ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠳᠤᠪᠴᠢᠶ᠎ᠠ ᠪᠠ ᠬᠠᠷᠢᠶ᠎ᠠ ᠡᠯ᠎ᠡ ᠨᠢᠬᠡᠴᠡ ᠶᠢᠨ | ᠬᠠᠤᠯᠢ ᠬᠡᠷᠡᠭᠵᠢᠬᠦᠯᠬᠦ ᠠᠵᠢᠯᠳᠠᠳ᠂ ᠨᠣᠮ ᠤᠨ ᠰᠠᠩ᠂ ᠪᠡᠶ᠎ᠡ ᠴᠢᠭᠢᠷᠠᠭᠵᠢᠭᠤᠯᠬᠤ ᠭᠠᠵᠠᠷ᠂ ᠰᠦᠯᠵᠢᠶᠡᠨ ᠤ ᠪᠠᠭᠠᠷ᠂ | KTV ᠵᠡᠷᠭᠡ ᠬᠦᠮᠦᠨ ᠬᠠᠷ᠎ᠠ ᠤᠯᠠᠨ ᠴᠤᠭᠯᠠᠷᠠᠳᠠᠭ ᠭᠠᠵᠠᠷ ᠤᠷᠤᠨ ᠢᠶᠠᠷ ᠬᠡᠳᠦᠨ ᠡᠳᠦᠷ ᠳᠠᠷᠠᠭᠠᠯᠠᠨ | ᠭᠦᠨᠵᠡᠭᠡᠶᠢᠷᠡᠨ ᠰᠤᠷᠪᠤᠯᠵᠢᠯᠠᠵᠤ ᠤᠬᠠᠭᠤᠯᠤᠨ᠂ ᠣᠯᠠᠨ ᠲᠠᠯ᠎ᠠ ᠶᠢᠨ ᠬᠢᠨᠠᠯᠲᠠ ᠪᠠᠶᠢᠴᠠᠭᠠᠯᠲᠠ ᠬᠢᠵᠦ ᠬᠢᠵᠢᠭ ᠤᠨ | ᠪᠠᠶᠢᠳᠠᠯ ᠢ ᠬᠠᠮᠲᠤ ᠪᠠᠷ ᠢᠶᠠᠨ ᠰᠡᠷᠭᠡᠶᠢᠯᠡᠨ ᠣᠯᠠᠨ ᠢᠶᠠᠷ ᠢᠶᠠᠨ ᠡᠵᠡᠮᠳᠡᠵᠦ ᠪᠠᠶᠢᠨ᠎ᠠ᠃ | | | | | | | | | | ᠬᠠᠤᠯᠢ ᠬᠡᠷᠡᠭᠵᠢᠬᠦᠯᠦᠭᠴᠢᠳ ᠦᠳᠡ ᠶᠢᠨ ᠬᠤᠶᠢᠨ᠎ᠠ KTV ᠵᠤᠭ᠎ᠠ ᠴᠡᠩᠭᠡᠬᠦᠨ ᠤ ᠭᠠᠵᠷ ᠲᠤ ᠬᠦᠷᠴᠦ | ᠪᠠᠶᠢᠴᠠᠭᠠᠯᠲᠠ ᠬᠢᠬᠦ ᠳᠤ ᠶᠠᠭ ᠳᠡᠯᠭᠡᠭᠦᠷ ᠤᠨ ᠠᠮᠠᠷᠠᠬᠤ ᠴᠠᠭ ᠪᠠᠶᠢᠯ᠎ᠠ᠃ ᠠᠳᠡᠬᠢ ᠠᠵᠢᠯᠲᠠᠳ ᠠᠮᠠᠷᠠᠬᠤ ᠴᠠᠭ ᠢᠶᠠᠨ | ᠠᠰᠢᠭᠯᠠᠨ ᠳᠡᠯᠭᠡᠭᠦᠷ ᠤᠨ ᠡᠯ᠎ᠡ ᠣᠷᠣᠨ ᠪᠦᠰᠡ᠂ ᠥᠷᠥᠭᠡ ᠶᠢ ᠪᠦᠬᠦᠨ ᠢ ᠠᠷᠢᠭᠤᠳᠬᠠᠵᠤ ᠪᠡᠯᠡᠳᠬᠡᠯ᠎ᠡ᠃ | KTV ᠵᠤᠭ᠎ᠠ ᠴᠡᠩᠭᠡᠬᠦᠨ ᠤ ᠭᠠᠵᠷ ᠤᠨ ᠳᠠᠭᠠᠭᠠᠮᠠᠯ ᠭᠤᠤ ᠰᠢᠶᠤᠤ ᠴᠧᠨ᠄ ︽ᠪᠢᠳᠡ ᠢᠷᠡᠭᠰᠡᠨ | ᠵᠤᠴᠢᠳ ᠢ ᠡᠷᠡᠭᠦᠯ ᠮᠡᠨᠳᠦ ᠶᠢᠨ ᠺᠣᠳ᠋ ᠢᠶᠠᠨ ᠦᠵᠡᠬᠦᠯᠬᠦ ᠶᠢ ᠱᠠᠭᠠᠷᠳᠠᠨ᠂ ᠠᠷᠢᠭᠤᠳᠬᠠᠯ ᠬᠢᠵᠦ᠂ ᠪᠡᠶ᠎ᠡ ᠶᠢᠨ | ᠳᠤᠯᠠᠭᠠᠨ ᠢ ᠨᠢ ᠬᠡᠮᠵᠢᠵᠦ ᠲᠡᠮᠳᠡᠭᠯᠡᠭᠡᠳ᠂ ᠬᠠᠮᠢᠭ᠎ᠠ ᠠᠴᠠ ᠢᠷᠡᠭᠰᠡᠨ᠂ ᠭᠠᠳᠠᠨ᠎ᠠ ᠣᠷᠣᠨ ᠳᠤ ᠬᠦᠷᠴᠦ | ᠥᠩᠭᠡᠷᠡᠭᠰᠡᠨ ᠡᠰᠡᠬᠦ ᠶᠢ ᠪᠦᠷᠢᠳᠬᠡᠵᠦ ᠪᠠᠷᠠᠭᠰᠠᠨ ᠤ ᠳᠠᠷᠠᠭ᠎ᠠ᠂ ᠲᠣᠭᠲᠠᠭᠰᠠᠨ ᠠᠵᠢᠯᠳᠠᠨ ᠳᠠᠭᠠᠭᠤᠯᠵᠤ ᠳᠤᠰᠬᠠᠢ | ᠦᠷᠦᠭᠡᠨ ᠳᠤ ᠬᠦᠷᠭᠡᠳᠡᠭ᠃ ᠪᠢᠳᠡ ᠡᠳᠦᠷ ᠪᠦᠷᠢ ᠳᠥᠷᠪᠡ ᠲᠠᠪᠤ ᠤᠳᠠᠭ᠎ᠠ ᠠᠷᠢᠭᠤᠳᠬᠠᠨ᠎ᠠ᠂ ᠵᠣᠴᠢᠨ ᠥᠬᠡᠶ | ᠪᠠᠶᠢᠳᠠᠯ ᠳᠣᠤᠷ᠎ᠠ᠂ ᠨᠢᠭᠡ ᠴᠠᠭ ᠠᠯᠤᠰᠯᠠᠭᠠᠳ ᠨᠢᠭᠡ ᠤᠳᠠᠭ᠎ᠠ ᠠᠷᠢᠭᠤᠳᠬᠠᠯ ᠬᠢᠵᠦ ᠪᠠᠶᠢᠨ᠎ᠠ︾ ᠭᠡᠵᠦ | ᠲᠠᠨᠢᠯᠴᠠᠭᠤᠯᠤᠯ᠎ᠠ᠃ | | | | | | | | | ᠠᠬᠤᠢ ᠲᠠᠯᠠᠪᠠᠢ ᠶᠢᠨ ᠪᠠᠶᠢᠴᠠᠭᠠᠯᠲᠠ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠠᠶ ᠳᠤ | ᠡᠯ᠎ᠡ ᠲᠠᠯᠠᠪᠤᠷ ᠭᠠᠵᠠᠷ ᠤᠨ ᠡᠵᠡᠩᠨᠡᠭᠴᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠦᠨᠡᠨ ᠨᠡᠷ᠎ᠡ ᠪᠠᠷ ᠳᠠᠩᠰᠠᠯᠠᠭᠤᠯᠬᠤ᠂ ᠠᠮᠠᠪᠴᠢ | ᠵᠡᠭᠦᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠠᠷᠢᠭᠤᠳᠬᠠᠬᠤ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠪᠠᠶᠢᠴᠠᠭᠠᠨ ᠦᠵᠡᠭᠰᠡᠨ ᠪᠥᠭᠡᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠠᠮᠢᠶ᠎ᠠ ᠪᠥᠬᠦᠶ ᠬᠢᠵᠢᠭ ᠢ | ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠪᠠ᠃ | ᠤᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠡᠯ᠎ᠡ ᠲᠠᠯᠠᠪᠤᠷ ᠭᠠᠵᠠᠷ ᠤᠨ ᠬᠢᠨ ᠠᠮᠠᠪᠴᠢ ᠵᠡᠭᠦᠬᠦ᠂ ᠡᠷᠡᠭᠦᠯ | ᠮᠡᠨᠳᠦ ᠶᠢᠨ ᠺᠣᠳ᠋ ᠶᠢ ᠰᠢᠯᠭᠠᠨ ᠦᠵᠡᠬᠦ᠂ ᠪᠡᠶ᠎ᠡ ᠶᠢᠨ ᠳᠤᠯᠠᠭᠠᠨ ᠬᠡᠮᠵᠢᠬᠦ᠂ ᠦᠨᠡᠨ ᠨᠡᠷ᠎ᠡ ᠪᠠᠷ ᠳᠠᠩᠰᠠᠯᠠᠬᠤ ᠵᠡᠷᠭᠡ | ᠵᠠᠩᠭᠢᠯᠠᠭ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠤᠭᠰᠠᠨ ᠢᠶᠠᠷ ᠪᠠᠷᠠᠬᠤ ᠥᠬᠡᠶ᠂ ᠡᠯ᠎ᠡ ᠭᠠᠵᠠᠷ ᠤᠨ | ᠬᠢᠨ ᠡᠳᠦᠷ ᠪᠦᠷᠢ ᠪᠠᠰᠠ ᠠᠭᠠᠷ ᠨᠡᠪᠳᠡᠷᠡᠭᠦᠯᠵᠦ᠂ ᠣᠯᠠᠨ ᠨᠡᠶᠢᠲᠡ ᠶᠢᠨ ᠣᠷᠣᠨ ᠪᠦᠰᠡ᠂ ᠲᠣᠨᠤᠭ ᠲᠥᠬᠦᠭᠡᠷᠦᠮᠵᠢ | ᠳᠤ ᠠᠷᠢᠭᠤᠳᠬᠠᠯ ᠬᠢᠵᠦ᠂ ᠥᠨᠴᠥᠭ ᠪᠤᠯᠤᠩ ᠦᠯᠡᠳᠡᠭᠡᠬᠦ ᠥᠬᠡᠶ ᠠᠷᠢᠭᠤᠳᠬᠠᠬᠤ ᠶᠢ ᠦᠨᠡᠨ ᠬᠦ ᠪᠠᠲᠤᠯᠠᠵᠤ | ᠪᠠᠶᠢᠨ᠎ᠠ᠃ | | | | | | | | ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠤ ᠳᠠᠷᠤᠭ᠎ᠠ ᠴᠣᠭᠵᠢᠯᠲᠤ ᠄ ︽ᠮᠠᠨ | ᠤ ᠰᠢᠰᠲ᠋ᠧᠮ ᠤᠨ ᠬᠢᠨ ᠠᠶᠢᠮᠠᠭ᠂ ᠬᠤᠰᠢᠭᠤᠨ ᠤ ᠡᠯ᠎ᠡ ᠱᠠᠲᠤᠨ ᠤ ᠵᠢᠯᠣᠭᠤᠳᠬᠤ ᠭᠠᠵᠠᠷ ᠤᠨ ᠱᠠᠭᠠᠷᠳᠠᠯᠭ᠎ᠠ ᠵᠢᠴᠢ | ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠳᠤᠪᠴᠢᠶᠠᠨ ᠤ ᠬᠤᠯᠪᠣᠭᠳᠠᠯ ᠪᠥᠬᠦᠶ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠰᠢᠰᠲ᠋ᠧᠮ ᠤᠨ ᠠᠵᠢᠯ | ᠲᠥᠷᠥᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠠᠬᠢᠨᠲᠠ | ᠪᠣᠳᠠᠲᠠᠶᠢᠵᠢᠭᠤᠯᠵᠤ᠂ ᠴᠢᠩᠭᠠᠷᠠᠭᠤᠯᠵᠤ᠂ ᠨᠠᠷᠢᠯᠢᠭᠵᠢᠭᠤᠯᠵᠠᠢ᠃ ᠰᠦᠯᠵᠢᠶᠡᠨ ᠤ ᠪᠠᠭᠠᠷ᠂ ktv᠂ ᠨᠣᠮ ᠤᠨ ᠰᠠᠩ᠂ | ᠰᠣᠶᠣᠯ ᠤᠨ ᠣᠷᠳᠣᠨ ᠵᠢᠴᠢ ᠪᠡᠶ᠎ᠡ ᠴᠢᠭᠢᠷᠠᠭᠵᠢᠭᠤᠯᠬᠤ ᠲᠥᠪ ᠵᠡᠷᠭᠡ ᠲᠠᠯᠠᠪᠤᠷ ᠭᠠᠵᠠᠷ ᠲᠤ ᠴᠢᠭᠯᠡᠭᠦᠯᠦᠨ | ᠭᠥᠯᠢᠶᠡᠨ ᠠᠪᠬᠤ ᠬᠥᠮᠦᠨ ᠤ ᠲᠤᠭ᠎ᠠ ᠶᠢ ᠬᠢᠨᠠᠨ ᠲᠣᠭᠲᠠᠭᠠᠭᠰᠠᠨ ᠬᠥᠮᠦᠨ ᠤ ᠳᠤᠭᠠᠨ ᠤ 75 % ᠠᠴᠠ | ᠬᠡᠲᠦᠷᠡᠭᠦᠯᠬᠦ ᠥᠬᠡᠶ ᠪᠠᠶᠢᠬᠤ ᠶᠢ ᠴᠢᠩᠭ᠎ᠠ ᠪᠠᠲᠤᠯᠠᠬᠤ ᠶᠢᠨ ᠬᠠᠮᠲᠤ᠂ ᠣᠷᠣᠵᠤ ᠢᠷᠡᠬᠦ ᠬᠥᠮᠦᠰ ᠲᠤ ᠪᠡᠶ᠎ᠡ ᠶᠢᠨ | ᠲᠤᠯᠠᠭᠠᠨ ᠤ ᠪᠠᠶᠢᠴᠠᠭᠠᠯᠲᠠ ᠪᠠ ᠡᠷᠡᠭᠦᠯ ᠮᠡᠨᠳᠦ ᠶᠢᠨ ᠺᠣᠳ᠋ ᠤᠨ ᠪᠠᠶᠢᠴᠠᠭᠠᠯᠳᠠ ᠬᠢᠵᠦ᠂ ᠠᠭᠠᠷ ᠰᠠᠯᠬᠢ | ᠨᠡᠪᠲᠡᠷᠡᠭᠦᠯᠬᠦ ᠪᠠ ᠠᠷᠢᠭᠤᠳᠬᠠᠬᠤ ᠠᠵᠢᠯ ᠢ ᠴᠢᠩᠭ᠎ᠠ ᠰᠠᠶᠢᠲᠤᠷ ᠬᠢᠬᠦ ᠶᠢ ᠱᠠᠭᠠᠷᠳᠠᠵᠤ ᠪᠠᠶᠢᠨ᠎ᠠ᠃︾ ᠭᠡᠵᠠᠢ᠃ | | | | | | | | | | ᠣᠳᠣᠬᠠᠨ ᠤ ᠬᠢᠵᠢᠭ ᠤᠨ ᠪᠠᠶᠢᠳᠠᠯ ᠳᠤ ᠴᠢᠭᠯᠡᠭᠦᠯᠦᠨ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ | ᠲᠧᠯᠸᠢᠰ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠮᠤᠭ ᠤᠨ ᠪᠠᠴᠢᠮ᠂ ᠬᠠᠮᠤᠭ ᠤᠨ | ᠴᠢᠬᠤᠯᠠ ᠠᠵᠢᠯ ᠪᠣᠯᠭᠠᠨ ᠠᠳᠬᠤᠵᠤ᠂ ︽ᠣᠯᠠᠨ ᠴᠡᠭ︾ ᠲᠤ ᠬᠢᠨᠠᠯᠲᠠ ᠲᠠᠯᠪᠢᠬᠤ ᠠᠷᠭ᠎ᠠ ᠬᠡᠯᠪᠡᠷᠢ ᠪᠠᠷ ᠡᠯ᠎ᠡ | ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ |