ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ︽ᠣᠯᠠᠨ ᠴᠡᠭ︾ ᠲᠤ ᠬᠢᠨᠠᠯᠲᠠ ᠳᠠᠯᠪᠢᠨ ᠬᠢᠵᠢᠭ ᠤᠨ ᠰᠡᠷᠭᠡᠶᠢᠯᠡᠯᠳᠡ ᠶᠢ  ᠪᠠᠳᠤ ᠠᠳᠬᠤᠵᠤ ᠪᠠᠶᠢᠨ᠎ᠠ
ᠨᠡᠶᠢᠲᠡᠯᠡᠭᠰᠡᠨ ᠴᠠᠭ᠄
2021/1/20

     ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠳᠤᠪᠴᠢᠶ᠎ᠠ ᠪᠠ ᠬᠠᠷᠢᠶ᠎ᠠ ᠡᠯ᠎ᠡ ᠨᠢᠬᠡᠴᠡ ᠶᠢᠨ

ᠬᠠᠤᠯᠢ ᠬᠡᠷᠡᠭᠵᠢᠬᠦᠯᠬᠦ ᠠᠵᠢᠯᠳᠠᠳ᠂ ᠨᠣᠮ ᠤᠨ ᠰᠠᠩ᠂ ᠪᠡᠶ᠎ᠡ ᠴᠢᠭᠢᠷᠠᠭᠵᠢᠭᠤᠯᠬᠤ ᠭᠠᠵᠠᠷ᠂ ᠰᠦᠯᠵᠢᠶᠡᠨ ᠤ ᠪᠠᠭᠠᠷ᠂

KTV  ᠵᠡᠷᠭᠡ ᠬᠦᠮᠦᠨ ᠬᠠᠷ᠎ᠠ ᠤᠯᠠᠨ ᠴᠤᠭᠯᠠᠷᠠᠳᠠᠭ ᠭᠠᠵᠠᠷ ᠤᠷᠤᠨ ᠢᠶᠠᠷ ᠬᠡᠳᠦᠨ ᠡᠳᠦᠷ ᠳᠠᠷᠠᠭᠠᠯᠠᠨ  

ᠭᠦᠨᠵᠡᠭᠡᠶᠢᠷᠡᠨ ᠰᠤᠷᠪᠤᠯᠵᠢᠯᠠᠵᠤ ᠤᠬᠠᠭᠤᠯᠤᠨ᠂ ᠣᠯᠠᠨ ᠲᠠᠯ᠎ᠠ ᠶᠢᠨ ᠬᠢᠨᠠᠯᠲᠠ ᠪᠠᠶᠢᠴᠠᠭᠠᠯᠲᠠ ᠬᠢᠵᠦ ᠬᠢᠵᠢᠭ ᠤᠨ

ᠪᠠᠶᠢᠳᠠᠯ ᠢ ᠬᠠᠮᠲᠤ ᠪᠠᠷ ᠢᠶᠠᠨ ᠰᠡᠷᠭᠡᠶᠢᠯᠡᠨ ᠣᠯᠠᠨ ᠢᠶᠠᠷ ᠢᠶᠠᠨ  ᠡᠵᠡᠮᠳᠡᠵᠦ ᠪᠠᠶᠢᠨ᠎ᠠ᠃

     ᠬᠠᠤᠯᠢ ᠬᠡᠷᠡᠭᠵᠢᠬᠦᠯᠦᠭᠴᠢᠳ ᠦᠳᠡ ᠶᠢᠨ ᠬᠤᠶᠢᠨ᠎ᠠ KTV  ᠵᠤᠭ᠎ᠠ ᠴᠡᠩᠭᠡᠬᠦᠨ ᠤ ᠭᠠᠵᠷ ᠲᠤ ᠬᠦᠷᠴᠦ

ᠪᠠᠶᠢᠴᠠᠭᠠᠯᠲᠠ ᠬᠢᠬᠦ ᠳᠤ ᠶᠠᠭ ᠳᠡᠯᠭᠡᠭᠦᠷ ᠤᠨ ᠠᠮᠠᠷᠠᠬᠤ ᠴᠠᠭ ᠪᠠᠶᠢᠯ᠎ᠠ᠃ ᠠᠳᠡᠬᠢ ᠠᠵᠢᠯᠲᠠᠳ ᠠᠮᠠᠷᠠᠬᠤ ᠴᠠᠭ ᠢᠶᠠᠨ

ᠠᠰᠢᠭᠯᠠᠨ ᠳᠡᠯᠭᠡᠭᠦᠷ ᠤᠨ ᠡᠯ᠎ᠡ ᠣᠷᠣᠨ ᠪᠦᠰᠡ᠂ ᠥᠷᠥᠭᠡ ᠶᠢ ᠪᠦᠬᠦᠨ ᠢ ᠠᠷᠢᠭᠤᠳᠬᠠᠵᠤ ᠪᠡᠯᠡᠳᠬᠡᠯ᠎ᠡ᠃

     KTV  ᠵᠤᠭ᠎ᠠ ᠴᠡᠩᠭᠡᠬᠦᠨ ᠤ ᠭᠠᠵᠷ ᠤᠨ ᠳᠠᠭᠠᠭᠠᠮᠠᠯ  ᠭᠤᠤ ᠰᠢᠶᠤᠤ ᠴᠧᠨ᠄ ︽ᠪᠢᠳᠡ ᠢᠷᠡᠭᠰᠡᠨ

ᠵᠤᠴᠢᠳ ᠢ ᠡᠷᠡᠭᠦᠯ ᠮᠡᠨᠳᠦ ᠶᠢᠨ ᠺᠣᠳ᠋ ᠢᠶᠠᠨ ᠦᠵᠡᠬᠦᠯᠬᠦ ᠶᠢ  ᠱᠠᠭᠠᠷᠳᠠᠨ᠂ ᠠᠷᠢᠭᠤᠳᠬᠠᠯ ᠬᠢᠵᠦ᠂ ᠪᠡᠶ᠎ᠡ ᠶᠢᠨ

ᠳᠤᠯᠠᠭᠠᠨ ᠢ ᠨᠢ ᠬᠡᠮᠵᠢᠵᠦ ᠲᠡᠮᠳᠡᠭᠯᠡᠭᠡᠳ᠂  ᠬᠠᠮᠢᠭ᠎ᠠ ᠠᠴᠠ ᠢᠷᠡᠭᠰᠡᠨ᠂ ᠭᠠᠳᠠᠨ᠎ᠠ ᠣᠷᠣᠨ ᠳᠤ ᠬᠦᠷᠴᠦ

ᠥᠩᠭᠡᠷᠡᠭᠰᠡᠨ ᠡᠰᠡᠬᠦ ᠶᠢ ᠪᠦᠷᠢᠳᠬᠡᠵᠦ ᠪᠠᠷᠠᠭᠰᠠᠨ ᠤ ᠳᠠᠷᠠᠭ᠎ᠠ᠂ ᠲᠣᠭᠲᠠᠭᠰᠠᠨ  ᠠᠵᠢᠯᠳᠠᠨ ᠳᠠᠭᠠᠭᠤᠯᠵᠤ ᠳᠤᠰᠬᠠᠢ

ᠦᠷᠦᠭᠡᠨ ᠳᠤ ᠬᠦᠷᠭᠡᠳᠡᠭ᠃ ᠪᠢᠳᠡ ᠡᠳᠦᠷ ᠪᠦᠷᠢ ᠳᠥᠷᠪᠡ ᠲᠠᠪᠤ ᠤᠳᠠᠭ᠎ᠠ ᠠᠷᠢᠭᠤᠳᠬᠠᠨ᠎ᠠ᠂ ᠵᠣᠴᠢᠨ ᠥᠬᠡᠶ

ᠪᠠᠶᠢᠳᠠᠯ ᠳᠣᠤᠷ᠎ᠠ᠂ ᠨᠢᠭᠡ ᠴᠠᠭ ᠠᠯᠤᠰᠯᠠᠭᠠᠳ ᠨᠢᠭᠡ ᠤᠳᠠᠭ᠎ᠠ ᠠᠷᠢᠭᠤᠳᠬᠠᠯ ᠬᠢᠵᠦ ᠪᠠᠶᠢᠨ᠎ᠠ︾ ᠭᠡᠵᠦ

ᠲᠠᠨᠢᠯᠴᠠᠭᠤᠯᠤᠯ᠎ᠠ᠃

     ᠠᠬᠤᠢ ᠲᠠᠯᠠᠪᠠᠢ ᠶᠢᠨ ᠪᠠᠶᠢᠴᠠᠭᠠᠯᠲᠠ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠠᠶ ᠳᠤ

ᠡᠯ᠎ᠡ ᠲᠠᠯᠠᠪᠤᠷ ᠭᠠᠵᠠᠷ ᠤᠨ ᠡᠵᠡᠩᠨᠡᠭᠴᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ

ᠨᠠᠶᠢᠳᠠᠪᠤᠷᠢᠵᠢᠭᠤᠯᠤᠭᠰᠠᠨ ᠲᠤᠬᠠᠶ ᠲᠠᠨᠢᠯᠴᠠᠭᠤᠯᠭ᠎ᠠ ᠶᠢ ᠰᠣᠨᠣᠰᠴᠤ᠂ ᠦᠨᠡᠨ ᠨᠡᠷ᠎ᠡ ᠪᠠᠷ ᠳᠠᠩᠰᠠᠯᠠᠭᠤᠯᠬᠤ᠂ ᠠᠮᠠᠪᠴᠢ

ᠵᠡᠭᠦᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠠᠷᠢᠭᠤᠳᠬᠠᠬᠤ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ

ᠪᠠᠶᠢᠴᠠᠭᠠᠨ ᠦᠵᠡᠭᠰᠡᠨ ᠪᠥᠭᠡᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠠᠮᠢᠶ᠎ᠠ ᠪᠥᠬᠦᠶ ᠬᠢᠵᠢᠭ ᠢ

ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠠᠶᠢᠯᠪᠤᠷᠢᠯᠠᠪᠠ᠃

     ᠤᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠡᠯ᠎ᠡ ᠲᠠᠯᠠᠪᠤᠷ ᠭᠠᠵᠠᠷ ᠤᠨ ᠬᠢᠨ  ᠠᠮᠠᠪᠴᠢ ᠵᠡᠭᠦᠬᠦ᠂ ᠡᠷᠡᠭᠦᠯ

ᠮᠡᠨᠳᠦ ᠶᠢᠨ ᠺᠣᠳ᠋ ᠶᠢ ᠰᠢᠯᠭᠠᠨ ᠦᠵᠡᠬᠦ᠂ ᠪᠡᠶ᠎ᠡ ᠶᠢᠨ ᠳᠤᠯᠠᠭᠠᠨ ᠬᠡᠮᠵᠢᠬᠦ᠂ ᠦᠨᠡᠨ ᠨᠡᠷ᠎ᠡ ᠪᠠᠷ ᠳᠠᠩᠰᠠᠯᠠᠬᠤ ᠵᠡᠷᠭᠡ

ᠵᠠᠩᠭᠢᠯᠠᠭ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠤᠭᠰᠠᠨ ᠢᠶᠠᠷ ᠪᠠᠷᠠᠬᠤ ᠥᠬᠡᠶ᠂ ᠡᠯ᠎ᠡ ᠭᠠᠵᠠᠷ ᠤᠨ

 ᠬᠢᠨ ᠡᠳᠦᠷ ᠪᠦᠷᠢ ᠪᠠᠰᠠ ᠠᠭᠠᠷ ᠨᠡᠪᠳᠡᠷᠡᠭᠦᠯᠵᠦ᠂ ᠣᠯᠠᠨ ᠨᠡᠶᠢᠲᠡ ᠶᠢᠨ ᠣᠷᠣᠨ ᠪᠦᠰᠡ᠂ ᠲᠣᠨᠤᠭ ᠲᠥᠬᠦᠭᠡᠷᠦᠮᠵᠢ

 ᠳᠤ ᠠᠷᠢᠭᠤᠳᠬᠠᠯ ᠬᠢᠵᠦ᠂ ᠥᠨᠴᠥᠭ ᠪᠤᠯᠤᠩ ᠦᠯᠡᠳᠡᠭᠡᠬᠦ ᠥᠬᠡᠶ ᠠᠷᠢᠭᠤᠳᠬᠠᠬᠤ ᠶᠢ ᠦᠨᠡᠨ ᠬᠦ ᠪᠠᠲᠤᠯᠠᠵᠤ

ᠪᠠᠶᠢᠨ᠎ᠠ᠃

     ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠤ ᠳᠠᠷᠤᠭ᠎ᠠ ᠴᠣᠭᠵᠢᠯᠲᠤ  ᠄ ︽ᠮᠠᠨ

 ᠤ ᠰᠢᠰᠲ᠋ᠧᠮ ᠤᠨ ᠬᠢᠨ ᠠᠶᠢᠮᠠᠭ᠂ ᠬᠤᠰᠢᠭᠤᠨ ᠤ ᠡᠯ᠎ᠡ ᠱᠠᠲᠤᠨ ᠤ ᠵᠢᠯᠣᠭᠤᠳᠬᠤ ᠭᠠᠵᠠᠷ ᠤᠨ ᠱᠠᠭᠠᠷᠳᠠᠯᠭ᠎ᠠ ᠵᠢᠴᠢ

ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ  ᠳᠤᠪᠴᠢᠶᠠᠨ ᠤ ᠬᠤᠯᠪᠣᠭᠳᠠᠯ ᠪᠥᠬᠦᠶ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠰᠢᠰᠲ᠋ᠧᠮ ᠤᠨ ᠠᠵᠢᠯ

ᠲᠥᠷᠥᠯ ᠤᠨ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠠᠬᠢᠨᠲᠠ

ᠪᠣᠳᠠᠲᠠᠶᠢᠵᠢᠭᠤᠯᠵᠤ᠂ ᠴᠢᠩᠭᠠᠷᠠᠭᠤᠯᠵᠤ᠂ ᠨᠠᠷᠢᠯᠢᠭᠵᠢᠭᠤᠯᠵᠠᠢ᠃ ᠰᠦᠯᠵᠢᠶᠡᠨ ᠤ ᠪᠠᠭᠠᠷ᠂ ktv᠂ ᠨᠣᠮ ᠤᠨ ᠰᠠᠩ᠂

ᠰᠣᠶᠣᠯ ᠤᠨ ᠣᠷᠳᠣᠨ ᠵᠢᠴᠢ ᠪᠡᠶ᠎ᠡ ᠴᠢᠭᠢᠷᠠᠭᠵᠢᠭᠤᠯᠬᠤ ᠲᠥᠪ ᠵᠡᠷᠭᠡ ᠲᠠᠯᠠᠪᠤᠷ ᠭᠠᠵᠠᠷ ᠲᠤ ᠴᠢᠭᠯᠡᠭᠦᠯᠦᠨ

ᠭᠥᠯᠢᠶᠡᠨ ᠠᠪᠬᠤ ᠬᠥᠮᠦᠨ ᠤ ᠲᠤᠭ᠎ᠠ ᠶᠢ ᠬᠢᠨᠠᠨ ᠲᠣᠭᠲᠠᠭᠠᠭᠰᠠᠨ ᠬᠥᠮᠦᠨ ᠤ ᠳᠤᠭᠠᠨ ᠤ 75 %   ᠠᠴᠠ

ᠬᠡᠲᠦᠷᠡᠭᠦᠯᠬᠦ ᠥᠬᠡᠶ ᠪᠠᠶᠢᠬᠤ ᠶᠢ ᠴᠢᠩᠭ᠎ᠠ ᠪᠠᠲᠤᠯᠠᠬᠤ ᠶᠢᠨ ᠬᠠᠮᠲᠤ᠂ ᠣᠷᠣᠵᠤ ᠢᠷᠡᠬᠦ ᠬᠥᠮᠦᠰ ᠲᠤ ᠪᠡᠶ᠎ᠡ ᠶᠢᠨ  

ᠲᠤᠯᠠᠭᠠᠨ ᠤ ᠪᠠᠶᠢᠴᠠᠭᠠᠯᠲᠠ ᠪᠠ ᠡᠷᠡᠭᠦᠯ ᠮᠡᠨᠳᠦ ᠶᠢᠨ ᠺᠣᠳ᠋   ᠤᠨ ᠪᠠᠶᠢᠴᠠᠭᠠᠯᠳᠠ ᠬᠢᠵᠦ᠂ ᠠᠭᠠᠷ ᠰᠠᠯᠬᠢ

ᠨᠡᠪᠲᠡᠷᠡᠭᠦᠯᠬᠦ ᠪᠠ ᠠᠷᠢᠭᠤᠳᠬᠠᠬᠤ ᠠᠵᠢᠯ ᠢ ᠴᠢᠩᠭ᠎ᠠ ᠰᠠᠶᠢᠲᠤᠷ ᠬᠢᠬᠦ ᠶᠢ ᠱᠠᠭᠠᠷᠳᠠᠵᠤ ᠪᠠᠶᠢᠨ᠎ᠠ᠃︾ ᠭᠡᠵᠠᠢ᠃

     ᠣᠳᠣᠬᠠᠨ ᠤ ᠬᠢᠵᠢᠭ ᠤᠨ ᠪᠠᠶᠢᠳᠠᠯ ᠳᠤ ᠴᠢᠭᠯᠡᠭᠦᠯᠦᠨ᠂  ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋

ᠲᠧᠯᠸᠢᠰ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠠᠮᠤᠭ ᠤᠨ ᠪᠠᠴᠢᠮ᠂ ᠬᠠᠮᠤᠭ ᠤᠨ

ᠴᠢᠬᠤᠯᠠ ᠠᠵᠢᠯ ᠪᠣᠯᠭᠠᠨ ᠠᠳᠬᠤᠵᠤ᠂ ︽ᠣᠯᠠᠨ ᠴᠡᠭ︾ ᠲᠤ ᠬᠢᠨᠠᠯᠲᠠ ᠲᠠᠯᠪᠢᠬᠤ ᠠᠷᠭ᠎ᠠ ᠬᠡᠯᠪᠡᠷᠢ ᠪᠠᠷ ᠡᠯ᠎ᠡ

ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃

 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠢᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号