣᠭᠤᠷᠢᠨ ᠳᠤ᠂ ᠰᠦᠨᠢᠳ | ᠬᠤᠣᠰ ᠪᠦᠬᠦᠲᠦ ᠲᠡᠮᠡᠭᠡᠨ ᠤ ᠡᠭᠦᠯᠳᠡᠷ ᠬᠠᠮᠠᠭᠠᠯᠠᠬᠤ ᠢᠨᠵᠧᠨᠧᠷᠢᠩ ᠢ ᠦᠷᠨᠢᠭᠦᠯᠦᠨ᠎ᠡ᠃ 2020 ᠣᠨ ᠳᠤ | ᠰᠦᠨᠢᠳ ᠬᠤᠣᠰ ᠪᠦᠭᠦᠲᠦ ᠲᠡᠮᠡᠭᠡᠨ ᠤ ᠬᠠᠮᠠᠭᠠᠯᠠᠯᠳᠠ ᠶᠢᠨ ᠲᠦᠷᠦᠯ ᠵᠦᠢᠯ ᠢ ᠭᠤᠶᠣᠴᠢᠯᠠᠨ ᠮᠡᠳᠡᠭᠦᠯᠵᠦ᠂ | 2021 ᠣᠨ ᠳᠤ ᠰᠦᠨᠢᠳ ᠬᠤᠣᠰ ᠪᠦᠬᠦᠲᠦ ᠲᠡᠮᠡᠭᠡᠨ ᠤ ᠰᠣᠳᠣᠯᠭᠠᠨ ᠤ ᠬᠦᠷᠢᠶᠡᠯᠡᠩ ᠤᠨ ᠪᠠᠶᠢᠭᠤᠯᠣᠯᠳᠠ ᠶᠢᠨ | ᠲᠦᠷᠦᠯ ᠵᠦᠢᠯ ᠢ ᠴᠢᠷᠮᠠᠶᠢᠨ ᠪᠡᠶᠡᠯᠡᠭᠦᠯᠦᠨ᠎ᠡ᠃ ᠭᠤᠷᠪᠠ ᠳᠤ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠡᠵᠡᠨ | ᠪᠣᠯᠣᠨ ᠬᠤᠷᠰᠢᠶᠠᠵᠢᠯ ᠤᠨ ᠬᠡᠷᠡᠭ ᠡᠷᠬᠢᠯᠡᠭᠴᠢᠳ ᠤᠨ ᠲᠠᠷᠤᠭ᠎ᠠ ᠶᠢᠨ ᠪᠣᠯᠪᠠᠰᠣᠷᠠᠯ ᠢ ᠴᠢᠩᠭᠠᠳᠬᠠᠵᠣ᠂ ᠦᠨᠳᠦᠷ | ᠭᠡᠪ ᠪᠣᠯᠪᠣᠰᠣᠷᠠᠯ ᠪᠦᠬᠦᠢ ᠮᠠᠯᠴᠢᠨ ᠲᠠᠷᠢᠶᠠᠴᠢᠳ ᠤᠨ ᠪᠣᠯᠪᠠᠰᠣᠷᠠᠯ ᠤᠨ ᠲᠦᠯᠦᠪᠯᠡᠭᠡ ᠶᠢ ᠬᠡᠷᠡᠭᠵᠢᠭᠦᠯᠵᠦ᠂ | ᠬᠠᠨᠳᠣᠯᠭ᠎ᠠ ᠲᠠᠢ ᠪᠣᠯᠪᠠᠰᠣᠷᠠᠯ ᠢ ᠦᠷᠭᠡᠨ ᠢᠶᠠᠷ ᠦᠷᠨᠢᠭᠦᠯᠵᠦ᠂ ᠡᠷᠦᠭᠡ ᠪᠣᠯᠭᠠᠨ ᠢ ᠵᠢᠯᠣᠭᠤᠳᠣᠨ᠂ ᠬᠦᠮᠦᠨ ᠪᠦᠷᠢ | ᠳᠤ ᠪᠣᠯᠪᠠᠰᠣᠷᠠᠯ ᠬᠦᠷᠳᠡᠭᠡᠬᠦ ᠶᠢ ᠪᠡᠶᠡᠯᠡᠭᠦᠯᠦᠨ᠎ᠡ᠃ | ︵ᠭᠤᠷᠪᠠ︶ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠣ ᠴᠢᠨᠠᠷ ᠤᠨ ᠠᠮᠣᠷ ᠲᠦᠪᠰᠢᠨ ᠤ | ᠰᠢᠰᠲ᠋ᠧᠮ ᠢ ᠴᠢᠩᠭᠠᠳᠬᠠᠨ᠎ᠠ᠃ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠣ ᠴᠢᠨᠠᠷ ᠤᠨ ᠠᠮᠣᠷ | ᠲᠦᠪᠰᠢᠨ ᠢ ᠠᠩᠬᠠᠷᠬᠤ ᠪᠠᠷ ᠬᠠᠷᠠᠯᠳᠠ ᠪᠣᠯᠭᠠᠵᠣ᠂ ᠲᠣᠰᠬᠠᠢ ᠲᠦᠷᠦᠯ ᠢᠶᠠᠷ ᠵᠠᠰᠠᠨ ᠴᠡᠭᠴᠡᠯᠡᠬᠦ ᠪᠠ ᠡᠳᠦᠷ | ᠲᠣᠳᠣᠮ ᠤᠨ ᠬᠢᠨᠠᠯᠳᠠ ᠬᠠᠮᠢᠶᠠᠷᠣᠯᠳᠠ ᠶᠢ ᠬᠠᠷᠢᠯᠴᠠᠨ ᠣᠶᠠᠯᠳᠣᠭᠤᠯᠵᠣ᠂ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠠᠮᠣᠷ ᠲᠦᠪᠰᠢᠨ ᠤ ᠪᠠᠶᠢᠴᠠᠭᠠᠯᠳᠠ ᠪᠠ ᠬᠢᠨᠠᠯᠳᠠ ᠬᠠᠮᠢᠶᠠᠷᠣᠯᠳᠠ ᠪᠠᠷ ᠭᠤᠣᠯᠳᠠᠯᠭ᠎ᠠ ᠪᠣᠯᠭᠠᠵᠣ᠂ | ᠪᠦᠬᠦ ᠬᠤᠰᠢᠭᠤᠨ ᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠣ ᠴᠢᠨᠠᠷ ᠤᠨ ᠠᠮᠣᠷ ᠲᠦᠪᠰᠢᠨ ᠢ | ᠪᠠᠳᠣᠯᠠᠨ᠎ᠠ᠃ ᠨᠢᠭᠡ ᠳᠤ ᠠᠮᠢᠳᠠᠨ ᠤ ᠡᠷᠡᠭᠦᠯ ᠬᠠᠮᠠᠭᠠᠯᠠᠯ ᠤᠨ ᠬᠢᠨᠠᠯᠳᠠ ᠲᠠᠯᠪᠢᠨ ᠬᠠᠣᠯᠢ ᠬᠡᠷᠡᠭᠵᠢᠭᠦᠯᠬᠦ ᠠᠵᠢᠯ ᠢ | ᠴᠢᠩᠭᠠᠳᠬᠠᠨ᠎ᠠ᠃ ︽ᠬᠤᠶᠠᠷ ᠰᠣᠭᠤᠴᠢᠯᠳᠠ᠂ ᠨᠢᠭᠡ ᠵᠠᠷᠯᠠᠯ︾ ᠪᠠᠶᠢᠴᠠᠭᠠᠯᠳᠠ ᠪᠠᠷ ᠳᠠᠮᠵᠢᠨ ᠮᠠᠯᠵᠢᠬᠤ᠂ | ᠲᠡᠭᠡᠭᠡᠪᠦᠷᠢᠯᠡᠬᠦ᠂ ᠨᠢᠳᠣᠯᠠᠬᠤ ᠵᠡᠷᠭᠡ ᠭᠤᠣᠯᠳᠠᠯᠭ᠎ᠠ ᠲᠠᠢ ᠭᠤᠭᠴᠣᠭᠠᠨ ᠳᠤ ᠬᠢᠨᠠᠯᠳᠠ ᠲᠠᠯᠪᠢᠨ ᠬᠠᠣᠯᠢ ᠬᠡᠷᠡᠭᠵᠢᠭᠦᠯᠬᠦ | ᠶᠢ ᠴᠢᠩᠭᠠᠳᠬᠠᠵᠣ᠂ 2020 ᠣᠨ ᠳᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠠᠳᠠᠭ ᠲᠠᠭᠠᠨ 2 | ᠣᠳᠠᠭ᠎ᠠ 4 ᠡᠭᠡᠯᠵᠢ ᠪᠠᠷ ᠰᠣᠭᠤᠴᠢᠯᠳᠠ ᠶᠢᠨ ᠬᠡᠯᠪᠡᠷᠢ ᠪᠠᠷ ᠪᠠᠶᠢᠴᠠᠭᠠᠯᠭᠠᠨ᠎ᠠ᠃ ᠲᠣᠳᠣᠭᠠᠳᠣ ᠶᠢ ᠬᠠᠮᠠᠭᠠᠯᠠᠬᠤ᠂ | ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠣᠯᠳᠠ ᠵᠡᠷᠭᠡ ᠰᠠᠯᠠᠭ᠎ᠠ ᠮᠦᠴᠢᠷ ᠲᠠᠢ ᠬᠠᠮᠳᠣᠷᠠᠨ ᠬᠤᠪᠢ ᠪᠠᠷ ᠢᠶᠠᠨ ᠠᠯᠠᠵᠣ | ᠨᠢᠳᠣᠯᠠᠬᠤ ᠪᠠ ᠡᠪᠡᠳᠴᠢᠨ ᠢᠶᠠᠷ ᠦᠭᠦᠭᠰᠡᠨ ᠮᠠᠯ ᠢ ᠲᠡᠭᠡᠭᠡᠪᠦᠷᠢᠯᠡᠬᠦ ᠬᠠᠣᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ | ᠴᠣᠬᠢᠯᠳᠠ ᠦᠭᠴᠦ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠢᠷᠡᠯᠳᠡ ᠨᠢ ᠬᠠᠣᠯᠢ ᠳᠤ ᠨᠡᠶᠢᠴᠡᠭᠰᠡᠨ᠂ | ᠠᠷᠭ᠎ᠠ ᠵᠠᠮ ᠨᠢ ᠲᠣᠳᠣᠷᠬᠠᠢ ᠪᠠᠶᠢᠬᠤ ᠶᠢ ᠪᠠᠳᠣᠯᠠᠵᠣ᠂ ᠡᠪᠡᠳᠴᠢᠨ ᠢᠶᠠᠷ ᠦᠭᠦᠭᠰᠡᠨ ᠮᠠᠯ ᠵᠢᠭᠦᠷᠳᠡᠨ ᠤ | ᠪᠦᠲᠦᠭᠡᠭᠳᠡᠭᠦᠨ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠨ᠎ᠡ᠃ ᠬᠠᠣᠯᠢ ᠬᠡᠷᠡᠭᠵᠢᠭᠦᠯᠬᠦ ᠰᠠᠯᠠᠭ᠎ᠠ | ᠮᠦᠴᠢᠷ ᠲᠦᠷᠦᠭᠦᠯᠡᠨ ᠡᠯ᠎ᠡ ᠰᠣᠮᠣ ᠪᠠᠯᠭᠠᠰᠣᠨ ᠲᠠᠢ ᠬᠠᠷᠢᠯᠴᠠᠵᠣ᠂ ᠮᠠᠯᠴᠢᠨ ᠲᠦᠮᠡᠨ ᠢ ᠬᠢᠨᠠᠯᠳᠠ ᠲᠠᠯᠪᠢᠬᠤ | ᠲᠣᠰᠬᠠᠢ ᠲᠦᠷᠦᠯ ᠤᠨ ᠵᠠᠰᠠᠨ ᠴᠡᠭᠴᠡᠯᠡᠬᠦ ᠠᠵᠢᠯᠯᠠᠭ᠎ᠠ ᠳᠤ ᠣᠷᠣᠯᠴᠠᠭᠤᠯᠵᠣ᠂ ᠢᠯᠠᠴᠢᠯᠠᠨ ᠵᠠᠭᠠᠯᠳᠣᠬᠤ ᠣᠳᠠᠰᠣ | ᠲᠣᠬᠢᠷᠠᠭᠤᠯᠣᠨ᠂ ᠡᠵᠡᠩᠨᠡᠯᠳᠡ ᠶᠢᠨ ᠬᠢᠷᠢ ᠭᠡᠮ ᠦᠭᠡᠢ᠂ ᠡᠵᠡᠩᠨᠡᠯᠳᠡ ᠶᠢᠨ ᠬᠡᠷᠡᠴᠢ ᠦᠨᠡᠮᠯᠡᠯ ᠦᠭᠡᠢ ᠪᠠᠷ ᠡᠵᠡᠩᠨᠡᠬᠦ | ᠠᠵᠢᠯᠯᠠᠭ᠎ᠠ ᠳᠤ ᠴᠢᠩᠭ᠎ᠠ ᠴᠣᠬᠢᠯᠳᠠ ᠦᠭᠴᠦ᠂ ᠣᠯᠠᠨ ᠲᠦᠮᠡᠨ ᠤ ᠬᠠᠣᠯᠢ ᠶᠣᠰᠣᠨ ᠤ ᠡᠷᠭᠡ ᠠᠰᠢᠭ ᠢ ᠪᠠᠳᠣᠯᠠᠨ᠎ᠠ | ᠃ ᠬᠤᠶᠠᠷ ᠲᠤ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠣ ᠴᠢᠨᠠᠷ ᠤᠨ ᠠᠮᠣᠷ ᠲᠦᠪᠰᠢᠨ ᠢ | ᠴᠢᠩᠭᠠᠳᠬᠠᠨ᠎ᠠ᠃ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠣ ᠴᠢᠨᠠᠷ ᠤᠨ ᠠᠮᠣᠷ ᠲᠦᠪᠰᠢᠨ ᠤ | ᠬᠢᠨᠠᠯᠳᠠ ᠬᠠᠮᠢᠶᠠᠷᠣᠯᠳᠠ ᠪᠠᠶᠢᠴᠠᠭᠠᠯᠳᠠ ᠶᠢᠨ ᠰᠢᠰᠲ᠋ᠧᠮ ᠪᠠ ᠮᠦᠷᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠷᠢᠶ᠎ᠠ | ᠭᠠᠵᠠᠷ ᠤᠨ ᠬᠢᠨᠠᠯᠳᠠ ᠬᠠᠮᠢᠶᠠᠷᠣᠯᠳᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠪᠦᠬᠦ | ᠶᠠᠪᠣᠴᠠ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠎ᠠ᠃ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ | ᠪᠣᠯᠪᠠᠰᠣᠷᠠᠭᠤᠯᠬᠤ ᠠᠵᠣ ᠠᠬᠤᠶᠢᠯᠠᠯ ᠤᠨ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠠᠮᠢᠳᠠᠨ ᠤ | ᠪᠦᠲᠦᠭᠡᠭᠳᠡᠭᠦᠨ ᠤ ᠶᠠᠰᠣ ᠴᠢᠨᠠᠷ ᠤᠨ ᠠᠮᠣᠷ ᠲᠦᠪᠰᠢᠨ ᠤ ᠭᠤᠣᠯ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠶᠢ | ᠱᠠᠭᠠᠷᠳᠠᠨ ᠵᠢᠯᠣᠭᠤᠳᠴᠣ᠂ ᠬᠢᠵᠢᠭ ᠤᠨ ᠪᠠᠶᠢᠴᠠᠭᠠᠯᠳᠠ ᠦᠭᠡᠢ ᠪᠣᠶᠣ ᠬᠢᠵᠢᠭ ᠤᠨ ᠪᠠᠶᠢᠴᠠᠭᠠᠯᠳᠠ ᠳᠤ ᠬᠢᠷᠢ | ᠲᠡᠩᠴᠡᠭᠰᠡᠨ ᠦᠭᠡᠢ ᠠᠮᠢᠳᠠᠨ ᠤ ᠪᠦᠲᠦᠭᠡᠭᠳᠡᠭᠦᠨ ᠤ ᠵᠠᠬ᠎ᠠ ᠳᠡᠯᠭᠡᠭᠦᠷ ᠲᠤ ᠣᠷᠣᠬᠤ ᠶᠢ ᠡᠷᠡᠰ ᠬᠤᠷᠢᠭᠯᠠᠵᠣ᠂ | ᠨᠢᠳᠣᠯᠠᠬᠤ ᠠᠴᠠ ᠡᠮᠦᠨ᠎ᠡ ︽ᠬᠠᠷ᠎ᠠ ᠮᠢᠬᠠᠯᠠᠭᠤᠯᠬᠤ ᠬᠠᠨᠳᠠ︾ ᠪᠠ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ | ᠠᠵᠢᠯ ᠢ ᠰᠠᠶᠢᠳᠣᠷ ᠬᠢᠵᠦ᠂ ᠨᠢᠳᠣᠯᠠᠭᠰᠠᠨ ᠤ ᠳᠠᠷᠠᠭ᠎ᠠ ᠬᠡᠳᠡᠰᠦ ᠲᠣᠳᠣᠷ᠂ ᠭᠡᠩᠭᠦᠳᠡᠭ ᠤᠨ ᠬᠢᠵᠢᠭ ᠤᠨ | ᠪᠠᠶᠢᠴᠠᠭᠠᠯᠳᠠ ᠶᠢ ᠰᠠᠶᠢᠳᠣᠷ ᠬᠢᠵᠦ᠂ ᠨᠢᠳᠣᠯᠠᠬᠤ ᠠᠵᠣ ᠠᠬᠤᠶᠢᠯᠠᠯ ᠤᠨ ᠪᠠᠶᠢᠴᠠᠭᠠᠵᠣ ᠭᠠᠷᠭᠠᠭᠰᠠᠨ ᠡᠪᠡᠳᠴᠢᠨ ᠤ | ᠬᠦᠨᠦᠭᠡᠯ ᠲᠠᠢ ᠠᠮᠢᠳᠠᠨ ᠤ ᠲᠣᠳᠣᠷ ᠡᠷᠭᠡᠳᠡᠨ ᠵᠢᠴᠢ ︽ᠭᠤᠷᠪᠠᠨ ᠪᠣᠯᠴᠢᠷᠬᠠᠢ︾ ᠶᠢ ᠲᠦᠪᠯᠡᠷᠡᠭᠦᠯᠦᠨ ᠬᠤᠣᠷ | ᠦᠭᠡᠢ ᠰᠢᠢᠳᠪᠦᠷᠢᠯᠡᠬᠦ ᠳᠤ ᠬᠢᠨᠠᠯᠳᠠ ᠲᠠᠯᠪᠢᠨ᠎ᠠ᠃ ᠭᠤᠷᠪᠠ ᠳᠤ ᠬᠤᠨᠢᠨ ᠮᠢᠬᠠᠨ ᠤ ᠪᠦᠬᠦ ᠠᠵᠣ ᠦᠢᠯᠡᠰ ᠤᠨ | ᠬᠡᠯᠬᠢᠶ᠎ᠡ ᠢ ᠮᠦᠷᠳᠡᠬᠦ ᠰᠢᠰᠲ᠋ᠧᠮ ᠤᠨ ᠲᠣᠷᠰᠢᠯᠳᠠ ᠶᠢᠨ ᠴᠡᠭ ᠤᠨ ᠪᠠᠶᠢᠭᠤᠯᠣᠯᠳᠠ ᠶᠢᠨ ᠠᠵᠢᠯ ᠢ ᠦᠷᠨᠢᠭᠦᠯᠵᠦ᠂ | 2020 ᠣᠨ ᠳᠤ ᠶᠠᠩ ᠶᠠᠩ ᠮᠠᠯᠵᠢᠯ ᠤᠨ ᠦᠢᠯᠡᠰ᠂ ᠮᠧᠩ ᠭᠥᠸᠧ ᠯᠧ ᠮᠢᠬᠠᠨ ᠤ ᠦᠢᠯᠡᠰ ᠪᠠ ᠢ ᠶᠤᠸᠠᠨ | ᠮᠢᠬᠠᠨ ᠤ ᠦᠢᠯᠡᠰ ᠵᠡᠷᠭᠡ ᠠᠵᠣ ᠦᠢᠯᠡᠰ ᠤᠨ ᠬᠡᠯᠬᠢᠶ᠎ᠡ ᠶᠢ ᠨᠢ ᠮᠦᠷᠳᠡᠬᠦ ᠨᠦᠭᠦᠴᠡᠯ ᠢ ᠪᠦᠷᠢᠳᠦᠭᠦᠯᠦᠭᠰᠡᠨ | ᠣᠯᠠᠭᠠᠨ ᠢᠳᠡᠭᠡᠨ ᠪᠣᠯᠪᠠᠰᠣᠷᠠᠭᠤᠯᠬᠤ 3 ᠠᠵᠣ ᠠᠬᠤᠶᠢᠯᠠᠯ ᠤᠨ ᠪᠦᠬᠦ ᠠᠵᠣ ᠦᠢᠯᠡᠰ ᠤᠨ ᠬᠡᠯᠬᠢᠶ᠎ᠡ ᠶᠢ ᠨᠢ | ᠮᠦᠷᠳᠡᠵᠦ᠂ 30 ᠲᠦᠮᠡᠨ ᠬᠤᠨᠢᠨ ᠤ ᠪᠦᠬᠦ ᠠᠵᠣ ᠦᠢᠯᠡᠰ ᠤᠨ ᠬᠡᠯᠬᠢᠶ᠎ᠡ ᠶᠢ ᠨᠢ ᠮᠦᠷᠳᠡᠬᠦ ᠪᠠᠷ ᠲᠦᠯᠦᠪᠯᠡᠵᠦ ᠪᠣᠢ | ᠃ | ︵ᠳᠦᠷᠪᠡ︶ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠰᠢᠰᠲ᠋ᠧᠮ ᠢ ᠪᠠᠶᠢᠭᠤᠯᠣᠨ ᠲᠡᠭᠦᠯᠳᠡᠷᠵᠢᠭᠦᠯᠦᠨ᠎ᠡ᠃ | ᠨᠢᠭᠡ ᠳᠤ ᠵᠣᠬᠢᠬᠤ ᠬᠡᠪᠴᠢᠶ᠎ᠡ ᠲᠠᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠶᠡᠬᠡᠪᠡᠷ ᠬᠦᠭᠵᠢᠭᠦᠯᠦᠨ᠎ᠡ᠃ ᠵᠣᠬᠢᠬᠤ | ᠬᠡᠪᠴᠢᠶ᠎ᠡ ᠲᠠᠢ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠣᠯ ᠴᠣᠭᠴᠠ | ᠪᠣᠯᠭᠠᠵᠣ᠂ ᠪᠦᠲᠦᠭᠡᠨ ᠪᠠᠶᠢᠭᠤᠯᠣᠯᠳᠠ ᠶᠢᠨ ᠪᠠᠷᠢᠮᠵᠢᠶ᠎ᠠ ᠪᠣᠯᠣᠨ ᠦᠨᠡᠯᠡᠨ ᠲᠣᠭᠳᠠᠭᠠᠬᠤ ᠪᠠᠷᠢᠮᠵᠢᠶ᠎ᠠ ᠶᠢ | ᠲᠡᠭᠦᠯᠳᠡᠷᠵᠢᠭᠦᠯᠵᠦ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠦᠨᠡᠯᠡᠨ ᠲᠣᠭᠳᠠᠭᠠᠬᠤ ᠪᠠ ᠵᠢᠱᠢᠶ᠎ᠡ ᠦᠵᠡᠭᠦᠯᠬᠦ | ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠳᠠᠢ ᠦᠷᠨᠢᠭᠦᠯᠦᠨ᠎ᠡ᠃ | 2021 ᠣᠨ ᠪᠣᠯᠬᠤ ᠳᠤ᠂ 100 ᠡᠷᠦᠭᠡ ᠶᠢ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠷ ᠦᠨᠡᠯᠡᠨ ᠲᠣᠭᠳᠠᠭᠠᠨ᠎ᠠ | ᠃ ︽ᠬᠤᠭᠤᠰᠣᠨ ᠬᠤᠷᠰᠢᠶᠠᠵᠢᠯ︾ ᠢ ᠲᠣᠰᠬᠠᠢ ᠲᠦᠷᠦᠯ ᠢᠶᠠᠷ ᠴᠡᠭᠴᠡᠯᠡᠬᠦ ᠠᠵᠢᠯᠯᠠᠭ᠎ᠠ ᠶᠢ ᠨᠠᠷᠢᠨ ᠬᠢᠨᠠᠮᠠᠭᠠᠢ | ᠦᠷᠨᠢᠭᠦᠯᠵᠦ᠂ ᠳᠦᠷᠢᠮ ᠲᠣᠭᠳᠠᠭᠠᠯ ᠢ ᠲᠡᠭᠦᠯᠳᠡᠷᠵᠢᠭᠦᠯᠬᠦ᠂ ᠵᠣᠬᠢᠶᠠᠨ ᠪᠠᠶᠢᠭᠤᠯᠣᠯᠳᠠ ᠶᠢᠨ ᠪᠠᠶᠢᠭᠤᠯᠣᠮᠵᠢ ᠶᠢ | ᠲᠡᠭᠦᠯᠳᠡᠷᠵᠢᠭᠦᠯᠬᠦ᠂ ᠡᠳ᠋ ᠤᠨ ᠶᠠᠪᠣᠳᠠᠯ ᠤᠨ ᠬᠠᠮᠢᠶᠠᠷᠣᠯᠳᠠ ᠶᠢ ᠲᠦᠷᠢᠮᠵᠢᠭᠦᠯᠬᠦ᠂ ᠠᠰᠢᠭ ᠣᠷᠣᠯᠭ᠎ᠠ ᠶᠢ ᠵᠦᠢ | ᠵᠣᠬᠢᠰᠳᠠᠢ ᠬᠤᠪᠢᠶᠠᠷᠢᠯᠠᠬᠤ᠂ ᠳᠠᠩᠰᠠᠯᠠᠬᠤ ᠬᠠᠮᠢᠶᠠᠷᠣᠯᠳᠠ ᠶᠢ ᠴᠢᠩᠭᠠᠳᠬᠠᠬᠤ ᠵᠡᠷᠭᠡ ᠲᠠᠯ᠎ᠠ ᠠᠴᠠ ᠣᠳᠣ ᠶᠢᠨ | ᠪᠠᠶᠢᠭ᠎ᠠ ᠬᠤᠷᠰᠢᠶᠠᠵᠢᠯ ᠢ ᠲᠦᠷᠢᠮᠵᠢᠭᠦᠯᠦᠨ᠎ᠡ᠃ ᠵᠢᠱᠢᠶ᠎ᠡ ᠦᠵᠡᠭᠦᠯᠬᠦ ᠬᠤᠷᠰᠢᠶᠠᠵᠢᠯ ᠢ ᠦᠨᠡᠯᠡᠨ ᠲᠣᠭᠳᠠᠭᠠᠬᠤ | ᠠᠵᠢᠯ ᠢ ᠢᠳᠡᠪᠬᠢᠳᠠᠢ ᠦᠷᠨᠢᠭᠦᠯᠵᠦ᠂ ᠣᠯᠣᠰ᠂ ᠦᠪᠡᠷᠳᠡᠭᠡᠨ ᠵᠠᠰᠠᠬᠤ ᠣᠷᠣᠨ᠂ ᠠᠶᠢᠮᠠᠭ᠂ ᠬᠤᠰᠢᠭᠤ ᠰᠢᠶᠠᠨ ᠤ | ᠵᠢᠱᠢᠶ᠎ᠡ ᠦᠵᠡᠭᠦᠯᠬᠦ ᠬᠤᠷᠰᠢᠶᠠᠵᠢᠯ ᠢ ᠳᠦᠷᠪᠡᠨ ᠱᠠᠳᠣ ᠪᠠᠷ ᠬᠤᠯᠪᠣᠭᠠᠯᠠᠨ ᠡᠭᠦᠳᠬᠦ ᠶᠢ ᠠᠬᠢᠭᠤᠯᠣᠨ᠎ᠠ᠃ 2021 | ᠣᠨ ᠪᠣᠯᠬᠤ ᠳᠤ ᠠᠶᠢᠮᠠᠭ ᠤᠨ ᠱᠠᠳᠣᠨ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠤᠷᠰᠢᠶᠠᠵᠢᠯ ᠢ 10 ᠳᠤ | ᠬᠦᠷᠭᠡᠨ᠎ᠡ᠃ ᠬᠤᠶᠠᠷ ᠲᠤ ᠮᠠᠯᠴᠢᠨ ᠲᠠᠷᠢᠶᠠᠴᠢᠳ ᠤᠨ ᠰᠢᠨ᠎ᠡ ᠬᠡᠯᠪᠡᠷᠢ ᠶᠢᠨ ᠬᠤᠷᠰᠢᠭᠰᠠᠨ ᠵᠣᠬᠢᠶᠠᠨ ᠪᠠᠶᠢᠭᠤᠯᠣᠯᠳᠠ | ᠶᠢ ᠴᠢᠬᠤᠯᠠᠴᠢᠯᠠᠨ ᠪᠠᠶᠢᠭᠤᠯᠣᠨ᠎ᠠ᠃ ᠮᠠᠯᠴᠢᠳ ᠤᠨ ᠨᠣᠳᠤᠭ ᠪᠡᠯᠴᠢᠭᠡᠷ ᠤᠨ ᠡᠬᠢ ᠪᠠᠶᠠᠯᠢᠭ ᠢᠶᠠᠨ ᠨᠡᠶᠢᠯᠡᠭᠦᠯᠬᠦ᠂ ᠮᠠᠯ | ᠢᠶᠠᠨ ᠨᠢᠭᠡᠳᠦᠯᠳᠠᠢ ᠬᠠᠮᠢᠶᠠᠷᠬᠤ᠂ ᠡᠷᠦᠭᠡ ᠬᠤᠯᠪᠣᠭᠠᠯᠠᠨ ᠬᠡᠪᠴᠢᠶᠡᠵᠢᠭᠦᠯᠦᠨ ᠡᠵᠡᠩᠨᠡᠬᠦ ᠶᠢ ᠨᠢ ᠵᠢᠯᠣᠭᠤᠳᠣᠨ᠂ ᠡᠬᠢ | ᠪᠠᠶᠠᠯᠢᠭ᠂ ᠡᠳ᠋ ᠬᠦᠷᠦᠩᠭᠡ᠂ ᠬᠦᠳᠡᠯᠮᠦᠷᠢ ᠬᠦᠴᠦ᠂ ᠮᠡᠷᠭᠡᠵᠢᠯ ᠪᠣᠯᠣᠨ ᠪᠣᠷᠣᠯᠠᠭᠤᠯᠭ᠎ᠠ ᠵᠡᠷᠭᠡ ᠲᠠᠯ᠎ᠠ ᠪᠠᠷ | ᠬᠠᠮᠳᠣᠷᠠᠯᠴᠠᠬᠤ ᠶᠢ ᠠᠬᠢᠭᠤᠯᠵᠣ᠂ ᠮᠠᠯᠴᠢᠳ ᠤᠨ ᠵᠣᠬᠢᠶᠠᠨ ᠪᠠᠶᠢᠭᠤᠯᠣᠯᠳᠠ ᠶᠢᠨ ᠬᠡᠮᠵᠢᠶ᠎ᠡ ᠶᠢ ᠳᠡᠭᠡᠰᠢᠯᠡᠭᠦᠯᠦᠨᠡ᠃ | ᠭᠤᠷᠪᠠ ᠳᠤ ᠲᠠᠷᠢᠶᠠᠯᠠᠩ ᠮᠠᠯ ᠠᠵᠣ ᠠᠬᠤᠢ ᠶᠢᠨ ᠲᠣᠯᠣᠭᠠᠶᠢᠯᠠᠭᠴᠢ ᠠᠵᠣ ᠠᠬᠤᠶᠢᠯᠠᠯ ᠢ ᠴᠢᠷᠮᠠᠶᠢᠨ ᠪᠠᠶᠢᠭᠤᠯᠣᠨ᠎ᠠ᠃ | ᠲᠣᠯᠣᠭᠠᠶᠢᠯᠠᠭᠴᠢ ᠠᠵᠣ ᠠᠬᠤᠶᠢᠯᠠᠯ ᠢ ᠨᠡᠶᠢᠯᠡᠭᠦᠯᠦᠨ ᠲᠠᠬᠢᠨ ᠵᠣᠬᠢᠶᠠᠨ ᠪᠠᠶᠢᠭᠤᠯᠬᠤ᠂ ᠬᠤᠪᠢ ᠣᠷᠣᠭᠤᠯᠣᠨ | ᠬᠤᠷᠰᠢᠬᠤ᠂ ᠡᠳ᠋ ᠬᠦᠷᠦᠩᠭᠡ ᠰᠢᠯᠵᠢᠭᠦᠯᠦᠨ ᠦᠭᠬᠦ᠂ ᠨᠡᠷᠡᠲᠦ ᠲᠡᠮᠳᠡᠭ ᠢ ᠬᠤᠯᠪᠣᠭᠠᠯᠠᠬᠤ ᠵᠡᠷᠭᠡ ᠬᠡᠯᠪᠡᠷᠢ ᠪᠠᠷ | ᠲᠣᠮᠣ ᠬᠡᠯᠪᠡᠷᠢ ᠶᠢᠨ ᠠᠵᠣ ᠠᠬᠤᠶᠢᠯᠠᠯ ᠪᠠᠶᠢᠭᠤᠯᠬᠤ ᠶᠢ ᠨᠢ ᠵᠣᠷᠢᠭᠵᠢᠭᠤᠯᠵᠣ᠂ ᠲᠠᠷᠢᠶᠠᠯᠠᠩ ᠮᠠᠯ ᠠᠵᠣ ᠠᠬᠤᠢ ᠶᠢᠨ | ᠠᠵᠣ ᠦᠢᠯᠡᠰᠵᠢᠭᠰᠡᠨ ᠡᠵᠡᠩᠨᠡᠯᠳᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ 2021 ᠣᠨ ᠪᠣᠯᠬᠤ ᠳᠤ ᠠᠶᠢᠮᠠᠭ | ᠤᠨ ᠳᠡᠰ ᠠᠴᠠ ᠳᠡᠭᠡᠭᠰᠢᠬᠢ ᠳᠣᠯᠣᠭᠠᠶᠢᠯᠠᠭᠴᠢ ᠠᠵᠣ ᠠᠬᠤᠶᠢᠯᠠᠯ1 ᠶᠢ ᠨᠡᠮᠡᠭᠳᠡᠭᠦᠯᠦᠨ᠎ᠡ᠃ ᠠᠵᠣ ᠠᠬᠤᠶᠢᠯᠠᠯ | ᠪᠣᠯᠣᠨ ᠮᠠᠯᠴᠢᠳ ᠲᠠᠷᠢᠶᠠᠴᠢᠳ ᠤᠨ ᠠᠰᠢᠭ ᠲᠣᠰᠠ ᠶᠢ ᠬᠤᠯᠪᠣᠭᠠᠯᠠᠬᠤ ᠵᠣᠬᠢᠴᠠᠮᠵᠢ ᠶᠢ ᠬᠦᠨᠵᠡᠭᠡᠶᠢᠷᠡᠭᠦᠯᠵᠦ᠂ | ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰᠵᠢᠭᠰᠡᠨ ᠬᠤᠯᠪᠣᠭᠠᠳᠣ ᠴᠣᠭᠴᠠ ᠶᠢᠨ ᠪᠠᠶᠢᠭᠤᠯᠣᠯᠳᠠ ᠶᠢ | ᠴᠢᠩᠭᠠᠳᠬᠠᠵᠣ᠂ ᠮᠠᠯᠴᠢᠨ ᠲᠠᠷᠢᠶᠠᠶᠢᠴᠳ᠂ ᠬᠤᠷᠰᠢᠶᠠᠵᠢᠯ ᠪᠣᠯᠣᠨ ᠲᠣᠯᠣᠭᠠᠶᠢᠯᠠᠭᠴᠢ ᠠᠵᠣ ᠠᠬᠤᠶᠢᠯᠠᠯ ᠵᠡᠷᠭᠡ | ᠡᠵᠡᠩᠨᠡᠯᠳᠡ ᠶᠢᠨ ᠭᠤᠣᠯ ᠴᠣᠭᠴᠠ ᠶᠢᠨ ᠠᠰᠢᠭ ᠲᠣᠰᠠ ᠶᠢᠨ ᠬᠠᠮᠳᠣᠷᠠᠯ ᠢ ᠪᠦᠷᠢᠯᠳᠦᠭᠦᠯᠬᠦ ᠶᠢ ᠠᠬᠢᠭᠤᠯᠣᠨ᠎ᠠ᠃ | ᠳᠦᠷᠪᠡ ᠳᠤ ᠭᠠᠴᠠᠭ᠎ᠠ ᠲᠣᠰᠬᠤᠨ ᠤ ᠱᠠᠳᠣᠨ ᠤ ᠬᠠᠮᠳᠣ ᠶᠢᠨ ᠠᠵᠣ ᠠᠬᠤᠢ ᠶᠢ ᠬᠦᠭᠵᠢᠭᠦᠯᠦᠨ | ᠪᠣᠵᠠᠭᠠᠶᠢᠷᠠᠭᠤᠯᠣᠨ᠎ᠠ᠃ ︽ᠨᠠᠮ ᠤᠨ ᠡᠭᠦᠷ + ᠬᠤᠷᠰᠢᠶᠠᠵᠢᠯ︾ ᠤᠨ ᠬᠠᠮᠳᠣ ᠶᠢᠨ ᠠᠵᠣ ᠠᠬᠤᠢ ᠶᠢᠨ ᠬᠦᠭᠵᠢᠯᠳᠡ | ᠶᠢᠨ ᠬᠡᠯᠪᠡᠷᠢ ᠶᠢ ᠶᠡᠬᠡᠪᠡᠷ ᠪᠣᠶᠢᠵᠢᠭᠤᠯᠵᠣ᠂ ᠨᠦᠬᠦᠴᠡᠯ ᠲᠠᠢ ᠭᠠᠴᠠᠭ᠎ᠠ ᠲᠣᠰᠬᠤᠨ ᠳᠤ ᠲᠣᠬᠢᠷᠠᠬᠤ ᠲᠦᠷᠦᠯ ᠵᠦᠢᠯ | ᠢ ᠵᠣᠬᠢᠶᠠᠨ ᠪᠠᠶᠢᠭᠤᠯᠣᠨ ᠬᠡᠷᠡᠭᠵᠢᠭᠦᠯᠵᠦ᠂ ᠳᠣᠯᠣᠭᠠᠶᠢᠯᠠᠭᠴᠢ ᠠᠵᠣ ᠠᠬᠤᠶᠢᠯᠠᠯ ᠤᠨ ᠬᠠᠷᠢᠯᠴᠠᠨ ᠬᠠᠪᠰᠣᠷᠣᠨ | ᠳᠡᠳᠭᠦᠬᠦ ᠵᠣᠬᠢᠴᠠᠮᠵᠢ ᠶᠢ ᠪᠠᠶᠢᠭᠤᠯᠬᠤ ᠶᠢ ᠵᠢᠯᠣᠭᠤᠳᠴᠣ᠂ ᠭᠠᠴᠠᠭ᠎ᠠ ᠲᠣᠰᠬᠤᠨ ᠤ ᠦᠪᠡᠷ ᠢ ᠪᠠᠨ ᠬᠦᠭᠵᠢᠭᠦᠯᠬᠦ | ᠴᠢᠳᠠᠪᠣᠷᠢ ᠶᠢ ᠳᠡᠭᠡᠭᠰᠢᠯᠡᠭᠦᠯᠦᠨ᠎ᠡ᠃ 2020 ᠣᠨ ᠤ ᠰᠡᠭᠦᠯᠴᠢ ᠳᠤ᠂ ᠪᠦᠬᠦ ᠬᠤᠰᠢᠭᠤᠨ ᠤ ᠭᠠᠴᠠᠭ᠎ᠠ ᠲᠣᠰᠬᠤᠨ | ᠪᠦᠷᠢ ᠳᠤ ᠬᠠᠮᠳᠣ ᠶᠢᠨ ᠠᠵᠣ ᠠᠬᠤᠢ ᠶᠢᠨ ᠵᠣᠬᠢᠶᠠᠨ ᠪᠠᠶᠢᠭᠤᠯᠣᠯᠳᠠ ᠶᠢ ᠪᠠᠶᠢᠭᠤᠯᠵᠣ᠂ 5 ᠲᠦᠮᠡᠨ ᠲᠦᠭᠦᠷᠢᠭ | ᠠᠴᠠ ᠳᠡᠭᠡᠭᠰᠢ ᠬᠠᠮᠳᠣ ᠶᠢᠨ ᠠᠵᠣ ᠠᠬᠤᠢ ᠶᠢᠨ ᠣᠷᠣᠯᠭ᠎ᠠ ᠶᠢ ᠡᠭᠦᠳᠦᠨ᠎ᠡ᠃ 2021 ᠣᠨ ᠪᠣᠯᠬᠤ ᠳᠤ᠂ ᠨᠢᠭᠡ | ᠪᠦᠯᠦᠭ ︽ᠨᠠᠮ ᠤᠨ ᠡᠭᠦᠷ + ᠬᠤᠷᠰᠢᠶᠠᠵᠢᠯ︾ ᠤᠨ ᠨᠠᠮ ᠤᠨ ᠪᠠᠶᠢᠭᠤᠯᠣᠯᠳᠠ ᠬᠠᠮᠳᠣ ᠶᠢᠨ ᠠᠵᠣ ᠠᠬᠤᠢ ᠶᠢ | ᠬᠦᠳᠦᠯᠦᠨ ᠳᠠᠭᠠᠭᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠢ ᠡᠭᠦᠳᠦᠨ ᠪᠠᠶᠢᠭᠤᠯᠣᠨ᠎ᠠ᠃ | ︵ᠲᠠᠪᠤ︶ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠭᠦᠢᠯᠭᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ᠃ ᠨᠢᠭᠡ ᠳᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠠᠶᠢᠭᠤᠯᠣᠯᠳᠠ ᠶᠢ | ᠴᠢᠩᠭᠠᠳᠬᠠᠨ᠎ᠠ᠃ ᠣᠯᠣᠰ ᠠᠴᠠ ᠲᠠᠷᠢᠶᠠᠯᠠᠩ ᠮᠠᠯ ᠠᠵᠣ ᠠᠬᠤᠢ ᠶᠢᠨ ᠪᠦᠲᠦᠭᠡᠭᠳᠡᠭᠦᠨ ᠤ ᠭᠤᠣᠯ ᠭᠠᠷᠣᠯᠳᠠ ᠶᠢᠨ | ᠣᠷᠣᠨ ᠪᠠ ᠲᠠᠷᠢᠶᠠᠯᠠᠩ ᠮᠠᠯ ᠠᠵᠣ ᠠᠬᠤᠢ ᠶᠢᠨ ᠣᠨᠴᠠᠯᠢᠭᠳᠣ ᠪᠦᠲᠦᠭᠡᠭᠳᠡᠭᠦᠨ ᠤ ᠳᠠᠪᠠᠭᠤᠯᠢᠭ ᠣᠷᠣᠨ ᠢᠶᠠᠷ | ᠭᠤᠣᠯᠳᠠᠯᠭ᠎ᠠ ᠪᠣᠯᠭᠠᠵᠣ᠂ ᠰᠢᠨ᠎ᠡ ᠰᠣᠷᠭᠤᠭ ᠢᠶᠠᠷ ᠨᠢ ᠬᠠᠳᠠᠭᠠᠯᠠᠬᠤ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡᠨ | ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠳᠠ ᠶᠢ ᠴᠢᠩᠭᠠᠳᠬᠠᠬᠤ ᠲᠣᠬᠢᠶᠠᠯ ᠢ ᠠᠳᠬᠤᠵᠣ᠂ ᠣᠯᠣᠰ ᠤᠨ | ᠲᠦᠷᠦᠯ ᠵᠦᠢᠯ ᠢ ᠢᠳᠡᠪᠬᠢᠳᠠᠢ ᠭᠤᠶᠣᠴᠢᠯᠠᠨ ᠣᠯᠵᠣ᠂ ᠮᠠᠨ ᠤᠨ ᠬᠤᠰᠢᠭᠤᠨ ᠤ ᠭᠦᠢᠳᠡᠨ ᠬᠡᠯᠬᠢᠶᠡᠲᠦ ᠪᠠᠷᠠᠭᠠᠨ ᠤ | ᠭᠦᠢᠯᠭᠡᠭᠡᠨ ᠤ ᠲᠣᠳᠠᠭᠤᠳᠠᠯ ᠢ ᠨᠦᠬᠦᠪᠦᠷᠢᠯᠡᠨ᠎ᠡ᠃ ᠬᠤᠶᠠᠷ ᠲᠤ ᠲᠣᠬᠠᠢ ᠶᠢᠨ ᠭᠠᠵᠠᠷ ᠤᠨ ᠢᠶᠠᠨ ᠳᠣᠯᠣᠭᠠᠶᠢᠯᠠᠭᠴᠢ | ᠠᠵᠣ ᠠᠬᠤᠶᠢᠯᠠᠯ᠂ ᠲᠣᠰᠬᠠᠢ ᠬᠤᠷᠰᠢᠶᠠᠵᠢᠯ ᠤᠨ ︽ᠭᠠᠳᠠᠭᠰᠢ ᠭᠠᠷᠬᠤ︾ ᠶᠢ ᠵᠢᠯᠣᠭᠤᠳᠴᠣ᠂ ᠶᠡᠷᠦᠩᠭᠡᠶᠢᠯᠡᠭᠰᠡᠨ | ᠭᠠᠯ ᠳᠣᠭᠤᠭᠠᠨ ᠤ ᠦᠷᠦᠭᠡ᠂ ᠨᠡᠷᠡᠲᠦ ᠲᠡᠮᠳᠡᠭᠲᠦ ᠲᠣᠰᠬᠠᠢ ᠡᠵᠡᠩᠨᠡᠯᠳᠡ ᠶᠢᠨ ᠳᠡᠯᠭᠡᠭᠦᠷ᠂ ᠪᠡᠶᠡᠴᠢᠯᠡᠨ | ᠣᠶᠢᠯᠠᠭᠠᠬᠤ ᠳᠡᠯᠭᠡᠭᠦᠷ᠂ ᠴᠢᠯᠦᠭᠡᠲᠦ ᠳᠡᠯᠭᠡᠭᠦᠷ ᠤᠨ ᠲᠣᠰᠬᠠᠢ ᠬᠤᠳᠠᠯᠳᠤᠭ᠎ᠠ ᠵᠢᠴᠢ ᠦᠪᠡᠷᠳᠡᠭᠡᠨ ᠡᠵᠡᠩᠨᠡᠭᠰᠡᠨ | ᠬᠤᠭᠤᠯᠠᠨ ᠭᠡᠷ ᠵᠡᠷᠭᠡ ᠪᠠᠷ ᠳᠠᠮᠵᠢᠨ᠂ ᠦᠢᠯᠡᠳᠪᠦᠷᠢᠯᠡᠬᠦ ᠪᠠ ᠪᠣᠷᠣᠯᠠᠭᠤᠯᠬᠤ ᠶᠢ ᠵᠣᠯᠭᠠᠭᠤᠯᠵᠣ᠂ ᠡᠵᠡᠩᠨᠡᠯᠳᠡ ᠶᠢᠨ | ᠭᠤᠣᠯ ᠴᠣᠭᠴᠠ ᠶᠢᠨ ᠣᠷᠣᠨ ᠤ ᠲᠣᠳᠣᠷ᠎ᠠ ᠭᠠᠳᠠᠨᠠᠬᠢ ᠵᠠᠬ᠎ᠠ ᠳᠡᠯᠭᠡᠭᠦᠷ ᠲᠤ ᠰᠢᠭᠤᠳ ᠪᠣᠷᠣᠯᠠᠭᠤᠯᠣᠨ ᠬᠦᠷᠭᠡᠬᠦ | ᠲᠣᠣᠷ ᠰᠦᠯᠵᠢᠶ᠎ᠡ ᠶᠢ ᠪᠠᠶᠢᠭᠤᠯᠬᠤ ᠶᠢ ᠵᠣᠷᠢᠭᠵᠢᠭᠤᠯᠣᠨ᠎ᠠ᠃ ᠭᠤᠷᠪᠠ ᠳᠤ ᠦᠢᠯᠡᠳᠪᠦᠷᠢᠯᠡᠯ ᠤᠨ ᠠᠵᠣ ᠠᠬᠤᠶᠢᠯᠠᠯ | ᠤᠨ ᠡᠯᠧᠺᠲᠷᠣᠨ ᠬᠤᠳᠠᠯᠳᠣᠭᠠᠨ ᠤ ᠪᠣᠷᠣᠯᠠᠭᠤᠯᠭ᠎ᠠ ᠶᠢᠨ ᠲᠠᠪᠴᠠᠩ ᠪᠠᠶᠢᠭᠤᠯᠬᠤ ᠶᠢ ᠵᠢᠯᠣᠭᠤᠳᠴᠣ᠂ ᠶᠦᠨ | ᠴᠤᠸᠠᠩ ᠡᠯᠧᠺᠲᠷᠣᠨ ᠬᠤᠳᠠᠯᠳᠣᠭᠠᠨ ᠤ ᠶᠠᠪᠣᠳᠠᠯ ᠤᠨ ᠬᠢᠵᠠᠭᠠᠷᠳᠣ ᠺᠣᠮᠫᠠᠨᠢ᠂ ᠰᠢᠣᠳᠠᠨ ᠤ ᠡᠯᠧᠺᠲᠷᠣᠨ | ᠬᠤᠳᠠᠯᠳᠣᠭᠠᠨ ᠤ ᠳᠠᠪᠴᠠᠩ᠂ ᠲᠦᠷᠭᠡᠨ ᠭᠤᠪᠢᠭᠤᠯᠭ᠎ᠠ ᠶᠢᠨ ᠺᠣᠮᠫᠠᠨᠢ ᠵᠡᠷᠭᠡ ᠡᠯᠧᠺᠲᠷᠣᠨ ᠬᠤᠳᠠᠯᠳᠣᠭᠠᠨ ᠤ | ᠶᠠᠪᠣᠳᠠᠯ ᠤᠨ ᠲᠠᠪᠴᠠᠩ ᠤᠨ ᠠᠵᠣ ᠠᠬᠤᠶᠢᠯᠠᠯ ᠯᠤᠭ᠎ᠠ ᠶᠢᠨ ᠬᠠᠮᠳᠣᠷᠠᠯᠴᠠᠭ᠎ᠠ ᠶᠢ ᠴᠢᠩᠭᠠᠳᠬᠠᠵᠣ᠂ ︽ᠢᠨᠲ᠋ᠧᠷᠨ᠋ᠲ | ᠰᠦᠯᠵᠢᠶ᠎ᠡ +︾ ᠶᠢ ᠬᠦᠭᠵᠢᠭᠦᠯᠵᠦ᠂ ᠡᠯᠧᠺᠲᠷᠣᠨ ᠬᠤᠳᠠᠯᠳᠣᠭᠠᠨ ᠤ ᠲᠠᠪᠴᠠᠩ ᠤᠨ ᠵᠠᠬ᠎ᠠ ᠳᠡᠯᠭᠡᠭᠦᠷ ᠲᠤ | ᠡᠵᠡᠯᠡᠬᠦ ᠬᠤᠪᠢ ᠶᠢ ᠦᠷᠭᠡᠳᠭᠡᠵᠦ᠂ ᠪᠦᠲᠦᠭᠡᠭᠳᠡᠭᠦᠨ ᠤ ᠨᠡᠮᠡᠯᠳᠡ ᠦᠷᠳᠡᠭ ᠢ ᠳᠡᠭᠡᠭᠰᠢᠭᠦᠯᠦᠨ᠎ᠡ᠃ | ︵ᠵᠢᠷᠭᠤᠭ᠎ᠠ︶ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠰᠢᠨᠡᠴᠢᠯᠡᠨ ᠬᠦᠭᠵᠢᠭᠦᠯᠦᠨ᠎ᠡ᠃ ᠮᠠᠯᠵᠢᠬᠤ | ᠣᠷᠣᠨ ᠤ ᠣᠯᠠᠨ ᠬᠡᠯᠪᠡᠷᠢ ᠮᠠᠶ᠋ᠢᠭ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠣᠯᠳᠠ ᠶᠢ | ᠰᠦᠪᠡᠭᠴᠢᠯᠡᠨ ᠬᠦᠭᠵᠢᠭᠦᠯᠵᠦ᠂ ᠵᠠᠰᠠᠭ ᠤᠨ ᠣᠷᠳᠣᠨ ᠬᠤᠳᠠᠯᠳᠣᠨ ᠠᠪᠬᠤ᠂ ᠬᠠᠨᠳᠣᠯᠭ᠎ᠠ ᠲᠠᠢ ᠨᠠᠶᠢᠳᠠᠬᠤ᠂ | ᠱᠠᠩᠨᠠᠨ ᠨᠦᠬᠦᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠳᠡᠮᠵᠢᠬᠦ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠠᠵᠣ ᠠᠬᠤᠶᠢᠯᠠᠯ᠂ ᠲᠣᠰᠬᠠᠢ ᠬᠤᠷᠰᠢᠶᠠᠵᠢᠯ᠂ ᠠᠵᠢᠯ ᠲᠦᠷᠦᠯ ᠤᠨ ᠨᠡᠶᠢᠭᠡᠮᠯᠢᠭ ᠠᠴᠠ | ᠳᠠᠶᠢᠴᠢᠯᠠᠨ ᠦᠷᠨᠢᠭᠦᠯᠦᠭᠰᠡᠨ ᠨᠢᠭᠡ ᠪᠦᠯᠦᠭ ᠮᠠᠯ ᠠᠵᠣ ᠠᠬᠤᠢ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠣᠯᠳᠠ | ᠶᠢ ᠣᠷᠢᠨ ᠣᠷᠣᠭᠤᠯᠵᠣ᠂ ᠲᠣᠰᠬᠠᠶᠢᠵᠢᠭᠰᠠᠨ ᠠᠵᠢᠯ ᠤᠨ ᠬᠤᠪᠢᠶᠠᠷᠢᠯᠠᠯ ᠲᠠᠢ᠂ ᠦᠢᠯᠡᠴᠢᠯᠡᠭᠡᠨ ᠤ ᠰᠢᠰᠲ᠋ᠧᠮ | ᠭᠦᠢᠴᠡᠳ᠂ ᠬᠠᠩᠭᠠᠯᠭ᠎ᠠ ᠬᠡᠷᠡᠭᠴᠡᠭᠡ ᠲᠡᠩᠴᠡᠭᠰᠡᠨ ᠮᠠᠯ ᠠᠵᠣ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ | ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠣᠨ᠎ᠠ᠃ ᠭᠠᠵᠠᠷ ᠣᠷᠣᠨ ᠳᠤᠨᠢ ᠲᠣᠬᠢᠷᠠᠭᠤᠯᠬᠤ᠂ ᠵᠠᠬ᠎ᠠ ᠳᠡᠯᠭᠡᠭᠦᠷ | ᠢᠶᠠᠷ ᠠᠵᠢᠯᠯᠠᠭᠤᠯᠬᠤ᠂ ᠣᠷᠢᠳᠠᠪᠡᠷ ᠲᠣᠷᠰᠢᠨ ᠬᠡᠷᠡᠭᠵᠢᠭᠦᠯᠬᠦ ᠵᠠᠷᠴᠢᠮ ᠢ ᠪᠠᠷᠢᠮᠳᠠᠯᠠᠵᠣ᠂ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ᠂ ᠮᠠᠯ ᠤᠨ ᠡᠭᠦᠯᠳᠡᠷ ᠢ ᠰᠢᠯᠢᠳᠡᠭᠵᠢᠭᠦᠯᠬᠦ᠂ ᠲᠡᠵᠢᠭᠡᠯ ᠪᠣᠷᠳᠤᠭ᠎ᠠ ᠦᠢᠯᠡᠳᠪᠦᠷᠢᠯᠡᠬᠦ᠂ | ᠲᠠᠷᠢᠶᠠᠯᠠᠩ ᠮᠠᠯ ᠠᠵᠣ ᠠᠬᠤᠢ ᠶᠢᠨ ᠮᠠᠰᠢᠨᠴᠢᠯᠠᠯᠳᠠ ᠵᠡᠷᠭᠡ ᠲᠠᠯ᠎ᠠ ᠶᠢᠨ ᠨᠡᠶᠢᠭᠡᠮ ᠤᠨ ᠦᠢᠯᠡᠴᠢᠯᠡᠭᠡᠨ ᠤ ᠲᠣᠷᠰᠢᠯᠳᠠ | ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ᠃ | ᠳᠦᠷᠪᠡ᠂ ᠪᠠᠳᠣᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠮᠢᠬᠠᠨ ᠤ ᠦᠭᠡᠷ ᠤᠨ ᠠᠵᠣ | ᠦᠢᠯᠡᠰ ᠢ ᠳᠡᠮᠵᠢᠬᠦ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠲᠣᠳᠠᠭᠤᠳᠠᠯ ᠢᠶᠠᠨ ᠨᠦᠬᠦᠪᠦᠷᠢᠯᠡᠵᠦ᠂ | ᠭᠤᠣᠯ ᠰᠦᠷᠦᠭ ᠤᠨ ᠪᠠᠶᠢᠭᠤᠯᠣᠯᠳᠠ᠂ ᠮᠢᠬᠠᠨ ᠤ ᠦᠭᠡᠷ ᠢ ᠪᠣᠷᠳᠣᠨ ᠲᠠᠷᠭᠤᠯᠠᠭᠤᠯᠬᠤ ᠵᠡᠷᠭᠡ ᠶᠢ ᠳᠡᠮᠵᠢᠵᠦ᠂ | ᠮᠢᠬᠠᠨ ᠤ ᠬᠤᠨᠢᠨ ᠤᠨ ᠠᠵᠣ ᠦᠢᠯᠡᠰ ᠢ ᠳᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ | ᠣᠷᠣᠨ ᠨᠣᠳᠤᠭ ᠤᠨ ᠰᠢᠯᠢᠳᠡᠭ ᠡᠭᠦᠯᠳᠡᠷ ᠢ ᠴᠡᠪᠡᠷᠰᠢᠭᠦᠯᠦᠨ ᠪᠣᠵᠠᠭᠠᠶᠢᠷᠠᠭᠤᠯᠬᠤ᠂ ᠣᠯᠠᠷᠢᠯ ᠠᠯᠣᠰᠯᠠᠨ | ᠬᠤᠳᠠᠯᠳᠣᠬᠤ ᠵᠡᠷᠭᠡ ᠠᠵᠢᠯ ᠢ ᠭᠤᠣᠯᠳᠠᠯᠭ᠎ᠠ ᠲᠠᠢ ᠳᠡᠮᠵᠢᠨ᠎ᠡ᠃ ᠮᠦᠩᠭᠦᠨ ᠭᠦᠢᠯᠭᠡᠭᠡᠨ ᠤ ᠳᠡᠳᠭᠦᠨ ᠳᠡᠮᠵᠢᠬᠦ ᠲᠠᠯ᠎ᠠ | ᠪᠠᠷ ᠬᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠢᠴᠡᠳ ᠠᠰᠢᠭᠯᠠᠵᠣ᠂ ᠮᠠᠯ ᠠᠵᠣ ᠠᠬᠤᠢ ᠶᠢᠨ | ᠬᠦᠭᠵᠢᠯᠳᠡ ᠳᠣᠮᠳᠠ ᠣᠷᠣᠰᠢᠵᠣ ᠪᠠᠶᠢᠭ᠎ᠠ ᠪᠡᠯᠡ ᠮᠦᠩᠭᠦ ᠲᠣᠳᠠᠭᠳᠠᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ︵ᠬᠤᠶᠠᠷ︶ ᠪᠡᠯᠡ ᠮᠦᠩᠭᠦᠨ ᠤ ᠣᠷᠣᠭᠤᠯᠣᠯᠳᠠ ᠶᠢ ᠨᠡᠮᠡᠭᠳᠡᠭᠦᠯᠦᠨ᠎ᠡ᠃ ᠮᠠᠯ ᠠᠵᠣ ᠠᠬᠤᠢ ᠶᠢᠨ | ᠣᠷᠣᠭᠤᠯᠣᠯᠳᠠ ᠶᠢ ᠪᠠᠳᠣᠯᠠᠬᠤ ᠵᠣᠬᠢᠴᠠᠮᠵᠢ ᠶᠢ ᠪᠠᠶᠢᠭᠤᠯᠣᠨ ᠲᠡᠭᠦᠯᠳᠡᠷᠵᠢᠭᠦᠯᠵᠦ᠂ ᠬᠤᠰᠢᠭᠤ ᠱᠠᠳᠣᠨ ᠤ ᠡᠳ᠋ ᠤᠨ | ᠵᠠᠰᠠᠭ ᠤᠨ ᠣᠷᠣᠭᠤᠯᠣᠯᠳᠠ ᠶᠢ ᠨᠡᠮᠡᠭᠳᠡᠭᠦᠯᠦᠨ᠎ᠡ᠃ ᠡᠳ᠋ ᠤᠨ ᠵᠠᠰᠠᠭ ᠤᠨ ᠪᠡᠯᠡ ᠮᠦᠩᠭᠦᠨ ᠤ ᠵᠢᠯᠣᠭᠤᠳᠬᠤ | ᠦᠢᠯᠡᠳᠦᠯ ᠢ ᠭᠦᠢᠴᠡᠳ ᠪᠠᠳᠠᠷᠠᠭᠤᠯᠵᠣ᠂ ᠮᠦᠩᠭᠦᠨ ᠭᠦᠢᠯᠭᠡᠭᠡᠨ ᠪᠠ ᠨᠡᠶᠢᠭᠡᠮ ᠤᠨ ᠬᠦᠷᠦᠩᠭᠡ ᠶᠢᠨ ᠮᠠᠯ ᠠᠵᠣ | ᠠᠬᠤᠢ ᠶᠢᠨ ᠬᠦᠭᠵᠢᠯᠳᠡ ᠳᠤ ᠪᠡᠯᠡ ᠣᠷᠣᠭᠤᠯᠬᠤ ᠶᠢ ᠠᠬᠢᠭᠤᠯᠣᠨ᠎ᠠ᠃ ᠣᠯᠣᠰ᠂ ᠦᠪᠡᠷᠳᠡᠭᠡᠨ ᠵᠠᠰᠠᠬᠤ ᠣᠷᠣᠨ | ᠪᠠ ᠠᠶᠢᠮᠠᠭ ᠤᠨ ᠮᠠᠯ ᠠᠵᠣ ᠠᠬᠤᠢ ᠶᠢᠨ ᠰᠢᠯᠢᠳᠡᠭ ᠡᠭᠦᠯᠳᠡᠷ ᠢ ᠳᠡᠯᠭᠡᠷᠡᠭᠦᠯᠬᠦ᠂ ᠰᠦᠨ ᠤ ᠦᠢᠯᠡᠰ ᠢ | ᠬᠦᠭᠵᠢᠭᠦᠯᠦᠨ ᠮᠠᠨᠳᠣᠭᠤᠯᠬᠤ᠂ ᠠᠳᠣᠭᠤᠨ ᠤ ᠠᠵᠣ ᠦᠢᠯᠡᠰ ᠢ ᠬᠦᠭᠵᠢᠭᠦᠯᠬᠦ᠂ ᠮᠠᠯ ᠵᠢᠭᠦᠷᠳᠡᠨ ᠤ ᠢᠯᠭᠠᠳᠠᠰᠣ ᠶᠢ | ᠡᠬᠢ ᠪᠠᠶᠠᠯᠢᠭᠵᠢᠭᠤᠯᠣᠨ ᠠᠰᠢᠭᠯᠠᠬᠤ ᠵᠡᠷᠭᠡ ᠲᠦᠷᠦᠯ ᠵᠦᠢᠯ ᠤᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ | ︵ᠭᠤᠷᠪᠠ︶ ᠲᠦᠷᠦᠯ ᠵᠦᠢᠯ ᠤᠨ ᠬᠠᠮᠢᠶᠠᠷᠣᠯᠳᠠ ᠶᠢ ᠴᠢᠩᠭᠠᠳᠬᠠᠨ᠎ᠠ᠃ ᠲᠦᠷᠦᠯ ᠵᠦᠢᠯ ᠤᠨ ᠬᠦᠮᠦᠷᠭᠡ | ᠶᠢᠨ ᠪᠠᠶᠢᠭᠤᠯᠣᠯᠳᠠ ᠶᠢ ᠴᠢᠩᠭᠠᠳᠬᠠᠵᠣ᠂ ᠣᠯᠣᠰ᠂ ᠦᠪᠡᠷᠳᠡᠭᠡᠨ ᠵᠠᠰᠠᠬᠤ ᠣᠷᠣᠨ᠂ ᠠᠶᠢᠮᠠᠭ ᠤᠨ ︽ᠭᠤᠷᠪᠠᠨ | ᠮᠠᠯᠵᠢᠬᠤ ᠭᠤᠷᠪᠠᠨ ᠲᠠᠷᠢᠶᠠᠯᠠᠬᠤ︾ ᠬᠦᠷᠢᠶ᠎ᠡ ᠬᠡᠪᠴᠢᠶᠡᠨ ᠤ ᠲᠦᠷᠦᠯ ᠵᠦᠢᠯ ᠤᠨ ᠨᠦᠭᠡᠴᠡ ᠶᠢᠨ ᠵᠦᠭᠯᠡᠭᠦᠷ ᠤᠨ | ᠱᠠᠭᠠᠷᠳᠠᠯᠭ᠎ᠠ ᠳᠤ ᠨᠡᠶᠢᠴᠡᠬᠦ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠰᠦᠪᠡᠭᠴᠢᠯᠡᠨ ᠨᠡᠶᠢᠷᠠᠭᠤᠯᠣᠨᠠ᠃ | ᠲᠦᠷᠦᠯ ᠵᠦᠢᠯ ᠢ ᠭᠤᠶᠣᠴᠢᠯᠠᠨ ᠮᠡᠳᠡᠭᠦᠯᠬᠦ᠂ ᠬᠢᠨᠠᠨ ᠲᠣᠭᠳᠠᠭᠠᠬᠤ ᠵᠡᠷᠭᠡ ᠠᠵᠢᠯ ᠤᠨ ᠶᠠᠪᠣᠴᠠ ᠶᠢ | ᠲᠡᠭᠦᠯᠳᠡᠷᠵᠢᠭᠦᠯᠵᠦ᠂ ᠲᠦᠷᠦᠯ ᠵᠦᠢᠯ ᠤᠨ ᠪᠠᠶᠢᠭᠤᠯᠣᠯᠳᠠ ᠶᠢᠨ ᠬᠡᠷᠡᠭᠵᠢᠭᠦᠯᠭᠦᠶᠢᠴᠡ ᠴᠢᠨᠠᠷ ᠢ ᠨᠡᠮᠡᠳᠡᠭᠦᠯᠦᠨᠡ᠃ | ᠲᠦᠷᠦᠯ ᠵᠦᠢᠯ ᠤᠨ ᠪᠡᠯᠡ ᠮᠦᠩᠭᠦᠨ ᠤ ᠬᠢᠨᠠᠯᠳᠠ ᠪᠠᠶᠢᠴᠠᠭᠠᠯᠳᠠ ᠶᠢᠨ ᠵᠣᠬᠢᠴᠠᠮᠵᠢ ᠪᠣᠯᠣᠨ ᠬᠠᠷᠢᠭᠤᠴᠠᠯᠭ᠎ᠠ | ᠨᠡᠭᠡᠮᠵᠢᠯᠡᠬᠦ ᠲᠦᠷᠢᠮ ᠢ ᠲᠡᠭᠦᠯᠳᠡᠷᠵᠢᠭᠦᠯᠵᠦ᠂ ᠬᠢᠨᠠᠨ ᠪᠣᠳᠣᠵᠣ ᠬᠢᠨᠠᠯᠳᠠ ᠲᠠᠯᠪᠢᠬᠤ᠂ ᠮᠦᠷᠳᠡᠨ ᠪᠠᠶᠢᠴᠠᠭᠠᠬᠤ᠂ | ᠱᠠᠭᠠᠷᠳᠠᠨ ᠪᠠᠶᠢᠴᠠᠭᠠᠬᠤ ᠬᠦᠴᠦᠨ ᠢ ᠨᠡᠮᠡᠭᠳᠡᠭᠦᠯᠵᠦ᠂ ᠮᠠᠯ ᠠᠵᠣ ᠠᠬᠤᠢ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ | ᠦᠷ᠎ᠡ ᠪᠦᠲᠦᠮᠵᠢ ᠪᠣᠯᠣᠨ ᠪᠡᠯᠡ ᠮᠦᠩᠭᠦᠨ ᠤ ᠬᠡᠷᠡᠭᠯᠡᠯᠳᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠎ᠡ᠃ | ︵ᠳᠦᠷᠪᠡ︶ ᠣᠬᠠᠭᠤᠯᠭ᠎ᠠ ᠵᠢᠯᠣᠭᠤᠳᠣᠯᠭ᠎ᠠ ᠶᠢ ᠴᠢᠩᠭᠠᠳᠬᠠᠨ᠎ᠠ᠃ ᠣᠯᠠᠨ ᠬᠡᠯᠪᠡᠷᠢ ᠮᠠᠶ᠋ᠢᠭ ᠤᠨ | ᠣᠬᠠᠭᠤᠯᠭ᠎ᠠ ᠶᠢ ᠭᠦᠢᠴᠡᠳ ᠠᠰᠢᠭᠯᠠᠵᠣ᠂ ᠳᠠᠩᠰᠠ ᠪᠣᠳᠣᠵᠣ ᠮᠠᠯ ᠮᠠᠯᠵᠢᠬᠤ ᠪᠠ ᠵᠢᠱᠢᠶ᠎ᠡ ᠦᠵᠡᠭᠦᠯᠬᠦ ᠪᠠᠷ ᠳᠠᠮᠵᠢᠨ | ᠂ ᠣᠯᠣᠰ᠂ ᠦᠪᠡᠷᠳᠡᠭᠡᠨ ᠵᠠᠰᠠᠬᠤ ᠣᠷᠣᠨ᠂ ᠠᠶᠢᠮᠠᠭ ᠪᠣᠯᠣᠨ ᠮᠠᠨ ᠤ ᠬᠤᠰᠢᠭᠤᠨ ᠤ ᠮᠠᠯ ᠠᠵᠣ ᠠᠬᠤᠢ ᠶᠢᠨ | ᠬᠦᠭᠵᠢᠯᠳᠡ ᠶᠢᠨ ᠬᠠᠮᠢᠶᠠᠳᠠᠢ ᠲᠦᠷᠦ ᠶᠢᠨ ᠪᠣᠳᠣᠯᠭ᠎ᠠ ᠶᠢ ᠣᠯᠠᠨ ᠲᠠᠯ᠎ᠠ ᠠᠴᠠ ᠣᠬᠠᠭᠤᠯᠵᠣ᠂ ᠡᠯ᠎ᠡ ᠭᠠᠵᠠᠷ ᠤᠨ | ᠲᠡᠷᠢᠭᠦᠨ ᠤ ᠨᠡᠶᠢᠳᠡᠯᠢᠭ ᠵᠢᠱᠢᠶ᠎ᠡ ᠪᠣᠯᠣᠨ ᠲᠡᠷᠢᠭᠦᠨ ᠤ ᠠᠷᠭ᠎ᠠ ᠲᠣᠷᠰᠢᠯᠭ᠎ᠠ ᠶᠢ ᠣᠬᠠᠭᠤᠯᠵᠣ᠂ ᠮᠠᠯᠴᠢᠨ ᠲᠦᠮᠡᠨ ᠤ | ᠦᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠪᠠᠨ ᠬᠤᠪᠢᠷᠠᠭᠤᠯᠬᠤ᠂ ᠰᠢᠨᠵᠢᠯᠡᠬᠦ ᠣᠬᠠᠭᠠᠨᠴᠢ ᠪᠠᠷ ᠮᠠᠯᠵᠢᠬᠤ ᠶᠢ ᠨᠢ | ᠵᠢᠯᠣᠭᠤᠳᠴᠣ᠂ ᠮᠠᠯ ᠠᠵᠣ ᠠᠬᠤᠢ ᠶᠢᠨ ᠴᠢᠨᠠᠷᠯᠢᠭ ᠬᠦᠭᠵᠢᠯᠳᠡ ᠶᠢ ᠠᠬᠢᠭᠤᠯᠣᠨ᠎ᠠ᠃ | |