︽ᠰᠦᠨᠢᠳ ᠪᠠᠷᠠᠭᠤᠨ ᠬᠤᠰᠢᠭᠤᠨ ᠤ 2020 ᠤᠨ ᠤ ᠰᠦᠨᠢᠳ ᠡᠬᠦᠯᠳᠡᠷ ᠤᠨ ᠡᠪᠤᠯ ᠤᠨ ᠬᠤᠷᠠᠭ᠎ᠠ  ᠳᠤ ᠪᠤᠷᠳᠤᠭ᠎ᠠ ᠨᠥᠬᠦᠪᠦᠷᠢᠯᠡᠨ ᠤᠷᠢᠳᠴᠢᠯᠠᠨ ᠬᠤᠳᠠᠯᠳᠤᠬᠤ ᠠᠵᠢᠯ ᠤᠨ ᠬᠡᠷᠡᠭᠵᠢᠬᠦᠯᠬᠦ ᠲᠦᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ  ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/9/4
      ᠰᠦᠨᠢᠳ ᠪᠠᠷᠠᠭᠤᠨ ᠵᠠᠰᠠᠭ ᠠᠯᠪᠠᠨ ᠦᠰᠦᠭ ﹇2020﹈ 20 ᠳ᠋ᠤᠭᠠᠷ ᠲᠤᠭᠠᠲᠦ       ︽ᠰᠦᠨᠢᠳ ᠪᠠᠷᠠᠭᠤᠨ ᠬᠤᠰᠢᠭᠤᠨ ᠤ 2020 ᠤᠨ ᠤ ᠰᠦᠨᠢᠳ ᠡᠬᠦᠯᠳᠡᠷ ᠤᠨ   ᠡᠪᠤᠯ ᠤᠨ ᠬᠤᠷᠠᠭ᠎ᠠ ᠳᠤ ᠪᠤᠷᠳᠤᠭ᠎ᠠ ᠨᠥᠬᠦᠪᠦᠷᠢᠯᠡᠨ ᠤᠷᠢᠳᠴᠢᠯᠠᠨ ᠬᠤᠳᠠᠯᠳᠤᠬᠤ ᠠᠵᠢᠯ ᠤᠨ          ᠬᠡᠷᠡᠭᠵᠢᠬᠦᠯᠬᠦ ᠲᠦᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ  ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠲᠤ᠄      ︽ᠰᠦᠨᠢᠳ ᠪᠠᠷᠠᠭᠤᠨ ᠬᠤᠰᠢᠭᠤᠨ ᠤ 2020 ᠤᠨ ᠤ ᠰᠦᠨᠢᠳ ᠡᠬᠦᠯᠳᠡᠷ ᠤᠨ ᠡᠪᠤᠯ ᠤᠨ ᠬᠤᠷᠠᠭ᠎ᠠ ᠳᠤ ᠪᠤᠷᠳᠤᠭ᠎ᠠ ᠨᠥᠬᠦᠪᠦᠷᠢᠯᠡᠨ ᠤᠷᠢᠳᠴᠢᠯᠠᠨ ᠬᠤᠳᠠᠯᠳᠤᠬᠤ ᠠᠵᠢᠯ ᠤᠨ ᠬᠡᠷᠡᠭᠵᠢᠬᠦᠯᠬᠦ ᠲᠦᠰᠦᠯ︾ ᠢ ᠬᠤᠰᠢᠭᠤ ᠵᠠᠰᠠᠭ  ᠤᠨ ᠤᠷᠳᠤᠨ ᠤ ᠨᠡᠮ ᠤᠨ ᠲᠤᠭᠤᠶᠢᠯᠠᠩ ᠤᠨ ᠠᠷᠪᠡᠨ ᠨᠢᠭᠡᠳᠤᠭᠡᠷ ᠤᠳᠠᠭᠠᠨ ᠤ ᠬᠤᠷᠠᠯ ᠢᠶᠠᠷ ᠶᠡᠷᠢᠯᠴᠠᠨ ᠪᠠᠳᠤᠯᠠᠭᠠᠳ᠂ ᠤᠳᠤ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠦᠭᠡᠷᠡᠢ                                                                                             ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                2020 ᠤᠨ ᠤ 7 ᠰᠠᠷ᠎ᠠ ᠶᠢᠨ 2 ᠤ ᠡᠳᠦᠷ         ᠰᠦᠨᠢᠳ ᠪᠠᠷᠠᠭᠤᠨ ᠬᠤᠰᠢᠭᠤᠨ ᠤ 2020 ᠤᠨ ᠤ ᠰᠦᠨᠢᠳ ᠡᠬᠦᠯᠳᠡᠷ ᠤᠨ        ᠡᠪᠤᠯ ᠤᠨ ᠬᠤᠷᠠᠭ᠎ᠠ ᠳᠤ ᠪᠤᠷᠳᠤᠭ᠎ᠠ ᠨᠥᠬᠦᠪᠦᠷᠢᠯᠡᠨ ᠤᠷᠢᠳᠴᠢᠯᠠᠨ ᠬᠤᠳᠠᠯᠳᠤᠬᠤ                            ᠠᠵᠢᠯ ᠤᠨ ᠬᠡᠷᠡᠭᠵᠢᠬᠦᠯᠬᠦ ᠲᠦᠰᠦᠯ      ᠡᠪᠤᠯ ᠤᠨ ᠬᠤᠷᠠᠭ᠎ᠠ ᠳᠤ ᠪᠤᠷᠳᠤᠭ᠎ᠠ ᠨᠥᠬᠦᠪᠦᠷᠢᠯᠡᠨ ᠤᠷᠢᠳᠴᠢᠯᠠᠨ ᠬᠤᠳᠠᠯᠳᠤᠬᠤ ᠠᠵᠢᠯ ᠪᠤᠯ ᠮᠠᠨ ᠤ ᠬᠤᠰᠢᠭᠤᠨ ᠤ ᠦᠨᠳᠦᠷ ᠦᠷ᠎ᠡ ᠠᠰᠢᠭᠲᠦ ᠠᠮᠢ ᠠᠬᠤᠢ ᠶᠢᠨ ᠭᠠᠮᠰᠢᠭ ᠠᠴᠠ ᠵᠠᠶᠢᠯᠠᠬᠤ ᠬᠡᠯᠪᠡᠷᠢ ᠶᠢᠨ ᠮᠠᠯ ᠠᠵᠦ ᠠᠬᠤᠢ ᠶᠢ ᠬᠦᠭᠵᠢᠬᠦᠯᠬᠦ ᠴᠢᠬᠤᠯᠠ ᠠᠷᠭ᠎ᠠ ᠬᠡᠮᠵᠢᠶ᠎ᠡ ᠪᠠᠶᠢᠵᠦ᠂ ᠮᠠᠨ ᠤ ᠬᠤᠰᠢᠭᠤᠨ ᠤ ᠮᠠᠯᠴᠢᠳ ᠤᠨ ᠤᠷᠤᠯᠭ᠎ᠠ  ᠪᠠᠨ ᠨᠡᠮᠡᠭᠳᠡᠬᠦᠯᠬᠦ ᠭᠤᠤᠯ ᠠᠷᠭ᠎ᠠ ᠪᠠᠷᠢᠯ ᠤᠨ ᠨᠢᠭᠡ ᠪᠤᠯᠤᠨ᠎ᠠ᠃ ᠤᠯᠤᠰ ᠤᠨ ᠰᠢᠨ᠎ᠡ ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠯ ᠨᠥᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠰᠠᠶᠢᠳᠤᠷ ᠨᠠᠶᠢᠳᠠᠪᠤᠷᠢᠵᠢᠭᠤᠯᠵᠦ᠂ ᠮᠠᠯ ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠪᠠᠷ ᠬᠢ ᠪᠦᠲᠦᠴᠡ  ᠶᠢᠨ ᠴᠢᠨᠠᠷᠲᠠᠢ ᠦᠭᠡᠷᠡᠴᠢᠯᠡᠯᠳᠡ ᠶᠢ ᠤᠯᠠᠮ ᠨᠢᠭᠡ ᠠᠯᠬᠤᠮ ᠬᠦᠨᠵᠡᠭᠡᠶᠢᠷᠡᠬᠦᠯᠵᠦ᠂ ᠮᠠᠯ ᠠᠵᠦ ᠠᠬᠤᠢ ᠶᠢᠨ ᠪᠦᠲᠦᠴᠡ ᠶᠢ ᠢᠳᠡᠪᠬᠢᠲᠠᠢ ᠲᠤᠬᠢᠷᠠᠭᠤᠯᠤᠨ᠂ ᠤᠶᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠪᠠᠨ ᠬᠤᠪᠢᠷᠠᠭᠤᠯᠵᠦ᠂ ᠠᠵᠦ ᠠᠬᠤᠶᠢᠯᠠᠯ ᠪᠡ ᠮᠠᠯᠴᠢᠳ ᠤᠨ ᠠᠰᠢᠭ ᠲᠤᠰᠠ ᠶᠢᠨ ᠬᠤᠯᠪᠤᠭᠠᠳᠤ ᠲᠤᠭᠳᠠᠴᠠ ᠶᠢ ᠦᠨᠡᠨᠬᠦ ᠬᠦᠢᠴᠡᠳᠭᠡᠵᠦ᠂ ᠮᠠᠯᠴᠢᠳ ᠤᠨ ᠤᠷᠤᠯᠭ᠎ᠠ ᠶᠢ ᠤᠯᠠᠮ ᠨᠡᠮᠡᠭᠳᠡᠬᠦᠯᠬᠦ ᠶᠢᠨ ᠲᠥᠯᠦᠭᠡ᠂ ᠲᠤᠰ ᠲᠦᠰᠦᠯ ᠢ ᠤᠨᠴᠠᠭᠠᠶᠢᠯᠠᠨ ᠲᠤᠭᠳᠠᠭᠠᠪᠠ      ᠨᠢᠭᠡ᠂ ᠬᠠᠷᠠᠯᠳᠠᠲᠦ ᠡᠭᠦᠷᠭᠡ      ᠵᠠᠬ᠎ᠠ ᠲᠡᠯᠭᠡᠭᠦᠷ ᠤᠨ ᠡᠬᠢ ᠪᠠᠶᠠᠯᠢᠭ ᠤᠨ ᠬᠤᠪᠢᠶᠠᠷᠢᠯᠠᠯᠳᠠ ᠲᠤᠮᠳᠠᠬᠢ ᠰᠢᠢᠳᠪᠤᠷᠢᠲᠦ ᠤᠶᠢᠯᠡᠳᠦᠯ ᠢ ᠭᠦᠢᠴᠡᠳ ᠪᠠᠳᠠᠷᠠᠭᠤᠯᠤᠨ᠂ ᠠᠵᠦ ᠠᠬᠤᠶᠢᠯᠠᠯ ᠤᠨ ᠲᠠᠭᠠᠭᠤᠯᠬᠤ ᠤᠶᠢᠯᠡᠳᠦᠯ᠂ ᠬᠤᠷᠰᠢᠶᠠᠵᠢᠯ ᠤᠨ ᠵᠤᠬᠢᠶᠠᠨ ᠪᠠᠶᠢᠭᠤᠯᠬᠤ ᠤᠶᠢᠯᠡᠳᠦᠯ᠂ ᠲᠤᠰᠬᠠᠢ ᠮᠠᠯᠵᠢᠬᠤ ᠡᠷᠦᠬᠡ ᠶᠢᠨ ᠤᠶᠢᠯᠡᠳᠪᠦᠷᠢᠯᠡᠯ ᠤᠨ ᠴᠢᠳᠠᠪᠬᠢ ᠶᠢ ᠲᠡᠭᠡᠭᠰᠢᠯᠡᠬᠦᠯᠬᠦ  ᠪᠠᠷ ᠬᠠᠷᠠᠯᠳᠠ ᠪᠤᠯᠭᠠᠭᠰᠠᠨ ᠵᠤᠷᠢᠭᠵᠢᠭᠤᠯᠤᠯ ᠤᠨ ᠲᠦᠷᠢᠮ ᠢ ᠪᠠᠶᠢᠭᠤᠯᠵᠦ᠂ ᠰᠦᠨᠢᠳ ᠡᠬᠦᠯᠳᠡᠷ ᠤᠨ ᠡᠪᠤᠯ ᠤᠨ ᠬᠤᠷᠠᠭ᠎ᠠ ᠳᠤ ᠪᠤᠷᠳᠤᠭ᠎ᠠ ᠨᠥᠬᠦᠪᠦᠷᠢᠯᠡᠨ ᠤᠷᠢᠳᠴᠢᠯᠠᠨ ᠬᠤᠳᠠᠯᠳᠤᠬᠤ ᠠᠵᠢᠯ ᠢ ᠵᠠᠰᠠᠭ ᠤᠨ ᠤᠷᠳᠤᠨ ᠲᠠᠭᠠᠭᠤᠯᠤᠭᠰᠠᠨ᠂ ᠠᠵᠦ ᠠᠬᠤᠶᠢᠯᠠᠯ ᠡᠷᠬᠢᠯᠳᠦᠬᠦᠯᠦᠭᠰᠡᠨ᠂ ᠵᠠᠬ᠎ᠠ ᠲᠡᠯᠭᠡᠭᠦᠷᠴᠢᠯᠡᠭᠰᠡᠨ ᠬᠦᠭᠵᠢᠯᠳᠡ ᠶᠢᠨ ᠬᠡᠯᠪᠡᠷᠢ  ᠲᠠᠢ ᠪᠤᠯᠭᠠᠬᠤ ᠪᠤᠯᠤᠨ᠎ᠠ᠃ ᠠᠵᠦ ᠠᠬᠤᠶᠢᠯᠠᠯ ᠵᠢᠴᠢ ᠲᠤᠰᠬᠠᠢ ᠬᠤᠷᠰᠢᠶᠠᠵᠢᠯ ᠢ ᠵᠢᠭᠠᠨ ᠵᠢᠯᠤᠭᠤᠳᠬᠤ ᠠᠷᠭ᠎ᠠ ᠪᠠᠷᠢᠯ  ᠢ ᠲᠤᠭᠳᠠᠭᠠᠬᠤ ᠪᠠᠷ ᠳᠠᠮᠵᠢᠨ᠂ ︽ᠠᠵᠦ ᠠᠬᠤᠶᠢᠯᠠᠯ + ᠬᠤᠷᠰᠢᠶᠠᠵᠢᠯ + ᠮᠠᠯᠴᠢᠨ ᠡᠷᠦᠬᠡ︾ ᠶᠢᠨ ᠤᠶᠢᠯᠡᠳᠪᠦᠷᠢᠯᠡᠯ ᠤᠨ ᠨᠢᠭᠳᠠ ᠬᠠᠮᠳᠤᠷᠠᠭᠰᠠᠨ ᠴᠤᠭᠴᠠ ᠶᠢ ᠪᠥᠷᠢᠯᠳᠦᠬᠦᠯᠵᠦ᠂ ︽ᠠᠵᠦ ᠠᠬᠤᠶᠢᠯᠠᠯ + ᠲᠤᠰᠬᠠᠢ ᠬᠤᠷᠰᠢᠶᠠᠵᠢᠯ + ᠮᠠᠯᠴᠢᠨ ᠡᠷᠦᠬᠡ︾ ᠶᠢᠨ ᠮᠠᠯ ᠠᠵᠦ ᠠᠬᠤᠢ ᠶᠢᠨ ᠠᠵᠦ ᠤᠶᠢᠯᠡᠰᠵᠢᠭᠰᠡᠨ ᠬᠦᠭᠵᠢᠯᠳᠡ ᠶᠢᠨ ᠬᠡᠯᠪᠡᠷᠢ ᠶᠢ ᠭᠤᠤᠯᠳᠠᠯᠭ᠎ᠠ ᠲᠠᠢ ᠪᠤᠶᠢᠵᠢᠭᠤᠯᠤᠨ ᠪᠤᠵᠠᠭᠠᠶᠢᠷᠠᠭᠤᠯᠵᠦ᠂ ᠲᠤᠰᠬᠠᠢ ᠬᠤᠷᠰᠢᠶᠠᠵᠢᠯ ᠨᠢ ᠦᠷᠭᠡᠨ ᠤᠯᠠᠨ ᠮᠠᠯᠴᠢᠨ ᠡᠷᠦᠬᠡ ᠶᠢ ᠲᠠᠶᠢᠴᠢᠯᠠᠵᠦ᠂ ᠠᠵᠦ ᠠᠬᠤᠶᠢᠯᠠᠯ ᠪᠠ ᠬᠤᠷᠰᠢᠶᠠᠵᠢᠯ ᠤᠨ ᠠᠰᠢᠭᠲᠠᠢ ᠬᠤᠯᠪᠤᠭ᠎ᠠ ᠶᠢ ᠪᠠᠶᠢᠭᠤᠯᠬᠤ ᠶᠢᠨ ᠬᠠᠮᠲᠦ ᠠᠵᠦ ᠠᠬᠤᠶᠢᠯᠠᠯ ᠳᠤ ᠵᠤᠬᠢᠬᠤ ᠬᠡᠮᠵᠢᠶᠡᠨ ᠤ ᠲᠦᠷᠦ ᠶᠢᠨ ᠪᠤᠳᠤᠯᠭ᠎ᠠ ᠶᠢᠨ ᠲᠡᠮᠵᠢᠯᠭᠡ ᠦᠵᠡᠬᠦᠯᠵᠦ᠂ ᠮᠠᠯᠴᠢᠳ ᠤᠨ ᠰᠦᠨᠢᠳ ᠬᠤᠷᠠᠭ᠎ᠠ ᠶᠢ ᠵᠢᠯ ᠳᠤ ᠬᠤᠶᠠᠷ ᠤᠳᠠᠭ᠎ᠠ ᠭᠠᠷᠭᠠᠯᠳᠠ ᠬᠢᠬᠦ ᠶᠢ ᠪᠡᠶᠡᠯᠡᠬᠦᠯᠬᠦ ᠪᠤᠯᠤᠨ᠎ᠠ᠃ ᠬᠤᠶᠢᠰᠢᠳᠠ ᠮᠡᠨ ᠤ ᠬᠤᠰᠢᠭᠤᠨ ᠤ ᠡᠪᠤᠯ ᠤᠨ ᠬᠤᠷᠠᠭ᠎ᠠ ᠳᠤ ᠪᠤᠷᠳᠤᠭ᠎ᠠ ᠨᠦᠬᠦᠪᠤᠷᠢᠯᠠᠨ ᠬᠤᠳᠠᠯᠳᠤᠬᠤ ᠠᠵᠢᠯ ᠢ ᠮᠠᠯ ᠠᠵᠦ ᠠᠬᠤᠢ ᠶᠢᠨ ᠪᠠᠶᠢᠩᠭᠤ ᠶᠢᠨ ᠠᠵᠢᠯ ᠪᠤᠯᠭᠠᠨ ᠠᠳᠬᠤᠵᠦ᠂ ᠮᠠᠯᠵᠢᠬᠤ ᠲᠠᠷᠢᠶᠠᠯᠠᠬᠤ ᠤᠷᠤᠨ ᠤ ᠬᠦᠳᠡᠭᠡ ᠲᠤᠰᠬᠤᠨ ᠢ ᠬᠦᠭᠵᠢᠬᠦᠯᠬᠦ ᠠᠵᠢᠯ ᠢ ᠪᠦᠳᠤᠮᠵᠢᠳᠡᠢ ᠠᠬᠢᠭᠤᠯᠤᠨ᠎ᠠ᠃      ᠬᠤᠶᠠᠷ᠂ ᠵᠤᠬᠢᠶᠠᠨ ᠪᠠᠶᠢᠭᠤᠯᠬᠤ ᠬᠡᠯᠪᠡᠷᠢ      ᠲᠠᠷᠢᠶᠠᠯᠠᠩ ᠮᠠᠯ ᠠᠵᠦ ᠠᠬᠤᠢ ᠶᠢᠨ ᠠᠵᠦ ᠤᠶᠢᠯᠡᠰᠵᠢᠯᠲᠠ ᠶᠢᠨ ᠡᠵᠡᠩᠨᠡᠯᠲᠡ ᠨᠢ ︽ᠠᠵᠦ ᠠᠬᠤᠶᠢᠯᠠᠯ + ᠲᠤᠰᠬᠠᠢ ᠬᠤᠷᠰᠢᠶᠠᠵᠢᠯ + ᠮᠠᠯᠴᠢᠨ ᠡᠷᠦᠬᠡ︾ ᠶᠢᠨ ᠦᠨᠳᠦᠰᠦᠨ ᠬᠡᠯᠪᠡᠷᠢ ᠶᠢ ᠵᠢᠷᠤᠮᠯᠠᠵᠦ᠂ ᠠᠵᠦ ᠠᠬᠤᠶᠢᠯᠠᠯ ᠲᠤᠯᠤᠭᠠᠶᠢᠯᠠᠨ᠂ ᠰᠢᠨ᠎ᠡ ᠭᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠵᠤᠬᠢᠶᠠᠨ ᠪᠠᠶᠢᠭᠤᠯᠬᠤ ᠬᠡᠯᠪᠡᠷᠢ ᠪᠠᠷ ᠂ ᠠᠵᠦ ᠠᠬᠤᠶᠢᠯᠠᠯ ᠠᠴᠠ ᠲᠤᠯᠤᠭᠠᠶᠢᠯᠠᠨ ᠵᠤᠬᠢᠶᠠᠨ ᠪᠠᠶᠢᠭᠤᠯᠵᠦ ᠲᠤᠰᠬᠠᠢ ᠬᠤᠷᠰᠢᠶᠠᠵᠢᠯ ᠪᠤᠯᠤᠨ ᠲᠤᠰᠬᠠᠢ ᠮᠠᠯᠵᠢᠬᠤ ᠲᠤᠮᠤ ᠡᠷᠦᠬᠡ ᠲᠠᠢ ᠬᠠᠷᠢᠯᠴᠠᠵᠦ᠂ ᠬᠠᠷᠢᠯᠴᠠᠨ ᠠᠰᠢᠭᠲᠠᠢ ᠪᠠᠶᠢᠬᠤ᠂ ᠪᠥᠷᠢᠮᠤᠰᠦᠨ ᠰᠠᠶᠢᠨ ᠲᠤᠷ᠎ᠠ ᠶᠢᠨ ᠪᠠᠶᠢᠬᠤ ᠵᠠᠷᠴᠢᠮ ᠤᠨ ᠶᠤᠰᠤᠭᠠᠷ ︽ᠬᠤᠳᠠᠯᠳᠤᠨ ᠠᠪᠬᠤ ᠪᠠ ᠪᠤᠷᠤᠯᠠᠭᠤᠯᠬᠤ ᠭᠡᠷ᠎ᠡ︾ ᠲᠤᠭᠳᠠᠵᠦ᠂ ᠭᠡᠷ᠎ᠡ ᠶᠢᠨ ᠠᠭᠤᠯᠭ᠎ᠠ ᠵᠢᠴᠢ ᠵᠤᠷᠪᠤᠰ ᠢ ᠬᠤᠶᠠᠷ ᠲᠠᠯ᠎ᠠ ᠪᠠᠷ ᠢᠶᠠᠨ ᠶᠠᠷᠢᠯᠴᠠᠵᠦ ᠲᠤᠭᠳᠠᠭᠠᠨ᠎ᠠ᠃ ᠵᠤᠬᠢᠶᠠᠨ ᠪᠠᠶᠢᠭᠤᠯᠵᠦ ᠵᠤᠯᠭᠠᠭᠤᠯᠬᠤ ᠶᠠᠪᠤᠴᠠ ᠲᠤᠮᠳᠠ ᠡᠯ᠎ᠡ ᠪᠤᠯᠪᠠᠰᠤᠷᠠᠭᠤᠯᠬᠤ ᠠᠵᠦ ᠠᠬᠤᠶᠢᠯᠠᠯ ᠨᠢ ᠰᠠᠭᠤᠷᠢᠨ ᠭᠠᠵᠠᠷ ᠤᠨ ᠪᠥᠲᠦᠭᠡᠨ ᠪᠠᠶᠢᠭᠤᠯᠤᠯᠲᠠ ᠶᠢ ᠪᠤᠶᠢᠵᠢᠭᠤᠯᠬᠤ ᠶᠢ ᠠᠩᠬᠠᠷᠬᠤ ᠴᠢᠬᠤᠯᠠᠲᠠᠢ᠂ ᠲᠤᠰᠬᠠᠢ ᠬᠤᠷᠰᠢᠶᠠᠵᠢᠯ ᠢ ᠵᠢᠷᠤᠮᠵᠢᠭᠤᠯᠬᠤ ᠶᠢ ᠲᠡᠮᠵᠢᠨ ᠵᠢᠯᠤᠭᠤᠳᠬᠤ ᠶᠢᠨ ᠬᠠᠮᠲᠦ ᠤᠶᠢᠯᠡᠳᠪᠦᠷᠢᠯᠡᠯ ᠤᠨ ᠪᠠᠷᠢᠮᠵᠢᠶ᠎ᠠ ᠶᠢ ᠲᠤᠷᠠᠳᠴᠦ᠂ ᠲᠤᠰᠬᠠᠢ ᠬᠤᠷᠰᠢᠶᠠᠵᠢᠯ ᠪᠤᠯᠤᠨ ᠮᠠᠯᠴᠢᠨ ᠡᠷᠦᠬᠡ ᠳᠤ ᠭᠡᠷᠡᠭᠴᠡᠭᠡ ᠪᠦᠬᠦᠢ ᠤᠶᠢᠯᠡᠴᠢᠯᠡᠭᠡ ᠶᠢ ᠬᠠᠩᠭᠠᠵᠦ᠂ ᠤᠶᠢᠯᠡᠳᠪᠦᠷᠢᠯᠡᠯ ᠤᠨ ᠲᠤᠮᠳᠠ ᠲᠤᠯᠭᠠᠷᠠᠭᠰᠠᠨ ᠪᠤᠳᠠᠲᠠᠢ ᠬᠦᠴᠢᠷ ᠲᠥᠪᠡᠭᠲᠠᠢ ᠠᠰᠠᠭᠤᠳᠠᠯ ᠢ ᠨᠢ ᠬᠠᠪᠰᠤᠷᠤᠨ ᠰᠢᠢᠳᠪᠤᠷᠢᠯᠡᠨ᠎ᠡ︔ ᠡᠯ᠎ᠡ ᠲᠤᠰᠬᠠᠢ ᠬᠤᠷᠰᠢᠶᠠᠵᠢᠯ ᠨᠢ ᠠᠵᠢᠯ ᠤᠨ ᠭᠤᠤᠯᠳᠠᠯᠭ᠎ᠠ ᠪᠠᠨ ᠮᠠᠯᠴᠢᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠪᠤᠯᠤᠨ ᠲᠤᠰ ᠲᠤᠰᠬᠠᠢ ᠬᠤᠷᠰᠢᠶᠠᠵᠢᠯ ᠤᠨ ᠠᠵᠦ ᠠᠬᠤᠶᠢᠯᠠᠯ ᠲᠠᠢ ᠲᠤᠭᠳᠠᠭᠰᠠᠨ ︽ᠬᠤᠳᠠᠯᠳᠤᠨ ᠠᠪᠬᠤ ᠪᠠ ᠪᠤᠷᠤᠯᠠᠭᠤᠯᠬᠤ ᠭᠡᠷ᠎ᠡ︾᠂ ᠬᠤᠷᠰᠢᠶᠠᠵᠢᠯ ᠤᠨ ᠲᠡᠬᠦᠨ ᠤ ᠭᠡᠰᠢᠬᠦᠳ ᠲᠠᠢ ᠪᠠᠨ ᠲᠤᠭᠳᠠᠭᠰᠠᠨ ᠭᠡᠷ᠎ᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠲᠡᠭᠡᠷ᠎ᠡ ᠲᠠᠯᠪᠢᠵᠦ᠂ ᠬᠤᠨᠢᠨ ᠤ ᠢᠷᠡᠯᠳᠡ ᠬᠠᠩᠭᠠᠯᠭ᠎ᠠ ᠶᠢ ᠪᠠᠳᠤᠯᠠᠨ᠂ ᠪᠤᠯᠪᠠᠰᠤᠷᠠᠭᠤᠯᠬᠤ ᠶᠠᠪᠤᠴᠠ ᠢᠯᠭᠤᠮ ᠪᠠᠶᠢᠬᠤ ᠶᠢ ᠪᠠᠳᠤᠯᠠᠨ᠎ᠠ᠃ ᠡᠬᠦᠨ ᠤ ᠬᠠᠮᠲᠦ᠂ ᠨᠥᠬᠦᠴᠡᠯ ᠲᠠᠢ ᠠᠵᠦ ᠠᠬᠤᠶᠢᠯᠠᠯ᠂ ᠲᠤᠰᠬᠠᠢ ᠬᠤᠷᠰᠢᠶᠠᠵᠢᠯ ᠪᠤᠯᠤᠨ ᠮᠠᠯᠴᠢᠨ ᠡᠷᠦᠬᠡ ᠨᠢ ᠬᠠᠮᠳᠤᠷᠠᠨ ︽ᠨᠢᠭᠳᠠ ᠬᠡᠯᠪᠡᠷᠢ︾ ᠶᠢᠨ ᠬᠠᠮᠵᠢᠯᠴᠠᠬᠤ ᠬᠠᠷᠢᠴᠠᠭ᠎ᠠ ᠪᠡ ᠠᠰᠢᠭ ᠲᠤᠰᠠ ᠶᠢᠨ ᠬᠤᠯᠪᠤᠭᠠᠳᠤ ᠴᠤᠭᠴᠠ ᠶᠢ ᠪᠥᠷᠢᠯᠳᠦᠬᠦᠯᠵᠦ᠂ ᠤᠶᠢᠯᠡᠳᠪᠦᠷᠢᠯᠡᠯ ᠂ ᠪᠤᠯᠪᠠᠰᠤᠷᠠᠭᠤᠯᠤᠯ᠂ ᠪᠤᠷᠤᠯᠠᠭᠤᠯᠭ᠎ᠠ ᠶᠢ ᠨᠢᠭᠡ ᠴᠤᠭᠴᠠᠵᠢᠭᠤᠯᠤᠨ᠂ ᠠᠰᠢᠭ ᠲᠤᠰᠠ ᠶᠢ ᠬᠠᠮᠲᠦ ᠡᠳ᠋ᠯᠡᠵᠦ᠂ ᠠᠶᠤᠯ ᠲᠦᠭᠰᠢᠭᠦᠷᠢ ᠶᠢ ᠬᠠᠮᠲᠦ ᠬᠠᠷᠢᠭᠤᠴᠠᠨ᠎ᠠ᠃ 2020 ᠤᠨ ᠤ ᠰᠦᠨᠢᠳ ᠡᠬᠦᠯᠳᠡᠷ ᠤᠨ ᠡᠪᠤᠯ ᠤᠨ ᠬᠤᠷᠠᠭ᠎ᠠ ᠶᠢ ᠪᠤᠯᠪᠠᠰᠤᠷᠠᠭᠤᠯᠬᠤ ᠠᠵᠦ ᠠᠬᠤᠶᠢᠯᠠᠯ ᠨᠢ ᠲᠤᠤᠷᠠᠬᠢ ᠨᠥᠬᠦᠴᠡᠯ ᠢ ᠪᠥᠷᠢᠯᠳᠦᠬᠦᠯᠬᠦ ᠴᠢᠬᠤᠯᠠᠲᠠᠢ᠄ ᠨᠢᠭᠡ ᠳᠤ ᠪᠤᠯᠪᠠᠰᠤᠷᠠᠭᠤᠯᠬᠤ ᠠᠵᠦ ᠠᠬᠤᠶᠢᠯᠠᠯ ᠨᠢ ᠡᠷᠬᠡᠪᠰᠢ ᠬᠠᠤᠯᠢ ᠳᠤ ᠨᠡᠶᠢᠴᠡᠭᠰᠡᠨ ᠬᠢᠷᠢ ᠭᠡᠮ ᠲᠠᠢ᠂ ᠭᠠᠷ ᠭᠦᠢᠴᠡᠳᠬᠡᠯ ᠪᠦᠷᠢᠨ ︵ᠡᠵᠡᠩᠨᠡᠯᠳᠡ ᠶᠢᠨ ᠦᠨᠡᠮᠯᠡᠯ᠂ ᠯᠠᠯᠤ ᠶᠢᠨ ᠤᠯᠠᠭᠠᠨ ᠢᠳᠡᠭᠡᠨ ᠤ ᠦᠢᠯᠡᠳᠪᠤᠷᠢᠯᠡᠯ ᠤᠨ ᠬᠢᠷᠢ ᠭᠡᠮ ᠤᠨ ᠬᠢᠨᠠᠨ ᠲᠤᠭᠳᠠᠭᠠᠯᠳᠠ᠂ ᠠᠮᠢᠳᠠᠨ ᠤ ᠬᠢᠵᠢᠭ ᠤᠨ ᠰᠡᠷᠭᠡᠶᠢᠯᠡᠯᠳᠡ ᠶᠢᠨ ᠬᠢᠷᠢ ᠲᠡᠩᠴᠡᠯᠳᠠ ᠶᠢᠨ ᠦᠨᠡᠮᠯᠡᠯ᠂ ᠮᠠᠯ ᠪᠡ ᠭᠡᠷ ᠤᠨ ᠲᠡᠵᠢᠭᠡᠪᠤᠷᠢ ᠶᠢ ᠲᠤᠭᠳᠠᠭᠰᠠᠨ ᠴᠡᠭ ᠲᠤ ᠨᠢᠳᠤᠯᠬᠤ ᠦᠨᠡᠮᠯᠡᠯ᠂ ᠢᠳᠡᠭᠡᠨ ᠤ ᠦᠢᠯᠡᠳᠪᠤᠷᠢᠯᠡᠯ ᠤᠨ ᠵᠦᠪᠰᠢᠶᠡᠷᠡᠯ ᠤᠨ ᠦᠨᠡᠮᠯᠡᠯ︶᠂ ᠠᠵᠢᠯ ᠡᠷᠬᠢᠯᠡᠨ ᠬᠤᠳᠠᠯᠳᠤᠨ ᠠᠪᠬᠤ ᠨᠥᠬᠦᠴᠡᠯ ᠲᠠᠢ᠂ ᠠᠮᠤᠷ ᠲᠦᠪᠰᠢᠨ ᠤ ᠭᠡᠮ ᠰᠤᠭᠤᠭ ᠦᠬᠡᠢ᠃ ᠬᠤᠶᠠᠷ ᠲᠤ ᠠᠶᠢᠮᠠᠭ ᠤᠨ ᠱᠠᠳᠤᠨ ᠠᠴᠠ ᠲᠡᠭᠡᠭᠰᠢᠬᠢ ᠲᠤᠯᠤᠭᠠᠶᠢᠯᠠᠭᠴᠢ ᠠᠵᠦ ᠠᠬᠤᠶᠢᠯᠠᠯ ᠢᠶᠠᠷ ᠭᠤᠤᠯᠯᠠᠵᠦ᠂ ᠪᠤᠰᠤᠳ ᠠᠵᠦ ᠠᠬᠤᠶᠢᠯᠠᠯ ᠢᠶᠠᠷ ᠨᠥᠬᠦᠪᠦᠷᠢ ᠪᠤᠯᠭᠠᠭᠰᠠᠨ᠃      ᠭᠤᠷᠪᠠ᠂ ᠨᠥᠬᠦᠪᠦᠷᠢᠯᠡᠬᠦ ᠠᠷᠭ᠎ᠠ᠂ ᠬᠤᠳᠠᠯᠳᠤᠬᠤ ᠲᠥᠯᠦᠪᠯᠡᠭᠡ ᠵᠢᠴᠢ ᠪᠡᠯᠡ ᠮᠥᠩᠬᠦᠨ ᠤ ᠲᠦᠰᠦᠪ      ︵ᠨᠢᠭᠡ︶ ᠨᠥᠬᠦᠪᠦᠷᠢᠯᠡᠬᠦ ᠠᠷᠭ᠎ᠠ      ᠪᠤᠯᠪᠠᠰᠤᠷᠠᠭᠤᠯᠬᠤ ᠠᠵᠦ ᠠᠬᠤᠶᠢᠯᠠᠯ ᠤᠨ ᠪᠤᠵᠠᠭᠠᠶᠢᠷᠠᠬᠤ ᠶᠢ ᠵᠤᠷᠢᠭᠵᠢᠭᠤᠯᠤᠨ᠂ ᠲᠤᠯᠤᠭᠠᠶᠢᠯᠠᠭᠴᠢ ᠠᠵᠦ ᠠᠬᠤᠶᠢᠯᠠᠯ ᠤᠨ ᠲᠠᠶᠢᠴᠢᠯᠠᠬᠤ ᠤᠶᠢᠯᠡᠳᠦᠯ ᠢ ᠦᠨᠡᠨᠬᠦ ᠪᠡᠶᠡᠯᠡᠬᠦᠯᠵᠦ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠦ ᠠᠬᠤᠢ ᠶᠢᠨ ᠠᠵᠦ ᠤᠶᠢᠯᠡᠰᠵᠢᠯᠳᠡ ᠶᠢ ᠦᠨᠡᠨᠬᠦ ᠲᠦᠷᠭᠡᠳᠭᠡᠨ᠎ᠡ᠃ 2020 ᠤᠨ ᠤ 7 ᠰᠠᠷ᠎ᠠ ᠶᠢᠨ 2 ᠤ ᠡᠳᠦᠷ  ᠠᠴᠠ 7 ᠰᠠᠷ᠎ᠠ ᠶᠢᠨ 31 ᠤ ᠡᠳᠦᠷ ᠪᠤᠯᠳᠠᠯ᠎ᠠ᠂ ᠬᠡᠯᠡᠯᠴᠡᠨ ᠲᠤᠬᠢᠷᠠᠭᠰᠠᠨ ᠦᠨ᠎ᠡ ᠬᠠᠩᠰᠢ ᠪᠠᠷ ᠢᠶᠠᠨ ᠲᠤᠬᠠᠢ ᠶᠢᠨ ᠵᠢᠯ ᠤᠨ 2 ᠲᠦᠮᠡ ᠢᠯᠡᠬᠦᠤ ᠰᠦᠨᠢᠳ ᠬᠤᠷᠠᠭ᠎ᠠ ᠶᠢ ᠬᠤᠳᠠᠯᠳᠤᠨ ᠠᠪᠬᠤ ᠶᠢᠨ ᠬᠠᠮᠲᠦ ᠮᠠᠯᠴᠢᠳ ᠲᠤ ᠬᠤᠳᠠᠯᠳᠤᠭᠰᠠᠨ ᠪᠡᠯᠡ ᠮᠦᠩᠬᠦ ᠶᠢ ᠨᠢ ᠪᠦᠬᠦᠨ ᠢ ᠦᠭᠬᠦᠭᠰᠡᠨ ᠠᠵᠦ ᠠᠬᠤᠶᠢᠯᠠᠯ ᠳᠤ ᠱᠠᠳᠤᠯᠠᠭᠰᠠᠨ ᠨᠦᠬᠦᠪᠤᠷᠢ ᠤᠯᠭᠤᠵᠦ᠂ ᠨᠦᠬᠦᠪᠤᠷᠢ ᠶᠢᠨ ᠮᠦᠩᠬᠦ ᠶᠢ ᠦᠨ᠎ᠡ ᠬᠠᠩᠰᠢ ᠪᠠᠷ ᠨᠤᠭᠤᠯᠤᠨ ᠪᠤᠳᠤᠵᠦ᠂ ︽ᠵᠠᠬ᠎ᠠ ᠲᠠᠯᠭᠡᠬᠦᠷ ᠤᠨ ᠦᠨ᠎ᠡ + ᠨᠦᠬᠦᠪᠤᠷᠢ ᠶᠢᠨ ᠦᠨ᠎ᠡ︾ ᠶᠢᠨ ᠭᠡᠯᠪᠡᠷᠢ ᠪᠠᠷ ᠮᠠᠯᠴᠢᠳ ᠠᠴᠠ ᠬᠤᠷᠠᠭ᠎ᠠ ᠬᠤᠳᠠᠯᠳᠤᠨ ᠠᠪᠤᠨ᠎ᠠ᠃ ᠰᠦᠨᠢᠳ ᠬᠤᠷᠠᠭ᠎ᠠ ᠪᠢᠰᠢ ᠪᠤᠯ ᠨᠦᠬᠦᠪᠤᠷᠢ ᠤᠯᠭᠤᠬᠤ ᠦᠬᠡᠢ᠂ ᠠᠵᠦ ᠠᠬᠤᠶᠢᠯᠠᠯ ᠦᠪᠡᠷᠳᠡᠭᠡᠨ ᠠᠰᠳᠠᠭᠠᠨ ᠦᠨ᠎ᠡ ᠬᠠᠩᠰᠢ ᠲᠤᠭᠳᠠᠭᠠᠨ ᠬᠤᠳᠠᠯᠳᠤᠨ ᠠᠪᠴᠦ ᠪᠤᠯᠤᠨ᠎ᠠ᠂ ᠭᠡᠪᠡᠴᠦ ᠨᠦᠬᠦᠪᠤᠷᠢ ᠶᠢᠨ ᠭᠡᠪᠴᠢᠶᠠᠨ ᠳᠤ ᠤᠷᠤᠭᠤᠯᠬᠤ ᠦᠬᠡᠢ᠃ ᠪᠤᠳᠠᠲᠠᠢ ᠱᠠᠭᠠᠷᠳᠠᠯᠭ᠎ᠠ᠄      1. 2020 ᠣᠨ ᠤ 7 ᠰᠠᠷ᠎ᠠ ᠶᠢᠨ 2 ᠤ ᠡᠳᠦᠷ ᠠᠴᠠ 7 ᠰᠠᠷ᠎ᠠ ᠶᠢᠨ 16 ᠤ ᠡᠳᠦᠷ ᠬᠦᠷᠳᠡᠯ᠎ᠡ᠂ ᠬᠡᠯᠡᠯᠴᠡᠨ ᠲᠣᠬᠢᠷᠠᠭᠰᠠᠨ ᠦᠨ᠎ᠡ ᠬᠠᠩᠰᠢ ᠪᠠᠷ ᠢᠶᠠᠨ ᠲᠣᠬᠠᠢ ᠶᠢᠨ ᠵᠢᠯ ᠤᠨ ᠰᠦᠨᠢᠳ ᠬᠤᠷᠠᠭ᠎ᠠ ᠶᠢ ᠬᠤᠳᠠᠯᠳᠣᠨ ᠠᠪᠴᠣ ᠡᠳ᠋ᠰᠢᠭᠦᠯᠬᠦ ᠶᠢᠨ ᠬᠠᠮᠳᠣ ᠮᠠᠯᠴᠢᠨ ᠡᠷᠦᠭᠡ ᠳᠤ ᠬᠤᠳᠠᠯᠳᠣᠭᠰᠠᠨ ᠪᠡᠯᠡ ᠮᠦᠩᠭᠦ ᠶᠢ ᠨᠢ ᠪᠦᠬᠦᠨ ᠢ ᠦᠭᠭᠦᠭᠰᠡᠨ ᠡᠳ᠋ᠰᠢᠭᠦᠯᠦᠨ ᠪᠣᠯᠪᠠᠰᠣᠷᠠᠭᠤᠯᠬᠤ ᠠᠵᠣ ᠠᠬᠤᠶᠢᠯᠠᠯ ᠳᠤ ᠬᠤᠷᠠᠭ᠎ᠠ ᠪᠦᠷᠢ ᠶᠢᠨ 90 ᠲᠦᠭᠦᠷᠢᠭ ᠢᠶᠠᠷ ᠨᠦᠬᠦᠪᠦᠷᠢ ᠣᠯᠭᠤᠨ᠎ᠠ︔ ᠲᠠᠷᠤᠢ ᠬᠤᠷᠠᠭ᠎ᠠ ᠪᠦᠷᠢ ᠶᠢᠨ ᠭᠡᠩᠬᠦᠳᠡᠭ ᠪᠠᠶ᠎ᠠ ᠶᠢᠨ ᠬᠦᠨᠳᠤ ᠶᠢᠨ ᠵᠢᠩ ᠢ ᠲᠡᠭᠰᠢᠳᠭᠡᠭᠡᠳ 30 ᠵᠢᠩ ᠢᠶᠠᠷ ᠪᠤᠳᠤᠵᠦ᠂ ᠨᠦᠬᠦᠪᠤᠷᠢ ᠶᠢᠨ ᠮᠦᠩᠬᠦ ᠶᠢ ᠵᠢᠩ ᠪᠦᠷᠢ 3 ᠲᠦᠬᠦᠷᠢᠭ ᠢᠶᠠᠷ ᠨᠤᠭᠤᠯᠤᠨ ᠪᠤᠳᠤᠵᠦ ᠬᠤᠳᠠᠯᠳᠤᠨ ᠠᠪᠤᠨ᠎ᠠ᠃      2. 2020 ᠣᠨ ᠤ 7 ᠰᠠᠷ᠎ᠠ ᠶᠢᠨ 17 ᠤ ᠡᠳᠦᠷ ᠠᠴᠠ 7 ᠰᠠᠷ᠎ᠠ ᠶᠢᠨ 31 ᠤ ᠡᠳᠦᠷ ᠬᠦᠷᠳᠡᠯ᠎ᠡ᠂ ᠬᠡᠯᠡᠯᠴᠡᠨ ᠲᠣᠬᠢᠷᠠᠭᠰᠠᠨ ᠦᠨ᠎ᠡ ᠬᠠᠩᠰᠢ ᠪᠠᠷ ᠢᠶᠠᠨ ᠲᠣᠬᠠᠢ ᠶᠢᠨ ᠵᠢᠯ ᠤᠨ ᠰᠦᠨᠢᠳ ᠬᠤᠷᠠᠭ᠎ᠠ ᠶᠢ ᠬᠤᠳᠠᠯᠳᠣᠨ ᠠᠪᠴᠣ ᠡᠳ᠋ᠰᠢᠭᠦᠯᠬᠦ ᠶᠢᠨ ᠬᠠᠮᠳᠣ ᠮᠠᠯᠴᠢᠨ ᠡᠷᠦᠭᠡ ᠳᠤ ᠬᠤᠳᠠᠯᠳᠣᠭᠰᠠᠨ ᠪᠡᠯᠡ ᠮᠦᠩᠭᠦ ᠶᠢ ᠨᠢ ᠪᠦᠬᠦᠨ ᠢ ᠦᠭᠭᠦᠭᠰᠡᠨ ᠡᠳ᠋ᠰᠢᠭᠦᠯᠦᠨ ᠪᠣᠯᠪᠠᠰᠣᠷᠠᠭᠤᠯᠬᠤ ᠠᠵᠣ ᠠᠬᠤᠶᠢᠯᠠᠯ ᠳᠤ ᠬᠤᠷᠠᠭ᠎ᠠ ᠪᠦᠷᠢ ᠶᠢᠨ 40 ᠲᠦᠭᠦᠷᠢᠭ ᠢᠶᠠᠷ ᠨᠦᠬᠦᠪᠦᠷᠢ ᠣᠯᠭᠤᠨ᠎ᠠ︔ ᠲᠠᠷᠤᠢ ᠬᠤᠷᠠᠭ᠎ᠠ ᠪᠦᠷᠢ ᠶᠢᠨ ᠭᠡᠩᠬᠦᠳᠡᠭ ᠪᠠᠶ᠎ᠠ ᠶᠢᠨ ᠬᠦᠨᠳᠤ ᠶᠢᠨ ᠵᠢᠩ ᠢ ᠲᠡᠭᠰᠢᠳᠭᠡᠭᠡᠳ 30 ᠵᠢᠩ ᠢᠶᠠᠷ ᠪᠤᠳᠤᠵᠦ᠂ ᠨᠦᠬᠦᠪᠤᠷᠢ ᠶᠢᠨ ᠮᠦᠩᠬᠦ ᠶᠢ ᠵᠢᠩ ᠪᠦᠷᠢ 1.3 ᠲᠦᠬᠦᠷᠢᠭ ᠢᠶᠠᠷ ᠨᠤᠭᠤᠯᠤᠨ ᠪᠤᠳᠤᠵᠦ ᠬᠤᠳᠠᠯᠳᠤᠨ ᠠᠪᠤᠨ᠎ᠠ᠃      ︵ᠬᠤᠶᠠᠷ︶ ᠬᠤᠳᠠᠯᠳᠣᠬᠤ ᠲᠦᠯᠦᠪᠯᠡᠭᠡ      ᠮᠠᠨ ᠤ ᠬᠤᠰᠢᠭᠤᠨ ᠤ 2020 ᠣᠨ ᠤ ᠰᠦᠨᠢᠳ ᠡᠬᠦᠯᠳᠡᠷ ᠤᠨ ᠡᠪᠦᠯ ᠤᠨ ᠬᠤᠷᠠᠭ᠎ᠠ ᠲᠣᠰᠬᠤ ᠲᠦᠯᠦᠪᠯᠡᠭᠰᠡᠨ ᠲᠤᠭ᠎ᠠ ᠶᠢ ᠦᠨᠳᠦᠰᠦᠯᠡᠨ᠂ 7 ᠰᠠᠷ᠎ᠠ ᠶᠢᠨ 2 ᠤ ᠡᠳᠦᠷ  — 7 ᠰᠠᠷ᠎ᠠ ᠶᠢᠨ 31 ᠤ ᠡᠳᠦᠷ ᠬᠦᠷᠳᠡᠯ᠎ᠡ 10 ᠲᠦᠮᠡ ᠣᠷᠴᠢᠮ ᠤᠨ ᠰᠦᠨᠢᠳ ᠬᠤᠷᠠᠭ᠎ᠠ ᠶᠢ ᠣᠷᠢᠳᠴᠢᠯᠠᠨ ᠬᠤᠳᠠᠯᠳᠣᠬᠤ ᠪᠠᠷ ᠲᠦᠯᠦᠪᠯᠡᠵᠦ᠂ ᠡᠭᠦᠨ ᠳᠤ᠄ ᠨᠢᠭᠡᠳᠦᠭᠡᠷ ᠱᠠᠳᠣᠨ ᠤ 20 ᠡᠳᠦᠷ ᠲᠤ 4 ᠲᠦᠮᠡ ᠣᠷᠴᠢᠮ ᠢ ᠣᠷᠢᠳᠴᠢᠯᠠᠨ ᠬᠤᠳᠠᠯᠳᠣᠵᠣ᠂ ᠬᠤᠶᠠᠳᠣᠭᠠᠷ ᠱᠠᠳᠣᠨ ᠤ 20 ᠡᠳᠦᠷ ᠲᠤ 6 ᠲᠦᠮᠡ ᠣᠷᠴᠢᠮ ᠢ ᠣᠷᠢᠳᠴᠢᠯᠠᠨ ᠬᠤᠳᠠᠯᠳᠣᠬᠤ ᠪᠠᠷ ᠲᠦᠯᠦᠪᠯᠡᠵᠦ ᠪᠠᠶᠢᠨ᠎ᠠ᠃      ︵ᠭᠤᠷᠪᠠ︶ ᠪᠡᠯᠡ ᠮᠦᠩᠭᠦᠨ ᠤ ᠲᠦᠰᠦᠪ      ᠡᠳ᠋ᠰᠢᠭᠦᠯᠦᠨ ᠪᠣᠯᠪᠠᠰᠣᠷᠠᠭᠤᠯᠬᠤ ᠲᠦᠯᠦᠪᠯᠡᠭᠡ ᠶᠢ ᠦᠨᠳᠦᠰᠦᠯᠡᠨ᠂ ᠨᠢᠭᠡᠳᠦᠭᠡᠷ ᠱᠠᠳᠣᠨ ᠤ ᠲᠦᠯᠦᠪᠯᠡᠭᠰᠡᠨ ᠨᠦᠬᠦᠪᠦᠷᠢ ᠶᠢᠨ ᠮᠦᠩᠭᠦ 360 ᠲᠦᠮᠡᠨ ᠲᠦᠭᠦᠷᠢᠭ᠂ ᠬᠤᠶᠠᠳᠣᠭᠠᠷ ᠱᠠᠳᠣᠨ ᠤ ᠲᠦᠯᠦᠪᠯᠡᠭᠰᠡᠨ ᠨᠦᠬᠦᠪᠦᠷᠢ ᠶᠢᠨ ᠮᠦᠩᠭᠦ 240 ᠲᠦᠮᠡᠨ ᠲᠦᠭᠦᠷᠢᠭ᠂ ᠨᠡᠶᠢᠳᠡ 600 ᠲᠦᠮᠡᠨ ᠲᠦᠭᠦᠷᠢᠭ ᠤᠨ ᠪᠡᠯᠡ ᠮᠦᠩᠬᠦ ᠭᠡᠷᠡᠭᠰᠡᠨ᠎ᠡ᠃      ᠳᠦᠷᠪᠡ᠂ ᠬᠢᠨᠠᠯᠳᠠ ᠶᠢᠨ ᠲᠦᠷᠢᠮ      ︵ᠨᠢᠬᠡ︶ ᠬᠤᠰᠢᠭᠤ ᠲᠠᠷᠢᠶᠠᠯᠠᠩ ᠮᠠᠯ ᠠᠵᠣ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ ᠠᠴᠠ ᠰᠦᠨᠢᠳ ᠡᠬᠦᠯᠳᠡᠷ ᠤᠨ ᠡᠪᠦᠯ ᠤᠨ ᠬᠤᠷᠠᠭ᠎ᠠ ᠶᠢ ᠪᠣᠷᠳᠣᠵᠣ ᠣᠷᠢᠳᠴᠢᠯᠠᠨ ᠬᠤᠳᠠᠯᠳᠣᠬᠤ ᠠᠵᠢᠯ ᠤᠨ ᠪᠦᠬᠦ ᠶᠠᠪᠣᠴᠠ ᠳᠤ ᠬᠢᠨᠠᠯᠳᠠ ᠲᠠᠯᠪᠢᠬᠤ ᠶᠢ ᠬᠠᠷᠢᠭᠤᠴᠠᠨ᠎ᠠ᠃ ᠭᠤᠣᠯᠳᠠᠭᠤ ᠠᠵᠣ ᠠᠬᠤᠶᠢᠯᠠᠯ ᠤᠨ ᠪᠣᠳᠠᠳᠠᠢ ᠬᠤᠳᠠᠯᠳᠣᠨ ᠠᠪᠬᠤ ᠪᠠᠶᠢᠳᠠᠯ ᠳᠤ ᠬᠢᠨᠠᠯᠳᠠ ᠲᠠᠯᠪᠢᠵᠣ᠂ ᠲᠦᠷᠢᠮ ᠢ ᠵᠦᠷᠢᠴᠡᠨ ᠬᠤᠳᠠᠯᠳᠣᠨ ᠠᠪᠬᠤ ᠵᠢᠴᠢ ᠨᠦᠬᠦᠪᠦᠷᠢ ᠶᠢ ᠮᠡᠭᠡᠯᠡᠨ ᠠᠪᠬᠤ ᠪᠠᠶᠢᠳᠠᠯ ᠡᠭᠦᠰᠬᠦ ᠠᠴᠠ ᠰᠡᠷᠭᠡᠶᠢᠯᠡᠵᠦ᠂ ᠠᠵᠣ ᠠᠬᠤᠶᠢᠯᠠᠯ ᠤᠨ ᠭᠠᠳᠠᠨ᠎ᠠ ᠭᠠᠵᠠᠷ ᠤᠨ ᠮᠠᠯ ᠢ ᠬᠤᠳᠠᠯᠳᠣᠨ ᠠᠪᠴᠣ ᠨᠦᠬᠦᠪᠦᠷᠢ ᠶᠢ ᠮᠡᠭᠡᠯᠡᠨ ᠠᠪᠬᠤ ᠶᠢ ᠡᠷᠡᠰ ᠳᠡᠪᠴᠢᠬᠦ ᠬᠡᠷᠡᠭᠳᠠᠢ᠃      ︵ᠬᠤᠶᠠᠷ︶ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ ︵ᠠᠵᠦ ᠦᠢᠯᠡᠰᠵᠢᠯᠳᠠ ᠶᠢᠨ ᠠᠯᠪᠡᠨ ᠭᠡᠷ᠂ ᠠᠮᠢᠳᠠᠨ ᠤ ᠡᠷᠡᠬᠦᠯ ᠬᠠᠮᠠᠭᠠᠯᠠᠯ ᠤᠨ ᠬᠢᠨᠡᠯᠳᠡ ᠲᠠᠯᠪᠢᠬᠤ ᠭᠠᠵᠡᠷ᠂ ᠡᠬᠦᠯᠳᠡᠷ ᠰᠡᠶᠢᠵᠢᠷᠠᠭᠤᠯᠤᠯᠳᠠ ᠶᠢᠨ ᠦᠷᠳᠡᠭᠡᠨ ᠤ ᠠᠵᠢᠯᠳᠠᠳ ᠪᠠᠭᠳᠠᠨ᠎ᠠ︶ ᠠᠴᠠ ᠠᠵᠦ ᠠᠬᠤᠶᠢᠯᠠᠯ ᠳᠤ ᠲᠤᠰᠬᠠᠢ ᠠᠵᠢᠯᠳᠠᠨ ᠲᠤᠮᠢᠯᠠᠨ ᠬᠢᠨᠡᠨ ᠵᠢᠯᠤᠭᠤᠳᠤᠭᠤᠯᠵᠦ᠂ ᠬᠤᠳᠠᠯᠳᠤᠨ ᠠᠪᠬᠤ ᠦᠨ᠎ᠡ ᠶᠢ ᠤᠬᠠᠭᠤᠯᠬᠤ᠂ ᠬᠢᠵᠢᠭ ᠢ ᠪᠠᠶᠢᠴᠠᠭᠠᠬᠤ᠂ ᠲᠤᠭ᠎ᠠ ᠪᠠᠷᠢᠮᠳᠠ ᠶᠢ ᠲᠠᠩᠰᠠᠯᠠᠨ ᠬᠠᠷᠭᠤᠭᠤᠯᠬᠤ᠂ ᠰᠦᠨᠢᠳ ᠬᠤᠷᠠᠭ᠎ᠠ ᠶᠢ ᠬᠢᠨᠠᠨ ᠲᠤᠭᠳᠠᠭᠠᠬᠤ ᠵᠡᠷᠭᠡ ᠠᠵᠢᠯ ᠢ ᠬᠠᠷᠢᠭᠤᠴᠠᠭᠤᠯᠵᠦ᠂ ᠬᠤᠳᠠᠯᠳᠤᠨ ᠠᠪᠴᠦ ᠪᠤᠯᠪᠠᠰᠤᠷᠠᠭᠤᠯᠬᠤ ᠠᠵᠢᠯ ᠤᠨ ᠡᠮᠬᠢ ᠲᠢᠭᠯᠢᠮ ᠲᠠᠢ ᠶᠠᠪᠤᠭᠳᠠᠬᠤ ᠶᠢ ᠪᠠᠳᠤᠯᠠᠬᠤ ᠶᠢᠨ ᠬᠠᠮᠳᠤ᠂ ᠠᠵᠦ ᠠᠬᠤᠶᠢᠯᠠᠯ ᠤᠨ ᠪᠤᠳᠠᠳᠠᠢ ᠬᠤᠳᠠᠯᠳᠤᠨ ᠠᠪᠴᠦ ᠪᠤᠯᠪᠠᠰᠤᠷᠠᠭᠤᠯᠬᠤ ᠴᠠᠭ ᠪᠤᠯᠤᠨ ᠲᠤᠭ᠎ᠠ ᠭᠡᠮᠵᠢᠶ᠎ᠠ ᠶᠢ ᠦᠨᠳᠤᠰᠤᠯᠠᠨ ᠨᠦᠬᠦᠪᠤᠷᠢ ᠶᠢᠨ ᠲᠤᠭ᠎ᠠ ᠶᠢ ᠪᠦᠷᠢᠳᠭᠡᠨ ᠬᠠᠷᠭᠤᠭᠤᠯᠬᠤ ᠭᠡᠷᠡᠭᠳᠡᠢ᠃ ᠠᠮᠢᠳᠠᠨ  ᠤ ᠡᠷᠡᠬᠦᠯ ᠬᠠᠮᠠᠭᠠᠯᠠᠯ ᠤᠨ ᠬᠢᠨᠡᠯᠳᠡ ᠲᠠᠯᠪᠢᠬᠤ ᠭᠠᠵᠡᠷ ᠠᠴᠠ ᠪᠦᠬᠦ ᠬᠤᠰᠢᠭᠤᠨ ᠤ ᠮᠠᠯᠴᠢᠨ ᠡᠷᠦᠬᠡ ᠶᠢᠨ ᠬᠢᠵᠢᠭ ᠢ ᠰᠡᠷᠭᠡᠶᠢᠯᠡᠭᠰᠡᠨ ᠤᠨᠤᠪᠴᠢᠳᠠᠢ ᠮᠠᠯ ᠤᠨ ᠲᠤᠭ᠎ᠠ ᠶᠢ ᠬᠠᠩᠭᠠᠬᠤ ᠠᠵᠢᠯ ᠢ ᠬᠠᠷᠢᠭᠤᠴᠠᠨ᠎ᠠ᠃      ︵ᠭᠤᠷᠪᠡ︶ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ᠂ ᠠᠵᠦ ᠠᠬᠤᠢ ᠪᠡ ᠰᠤᠷᠠᠭ ᠵᠠᠩᠬᠢᠵᠢᠯᠳᠠ᠂ ᠵᠠᠬ᠎ᠠ ᠲᠡᠯᠭᠡᠬᠦᠷ ᠤᠨ ᠬᠢᠨᠠᠯᠳᠠ᠂ ᠤᠷᠴᠢᠨ ᠲᠤᠭᠤᠷᠢᠨ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠵᠡᠷᠭᠡ ᠰᠠᠯᠠᠭ᠎ᠠ ᠮᠦᠴᠢᠷ ᠡᠷᠭᠡᠪᠰᠢ ᠡᠬᠦᠷᠭᠡ ᠴᠢᠳᠡᠪᠬᠢ ᠶᠢᠨ ᠦᠢᠯᠡᠳᠤᠯ ᠢᠶᠠᠨ ᠬᠦᠢᠴᠡᠳ ᠪᠠᠳᠠᠷᠠᠭᠤᠯᠵᠦ ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠠᠵᠦ ᠠᠬᠤᠶᠢᠯᠠᠯ ᠢ ᠵᠢᠯᠤᠭᠤᠳᠤᠨ ᠡᠯ᠎ᠡ ᠵᠦᠢᠯ ᠤᠨ ᠭᠠᠷ ᠬᠦᠢᠴᠡᠳᠭᠡᠯ ᠢ ᠨᠢ ᠪᠦᠷᠢᠨᠰᠢᠬᠦᠯᠵᠦ᠂ ᠴᠠᠭ ᠲᠠᠭᠠᠨ ᠠᠵᠢᠯ ᠢᠶᠠᠨ ᠡᠬᠢᠯᠡᠬᠦᠯᠦᠨ᠂ ᠬᠠᠮᠢᠶ᠎ᠠ ᠪᠦᠬᠦᠢ ᠬᠠᠤᠯᠢ ᠲᠤᠭᠳᠠᠭᠠᠯ ᠪᠡ ᠱᠠᠭᠠᠷᠳᠠᠯᠭ᠎ᠠ ᠶᠢ ᠴᠢᠩᠭ᠎ᠠ ᠭᠡᠷᠡᠭᠵᠢᠬᠦᠯᠵᠦ᠂ ᠬᠤᠳᠠᠯᠳᠤᠨ ᠠᠪᠬᠤ᠂ ᠪᠤᠯᠪᠠᠰᠤᠷᠠᠭᠤᠯᠬᠤ ᠭᠤᠭᠴᠤᠭ᠎ᠠ  ᠶᠢᠨ ᠲᠦᠷᠢᠮᠵᠢᠬᠦᠨ ᠶᠠᠪᠤᠭᠳᠠᠬᠤ ᠶᠢ ᠪᠠᠳᠤᠯᠠᠬᠤ ᠭᠡᠷᠡᠭᠳᠡᠢ᠃      ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠬᠡ︶ ᠶᠠᠭᠤᠨ ᠤ ᠡᠮᠤᠨ᠎ᠡ ᠮᠠᠯᠴᠢᠨ ᠡᠷᠦᠬᠡ ᠠᠴᠠ ᠭᠠᠴᠠᠭ᠎ᠠ ᠲᠤᠰᠬᠤᠨ ᠳᠠᠭᠠᠨ ᠰᠦᠨᠢᠳ ᠡᠬᠦᠯᠳᠡᠷ  ᠤᠨ ᠡᠪᠤᠯ ᠤᠨ ᠬᠤᠷᠠᠭ᠎ᠠ ᠶᠢ ᠤᠷᠢᠳᠴᠢᠯᠠᠨ ᠬᠤᠳᠠᠯᠳᠤᠬᠤ ᠭᠤᠶᠤᠴᠢᠯᠠᠯ ᠭᠠᠷᠭᠠᠨ᠎ᠠ᠂ ᠭᠠᠴᠠᠭ᠎ᠠ ᠲᠤᠰᠬᠤᠨ᠂ ᠰᠤᠮᠤ ᠪᠠᠯᠭᠠᠰᠤ ᠱᠠᠳᠤ ᠲᠠᠷᠠᠭᠠᠯᠠᠨ ᠬᠤᠳᠠᠯᠳᠤᠬᠤ ᠬᠤᠷᠠᠭᠠᠨ ᠤ ᠲᠤᠭ᠎ᠠ ᠳᠤ ᠬᠠᠷᠭᠤᠭᠤᠯᠤᠯᠳᠠ ᠬᠢᠭᠰᠡᠨ ᠤ ᠲᠠᠷᠠᠭ᠎ᠠ᠂ ᠭᠠᠴᠠᠭ᠎ᠠ ᠲᠤᠰᠬᠤᠨ᠂ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠳᠠᠨ ᠭᠠᠷ ᠤᠨ ᠦᠰᠦᠭ ᠵᠢᠷᠤᠵᠦ ᠲᠠᠮᠠᠭ᠎ᠠ ᠲᠠᠷᠤᠭᠠᠳ᠂ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠠᠷᠭᠡᠵᠢᠯ ᠤᠨ ᠲᠤᠪᠴᠢᠶᠠᠨ ᠳᠤ ᠮᠡᠳᠡᠬᠦᠯᠦᠨ᠎ᠡ᠂ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶᠠᠨ ᠤ ᠠᠵᠦ ᠠᠬᠤᠶᠢᠯᠠᠯ ᠳᠤ ᠲᠤᠮᠢᠯᠠᠭᠰᠠᠨ ᠠᠵᠢᠯᠳᠠᠳ ᠬᠢᠨᠡᠨ ᠬᠠᠷᠭᠤᠭᠤᠯᠤᠨ ᠭᠠᠷ ᠤᠨ ᠦᠰᠦᠭ ᠵᠢᠷᠤᠵᠦ ᠨᠤᠳᠠᠯᠠᠭᠰᠠᠨ ᠤ ᠲᠠᠷᠠᠭ᠎ᠠ ᠨᠢᠳᠤᠯᠤᠨ ᠪᠤᠯᠪᠠᠰᠤᠷᠠᠭᠤᠯᠬᠤ ᠶᠢᠨ ᠬᠠᠮᠳᠤ᠂ ᠨᠦᠬᠦᠪᠤᠷᠢ ᠬᠦᠷᠳᠡᠵᠦ ᠪᠤᠯᠤᠨ᠎ᠠ᠃      ︵ᠬᠤᠶᠠᠷ︶ ᠡᠯ᠎ᠡ ᠰᠤᠮᠤ ᠪᠠᠯᠭᠠᠰᠤ ᠪᠤᠯᠤᠨ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠡᠷᠭᠡᠪᠰᠢ ᠰᠦᠨᠢᠳ ᠡᠬᠦᠯᠳᠡᠷ ᠤᠨ ᠡᠪᠤᠯ ᠤᠨ ᠬᠤᠷᠠᠭ᠎ᠠ ᠶᠢ ᠪᠡᠯᠴᠢᠬᠡᠷᠯᠡᠬᠦᠯᠬᠦ ᠶᠢᠨ ᠲᠠᠭᠠᠤ ᠪᠤᠷᠳᠤᠨ ᠲᠠᠷᠭᠤᠯᠠᠭᠤᠯᠵᠦ ᠤᠷᠢᠳᠴᠢᠯᠠᠨ ᠬᠤᠳᠠᠯᠳᠤᠬᠤ ᠠᠵᠢᠯ ᠢ ᠲᠡᠭᠡᠳᠤ ᠭᠡᠮᠵᠢᠶ᠎ᠠ ᠪᠠᠷ ᠴᠢᠬᠤᠯᠠᠴᠢᠯᠠᠨ ᠦᠵᠡᠵᠦ᠂ ᠲᠦᠷᠦ  ᠶᠢᠨ ᠪᠤᠳᠤᠯᠭ᠎ᠠ ᠶᠢᠨ ᠤᠬᠠᠭᠤᠯᠭ᠎ᠠ ᠪᠠᠨ ᠦᠨᠡᠨᠬᠦ ᠴᠢᠩᠭᠠᠳᠬᠠᠵᠦ᠂ ᠮᠠᠯᠴᠢᠨ ᠡᠷᠦᠬᠡ ᠶᠢ ᠢᠳᠡᠪᠬᠢᠳᠡᠢ ᠵᠢᠯᠤᠭᠤᠳᠤᠨ ᠦᠵᠡᠯᠳᠡ ᠲᠠᠨᠢᠯᠳᠠ ᠶᠢ ᠨᠢ ᠬᠤᠪᠢᠷᠠᠭᠤᠯᠵᠦ᠂ ᠲᠠᠩᠰᠠ ᠪᠤᠳᠤᠨ ᠮᠠᠯ ᠮᠠᠯᠵᠢᠭᠤᠯᠵᠦ᠂ ᠦᠷᠭᠡᠨ ᠤᠯᠠᠨ ᠮᠠᠯᠴᠢᠳ ᠢ ᠵᠢᠯᠤᠭᠤᠳᠤᠨ ᠮᠠᠯ ᠢᠶᠠᠨ ᠡᠷᠳᠡ ᠲᠦᠯᠯᠡᠬᠦᠯᠵᠦ᠂ ᠡᠪᠤᠯ᠂ ᠬᠠᠪᠤᠷ ᠤᠨ ᠡᠷᠳᠡ ᠶᠢᠨ ᠲᠦᠯ ᠲᠤᠰᠬᠤ ᠶᠢ ᠨᠢ ᠵᠤᠷᠢᠭᠵᠢᠭᠤᠯᠬᠤ ᠭᠡᠷᠡᠭᠳᠡᠢ᠃ ᠪᠡᠯᠴᠢᠬᠡᠷᠯᠡᠬᠦᠯᠦᠨ ᠮᠠᠯᠵᠢᠬᠤ ᠶᠢᠨ ᠲᠠᠭᠠᠤ ᠪᠤᠷᠳᠤᠨ ᠲᠠᠷᠭᠤᠯᠠᠭᠤᠯᠵᠦ᠂ ᠬᠤᠷᠠᠭᠠᠨ ᠤ ᠬᠦᠨᠳᠤ ᠶᠢᠨ ᠬᠡᠮᠵᠢᠶ᠎ᠠ ᠶᠢ ᠠᠵᠦ ᠠᠬᠤᠶᠢᠯᠠᠯ ᠤᠨ ᠬᠠᠮᠤᠭ ᠤᠨ ᠰᠠᠶᠢᠨ ᠪᠤᠯᠪᠠᠰᠤᠷᠠᠭᠤᠯᠬᠤ ᠪᠡᠷᠢᠮᠵᠢᠶᠠᠨ ᠳᠤ ᠬᠦᠷᠭᠡᠬᠦ ᠭᠡᠷᠡᠭᠳᠡᠢ᠃ ᠤᠬᠠᠭᠤᠯᠤᠨ ᠵᠢᠯᠤᠭᠤᠳᠬᠤ ᠪᠠᠷ ᠲᠠᠮᠵᠢᠨ᠂ ᠮᠠᠯᠴᠢᠳ ᠤᠨ ᠰᠦᠨᠢᠳ ᠡᠬᠦᠯᠳᠡᠷ ᠤᠨ ᠡᠪᠤᠯ ᠤᠨ ᠬᠤᠷᠠᠭ᠎ᠠ ᠲᠤᠰᠴᠦ ᠡᠷᠳᠡ ᠬᠤᠳᠠᠯᠳᠤᠨ᠂ ᠪᠡᠯᠴᠢᠬᠡᠷ ᠤᠨ ᠲᠠᠷᠤᠭᠠᠰᠤ ᠶᠢ ᠬᠦᠩᠭᠡᠯᠡᠨ᠂ ᠤᠷᠤᠯᠭ᠎ᠠ ᠶᠢ ᠨᠢ ᠨᠡᠮᠡᠭᠳᠡᠬᠦᠯᠬᠦ ᠭᠡᠷᠡᠭᠳᠡᠢ᠃      ︵ᠭᠤᠷᠪᠡ︶ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ᠂ ᠦᠨᠳᠤᠰᠤᠨ ᠱᠠᠳᠤᠨ ᠤ ᠬᠠᠮᠢᠶ᠎ᠠ ᠪᠦᠬᠦᠢ ᠦᠷᠳᠡᠭᠡᠨ ᠤ ᠲᠤᠰᠬᠠᠢ ᠮᠡᠷᠭᠡᠵᠢᠯᠳᠡᠳ ᠡᠷᠭᠡᠪᠰᠢ ᠮᠠᠯ ᠤᠨ ᠬᠢᠵᠢᠭ ᠤᠨ ᠰᠡᠷᠭᠡᠶᠢᠯᠡᠯᠳᠡ᠂ ᠮᠡᠷᠭᠡᠵᠢᠯ ᠤᠨ ᠵᠢᠯᠤᠭᠤᠳᠤᠯᠭ᠎ᠠ᠂ ᠲᠠᠵᠢᠬᠡᠯ ᠡᠪᠡᠰᠤᠨ ᠤ ᠬᠠᠩᠭᠠᠯᠭ᠎ᠠ ᠶᠢᠨ ᠬᠢᠨᠡᠨ ᠬᠠᠮᠢᠶᠠᠷᠤᠯᠳᠠ ᠵᠡᠷᠭᠡ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠦ᠂ ᠮᠠᠯᠴᠢᠳ ᠤᠨ ᠬᠠᠰᠢᠶᠠᠯᠠᠨ ᠲᠠᠵᠢᠬᠡᠵᠦ ᠨᠠᠷᠢᠯᠢᠭ ᠮᠡᠯᠵᠢᠬᠤ ᠡᠵᠡᠩᠨᠡᠨ ᠬᠠᠮᠢᠶᠠᠷᠤᠯᠳᠠ ᠶᠢᠨ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠬᠤᠷᠠᠭ᠎ᠠ ᠪᠠᠨ ᠤᠬᠤᠷ ᠬᠤᠭᠤᠴᠠᠭᠠᠨ ᠳᠤ ᠪᠤᠷᠳᠤᠨ ᠲᠠᠷᠭᠤᠯᠠᠭᠤᠯᠵᠦ ᠪᠤᠳᠠᠳᠤ ᠦᠷ᠎ᠡ ᠪᠦᠳᠤᠮᠵᠢ ᠤᠯᠬᠤ ᠶᠢ ᠪᠠᠳᠤᠯᠠᠬᠤ ᠭᠡᠷᠡᠭᠳᠡᠢ︔ ᠡᠬᠦᠨ ᠤ ᠬᠠᠮᠳᠤ ᠮᠦᠷᠳᠡᠨ ᠦᠢᠯᠡᠴᠢᠯᠠᠬᠦ ᠦᠢᠯᠡᠴᠢᠯᠡᠭᠡ ᠬᠠᠩᠭᠠᠵᠦ᠂ ᠬᠠᠮᠢᠶ᠎ᠠ ᠪᠦᠬᠦᠢ ᠭᠠᠷ ᠬᠦᠢᠴᠡᠳᠭᠡᠯ ᠢ ᠪᠦᠷᠢᠨᠰᠢᠬᠦᠯᠵᠦ᠂ ᠪᠤᠯᠪᠠᠰᠤᠷᠠᠭᠤᠯᠬᠤ ᠠᠵᠦ ᠠᠬᠤᠶᠢᠯᠠᠯ ᠢ ᠱᠠᠭᠠᠷᠳᠠᠨ ᠪᠠᠶᠢᠴᠠᠭᠠᠵᠦ᠂ ᠭᠠᠳᠠᠨ᠎ᠠ ᠬᠤᠰᠢᠭᠤ ᠠᠴᠠ ᠮᠠᠯ ᠬᠤᠳᠠᠯᠳᠤᠨ ᠠᠪᠬᠤ ᠶᠢ ᠨᠢ ᠬᠤᠷᠢᠭᠯᠠᠵᠦ᠂ ᠭᠠᠳᠠᠨ᠎ᠠ ᠭᠠᠵᠡᠷ ᠤᠨ ᠮᠡᠯ ᠬᠤᠳᠠᠯᠳᠤᠨ ᠠᠪᠤᠭᠠᠳ ᠨᠦᠬᠦᠪᠤᠷᠢ ᠶᠢ ᠮᠡᠬᠡᠯᠡᠨ ᠠᠪᠬᠤ ᠠᠴᠠ ᠰᠡᠷᠭᠡᠶᠢᠯᠡᠨ᠂ ᠬᠤᠰᠢᠭᠤᠨ ᠤ ᠮᠡᠯ ᠢᠶᠠᠨ ᠤᠷᠢᠳᠴᠢᠯᠠᠨ ᠬᠤᠳᠠᠯᠳᠤᠬᠤ ᠶᠢ ᠪᠠᠳᠤᠯᠬᠠᠤ ᠭᠡᠷᠡᠭᠳᠡᠢ︔ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ᠂ ᠬᠦᠭᠵᠢᠬᠦᠯᠦᠯᠳᠡ ᠪᠡ ᠦᠬᠡᠷᠡᠴᠢᠯᠠᠯᠳᠠ ᠶᠢᠨ ᠲᠤᠪᠴᠢᠶᠠᠨ ᠤ ᠪᠤᠳᠠᠰ ᠤᠨ ᠦᠨ᠎ᠡ ᠵᠡᠷᠭᠡ ᠰᠠᠯᠠᠭ᠎ᠠ ᠮᠦᠴᠢᠷ ᠡᠷᠭᠡᠪᠰᠢ ᠬᠤᠨᠢᠨ ᠮᠢᠬᠠᠨ ᠤ ᠵᠠᠬ᠎ᠠ ᠲᠠᠯᠭᠡᠬᠦᠷ ᠵᠢᠴᠢ ᠦᠨ᠎ᠡ ᠬᠠᠩᠰᠢ ᠶᠢᠨ ᠪᠠᠶᠢᠳᠠᠯ ᠢ ᠵᠦᠪ ᠤᠨᠤᠪᠴᠢᠳᠠᠢ ᠡᠵᠡᠮᠰᠢᠵᠦ᠂ ᠦᠨ᠎ᠡ ᠶᠢ ᠲᠤᠬᠢᠷᠠᠭᠤᠯᠬᠤ ᠪᠤᠳᠠᠳᠠᠢ ᠠᠷᠭ᠎ᠠ ᠪᠡᠷᠢᠯ ᠢ ᠰᠤᠳᠤᠯᠤᠨ ᠲᠤᠭᠳᠠᠭᠠᠵᠦ᠂ ᠮᠠᠯᠴᠢᠳ ᠤᠨ ᠬᠠᠤᠯᠢ ᠶᠤᠰᠤᠨ ᠤ ᠡᠷᠭᠡ ᠠᠰᠢᠭ ᠢ ᠦᠨᠡᠨᠬᠦ ᠪᠠᠳᠤᠯᠠᠬᠤ ᠭᠡᠷᠡᠭᠳᠡᠢ᠃      ︵ᠲᠦᠷᠪᠡ︶ ᠡᠯ᠎ᠡ ᠪᠤᠯᠪᠠᠰᠤᠷᠠᠭᠤᠯᠬᠤ ᠠᠵᠦ ᠠᠬᠤᠶᠢᠯᠠᠯ ᠡᠷᠭᠡᠪᠰᠢ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨᠬᠦ ᠬᠦᠢᠴᠡᠳᠭᠡᠵᠦ᠂ ᠬᠠᠤᠯᠢ ᠶᠤᠰᠤᠭᠠᠷ ᠪᠤᠯᠪᠠᠰᠤᠨ ᠡᠵᠡᠩᠨᠡᠯᠳᠡ ᠬᠢᠵᠦ᠂ ᠬᠤᠳᠠᠯᠳᠤᠨ ᠠᠪᠬᠤ ᠦᠨ᠎ᠡ ᠬᠠᠩᠰᠢ  ᠶᠢ ᠲᠤᠭᠳᠠᠪᠤᠷᠢᠵᠢᠭᠤᠯᠵᠦ᠂ ᠦᠨ᠎ᠡ ᠲᠠᠷᠤᠬᠤ ᠦᠬᠡᠢ᠂ ᠮᠠᠯᠴᠢᠳ ᠢ ᠱᠠᠮᠰᠢᠬᠤ ᠦᠬᠡᠢ ᠪᠠᠶᠢᠵᠦ᠂ ᠬᠤᠳᠠᠯᠳᠤᠨ ᠠᠪᠬᠤ ᠦᠨ᠎ᠡ ᠬᠠᠩᠰᠢ ᠶᠢ ᠵᠤᠬᠢᠰᠳᠠᠢ ᠲᠤᠭᠳᠠᠭᠠᠨ᠂ ᠮᠡᠨ ᠤ ᠬᠤᠰᠢᠭᠤᠨ ᠤ ᠪᠠᠨ ᠮᠠᠯᠴᠢᠳ ᠤᠨ ᠬᠤᠷᠠᠭ᠎ᠠ ᠶᠢ ᠢᠳᠡᠪᠬᠢᠳᠡᠢ ᠬᠤᠳᠠᠯᠳᠤᠨ ᠠᠪᠴᠦ ᠪᠤᠯᠪᠠᠰᠤᠷᠠᠭᠤᠯᠬᠤ ᠭᠡᠷᠡᠭᠳᠡᠢ᠃ ᠡᠬᠦᠨ ᠤ ᠬᠠᠮᠳᠤ᠂ ᠦᠨᠳᠤᠰᠤᠨ ᠱᠠᠳᠤᠨ ᠳᠤ ᠢᠳᠡᠪᠬᠢᠳᠡᠢ ᠬᠦᠨᠵᠡᠬᠡᠶᠢᠷᠡᠵᠦ᠂ ᠤᠬᠠᠭᠤᠯᠭ᠎ᠠ ᠪᠠᠨ ᠴᠢᠩᠭᠠᠳᠬᠠᠵᠦ᠂ ᠢᠳᠡᠪᠬᠢᠳᠡᠢ ᠪᠠᠷ ᠭᠡᠯᠡᠯᠴᠡᠭᠡᠷ ᠲᠤᠭᠳᠠᠬᠤ ᠪᠤᠶᠤ ᠵᠠᠬᠢᠶᠠᠯᠠᠭ᠎ᠠ ᠬᠢᠵᠦ᠂ ᠰᠠᠶᠢᠳᠤᠷ ᠦᠢᠯᠡᠴᠢᠯᠠᠨ᠂ ᠪᠤᠯᠪᠠᠰᠤᠷᠠᠭᠤᠯᠬᠤ ᠴᠢᠳᠠᠪᠤᠷᠢ ᠪᠠᠨ ᠨᠢᠬᠡᠳᠤᠯᠳᠠᠢ ᠲᠦᠯᠦᠪᠵᠢᠬᠦᠯᠦᠨ ᠪᠤᠳᠤᠯᠬᠢᠯᠠᠵᠦ᠂ ᠬᠤᠳᠠᠯᠳᠤᠨ ᠠᠪᠬᠤ ᠴᠠᠭ ᠢ ᠵᠤᠬᠢᠰᠳᠠᠢ ᠲᠤᠬᠢᠷᠠᠭᠤᠯᠵᠦ᠂ ᠪᠦᠳᠤᠮᠵᠢᠳᠡᠢ ᠠᠰᠢᠭ ᠲᠤᠰᠠ ᠶᠢᠨ ᠬᠤᠯᠪᠤᠭᠠᠳᠤ ᠵᠤᠬᠢᠴᠠᠮᠵᠢ ᠶᠢ ᠪᠦᠷᠢᠯᠳᠤᠬᠦᠯᠦᠨ᠂ ᠮᠠᠯᠴᠢᠨ ᠲᠠᠷᠢᠶᠠᠴᠢᠳ ᠤᠨ ᠢᠳᠡᠪᠬᠢᠵᠢᠯ ᠢ  ᠨᠢ ᠤᠯᠠᠮ ᠨᠢᠭᠡ ᠠᠯᠬᠤᠮ ᠲᠡᠭᠡᠭᠰᠢᠯᠡᠬᠦᠯᠬᠦ ᠭᠡᠷᠡᠭᠳᠡᠢ᠃      ︵ᠲᠠᠪᠤ︶ ᠲᠡᠵᠢᠬᠡᠨ ᠦᠷᠡᠵᠢᠬᠦᠯᠬᠦ ᠲᠤᠰᠬᠠᠢ ᠬᠤᠷᠰᠢᠶᠠᠵᠢᠯ ᠡᠷᠭᠡᠪᠰᠢ ᠦᠢᠯᠡᠳᠤᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠦ᠂ ᠬᠤᠷᠰᠢᠶᠠᠵᠢᠯ ᠤᠨ ᠬᠡᠰᠢᠬᠦᠳ ᠢ ᠲᠠᠶᠢᠴᠢᠯᠠᠨ ᠮᠡᠨ ᠤ ᠬᠤᠰᠢᠭᠤᠨ ᠤ ᠪᠠᠨ ᠮᠠᠯᠴᠢᠳ ᠤᠨ ᠤᠷᠢᠳᠴᠢᠯᠠᠨ ᠪᠤᠯᠪᠠᠰᠤᠷᠠᠭᠤᠯᠬᠤ ᠰᠦᠨᠢᠳ ᠬᠤᠷᠠᠭ᠎ᠠ ᠶᠢ ᠬᠤᠳᠠᠯᠳᠤᠨ ᠠᠪᠴᠦ ᠲᠦᠪᠯᠡᠷᠡᠬᠦᠯᠦᠨ ᠭᠡᠪᠴᠢᠶᠠᠵᠢᠬᠦᠯᠦᠨ ᠪᠤᠷᠳᠤᠵᠦ᠂ ᠭᠠᠳᠠᠨ᠎ᠡ ᠭᠠᠵᠡᠷ ᠤᠨ ᠮᠠᠯ ᠢ ᠬᠤᠳᠠᠯᠳᠤᠨ ᠠᠪᠬᠤ ᠶᠢ ᠴᠢᠩᠭ᠎ᠠ ᠬᠤᠷᠢᠭᠯᠠᠬᠤ ᠭᠡᠷᠡᠭᠳᠡᠢ᠃      ᠵᠢᠷᠭᠤᠭ᠎ᠠ᠂ ᠨᠦᠬᠦᠪᠤᠷᠢ ᠮᠦᠩᠬᠦ ᠶᠢ ᠦᠭᠬᠦ ᠭᠡᠯᠪᠡᠷᠢ      ᠡᠪᠤᠯ ᠤᠨ ᠬᠤᠷᠠᠭ᠎ᠠ ᠶᠢ ᠪᠤᠷᠳᠤᠵᠦ ᠤᠷᠢᠳᠴᠢᠯᠠᠨ ᠬᠤᠳᠠᠯᠳᠤᠬᠤ ᠠᠵᠢᠯ ᠲᠠᠭᠤᠰᠤᠭᠰᠠᠨ ᠤ ᠲᠠᠷᠠᠭ᠎ᠠ᠂ ᠬᠤᠰᠢᠭᠤ ᠲᠠᠷᠢᠶᠠᠯᠠᠩ ᠮᠠᠯ ᠠᠵᠦ ᠠᠬᠤᠢ ᠪᠡ ᠰᠢᠨᠵᠢᠯᠡᠭᠡ ᠮᠡᠷᠭᠡᠵᠢᠯ ᠤᠨ ᠲᠤᠪᠴᠢᠶ᠎ᠠ ᠠᠴᠠ ᠬᠢᠵᠢᠭ ᠢ ᠪᠠᠶᠢᠴᠠᠭᠠᠬᠤ ᠲᠡᠮᠳᠡᠭᠯᠡᠯ ᠤᠨ ᠬᠦᠰᠦᠨᠦᠭᠳᠤ᠂ ᠬᠤᠳᠠᠯᠳᠤᠨ ᠠᠪᠤᠭᠰᠠᠨ ᠪᠡᠷᠢᠮᠳᠠ᠂ ᠭᠤᠶᠤᠴᠢᠯᠠᠯ ᠢ ᠬᠢᠨᠠᠨ ᠬᠠᠷᠭᠤᠭᠤᠯᠤᠭᠰᠠᠨ ᠬᠦᠰᠦᠨᠦᠭᠳᠤ ᠵᠡᠷᠭᠡ ᠶᠢ ᠦᠨᠳᠤᠰᠤᠯᠠᠨ ᠪᠤᠯᠪᠠᠰᠤᠷᠠᠭᠤᠯᠤᠭᠰᠠᠨ ᠬᠤᠷᠠᠭᠠᠨ ᠤ ᠲᠤᠭ᠎ᠠ ᠶᠢ ᠬᠢᠨᠡᠨ ᠬᠠᠷᠭᠤᠭᠤᠯᠵᠦ ᠬᠤᠷᠢᠶᠠᠩᠭᠤᠶᠢᠯᠠᠭᠠᠳ᠂ ᠨᠦᠬᠦᠪᠤᠷᠢ ᠶᠢᠨ ᠲᠤᠭ᠎ᠠ ᠶᠢ ᠪᠤᠳᠤᠭᠰᠠᠨ ᠤ ᠲᠠᠷᠠᠭ᠎ᠠ᠂ ᠬᠤᠰᠢᠭᠤ ᠵᠠᠰᠠᠭ ᠤᠨ ᠤᠷᠳᠤᠨ  ᠳᠤ ᠮᠡᠳᠡᠬᠦᠯᠦᠨ ᠬᠢᠨᠡᠨ ᠲᠤᠭᠳᠠᠭᠠᠯᠭᠠᠨ᠎ᠠ᠃ ᠨᠦᠬᠦᠪᠤᠷᠢ ᠮᠦᠩᠬᠦ ᠶᠢ ᠬᠤᠰᠢᠭᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠠᠵᠦ ᠠᠬᠤᠶᠢᠯᠠᠯ ᠤᠨ ᠲᠠᠩᠰᠠᠨ ᠡᠷᠦᠬᠡ ᠳᠤ ᠰᠢᠭᠤᠳ ᠤᠷᠤᠭᠤᠯᠤᠨ᠎ᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号