ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠤᠭᠳᠠᠭᠤᠨ ᠢ ᠪᠠᠳᠤᠯᠠᠨ᠎ᠠ
ᠨᠡᠶᠢᠲᠡᠯᠡᠭᠰᠡᠨ ᠴᠠᠭ᠄
2021/1/20

     ᠰᠢᠨ᠎ᠡ ᠵᠢᠯ ᠴᠠᠭᠠᠨ ᠰᠠᠷ᠎ᠠ ᠣᠶᠢᠷᠠᠳᠴᠤ ᠢᠷᠡᠬᠦ ᠶᠢ ᠳᠠᠭᠠᠯᠳᠤᠨ᠂ ᠤᠶᠢᠷ᠎ᠠ ᠳᠤ᠂ ᠵᠠᠬ᠎ᠠ ᠳᠡᠯᠭᠡᠭᠦᠷ ᠤᠨ

ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠬᠠᠤᠯᠢ  ᠬᠡᠷᠡᠭᠵᠢᠭᠦᠯᠦᠭᠴᠢᠳ ᠪᠠᠷᠠᠭ᠎ᠠ ᠲᠠᠸᠠᠷ ᠤᠨ ᠦᠨ᠎ᠡ

ᠬᠠᠩᠰᠢ ᠳᠤ ᠲᠤᠰᠬᠠᠢ ᠲᠥᠷᠥᠯ ᠤᠨ ᠪᠠᠶᠢᠴᠠᠭᠠᠯᠳᠠ ᠬᠢᠵᠦ ᠪᠠᠶᠢᠨ᠎ᠠ᠃  ᠤᠷᠢᠳ ᠬᠤᠵᠢᠳ ᠶᠢᠨ ᠶᠧ  ᠬᠡᠲᠦ

ᠳᠡᠯᠭᠡᠭᠦᠷ᠂ ᠸᠠᠨ ᠵᠢᠶᠠ ᠹᠦ᠋ ᠬᠡᠳᠦ ᠳᠡᠯᠭᠡᠭᠦᠷ ᠵᠡᠷᠬᠡ ᠬᠤᠳᠠᠯᠳᠤᠭ᠎ᠠ ᠳᠡᠯᠭᠡᠭᠦᠷ ᠢᠶᠠᠷ  ᠭᠦᠨᠵᠡᠭᠡᠶᠢᠷᠡᠨ ᠠᠮᠤ ᠪᠤᠳᠠᠭ᠎ᠠ᠂

ᠲᠣᠰᠣ᠂ ᠮᠢᠬ᠎ᠠ᠂ ᠥᠨᠳᠡᠭᠡ ᠵᠡᠷᠭᠡ ᠣᠯᠠᠨ ᠲᠦᠮᠡᠨ ᠤ ᠠᠮᠢᠳᠤᠷᠠᠯ ᠤᠨ ᠬᠡᠷᠡᠭᠯᠡᠭᠡᠨ ᠤ ᠵᠦᠢᠯ ᠪᠠ ᠬᠢᠵᠢᠭ ᠤᠨ

ᠪᠠᠶᠢᠳᠠᠯ ᠢ  ᠰᠡᠷᠭᠡᠶᠢᠯᠡᠨ  ᠡᠵᠡᠮᠳᠡᠬᠦ ᠬᠡᠷᠡᠭᠰᠡᠯ  ᠂ ᠡᠮ ᠤᠨ ᠵᠦᠢᠯ ᠵᠡᠷᠭᠡ ᠪᠠᠷ ᠭᠤᠣᠯᠳᠠᠯᠭ᠎ᠠ ᠪᠤᠯᠭᠠᠵᠤ᠂ ᠮᠢᠬ᠎ᠠ᠂

ᠰᠣᠩᠭᠢᠨ᠎ᠠ᠂ ᠭᠠ᠂ ᠰᠠᠷᠢᠮᠰᠠᠭ᠂ ᠴᠠᠭᠠᠨ ᠨᠣᠭᠤᠭ᠎ᠠ᠂ ᠯᠤᠤᠪᠠᠩ᠂ ᠲᠥᠮᠥᠰᠥ ᠵᠡᠷᠭᠡ ᠶᠢᠨ ᠦᠨ᠎ᠡ ᠬᠠᠩᠰᠢ ᠶᠢ

ᠦᠰᠭᠡᠭᠰᠡᠨ ᠡᠰᠡᠬᠦ᠂ ᠦᠨ᠎ᠡ ᠬᠠᠩᠰᠢ ᠶᠢ ᠳᠤᠳᠤᠷᠬᠠᠢ ᠨᠠᠭᠠᠭᠰᠠᠨ  ᠪᠠᠶᠢᠬᠤ ᠡᠰᠡᠬᠦ ᠶᠢ  ᠪᠠᠶᠢᠴᠠᠭᠠᠨ ᠦᠵᠡᠵᠠᠢ᠃

     ᠬᠠᠤᠯᠢ  ᠬᠡᠷᠡᠭᠵᠢᠬᠦᠯᠬᠦ ᠠᠵᠢᠯᠳᠠᠨ ᠠᠴᠠ  ᠬᠤᠳᠠᠯᠳᠤᠬ᠎ᠠ ᠡᠵᠡᠩᠨᠡᠭᠴᠢ ᠲᠠᠢ  ᠶᠠᠷᠢᠯᠴᠠᠵᠤ᠂  ᠦᠨ᠎ᠡ

ᠬᠠᠩᠰᠢ ᠶᠢ ᠢᠯᠡ ᠬᠠᠲᠠᠬᠤ ᠳᠦᠷᠢᠮ ᠢ ᠰᠠᠶᠢᠲᠤᠷ ᠨᠠᠶᠢᠳᠠᠪᠦᠷᠢᠵᠢᠭᠤᠯᠵᠤ᠂ ᠪᠠᠷᠠᠭ᠎ᠠ ᠲᠠᠸᠠᠷ ᠤᠨ ᠦᠨ᠎ᠡ ᠬᠠᠩᠰᠢ ᠨᠢ

ᠪᠦᠷᠢᠨ ᠭᠦᠢᠴᠡᠳ᠂  ᠬᠠᠳᠠᠭᠰᠠᠨ ᠠᠭᠤᠯᠭ᠎ᠠ ᠨᠢ ᠦᠨᠡᠨ ᠲᠣᠳᠣᠷᠬᠠᠢ᠂   ᠬᠡᠷᠡᠴᠢ ᠪᠠᠷᠢᠮᠲᠠ ᠨᠢ ᠢᠯᠡ ᠲᠣᠳᠣ

ᠪᠠᠶᠢᠬᠤ ᠶᠢ ᠪᠠᠲᠤᠯᠠᠬᠤ ᠶᠢᠨ ᠬᠠᠮᠲᠤ ᠦᠨᠡᠨᠴᠢ ᠢᠲᠡᠭᠡᠮᠵᠢᠲᠡᠢ ᠡᠵᠡᠩᠨᠡᠬᠦ  ᠶᠢ ᠱᠠᠭᠠᠷᠳᠠᠵᠠᠢ᠃

     ᠣᠶᠢᠯᠠᠭᠠᠭᠰᠠᠨ ᠢᠶᠠᠷ᠂  ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ   ᠬᠢᠨᠠᠨ

ᠪᠠᠶᠢᠴᠠᠭᠠᠯᠲᠠ ᠶᠢ ᠪᠠᠶᠢᠩᠭᠤᠵᠢᠭᠤᠯᠵᠤ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ  

ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠤ ᠠᠮᠠᠷᠬᠠᠨ

ᠡᠭᠦᠰᠳᠡᠭ ᠬᠤᠳᠠᠯ ᠬᠠᠭᠤᠷᠮᠠᠭ ᠪᠣᠷᠣᠯᠠᠭᠤᠯᠭ᠎ᠠ ᠪᠠᠨ ᠠᠬᠢᠭᠤᠯᠬᠤ᠂ ᠬᠤᠳᠠᠯ ᠬᠠᠭᠤᠷᠮᠠᠭ ᠤᠬᠠᠭᠤᠯᠭ᠎ᠠ ᠬᠢᠬᠦ ᠵᠡᠷᠭᠡ

ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ  ᠶᠢ ᠴᠡᠭᠴᠡᠯᠡᠬᠦ ᠪᠠᠶᠢᠴᠠᠭᠠᠯᠲᠠ ᠶᠢᠨ ᠡᠷᠴᠢᠮ ᠢᠶᠠᠨ

ᠴᠢᠩᠭᠠᠷᠠᠭᠤᠯᠵᠤ᠂ ᠬᠢᠵᠢᠭ  ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠨ

ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠪᠠᠶᠢᠨ᠎ᠠ᠃

 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号