ᠬᠦᠯᠳᠡᠬᠦᠤ ᠢᠳᠡᠭᠡᠨ ᠤ ᠠᠮᠤᠷ ᠳᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2021/1/20

                    ᠡᠬᠡ ᠪᠢᠴᠢᠭ᠄ ᠠᠷᠢᠭᠤᠨᠲᠠᠨ᠎ᠠ       ᠵᠢᠷᠤᠭ᠄ ᠪᠤᠯᠤᠷᠮ᠎ᠠ

 

     ᠬᠤᠰᠢᠭᠤ ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠤᠯᠲᠠ ᠶᠢᠨ ᠳᠤᠪᠴᠢᠶᠠᠨ ᠤ ᠬᠠᠤᠯᠢ ᠬᠡᠷᠡᠭᠵᠢᠬᠦᠯᠬᠦ

ᠠᠵᠢᠯᠳᠠᠳ ᠤᠶᠢᠷ᠎ᠠ ᠶᠢᠨ ᠡᠳᠦᠷ᠂  ᠠᠵᠤ ᠠᠬᠤᠶᠢᠯᠠᠯ᠂ ᠬᠡᠳᠤ ᠳᠡᠯᠭᠡᠬᠦᠷ ᠪᠠ ᠬᠤᠭᠤᠯᠠᠨ ᠭᠡᠷ ᠵᠡᠷᠭᠡ ᠨᠢᠭᠡᠴᠡ ᠪᠠᠷ

ᠭᠦᠨᠵᠡᠬᠡᠶᠢᠷᠡᠨ᠂ ᠠᠬᠤᠢ ᠲᠠᠯᠠᠪᠠᠢ ᠳᠤ ᠲᠤᠭᠤᠷᠢᠨ ᠦᠵᠡᠬᠦ᠂ ᠪᠠᠶᠢᠳᠠᠯ ᠢ ᠠᠰᠠᠭᠤᠬᠤ᠂ ᠬᠠᠮᠢᠭ᠎ᠠ ᠪᠦᠬᠦᠢ  ᠳᠠᠩᠰᠠ

ᠪᠠᠷᠢᠮᠳᠠ᠂ ᠬᠢᠵᠢᠭ ᠤᠨ ᠪᠠᠶᠢᠴᠠᠭᠠᠯᠳᠠ ᠶᠢᠨ ᠭᠡᠷᠡᠴᠢ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠳᠤ ᠬᠢᠷᠢ

ᠲᠡᠩᠴᠡᠭᠰᠡᠨ ᠭᠡᠷᠡᠴᠢ ᠲᠡᠮᠲᠡᠭ ᠢ ᠦᠵᠡᠬᠦ ᠵᠡᠷᠭᠡ ᠠᠷᠭ᠎ᠠ ᠮᠠᠶ᠋ᠢᠭ ᠢᠶᠠᠷ ᠬᠢᠨᠠᠨ ᠪᠠᠶᠢᠴᠠᠭᠠᠬᠤ ᠬᠦᠴᠤᠯᠡᠴᠡ ᠪᠠᠨ ᠤᠯᠠᠮ

ᠴᠢᠩᠭᠠᠳᠬᠠᠵᠤ ᠪᠠᠶᠢᠬᠤ ᠶᠢᠨ ᠲᠠᠭᠠᠤ ᠨᠡᠩ ᠴᠦ ᠭᠠᠳᠠᠭᠠᠳᠤ ᠠᠴᠠ ᠤᠷᠤᠭᠤᠯᠤᠭᠰᠠᠨ ᠬᠦᠯᠳᠡᠬᠦᠤ ᠢᠳᠡᠭᠡᠨ

ᠪᠤᠷᠤᠯᠠᠭᠤᠯᠵᠤ ᠪᠠᠶᠢᠭ᠎ᠠ ᠬᠡᠳᠤ ᠳᠡᠯᠭᠡᠬᠦᠷ᠂ ᠬᠦᠢᠳᠡᠨ ᠬᠦᠮᠤᠷᠭᠡ᠂ ᠤᠯᠠᠭᠠᠨ ᠢᠳᠡᠭᠡᠨ ᠤ ᠳᠡᠯᠭᠡᠬᠦᠷ ᠵᠡᠷᠭᠡ

ᠬᠤᠳᠠᠯᠳᠤᠭᠠᠨ ᠤ ᠨᠢᠭᠡᠴᠡ ᠶᠢᠨ ᠵᠦᠭᠡᠭᠡᠪᠤᠷᠢᠯᠠᠯᠳᠡ᠂ ᠬᠠᠳᠠᠭᠠᠯᠠᠯᠲᠠ᠂ ᠦᠢᠯᠡᠳᠪᠤᠷᠢᠯᠡᠯ᠂ ᠪᠤᠷᠤᠯᠠᠭᠤᠯᠭ᠎ᠠ ᠵᠡᠷᠭᠡ

ᠡᠯ᠎ᠡ ᠭᠤᠭᠴᠤᠭᠠᠨ ᠳᠠᠬᠢ ᠬᠢᠵᠢᠭ ᠢ ᠰᠡᠷᠬᠡᠶᠢᠯᠡᠨ ᠡᠵᠡᠮᠳᠡᠬᠦ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂

ᠬᠢᠵᠢᠭ ᠢ ᠰᠡᠷᠬᠡᠶᠢᠯᠡᠬᠦ ᠠᠵᠢᠯ ᠢ ᠪᠠᠶᠢᠩᠭᠤᠵᠢᠭᠤᠯᠵᠦ᠂ ᠢᠳᠡᠭᠡᠨ ᠤ ᠠᠮᠤᠷ ᠳᠦᠪᠰᠢᠨ ᠤ ᠰᠡᠷᠬᠡᠶᠢᠯᠡᠯᠳᠡ ᠶᠢᠨ

ᠱᠤᠭᠤᠮ ᠢ  ᠪᠠᠬᠢᠵᠢᠬᠦᠯᠵᠦ ᠪᠠᠶᠢᠨ᠎ᠠ᠃

     ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠤᠯᠳᠠ ᠶᠢᠨ ᠳᠤᠪᠴᠢᠶᠠᠨ ᠤ ᠳᠠᠷᠤᠭ᠎ᠠ ᠬᠦᠩ ᠴᠠᠩ ᠬᠤᠩ᠄ ︽

ᠪᠢᠳᠡ ᠡᠩ ᠳᠡᠷᠢᠬᠦᠨ ᠳᠤ ᠬᠦᠯᠳᠡᠬᠦᠤ ᠢᠳᠡᠭᠡᠨ ᠤ ᠡᠵᠡᠩᠨᠡᠯᠳᠡ ᠶᠢᠨ ᠠᠵᠤ ᠠᠬᠤᠶᠢᠯᠠᠯ ᠢ ᠬᠢᠨᠠᠨ ᠵᠢᠯᠤᠭᠤᠳᠴᠤ᠂

ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯᠴᠢᠨ ᠤ ᠡᠳᠤᠷ ᠪᠦᠷᠢ ᠶᠢᠨ

ᠡᠷᠡᠬᠦᠯ ᠮᠡᠡᠳᠤ ᠶᠢᠨ ᠪᠠᠶᠢᠴᠠᠭᠠᠯᠳᠠ᠂ ᠡᠵᠡᠩᠨᠡᠯᠳᠡ ᠶᠢᠨ ᠲᠠᠯᠠᠪᠤᠷ ᠤᠨ ᠠᠷᠢᠭᠤᠳᠬᠠᠯ ᠵᠡᠷᠭᠡ ᠠᠵᠢᠯ ᠢ ᠰᠠᠶᠢᠳᠤᠷ

ᠬᠢᠵᠤ᠂ ᠬᠦᠯᠳᠡᠬᠦᠤ ᠢᠳᠡᠭᠡᠨ ᠤᠷᠤᠭᠤᠯᠤᠭᠰᠠᠨ ᠰᠢᠯᠭᠠᠨ ᠪᠠᠶᠢᠴᠠᠭᠠᠯᠳᠠ ᠶᠢᠨ ᠭᠡᠷᠡᠴᠢ ᠳᠡᠮᠳᠡᠭ᠂ ᠬᠢᠵᠢᠭ ᠤᠨ

ᠰᠢᠯᠭᠠᠨ ᠪᠠᠶᠢᠴᠠᠭᠠᠯᠲᠠ ᠶᠢᠨ ᠮᠡᠳᠡᠬᠦᠯᠤᠯᠳᠡ ᠵᠡᠷᠭᠡ ᠮᠡᠳᠡᠭᠡ ᠵᠠᠩᠭᠢ ᠪᠠᠨ ᠬᠠᠤᠯᠢ ᠶᠤᠰᠤᠭᠠᠷ ᠴᠠᠭ ᠳᠤᠬᠠᠢ ᠳᠤᠨᠢ

ᠳᠡᠮᠳᠡᠭᠯᠡᠨ ᠬᠠᠳᠠᠭᠠᠯᠠᠬᠤ ᠶᠢ ᠱᠠᠭᠠᠷᠳᠠᠵᠤ᠂ ᠬᠢᠵᠢᠭ ᠤᠨ ᠠᠶᠤᠯ ᠳᠦᠭᠰᠢᠬᠦᠷᠢ ᠶᠢ ᠬᠠᠮᠤᠭ ᠳᠤᠤᠷ᠎ᠠ ᠬᠡᠮᠵᠢᠶᠠᠨ ᠳᠤ

ᠬᠢᠵᠠᠭᠠᠷᠯᠠᠵᠤ ᠪᠠᠶᠢᠨ᠎ᠠ︾᠃

     ᠤᠳᠤᠬᠠᠨ ᠪᠤᠯᠳᠠᠯ᠎ᠠ᠂ ᠬᠤᠰᠢᠭᠤ ᠵᠠᠬ᠎ᠠ ᠳᠡᠯᠭᠡᠬᠦᠷ ᠤᠨ ᠬᠢᠨᠠᠯᠲᠠ ᠬᠠᠮᠢᠶᠠᠷᠤᠯᠳᠠ ᠶᠢᠨ ᠳᠤᠪᠴᠢᠶ᠎ᠠ ᠢᠳᠡᠭᠡᠨ

ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠡᠳᠤᠷ ᠳᠤᠳᠤᠮ ᠤᠨ ᠪᠠᠶᠢᠴᠠᠭᠠᠯᠳᠠ ᠶᠢ ᠨᠡᠶᠢᠳᠡ 1059 ᠤᠳᠠᠭ᠎ᠠ

ᠬᠢᠵᠤ᠂ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠢ 32 ᠤᠳᠠᠭ᠎ᠠ᠂ ᠬᠤᠪᠢ ᠶᠢᠨ ᠡᠵᠡᠩᠨᠡᠯᠳᠡ ᠶᠢᠨ

ᠡᠷᠤᠬᠡ ᠶᠢ 1706 ᠤᠳᠠᠭ᠎ᠠ ᠪᠠᠶᠢᠴᠠᠭᠠᠭᠰᠠᠨ ᠪᠠᠶᠢᠨ᠎ᠠ᠃ ᠳᠠᠷᠠᠭ᠎ᠠ ᠠᠯᠬᠤᠮ ᠳᠤ ᠬᠦᠯᠳᠡᠬᠦᠤ ᠢᠳᠡᠭᠡᠨ ᠤ

ᠪᠠᠶᠢᠴᠠᠭᠠᠯᠳᠠ ᠶᠢᠨ ᠠᠵᠢᠯ ᠢᠶᠠᠨ ᠦᠷᠬᠦᠯᠵᠢᠯᠡᠨ ᠴᠢᠩᠭᠠᠳᠬᠠᠵᠤ᠂ ᠠᠷᠠᠳ ᠤᠯᠠᠨ ᠤ ᠢᠳᠡᠭᠡᠨ ᠤ ᠠᠮᠤᠷ

ᠳᠦᠪᠰᠢᠨ ᠢ ᠪᠠᠲᠤᠯᠠᠬᠤ ᠪᠤᠯᠤᠨ᠎ᠠ᠃

 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号