ᠬᠢᠵᠢᠭ ᠤᠨ ᠪᠠᠶᠢᠳᠠᠯ ᠢ  ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠬᠢᠵᠦ᠂ ᠠᠶᠠᠨᠴᠢᠳ ᠤᠨ ᠠᠮᠤᠷ ᠲᠦᠪᠰᠢᠨ ᠶᠠᠪᠤᠵᠤ ᠰᠠᠭᠤᠬᠤ ᠶᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2021/1/20

                                ᠰᠡᠷᠭᠦᠯᠡᠩ     ᠰᠠᠶᠢᠬᠠᠨ᠎ᠠ

   

     ᠰᠢᠨ᠎ᠡ ᠵᠢᠯ ᠴᠠᠭᠠᠨ ᠰᠠᠷ᠎ᠠ  ᠣᠶᠢᠷᠠᠳᠴᠤ ᠢᠷᠡᠭᠦᠯᠡᠷ᠂ ᠬᠤᠰᠢᠭᠤ ᠠᠶᠠᠨᠴᠢᠳ ᠤᠨ ᠮᠠᠰᠢᠨ ᠲᠡᠷᠭᠡᠨ ᠤ

ᠥᠷᠲᠡᠭᠡ ᠴᠤ ᠤᠯᠠᠮ ᠶᠠᠭᠠᠷᠠᠯᠳᠠᠢ ᠬᠤᠭᠤᠴᠠᠭᠠᠨ ᠳᠤ ᠤᠷᠤᠭᠰᠠᠨ ᠪᠠᠶᠢᠨ᠎ᠠ᠃ ᠤᠶᠢᠷ᠎ᠠ ᠳᠤ᠂ ᠠᠶᠠᠨᠴᠢᠳ ᠲᠡᠷᠬᠡᠨ

 ᠳᠤ ᠰᠠᠭᠤᠬᠤ ᠳᠤ ᠪᠠᠨ ᠪᠡᠶ᠎ᠡ ᠶᠢᠨ ᠦᠨᠡᠮᠯᠡᠯ ᠢᠶᠠᠷ ᠢᠶᠠᠨ ᠪᠢᠯᠧᠲ ᠬᠤᠳᠠᠯᠳᠤᠨ ᠠᠪᠴᠤ᠂ ᠡᠷᠡᠭᠦᠯ ᠴᠢᠬᠢᠷᠠᠭ ᠤᠨ

ᠺᠤᠳ᠋ ᠪᠤᠯᠤᠨ ᠠᠶᠠᠯᠠᠯ ᠤᠨ ᠺᠣᠳ᠋ ᠢᠶᠠᠨ ᠬᠠᠩᠭᠠᠵᠤ᠂ ᠪᠡᠶ᠎ᠡ ᠶᠢᠨ ᠳᠤᠯᠠᠭᠠᠨ  ᠢᠶᠠᠨ ᠬᠡᠮᠵᠢᠬᠦᠯᠬᠦ ᠴᠢᠬᠤᠯᠲᠠᠢ ᠪᠦᠬᠡᠳ

ᠨᠢᠭᠡ ᠮᠧᠲᠷ ᠤᠨ ᠵᠠᠢ ᠢ ᠪᠠᠷᠢᠮᠲᠠᠯᠠᠨ᠂ ᠬᠢᠵᠢᠭ ᠢ  ᠰᠡᠷᠬᠡᠶᠢᠯᠡᠬᠦ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠨ᠂

ᠡᠮᠬᠢ ᠳᠢᠭᠯᠢᠮ ᠲᠠᠢ  ᠢᠷᠡᠵᠦ ᠶᠠᠪᠤᠵᠦ ᠪᠠᠶᠢᠨ᠎ᠠ᠃

     ᠡᠭᠦᠨ ᠤ ᠬᠠᠮᠳᠤ᠂ ᠲᠡᠷᠭᠡᠨ ᠥᠷᠲᠡᠭᠡᠨ ᠤ ᠠᠵᠢᠯᠲᠠᠨ ᠨᠠᠷ ᠠᠮᠠᠪᠴᠢ ᠪᠠᠨ ᠵᠠᠭᠦᠵᠦ ᠡᠳᠦᠷ ᠪᠣᠯᠭᠠᠨ

ᠪᠡᠶ᠎ᠡ ᠶᠢᠨ ᠳᠤᠯᠠᠭᠠᠨ ᠢᠶᠠᠨ ᠬᠡᠮᠵᠢᠬᠦᠯᠵᠦ ᠳᠠᠩᠰᠠᠯᠠᠭᠤᠯᠤᠨ ᠠᠵᠢᠯ ᠤᠨ ᠪᠠᠶᠢᠷᠢᠨ ᠳᠤ ᠪᠠᠨ ᠭᠠᠷᠴᠤ᠂ ᠨᠢᠭᠡ

ᠡᠳᠦᠷ ᠲᠤ ᠬᠤᠶᠠᠷ ᠤᠳᠠᠭ᠎ᠠ ᠠᠶᠠᠨᠴᠢᠳ ᠤᠨ ᠥᠷᠳᠡᠬᠡᠨ ᠤ ᠦᠨᠴᠦᠭ ᠪᠤᠯᠤᠩ ᠭᠡᠰᠡᠨ ᠦᠬᠡᠢ ᠴᠦᠮ

ᠠᠷᠢᠭᠤᠳᠬᠠᠵᠤ  ᠂ ᠣᠯᠠᠨ  ᠨᠡᠶᠢᠲᠡ ᠶᠢᠨ  ᠵᠤᠷᠯᠤᠩ ᠳᠤ ᠭᠠᠷ ᠤᠬᠢᠶᠠᠬᠤ ᠰᠢᠩᠭᠡᠨ   ᠬᠠᠩᠭᠠᠨ ᠪᠠᠶᠢᠩᠭᠤ

ᠠᠷᠢᠭᠤᠳᠬᠠᠯ ᠬᠢᠵᠦ ᠪᠤᠢ᠂ ᠠᠶᠠᠨᠴᠢᠳ ᠤᠨ ᠮᠠᠰᠢᠨ ᠶᠠᠪᠤᠬᠤ ᠡᠬᠡᠯᠵᠢ  ᠪᠠᠨ ᠮᠡᠳᠡᠬᠦᠯᠬᠦ ᠠᠴᠠ ᠡᠮᠦᠨ᠎ᠡ ᠳᠤᠳᠤᠷ᠎ᠠ

ᠭᠠᠳᠠᠨᠠᠬᠢ ᠶᠢ ᠨᠢ ᠬᠦᠢᠴᠡᠳ ᠠᠷᠢᠭᠤᠳᠬᠠᠵᠤ ᠪᠠᠶᠢᠨ᠎ᠠ᠃ ᠪᠠᠰᠠ ᠲᠡᠷᠭᠡ ᠬᠦᠯᠢᠶᠡᠬᠦ ᠲᠠᠩᠬᠢᠮ ᠤᠨ ᠠᠭᠠᠷ

ᠨᠡᠪᠲᠡᠷᠡᠬᠦ ᠶᠢ ᠪᠠᠳᠤᠯᠠᠵᠤ᠂ ᠲᠤᠰᠠᠭᠠᠷᠯᠠᠨ ᠦᠯᠡᠳᠡᠭᠡᠵᠦ ᠪᠠᠶᠢᠴᠠᠭᠠᠬᠤ ᠲᠠᠰᠤᠭ ᠲᠤᠬᠢᠷᠠᠭᠤᠯᠤᠨ᠂ ᠷᠠᠳᠢᠤ᠋

ᠨᠡᠪᠲᠡᠷᠡᠭᠦᠯᠭᠡ᠂  ᠴᠡᠭᠡᠨ ᠳᠡᠯᠭᠡᠴᠡ᠂ ᠬᠥᠨᠳᠡᠯᠡᠨ ᠪᠢᠴᠢᠭᠡᠰᠦ᠂ ᠤᠬᠠᠭᠤᠯᠭ᠎ᠠ ᠶᠢᠨ ᠰᠠᠮᠪᠠᠷ᠎ᠠ

ᠪᠤᠯᠤᠨ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ  ᠬᠢᠵᠢᠭ ᠢ ᠰᠡᠷᠬᠡᠶᠢᠯᠡᠬᠦ

ᠡᠷᠡᠭᠦᠯ ᠬᠠᠮᠠᠭᠠᠯᠠᠯ ᠤᠨ ᠬᠠᠮᠢᠶᠠᠲᠠᠢ ᠮᠡᠳᠡᠯᠭᠡ ᠶᠢ ᠤᠬᠠᠭᠤᠯᠵᠤ ᠪᠠᠶᠢᠨ᠎ᠠ᠃

     ᠮᠠᠰᠢᠨ ᠲᠡᠷᠬᠡᠨ ᠤ ᠦᠷᠲᠡᠭᠡᠨ ᠤ ᠬᠢᠨ ᠠᠷᠢᠭᠤᠳᠬᠠᠬᠤ᠂ ᠰᠠᠯᠬᠢ  ᠨᠡᠪᠲᠡᠷᠡᠭᠦᠯᠬᠦ᠂  ᠡᠯ᠎ᠡ ᠠᠶᠠᠨᠴᠢᠳ ᠤᠨ

ᠮᠠᠰᠢᠨ ᠲᠡᠷᠬᠡᠨ ᠤ  ᠢᠷᠡᠵᠦ ᠶᠠᠪᠤᠬᠤ ᠶᠢ ᠰᠠᠶᠢᠲᠤᠷ ᠵᠤᠬᠢᠶᠠᠨ ᠪᠠᠶᠢᠭᠤᠯᠬᠤ᠂ ᠠᠵᠢᠯᠲᠠᠨ ᠤ  ᠰᠡᠷᠭᠡᠶᠢᠯᠡᠨ

ᠬᠠᠮᠠᠭᠠᠯᠠᠯᠲᠠ ᠪᠠ ᠤᠬᠠᠭᠤᠯᠭ᠎ᠠ ᠵᠡᠷᠭᠡ  ᠡᠯ᠎ᠡ ᠵᠦᠢᠯ ᠤᠨ ᠠᠵᠢᠯ ᠢ ᠨᠠᠷᠢᠨ ᠬᠢᠵᠦ᠂ ᠬᠢᠵᠢᠭ ᠤᠨ ᠪᠠᠶᠢᠳᠠᠯ ᠢ

ᠰᠡᠷᠬᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠠᠮᠤᠷ ᠲᠥᠪᠰᠢᠨ ᠳᠤ ᠬᠢᠨᠠᠯᠲᠠ ᠲᠠᠯᠪᠢᠬᠤ ᠬᠡᠰᠢᠬᠦᠨ ᠪᠠ ᠪᠠᠴᠢᠮ

ᠪᠠᠶᠢᠳᠠᠯ ᠢ ᠠᠷᠭᠠᠴᠠᠭᠠᠬᠤ ᠪᠠᠭ᠎ᠠ ᠲᠤᠭᠤᠶᠢᠯᠠᠩ ᠢ  ᠲᠤᠬᠢᠷᠠᠭᠤᠯᠵᠤ᠂ ᠡᠳᠦᠷ ᠪᠤᠯᠭᠠᠨ ᠤ ᠠᠶᠠᠨᠴᠢᠳ ᠤᠨ ᠲᠤᠭ᠎ᠠ

ᠪᠣᠯᠤᠨ ᠮᠠᠰᠢᠨ ᠲᠡᠷᠭᠡᠨ ᠤ ᠰᠠᠭᠤᠳᠠᠯ ᠤᠨ ᠨᠣᠷᠮ᠎ᠠ ᠶᠢ ᠱᠠᠭᠠᠷᠳᠠᠯᠭ᠎ᠠ ᠶᠣᠰᠣᠭᠠᠷ ᠬᠢᠵᠠᠭᠠᠷᠯᠠᠬᠤ ᠶᠢᠨ ᠬᠠᠮᠲᠤ

ᠠᠶᠠᠨᠴᠢᠳ ᠤᠨ ᠠᠮᠠᠪᠴᠢ ᠵᠡᠭᠦᠬᠦ ᠨᠣᠷᠮ᠎ᠠ᠂ ᠪᠡᠶ᠎ᠡ ᠶᠢᠨ ᠳᠤᠯᠠᠭᠠᠨ ᠤ ᠬᠡᠮᠵᠢᠯᠲᠡ ᠶᠢᠨ ᠨᠣᠷᠮ᠎ᠠ ᠪᠣᠯᠤᠨ

ᠠᠵᠢᠯᠲᠠᠳ ᠤᠨ ᠠᠮᠠᠪᠴᠢ ᠵᠡᠭᠦᠬᠦ ᠨᠣᠷᠮ᠎ᠠ ᠶᠢ ᠴᠦᠮ 100% ᠳᠤ ᠬᠦᠷᠭᠡᠨ᠂ ᠠᠶᠠᠨᠴᠢᠳ ᠤᠨ ᠠᠮᠤᠷ ᠲᠦᠪᠰᠢᠨ

ᠶᠠᠪᠤᠵᠤ ᠰᠠᠭᠤᠬᠤ ᠶᠢ  ᠪᠠᠳᠤᠯᠠᠵᠤ ᠪᠠᠶᠢᠨ᠎ᠠ᠃

 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号