ᠮᠠᠨ ᠤ ᠬᠤᠰᠢᠭᠤ ᠬᠢᠵᠢᠭ ᠤᠨ ᠰᠡᠷᠭᠡᠶᠢᠯᠡᠯᠳᠡ ᠶᠢᠨ ᠭᠤᠤᠯᠳᠠᠯᠭ᠎ᠠ ᠲᠠᠢ ᠲᠠᠯᠠᠪᠤᠷ ᠭᠠᠵᠠᠷ ᠪᠠ ᠭᠤᠤᠯᠳᠠᠯᠭ᠎ᠠ ᠲᠠᠢ ᠭᠤᠭᠴᠤᠭᠠᠨ ᠤ ᠠᠷᠢᠭᠤᠳᠬᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠦᠷᠢᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2021/1/20

     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠰᠠᠶᠢᠲᠤᠷ ᠬᠢᠬᠦ ᠶᠢᠨ ᠲᠥᠯᠥᠭᠡ ᠣᠶᠢᠷ᠎ᠠ

 ᠳᠤ᠂ ᠬᠤᠰᠢᠭᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠠᠯᠪᠠᠨ ᠬᠡᠷ ᠠᠴᠠ ᠬᠤᠰᠢᠭᠤ

ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ᠂ ᠠᠵᠤ ᠦᠶᠯᠡᠳᠪᠦᠷᠢ ᠪᠠ ᠮᠡᠳᠡᠭᠡ ᠵᠠᠩᠭᠢᠵᠢᠯᠲᠠ ᠶᠢᠨ

ᠲᠣᠪᠴᠢᠶ᠎ᠠ᠂ ᠠᠷᠢᠭᠤᠳᠬᠠᠨ ᠰᠢᠶᠳᠪᠦᠷᠢᠯᠡᠬᠦ ᠺᠣᠮᠫᠠᠨᠢ ᠶᠢ ᠵᠣᠬᠢᠶᠠᠨ ᠪᠠᠶᠢᠭᠤᠯᠵᠤ᠂ ᠪᠦᠬᠦ ᠬᠤᠰᠢᠭᠤᠨ ᠤ ᠬᠥᠮᠦᠨ

ᠤᠯᠠᠨ  ᠴᠤᠭᠯᠠᠷᠠᠳᠠᠭ ᠭᠤᠤᠯᠳᠠᠯᠭ᠎ᠠ ᠲᠠᠢ ᠲᠠᠯᠠᠪᠤᠷ ᠭᠠᠵᠠᠷ ᠲᠤ᠂ ᠬᠢᠵᠢᠭ ᠢ ᠰᠡᠷᠭᠡᠶᠢᠯᠡᠨ ᠠᠷᠢᠭᠤᠳᠬᠠᠨ

ᠰᠢᠶᠳᠪᠦᠷᠢᠯᠡᠬᠦ ᠪᠠ ᠭᠤᠤᠯᠳᠠᠯᠭ᠎ᠠ ᠲᠠᠢ ᠬᠦᠷᠢᠶᠡᠨ ᠤ ᠠᠵᠢᠯᠲᠠᠨ ᠤ ᠪᠤᠯᠪᠠᠰᠤᠷᠠᠯ ᠦᠷᠨᠢᠬᠦᠯᠵᠡᠢ᠃

      ᠡᠩ ᠲᠡᠷᠢᠬᠦᠨ ᠳᠤ ᠲᠦᠷᠭᠡᠨ ᠬᠦᠷᠭᠡᠯᠳᠡ ᠶᠢᠨ ᠺᠤᠮᠫᠠᠨᠢ ᠳᠤ  ᠂  ᠠᠵᠢᠯᠳᠠᠳ ᠪᠣᠭᠤᠳᠠᠯ ᠪᠠᠭᠯᠠᠭ᠎ᠠ᠂ ᠡᠳ᠋

ᠪᠠᠷᠠᠭ᠎ᠠ ᠵᠦᠬᠡᠬᠡᠪᠦᠷᠢᠯᠡᠬᠦ ᠲᠡᠷᠭᠡ  ᠤᠨᠤᠭ᠎ᠠ ᠶᠢ ᠪᠥᠬᠦ ᠲᠠᠯ᠎ᠠ ᠪᠠᠷ ᠠᠷᠢᠭᠤᠳᠬᠠᠨ᠂ ᠡᠳ᠋ ᠪᠠᠷᠠᠭ᠎ᠠ ᠵᠦᠭᠡᠭᠡᠪᠦᠷᠢᠯᠡᠬᠦ

ᠭᠤᠭᠴᠤᠭᠠᠨ ᠤ ᠠᠮᠤᠷ ᠲᠦᠪᠰᠢᠨ ᠢ ᠦᠨᠡᠨᠬᠦ ᠪᠠᠳᠤᠯᠠᠨ᠂ ᠳᠠᠷᠠᠭ᠎ᠠ ᠨᠢ ᠲᠠᠷᠢᠶᠠᠯᠠᠩ ᠤᠨ ᠠᠷᠠᠯᠵᠢᠶᠠᠨ ᠤ ᠵᠠᠬ᠎ᠠ

ᠳᠡᠯᠭᠡᠭᠦᠷ᠂ ᠬᠡᠲᠦ ᠳᠡᠯᠭᠡᠭᠦᠷ᠂ ᠭᠠᠯᠲᠤ ᠲᠡᠷᠭᠡᠨ ᠥᠷᠲᠡᠭᠡ᠂ ᠠᠬᠠᠮᠠᠳ  ᠺᠠᠳᠠᠷᠴᠤᠳ ᠤᠨ ᠬᠦᠳᠡᠯᠭᠡᠭᠡᠨ ᠤ ᠲᠥᠪ

ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠬᠦᠷᠴᠦ᠂ ᠠᠰᠠᠷ ᠤᠨ ᠱᠠᠳᠤ᠂ ᠭᠤᠳᠤᠮᠵᠢ᠂  ᠱᠠᠯᠠ ᠵᠡᠷᠭᠡ ᠭᠤᠤᠯᠳᠠᠯᠭ᠎ᠠ

 ᠲᠠᠢ ᠭᠠᠵᠠᠷ ᠢ ᠦᠨᠴᠦᠭ ᠪᠤᠯᠤᠩ ᠦᠯᠡᠳᠡᠭᠡᠯ ᠦᠬᠡᠢ ᠠᠷᠢᠭᠤᠳᠬᠠᠯ᠎ᠠ᠃

      ᠬᠦᠷᠦᠭᠰᠡᠨ ᠭᠠᠵᠠᠷ ᠪᠤᠯᠭᠠᠨ ᠳᠤ ᠠᠵᠢᠯᠳᠠᠳ  ᠠᠷᠢᠭᠤᠳᠬᠠᠬᠤ ᠠᠷᠭ᠎ᠠ ᠮᠡᠷᠭᠡᠵᠢᠯ ᠢ ᠪᠡᠶᠡᠴᠢᠯᠡᠨ ᠵᠢᠭᠠᠭᠰᠠᠨ

 ᠤ ᠬᠠᠮᠳᠤ᠂ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠣᠷᠣᠰᠢᠵᠤ ᠪᠠᠶᠢᠭ᠎ᠠ ᠭᠤᠤᠯ ᠪᠣᠯᠬᠤ ᠠᠷᠢᠭᠤᠳᠬᠠᠬᠤ ᠠᠵᠢᠯ

 ᠳᠤ ᠬᠠᠨᠳᠤᠯᠭ᠎ᠠ ᠲᠠᠢ ᠱᠠᠭᠠᠷᠳᠠᠯᠭ᠎ᠠ ᠴᠢᠬᠤᠯᠠᠴᠢᠯᠠᠭ᠎ᠠ ᠳᠤᠷᠠᠳᠴᠤ᠂ ᠠᠷᠢᠭᠤᠳᠬᠠᠬᠤ ᠰᠢᠩᠭᠡᠨ ᠤ ᠪᠦᠷᠢᠯᠳᠦᠬᠦᠨ᠂

ᠬᠡᠷᠡᠭᠯᠡᠬᠦ ᠬᠡᠪᠴᠢᠶ᠎ᠡ᠂ ᠬᠡᠷᠡᠭᠯᠡᠬᠦ ᠠᠷᠭ᠎ᠠ᠂ ᠠᠩᠬᠠᠷᠬᠤ ᠵᠦᠶᠯ᠂ ᠠᠷᠢᠭᠤᠳᠬᠠᠬᠤ ᠰᠢᠩᠭᠡᠨ ᠢ ᠨᠠᠶᠢᠷᠠᠭᠤᠯᠬᠤ ᠬᠠᠷᠢᠴᠠᠯ᠂

ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠷᠢᠭᠤᠳᠬᠠᠬᠤ ᠰᠢᠩᠭᠡᠨ ᠢ

ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠬᠡᠷᠡᠭᠯᠡᠬᠦ ᠲᠤᠬᠠᠶ ᠨᠠᠷᠢᠨ ᠲᠠᠶᠢᠯᠪᠤᠷᠢᠯᠠᠭᠰᠠᠨ ᠪᠠᠶᠢᠨ᠎ᠠ᠃

      ᠪᠣᠯᠪᠠᠰᠤᠷᠠᠯ   ᠨᠢ᠂ ᠡᠯ᠎ᠡ  ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ

ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠣᠯᠠᠨ ᠤ ᠡᠷᠡᠬᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ

 ᠢ ᠦᠨᠡᠨ ᠬᠦ ᠬᠠᠮᠠᠭᠠᠯᠠᠵᠤ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠤᠷᠢᠳᠴᠢᠯᠠᠨ

ᠰᠡᠷᠭᠡᠶᠢᠯᠡᠬᠦ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ

ᠠᠵᠢᠯ ᠳᠤ ᠬᠥᠮᠦᠨ ᠪᠦᠬᠦᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠦᠬᠦ

ᠬᠤᠰᠢᠭᠤᠨ ᠤ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠪᠦᠬᠦᠯᠢ ᠴᠣᠭᠴᠠ ᠶᠢᠨ ᠡᠷᠡᠭᠦᠯ ᠬᠠᠮᠠᠭᠠᠯᠠᠯ ᠤᠨ

ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠳᠤ ᠨᠡᠯᠢᠶᠡᠳ ᠰᠠᠶᠢᠨ ᠠᠬᠢᠭᠤᠯᠬᠤ ᠦᠶᠯᠡᠳᠦᠯ  

ᠦᠵᠡᠬᠦᠯᠵᠡᠢ᠃

 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠢᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号