ᠪᠡᠭᠡᠵᠢᠩ ᠤᠨ ᠪᠠᠭᠰᠢ ᠶᠢᠨ ᠵᠢᠯᠤᠭᠤᠳᠤᠯᠭ᠎ᠠ ᠪᠡᠨ᠎ᠡ ᠲᠠᠢ ᠰᠤᠷᠭᠠᠨ ᠬᠦᠮᠤᠵᠢᠯ ᠢᠶᠠᠷ ᠶᠠᠳᠠᠭᠤ ᠶᠢ ᠳᠡᠳᠬᠦᠬᠦ ᠠᠵᠢᠯ ᠠᠬᠢᠯᠲᠠ ᠰᠠᠶᠢᠨ
ᠨᠡᠶᠢᠲᠡᠯᠡᠭᠰᠡᠨ ᠴᠠᠭ᠄
2021/1/20

                       ᠡᠬᠡ ᠪᠢᠴᠢᠭ᠄ ᠠᠷᠢᠭᠤᠨᠲᠠᠨ᠎ᠠ    ᠵᠢᠷᠤᠭ᠄ ᠭᠡᠭᠡᠨ

 

      ᠰᠤᠷᠭᠠᠭᠤᠯᠢ ᠲᠠᠷᠬᠠᠬᠤ ᠠᠴᠠ ᠡᠮᠦᠨ᠎ᠡ᠂ ᠰᠠᠶᠢᠬᠠᠨᠲᠠᠯ᠎ᠠ ᠪᠠᠯᠭᠠᠰᠤᠨ ᠤ ᠬᠤᠶᠠᠳᠤᠭᠠᠷ ᠬᠡᠤᠬᠡᠳ ᠤᠨ

ᠴᠡᠴᠡᠷᠯᠢᠭ ᠤᠨ ᠪᠢᠴᠢᠬᠠᠨ  ᠪᠦᠦᠪᠡᠢ ᠨᠠᠷ ᠪᠡᠭᠡᠵᠢᠩ ᠬᠤᠳᠠ ᠶᠢᠨ ᠳ᠋ᠠ ᠰᠢᠩ ᠳᠤᠭᠤᠷᠢᠭ ᠠᠴᠠ ᠢᠷᠡᠭᠰᠡᠨ ᠶᠠᠩ

ᠰᠢᠶᠤᠤ ᠴᠢᠩ ᠪᠠᠭᠰᠢ ᠶᠢᠨ ᠤᠷᠠᠨ ᠵᠢᠷᠤᠭ ᠤᠨ ᠬᠢᠴᠢᠶᠡᠯ ᠢ ᠠᠩᠬᠠᠷᠤᠯ ᠢᠶᠠᠨ ᠳᠦᠪᠯᠡᠷᠡᠬᠦᠯᠤᠨ ᠰᠤᠨᠤᠰᠤᠨ᠎ᠠ᠃ ᠶᠠᠩ

ᠰᠢᠶᠤᠤ ᠴᠢᠩ ᠪᠤᠯ ᠨᠢᠭᠡᠨ ᠰᠠᠶᠢᠨ ᠳᠤᠷ᠎ᠡ ᠶᠢᠨ ᠪᠠᠭᠰᠢ ᠪᠠᠶᠢᠵᠤ᠂  ᠮᠠᠨ ᠤ ᠬᠤᠰᠢᠭᠤᠨ ᠳᠤ ᠢᠷᠡᠵᠤ ᠰᠤᠷᠭᠠᠨ

ᠬᠦᠮᠤᠵᠢᠯ ᠢ ᠳᠡᠮᠵᠢᠬᠦ ᠠᠵᠢᠯ ᠢ ᠬᠢᠭᠡᠳ ᠳᠦᠷᠪᠡᠨ ᠰᠠᠷ᠎ᠠ ᠪᠤᠯᠵᠤ  ᠪᠠᠶᠢᠭ᠎ᠠ ᠪᠦᠬᠡᠳ ᠲᠡᠬᠦᠨ ᠤ ᠰᠢᠨ᠎ᠡ ᠰᠡᠪᠡᠭᠦᠨ

ᠵᠢᠭᠠᠨ ᠰᠤᠷᠭᠠᠯᠳᠠ ᠶᠢᠨ ᠠᠷᠭ᠎ᠠ ᠬᠡᠯᠪᠡᠷᠢ ᠨᠢ ᠦᠷᠬᠡᠨ ᠤᠯᠠᠨ ᠪᠠᠭᠰᠢᠨᠠᠷ ᠤᠨ ᠦᠨᠳᠦᠷ ᠦᠨᠡᠯᠡᠯᠳᠡ ᠳᠤ ᠬᠦᠷᠴᠦ

ᠤᠯᠠᠨ ᠬᠡᠤᠬᠡᠳ ᠤᠨ ᠬᠠᠶᠢᠷ᠎ᠠ ᠬᠦᠡᠳᠤᠳᠬᠡᠯ ᠢ ᠤᠯᠤᠭᠰᠠᠨ ᠪᠠᠶᠢᠨ᠎ᠠ᠃

     ᠴᠧᠨ ᠰᠢᠤ ᠮᠧᠢ ᠪᠤᠯ ᠰᠤᠷᠭᠠᠨ ᠬᠦᠮᠤᠵᠢᠯ ᠢ ᠳᠡᠮᠵᠢᠬᠦ ᠠᠵᠢᠯ ᠢ ᠬᠢᠵᠤ ᠪᠠᠶᠢᠭ᠎ᠠ ᠪᠠᠰᠠ ᠨᠢᠭᠡᠨ ᠪᠡᠭᠡᠵᠢᠩ ᠤᠨ

ᠪᠠᠭᠰᠢ ᠪᠤᠯᠤᠨ᠎ᠠ᠃  ᠲᠡᠷᠡ ᠬᠤᠰᠢᠭᠤ ᠳᠦᠷᠪᠡᠳᠤᠭᠡᠷ ᠪᠠᠭ᠎ᠠ ᠰᠤᠷᠭᠠᠭᠤᠯᠢ ᠶᠢᠨ ᠳᠦᠷᠪᠡᠳᠤᠭᠡᠷ ᠤᠨ ᠳᠤ ᠳᠤᠭᠠᠨ ᠤ

ᠤᠬᠠᠭᠠᠨ  ᠵᠢᠭᠠᠳᠠᠭ᠃ ᠴᠧᠨ ᠰᠢᠤ ᠮᠧᠢ ᠪᠠᠭᠰᠢ ᠬᠤᠷᠢᠨ ᠬᠡᠳᠦ ᠤᠳᠠᠭ᠎ᠠ ᠥᠷᠨᠢᠭᠦᠯᠦᠭᠰᠡᠨ ᠲᠤᠭ᠎ᠠ ᠪᠤᠳᠤᠯᠭ᠎ᠠ ᠶᠢᠨ

ᠵᠢᠭᠠᠨ ᠰᠤᠷᠭᠠᠯᠳᠠ ᠶᠢᠨ ᠬᠢᠴᠢᠶᠡᠯ ᠳᠤ ᠪᠠᠨ ᠳᠡᠷᠢᠬᠦᠨ ᠤ ᠳᠤᠷᠰᠢᠯᠭ᠎ᠠ  ᠶᠢ ᠬᠤᠪᠢᠶᠠᠯᠴᠠᠵᠤ᠂ ᠰᠤᠷᠤᠭᠴᠢᠳ ᠲᠠᠢ  

ᠬᠠᠷᠢᠯᠴᠠᠨ ᠬᠥᠳᠡᠯᠦᠯᠴᠡᠭᠰᠡᠨ ᠬᠢᠴᠢᠶᠡᠯ ᠤᠨ ᠠᠭᠤᠷ ᠠᠮᠢᠰᠬᠤᠯ  ᠪᠠᠭᠠᠴᠤᠳ ᠤᠨ ᠰᠤᠷᠤᠯᠴᠠᠬᠤ ᠤᠷᠮ᠎ᠠ ᠪᠠᠬ᠎ᠠ ᠶᠢ

ᠬᠦᠭᠵᠢᠭᠡᠵᠦ ᠪᠠᠶᠢᠳᠠᠭ᠃

      ᠶᠠᠳᠠᠭᠤ ᠠᠴᠠ ᠠᠩᠬᠢᠵᠢᠷᠠᠭᠤᠯᠬᠤ ᠳᠤ ᠡᠳ᠋ ᠪᠤᠳᠠᠰ ᠤᠨ ᠶᠠᠳᠠᠭᠤ ᠬᠤᠭᠤᠰᠤᠨ ᠢ ᠦᠭᠡᠷᠡᠴᠢᠯᠡᠬᠦ ᠪᠠᠷ ᠪᠠᠷᠠᠬᠤ

ᠦᠬᠡᠢ ᠪᠠᠰᠠ ᠡᠷᠴᠢ ᠵᠤᠷᠢᠭ ᠪᠤᠯᠤᠨ ᠤᠶᠤᠨ ᠤᠬᠠᠭᠠᠨ ᠤ ᠲᠠᠯ᠎ᠠ ᠪᠠᠷ ᠳᠡᠳᠬᠦᠬᠦ ᠬᠡᠷᠡᠭᠲᠡᠢ᠃ ᠰᠤᠷᠭᠠᠨ ᠬᠦᠮᠤᠵᠢᠯ ᠢ

ᠳᠡᠮᠵᠢᠵᠤ ᠶᠠᠳᠠᠭᠤ ᠶᠢ ᠳᠡᠳᠬᠦᠬᠦ ᠪᠤᠯ ᠮᠠᠨ ᠤ ᠬᠤᠰᠢᠭᠤᠨ ᠤ ᠶᠠᠳᠠᠭᠤ ᠠᠴᠠ   ᠠᠩᠬᠢᠵᠢᠷᠠᠭᠤᠯᠬᠤ ᠰᠢᠪᠳᠤᠯᠤᠯᠳᠠ

 ᠶᠢᠨ ᠨᠢᠬᠡᠨ ᠴᠢᠬᠤᠯᠠ ᠠᠷᠭ᠎ᠠ ᠵᠠᠮ ᠪᠤᠯᠤᠨ᠎ᠠ᠃ 2018 ᠤᠨ ᠤ 5 ᠰᠠᠷ᠎ᠠ ᠳᠤ  ᠮᠠᠨ ᠤ ᠬᠤᠰᠢᠭᠤ ᠪᠡᠭᠡᠵᠢᠩ

ᠬᠤᠳᠠ ᠶᠢᠨ ᠳ᠋ᠠ ᠰᠢᠩ ᠳᠤᠭᠤᠷᠢᠭ ᠤᠨ ᠰᠤᠷᠭᠠᠨ ᠬᠦᠮᠤᠵᠢᠯ ᠤᠨ ᠵᠦᠪᠯᠡᠯ ᠲᠠᠢ ︽ᠰᠤᠷᠭᠠᠨ ᠬᠦᠮᠤᠵᠢᠯ ᠢ

ᠬᠠᠮᠳᠤᠪᠡᠷ ᠠᠬᠢᠭᠤᠯᠵᠤ ᠶᠠᠳᠠᠭᠤ ᠶᠢ ᠳᠡᠳᠬᠦᠬᠦ ᠬᠡᠯᠡᠯᠴᠡᠭᠡᠷ ᠤᠨ ᠪᠢᠴᠢᠭ  ︾  ᠲᠤᠭᠲᠠᠵᠤ᠂ ᠪᠡᠭᠡᠵᠢᠩ ᠦᠪᠤᠷ

ᠮᠤᠩᠭᠤᠯ ᠤᠨ ᠰᠤᠷᠭᠠᠨ ᠬᠦᠮᠤᠵᠢᠯ ᠤᠨ ᠶᠠᠳᠠᠭᠤ ᠶᠢ ᠳᠡᠳᠬᠦᠬᠦ ᠬᠠᠮᠵᠢᠯᠴᠠᠭᠠᠨ ᠤ ᠠᠵᠢᠯ ᠢ ᠡᠬᠢᠯᠡᠭᠦᠯᠵᠦ᠂ ᠪᠠᠭᠰᠢ

ᠨᠠᠷ ᠤᠨ ᠬᠠᠷᠢᠯᠴᠠᠭ᠎ᠠ ᠰᠤᠯᠢᠯᠴᠠᠭᠠᠨ ᠤ ᠳᠠᠪᠴᠠᠩ ᠪᠠᠶᠢᠭᠤᠯᠵᠤ᠂   ᠤᠷᠢᠳ ᠬᠤᠵᠢᠳ ᠮᠠᠨ ᠤ ᠬᠤᠰᠢᠭᠤᠨ ᠤ

188 ᠪᠠᠭᠰᠢ ᠪᠡᠭᠡᠵᠢᠩ ᠳᠤ ᠬᠦᠷᠴᠦ  ᠰᠤᠷᠤᠯᠴᠠᠨ  ᠂  ᠪᠡᠭᠡᠵᠢᠩ ᠤᠨ 48 ᠰᠢᠯᠢᠳᠡᠭ ᠪᠠᠭᠰᠢ  ᠮᠠᠨ ᠤ

ᠬᠤᠰᠢᠭᠤᠨ ᠳᠤ ᠤᠷᠢᠭᠳᠠᠨ ᠠᠵᠢᠯᠯᠠᠵᠤ᠂ ᠪᠡᠭᠡᠵᠢᠩ ᠦᠪᠤᠷ ᠮᠤᠩᠭᠤᠯ ᠤᠨ ᠬᠠᠮᠳᠤᠷᠠᠯᠴᠠᠭᠠᠨ ᠤ ᠶᠠᠳᠠᠭᠤ ᠶᠢ

ᠳᠡᠳᠬᠦᠬᠦ  ᠠᠵᠢᠯ ᠮᠠᠰᠢ ᠰᠠᠶᠢᠨ ᠦᠷ᠎ᠡ ᠪᠦᠲᠦᠮᠵᠢ ᠤᠯᠵᠤ᠂ ᠰᠤᠷᠭᠠᠨ ᠬᠦᠮᠤᠵᠢᠯ ᠤᠨ ᠳᠡᠩᠴᠡᠬᠦᠷᠢᠲᠠᠢ

ᠬᠦᠭᠵᠢᠯᠲᠡ ᠶᠢ ᠳᠦᠯᠬᠢᠨ ᠠᠬᠢᠭᠤᠯᠤᠭᠰᠠᠨ ᠪᠠᠶᠢᠨ᠎ᠠ᠃

 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠢᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号