ᠶᠠᠮᠠᠷ ᠬᠦᠮᠦᠰ ᠲᠤ ᠸᠠᠺᠼᠢᠨ ᠳᠠᠷᠢᠵᠦ ᠪᠤᠯᠬᠤ ᠪᠤᠢ︖ ᠬᠠᠮᠢᠭ᠎ᠠ ᠤᠴᠢᠵᠦ ᠳᠠᠷᠢᠭᠤᠯᠬᠤ ᠪᠤᠢ︖ ᠡᠷᠡᠭᠦᠯ | ᠪᠤᠰᠤ ᠢᠯᠡᠷᠡᠯ ᠭᠠᠷᠪᠠᠯ ᠶᠠᠭᠠᠬᠢᠬᠤ ᠪᠤᠢ︖ | | — ᠡᠷᠬᠡ ᠰᠦᠷᠳᠦ ᠰᠠᠯᠠᠭ᠎ᠠ ᠮᠦᠴᠢᠷ ᠠᠴᠠ ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ | ᠸᠠᠺᠼᠢᠨ ᠤ ᠳᠤᠯᠤᠭᠠᠨ ᠶᠡᠭᠡ ᠠᠰᠠᠭᠤᠳᠠᠯ ᠳᠤ ᠬᠠᠷᠢᠭᠤᠯᠳᠠ ᠦᠭᠬᠦᠭᠰᠡᠨ ᠨᠢ | | ᠶᠠᠮᠠᠷ ᠬᠦᠮᠦᠰ ᠲᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠵᠦ ᠪᠤᠯᠬᠤ ᠪᠤᠢ︖ | ᠬᠠᠮᠢᠭᠠᠤᠴᠢᠵᠦ ᠳᠠᠷᠢᠭᠤᠯᠬᠤ ᠪᠤᠢ︖ ᠠᠮᠤᠷ ᠳᠦᠪᠰᠢᠨ ᠤ ᠴᠢᠨᠠᠷ ᠨᠢ ᠬᠢᠷᠢ ᠵᠡᠷᠭᠡ ᠪᠠᠶᠢᠭ᠎ᠠ ᠪᠤᠯ︖ ᠦᠨ᠎ᠠ ᠨᠢ | ᠬᠡᠳᠦᠢ ᠪᠠᠶᠢᠬᠤ ᠪᠤᠢ︖ | | ᠤᠯᠠᠨ ᠤ ᠠᠩᠬᠠᠷᠴᠤ ᠪᠠᠶᠢᠭ᠎ᠠ ᠡᠳᠡᠬᠡᠷ ᠬᠠᠯᠠᠮᠰᠢᠯ ᠠᠰᠠᠭᠤᠳᠠᠯ ᠳᠤ ᠴᠢᠭᠯᠡᠬᠦᠯᠦᠨ ᠳᠦᠷᠦ ᠶᠢᠨ ᠶᠠᠪᠤᠳᠠᠯ ᠤᠨ | ᠬᠤᠷᠢᠶᠠᠨ ᠤ ᠬᠤᠯᠪᠤᠭᠠᠯᠠᠨ ᠰᠡᠷᠬᠡᠶᠢᠯᠡᠵᠦ ᠬᠤᠯᠪᠤᠭᠠᠯᠠᠨ ᠡᠵᠡᠮᠳᠡᠬᠦ ᠳᠤᠬᠳᠠᠴᠠ ᠶᠢᠨ ᠬᠢᠨ 19 ᠤ ᠡᠳᠦᠷ ᠰᠤᠨᠢᠨ | ᠮᠡᠳᠡᠭᠡ ᠨᠡᠶᠢᠳᠡᠯᠡᠬᠦ ᠬᠤᠷᠠᠯ ᠬᠢᠵᠦ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠵᠡᠷᠬᠡ ᠰᠠᠯᠠᠭ᠎ᠠ | ᠮᠦᠴᠢᠷ ᠤᠨᠬᠤᠯᠪᠤᠬᠳᠠᠯ ᠪᠦᠬᠦᠢ ᠬᠠᠷᠢᠭᠤᠴᠠᠯᠭᠠᠳᠠᠨ ᠡᠷᠬᠡ ᠰᠦᠷᠳᠦ ᠬᠠᠷᠢᠭᠤᠯᠳᠠ ᠦᠭᠬᠦᠯ᠎ᠠ᠃ | | ᠶᠠᠮᠠᠷ ᠬᠦᠮᠦᠰ ᠲᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠵᠦ ᠪᠤᠯᠬᠤ ᠪᠤᠢ︖ | | ︽ᠡᠪᠤᠯ ᠬᠠᠪᠤᠷ ᠤᠨ ᠤᠯᠠᠷᠢᠯ ᠬᠦᠷᠴᠦ ᠢᠷᠡᠬᠦ ᠳᠠᠰᠢᠷᠠᠮ ᠢᠶᠠᠷ᠂ ᠬᠡᠰᠡᠭ ᠭᠤᠤᠯᠳᠠᠯᠭ᠎ᠠ ᠲᠠᠢ ᠬᠦᠮᠦᠰ ᠲᠤ | ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠳᠠᠷᠢᠬᠤ ᠠᠵᠢᠯ ᠢ ᠦᠷᠨᠢᠬᠦᠯᠦᠨ᠎ᠠ︾ ᠬᠡᠵᠦ | ᠳᠦᠷᠦ ᠶᠢᠨ ᠶᠠᠪᠤᠳᠠᠯ ᠤᠨᠬᠤᠷᠢᠶᠠᠨ ᠤ ᠬᠤᠯᠪᠤᠭᠠᠯᠠᠨ ᠰᠡᠷᠬᠡᠶᠢᠯᠡᠵᠦ ᠬᠤᠯᠪᠤᠭᠠᠯᠠᠨ ᠡᠵᠡᠮᠳᠡᠬᠦ ᠳᠤᠬᠳᠠᠴᠠ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤᠪᠤᠭᠤᠮᠳᠠ ᠰᠢᠪᠳᠤᠯᠬᠤ ᠳᠤᠭᠤᠢᠢᠯᠠᠩ ᠤᠨ ᠸᠠᠺᠼᠢᠨ ᠰᠤᠳᠤᠯᠤᠨ ᠦᠢᠯᠡᠳᠬᠦ | ᠳᠤᠰᠬᠠᠢ ᠠᠩᠬᠢ ᠶᠢᠨ ᠬᠠᠷᠢᠭᠤᠴᠠᠯᠭᠠᠳᠠᠨ᠂ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ | ᠳᠡᠳ᠋ ᠡᠷᠬᠢᠯᠡᠭᠴᠢ ᠼᠧᠩ ᠢ ᠰᠢᠨ ᠬᠡᠯᠡᠬᠦ ᠶᠢᠨ ᠬᠠᠮᠳᠤ᠂ ᠳᠠᠷᠠᠭᠠᠴᠢ ᠶᠢᠨ ᠠᠯᠬᠤᠮ ᠳᠤ ᠬᠠᠯᠳᠠᠪᠤᠷᠢᠯᠠᠬᠳᠠᠬᠤ ᠠᠶᠤᠯ | ᠶᠡᠬᠡᠳᠡᠢ ᠬᠦᠮᠦᠰ ᠲᠤ ︽ᠳᠠᠷᠢᠪᠠᠯ ᠵᠤᠬᠢᠬᠤ ᠬᠦᠮᠦᠰ ᠲᠤ ᠪᠦᠷ ᠳᠠᠷᠢᠬᠤ︾ ᠠᠵᠢᠯ ᠢ ᠠᠯᠢ ᠴᠢᠳᠠᠬᠤ ᠪᠠᠷ | ᠬᠦᠢᠴᠡᠳ ᠬᠢᠵᠦ᠂ ᠨᠦᠬᠦᠴᠡᠯ ᠳᠤ ᠨᠡᠶᠢᠴᠡᠭᠰᠡᠨ ᠬᠦᠮᠦᠨ ᠪᠦᠬᠦᠨ ᠳᠤ ᠴᠠᠬ ᠳᠤᠬᠠᠢ ᠳᠤᠨᠢ ᠪᠦᠷ ᠳᠠᠷᠢᠯᠭ᠎ᠠ | ᠳᠠᠷᠢᠨ᠎ᠠ ᠬᠡᠵᠦ ᠢᠯᠡᠳᠬᠡᠪᠡ᠃ | ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠡᠪᠡᠳᠴᠢᠨ ᠡᠮᠬᠡᠭ ᠢ ᠰᠡᠷᠬᠡᠶᠢᠯᠡᠨ | ᠡᠵᠡᠮᠳᠡᠬᠦ ᠳᠤᠪᠴᠢᠶᠠᠨ ᠤ ᠬᠠᠷᠢᠭᠤᠴᠠᠯᠭᠠᠳᠠᠨ ᠼᠦᠢ ᠭᠠᠩ᠂ ᠤᠳᠤᠬᠠᠨ ᠳᠤ ᠸᠠᠺᠼᠢᠨ ᠳᠠᠷᠢᠬᠤ ᠠᠷᠭ᠎ᠠ ᠪᠤᠳᠤᠯᠭ᠎ᠠ | ᠭᠡᠪᠡᠯ ︽ᠬᠤᠶᠠᠷ ᠠᠯᠬᠤᠮ ᠢᠶᠠᠷ ᠶᠠᠪᠤᠬᠤ︾ ᠳᠦᠰᠦᠯ ᠢ ᠬᠡᠷᠡᠭᠵᠢᠭᠦᠯᠤᠨ᠎ᠡ᠄ ᠨᠢᠬᠡᠳᠦᠬᠡᠷ ᠠᠯᠬᠤᠮ ᠳᠤ᠂ | ᠭᠤᠤᠯᠳᠠᠭᠤ ᠬᠡᠰᠡᠭ ᠭᠤᠤᠯᠳᠠᠯᠭ᠎ᠠ ᠲᠠᠢ ᠬᠦᠮᠦᠰ ᠲᠤ ᠴᠢᠭᠯᠡᠬᠦᠯᠦᠨ᠎ᠠ᠂ᠡᠬᠦᠨ ᠳᠤ ᠭᠠᠳᠠᠨ᠎ᠠ ᠠᠴᠠ ᠤᠷᠤᠭᠤᠯᠬᠤ | ᠬᠦᠢᠳᠡᠨ ᠢᠶᠠᠷ ᠵᠦᠭᠡᠭᠡᠪᠦᠷᠢᠯᠡᠬᠦ ᠪᠠᠷᠠᠭᠠᠨ ᠤ ᠬᠦᠢᠯᠭᠡᠭᠡ᠂ᠪᠤᠭᠤᠮᠳᠠ ᠶᠢᠨ ᠬᠢᠵᠢᠭ ᠰᠢᠯᠭᠠᠨ ᠪᠠᠶᠢᠴᠠᠭᠠᠬᠤ᠂ | ᠤᠩᠭᠤᠴᠠ ᠳᠤ ᠠᠶᠠᠯᠠᠯ ᠵᠢᠯᠤᠭᠤᠳᠬᠤ᠂ ᠠᠭᠠᠷ ᠤᠨ ᠠᠶᠠᠯᠠᠯ ᠤᠨᠤᠢᠢᠯᠡᠴᠢᠯᠡᠭᠡ᠂ ᠳᠦᠬᠦᠬᠡᠢ ᠰᠤᠷᠭᠤᠬ | ᠢᠳᠡᠬᠡᠨ ᠤ ᠵᠠᠬ᠎ᠠ ᠳᠡᠯᠬᠡᠬᠦᠷ᠂ ᠤᠯᠠᠨ ᠨᠡᠶᠢᠳᠡ ᠶᠢᠨ ᠵᠠᠮ ᠬᠠᠷᠢᠯᠴᠠᠭ᠎ᠠ᠂ ᠡᠮ ᠡᠮᠨᠡᠯᠬᠡ ᠡᠪᠡᠳᠴᠢᠨ ᠡᠮᠬᠡᠭ ᠢ | ᠰᠡᠷᠬᠡᠶᠢᠯᠡᠨ ᠡᠵᠡᠮᠳᠡᠬᠦ ᠵᠡᠷᠬᠡ ᠬᠠᠯᠳᠠᠪᠤᠷᠢᠯᠠᠬᠳᠠᠬᠤ ᠠᠶᠤᠯ ᠢᠶᠠᠷ ᠨᠡᠯᠢᠶᠡᠳ ᠶᠡᠭᠡ ᠠᠵᠢᠯᠳᠠᠳ ᠵᠢᠴᠢ ᠳᠤᠮᠳᠠ | ᠦᠨᠳᠦᠷ ᠬᠡᠮᠵᠢᠶᠡᠨ ᠤ ᠬᠠᠯᠳᠠᠪᠤᠷᠢᠯᠠᠬᠤ ᠠᠶᠤᠯ ᠲᠠᠢ ᠤᠯᠤᠰ ᠪᠤᠶᠤ ᠭᠠᠵᠠᠷ ᠤᠷᠤᠨ ᠳᠤ ᠤᠴᠢᠵᠦ ᠠᠵᠢᠯᠯᠠᠵᠦ | ᠰᠤᠷᠤᠯᠴᠠᠬᠤᠬᠦ᠋ᠮᠦᠰ ᠵᠡᠷᠬᠡ ᠶᠢ ᠪᠠᠭᠳᠠᠭᠠᠵᠦ ᠪᠤᠢ᠃ | ᠬᠤᠶᠠᠳᠤᠭᠠᠷ ᠠᠯᠬᠤᠮ ᠳᠤ᠂ ᠸᠠᠺᠼᠢᠨ ᠤ ᠳᠠᠭᠠᠯᠳᠤᠭᠤᠯᠤᠯ ᠨᠦᠬᠦᠴᠡᠯ ᠨᠢ ᠵᠠᠬ᠎ᠠ ᠳᠡᠯᠬᠡᠬᠦᠷ ᠲᠤ ᠭᠠᠷᠬᠤ | ᠵᠦᠪᠰᠢᠶᠡᠷᠡᠯ ᠢ ᠤᠯᠬᠤ ᠪᠤᠶᠤ ᠵᠢᠩᠬᠢᠨᠢ ᠪᠠᠷ ᠵᠠᠬ᠎ᠠ ᠳᠡᠯᠬᠡᠬᠦᠷ ᠲᠤ ᠭᠠᠷᠬᠤ ᠵᠦᠪᠰᠢᠶᠡᠷᠡᠯ ᠢ ᠤᠯᠵᠦ᠂ ᠸᠠᠺᠼᠢᠨ ᠤ | ᠦᠢᠯᠡᠳᠪᠤᠷᠢᠯᠡᠯ ᠤᠨ ᠬᠡᠮᠵᠢᠶ᠎ᠠ ᠠᠯᠬᠤᠮ ᠠᠯᠬᠤᠮ ᠢᠶᠠᠷ ᠨᠡᠮᠡᠭᠳᠡᠬᠦ ᠶᠢᠨ ᠤᠯᠠᠮ ᠢᠶᠠᠷ᠂ ᠡᠮᠬᠢ ᠳᠢᠭᠯᠢᠮ ᠲᠠᠢ ᠪᠠᠷ | ᠳᠠᠷᠢᠯᠭ᠎ᠠ ᠬᠢᠬᠦ ᠠᠵᠢᠯ ᠢ ᠦᠷᠨᠢᠬᠦᠯᠵᠦ᠂ ᠠᠯᠬᠤᠮ ᠠᠯᠬᠤᠮ ᠢᠶᠠᠷ ᠴᠠᠷᠤᠯᠳᠠ ᠶᠢᠨ ᠬᠠᠯᠬᠠᠪᠴᠢ ᠶᠢ ᠴᠤᠬᠴᠠᠯᠠᠨ | ᠪᠠᠶᠢᠭᠤᠯᠵᠦ ᠪᠠᠶᠢᠭᠠᠳ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠤᠯᠤᠰ ᠤᠨ ᠳᠤᠳᠤᠭᠠᠳᠤ ᠳᠠᠬᠢ | ᠬᠠᠯᠳᠠᠪᠤᠷᠢᠯᠠᠯ ᠢ ᠳᠠᠰᠤᠯᠤᠨ᠎ᠠ ᠬᠡᠵᠦ ᠬᠡᠯᠡᠪᠡ᠃ | | | ᠸᠠᠺᠼᠢᠨ ᠢ ᠶᠠᠭᠠᠬᠢᠵᠦ ᠳᠠᠷᠢᠬᠤ ᠪᠤᠢ᠂ ᠬᠠᠮᠢᠭ᠎ᠠ ᠤᠴᠢᠵᠦ ᠳᠠᠷᠢᠭᠤᠯᠬᠤ ᠪᠤᠢ︖ | | ᠼᠦᠢ ᠭᠠᠩ᠂ ᠡᠩ ᠤᠨ ᠪᠠᠶᠢᠳᠠᠯ ᠳᠤᠤᠷ᠎ᠠ᠂ ᠳᠠᠷᠢᠯᠭ᠎ᠠ ᠲᠠᠷᠢᠬᠤ ᠨᠢᠬᠡᠴᠢ ᠶᠢ ᠪᠦᠷ ᠬᠠᠷᠢᠶ᠎ᠠ | ᠳᠤᠭᠤᠷᠢᠬ ᠤᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠳᠦᠪ᠂ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ | ᠬᠤᠷᠢᠶ᠎ᠠ ᠪᠤᠶᠤ ᠶᠡᠷᠦᠩᠬᠡᠶᠢᠯᠡᠭᠰᠡᠨ ᠡᠮᠨᠡᠯᠬᠡ ᠶᠢᠨ ᠬᠤᠷᠢᠶᠠᠨ ᠳᠤ ᠪᠠᠶᠢᠷᠢᠯᠠᠭᠤᠯᠤᠨ᠎ᠠ᠂ ᠡᠯ᠎ᠠ ᠭᠠᠵᠠᠷ ᠤᠷᠤᠨ ᠳᠤ | ᠬᠠᠷᠢᠶ᠎ᠠ ᠳᠤᠭᠤᠷᠢᠬ ᠤᠨ ᠢᠶᠠᠨ ᠳᠤᠳᠤᠷᠠᠬᠢ ᠭᠠᠵᠠᠷ᠂ ᠦᠢᠯᠡᠴᠢᠯᠡᠬᠦ ᠴᠠᠬ ᠢ ᠪᠠᠭᠳᠠᠭᠠᠬᠰᠠᠨ ᠳᠠᠷᠢᠯᠭ᠎ᠠ ᠲᠠᠷᠢᠬᠤ ᠴᠡᠭ | ᠂ ᠳᠠᠷᠢᠯᠭ᠎ᠠ ᠲᠠᠷᠢᠬᠤ ᠨᠢᠬᠡᠴᠢ ᠬᠢᠬᠡᠳ ᠴᠠᠬ ᠢ ᠨᠠᠶᠢᠳᠠᠯᠡᠬᠦ ᠬᠡᠷᠡᠭᠳᠠᠢ ᠭᠡᠵᠦ ᠱᠠᠭᠠᠷᠳᠠᠬᠰᠠᠨ ᠪᠠᠶᠢᠨ᠎ᠠ ᠭᠡᠪᠡ᠃ | | ᠳᠠᠨᠢᠯᠴᠠᠭᠤᠯᠤᠬᠰᠠᠨ ᠢᠶᠠᠷ᠂ ᠳᠠᠷᠢᠯᠭ᠎ᠠ ᠲᠠᠷᠢᠬᠤ ᠠᠵᠢᠯ ᠬᠡᠷᠪᠡ ᠳᠦᠪᠯᠡᠷᠡᠭᠰᠡᠨ ᠨᠢᠬᠡᠴᠢ ᠲᠠᠢ | ᠬᠤᠯᠪᠤᠬᠳᠠᠬᠤ ᠳᠤ ᠬᠦᠷᠪᠡᠯ᠂ ᠪᠠᠰᠠ ᠨᠢᠬᠡ ᠪᠦᠯᠦᠭ ᠳᠦᠷ ᠴᠠᠬ ᠤᠨ ᠳᠠᠷᠢᠯᠭ᠎ᠠ ᠲᠠᠷᠢᠬᠤ ᠴᠡᠭ ᠭᠠᠷᠭᠠᠵᠦ᠂ | ᠲᠤᠬᠠᠢ ᠶᠢᠨ ᠨᠢᠭᠡᠴᠢ ᠳᠤᠨᠢ ᠬᠦᠷᠴᠦ ᠦᠢᠯᠡᠴᠢᠯᠡᠬᠦ ᠶᠢ ᠪᠤᠳᠤᠯᠬᠢᠯᠠᠵᠦ ᠪᠤᠯᠤᠨ᠎ᠠ᠃ ᠡᠬᠦᠨ ᠤ ᠬᠠᠮᠳᠤ᠂ ᠬᠠᠮᠢᠶ᠎ᠠ | ᠪᠦᠬᠦᠢ ᠨᠢᠬᠡᠴᠢ ᠪᠤᠶᠤ ᠬᠤᠪᠢ ᠬᠦᠮᠦᠨ ᠳᠤ ᠮᠡᠳᠡᠭᠳᠡᠯ ᠦᠭᠴᠤ᠂ ᠬᠠᠮᠢᠭ᠎ᠠ ᠬᠦᠷᠴᠦ ᠳᠠᠷᠢᠯᠭ᠎ᠠ ᠲᠠᠷᠢᠬᠤ᠂ ᠬᠡᠵᠢᠶ᠎ᠡ | ᠳᠠᠷᠢᠯᠭ᠎ᠠ ᠲᠠᠷᠢᠬᠤ ᠶᠢ ᠤᠷᠢᠳᠴᠢᠯᠡᠨ ᠪᠤᠯᠵᠤᠵᠦ ᠳᠤᠬᠳᠠᠭᠠᠨ᠎ᠠ᠃ | ᠼᠦᠢ ᠭᠠᠩ᠂ ᠤᠯᠠᠨ ᠢᠶᠠᠷ ᠢᠶᠠᠨ ᠬᠠᠷᠢᠶ᠎ᠠ ᠳᠤᠭᠤᠷᠢᠬ ᠤᠨ ᠢᠶᠠᠨ ᠤᠷᠤᠨ ᠨᠤᠳᠤᠬ ᠤᠨ ᠡᠷᠡᠬᠦᠯ | ᠬᠠᠮᠠᠭᠠᠯᠠᠯ ᠤᠨ ᠵᠠᠰᠠᠬᠵᠠᠬᠢᠷᠭᠠᠨ ᠤ ᠰᠠᠯᠠᠭ᠎ᠠ ᠮᠦᠴᠢᠷ ᠪᠤᠶᠤ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ | ᠪᠠᠶᠢᠭᠤᠯᠤᠮᠵᠢ ᠠᠴᠠ ᠯᠠᠪᠯᠠᠭ᠎ᠠ ᠠᠪᠴᠤ ᠪᠤᠯᠤᠨ᠎ᠠ᠂ ᠪᠠᠰᠠ ᠬᠠᠮᠢᠶ᠎ᠠ ᠪᠦᠬᠦᠢ ᠮᠡᠳᠡᠭᠡ ᠵᠠᠩᠬᠢ ᠶᠢ ᠨᠡᠶᠢᠳᠡᠯᠡᠬᠦ | ᠳᠠᠪᠴᠠᠩ ᠳᠤ ᠠᠩᠬᠠᠷᠤᠯ ᠢᠶᠠᠨ ᠬᠠᠨᠳᠤᠭᠤᠯᠵᠦ ᠪᠤᠯᠤᠨ᠎ᠠ ᠬᠡᠵᠦ ᠢᠯᠡᠳᠬᠡᠪᠡ᠃ | ᠼᠦᠢ ᠭᠠᠩ᠂ ᠳᠠᠷᠢᠯᠭ᠎ᠠ ᠲᠠᠷᠢᠬᠤ ᠳᠤ ᠳᠤᠬᠠᠢ ᠶᠢᠨ ᠭᠠᠵᠠᠷ ᠤᠨ ᠮᠡᠳᠡᠭᠳᠡᠯ ᠤᠨ ᠳᠤᠬᠢᠷᠠᠭᠤᠯᠤᠯᠳᠠ ᠶᠢ | ᠵᠢᠷᠤᠮᠯᠠᠬᠤ ᠬᠡᠷᠡᠭᠳᠡᠢ᠂ ᠵᠢᠱᠢᠶᠡᠯᠡᠪᠡᠯ ᠪᠠᠶ᠎ᠠ ᠶᠢᠨ ᠦᠨᠡᠮᠯᠡᠯ ᠢᠶᠠᠨ ᠠᠪᠴᠤ ᠤᠴᠢᠭᠠᠳ᠂ ᠸᠠᠺᠼᠢᠨ ᠤ ᠳᠠᠩᠰᠠᠯᠠᠯᠳᠠ | ᠳᠡᠮᠳᠡᠭᠯᠡᠯ ᠢ ᠰᠠᠶᠢᠳᠤᠷ ᠬᠢᠬᠦ ᠬᠡᠷᠡᠭᠳᠡᠢ᠃ ᠲᠠᠬᠢᠪᠠᠯ᠂ ᠡᠷᠬᠡᠪᠰᠢ ᠡᠩ ᠤᠨ ᠦᠶ᠎ᠡ ᠳᠤ ᠡᠮ ᠡᠮᠨᠡᠯᠬᠡ ᠶᠢᠨ | ᠪᠠᠶᠢᠭᠤᠯᠤᠮᠵᠢ ᠳᠤ ᠤᠴᠢᠬᠤ ᠱᠠᠭᠠᠷᠳᠠᠯᠭ᠎ᠠ ᠶᠤᠰᠤᠭᠠᠷ ᠬᠤᠪᠢ ᠪᠠᠶ᠎ᠠ ᠶᠢᠨ ᠰᠡᠷᠬᠡᠶᠢᠯᠡᠯᠳᠡ ᠬᠠᠮᠠᠭᠠᠯᠠᠯᠳᠠ ᠵᠡᠷᠬᠡ | ᠲᠠᠯ᠎ᠠ ᠶᠢᠨ ᠠᠵᠢᠯ ᠢ ᠰᠠᠶᠢᠳᠤᠷ ᠬᠢᠬᠦ ᠬᠡᠷᠡᠭᠳᠡᠢ ᠬᠡᠵᠦᠰᠠᠨᠠᠭᠤᠯᠪᠠ᠃ | | ᠸᠠᠺᠼᠢᠨ ᠠᠮᠤᠷ ᠳᠦᠪᠰᠢᠨ ᠪᠠᠶᠢᠬᠤ ᠪᠤᠯ ᠤᠤ︖ | | ᠳᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠬᠡᠶᠢᠯᠡᠵᠦ ᠬᠤᠯᠪᠤᠭᠠᠯᠠᠨ ᠡᠵᠡᠮᠳᠡᠬᠦ | ᠳᠤᠬᠳᠠᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠤᠭᠤᠮᠳᠠ ᠰᠢᠪᠳᠤᠯᠬᠤ ᠳᠤᠭᠤᠢᠢᠯᠠᠩ ᠤᠨ ᠸᠠᠺᠼᠢᠨ | ᠰᠤᠳᠤᠯᠤᠨ ᠦᠢᠯᠡᠳᠬᠦ ᠳᠤᠰᠬᠠᠢ ᠠᠩᠬᠢ ᠶᠢᠨ ᠠᠵᠢᠯᠯᠠᠬᠤ ᠳᠤᠭᠤᠢᠢᠯᠠᠩ ᠤᠨ ᠳᠠᠷᠤᠭ᠎ᠠ᠂ ᠤᠯᠤᠰ ᠤᠨ ᠡᠷᠡᠬᠦᠯ | ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠡᠮᠡᠮᠨᠡᠯᠬᠡ ᠡᠷᠡᠬᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠳᠧᠭ᠌ᠨᠢᠭ | ᠮᠡᠷᠬᠡᠵᠢᠯ ᠤᠨ ᠬᠦᠭᠵᠢᠯᠳᠡ ᠶᠢᠨ ᠰᠤᠳᠤᠯᠭᠠᠨ ᠤ ᠳᠦᠪ ᠤᠨᠡᠷᠬᠢᠯᠡᠭᠴᠢ ᠵᠧᠩ ᠵᠦᠩ ᠸᠧᠢ᠂ 7 ᠰᠠᠷ᠎ᠠ ᠠᠴᠠ | ᠨᠠᠭᠠᠰᠢ᠂ ᠰᠠᠶᠢᠨ ᠳᠤᠷ᠎ᠠ ᠶᠢᠨ ᠪᠠᠶᠢᠬᠤ᠂ ᠪᠠᠶᠢᠳᠠᠯ ᠢ ᠰᠠᠶᠢᠳᠤᠷ ᠤᠢᠢᠯᠠᠭᠠᠬᠤ᠂ ᠵᠦᠪᠰᠢᠶᠡᠷᠡᠭᠰᠡᠨ ᠤᠷᠢᠳᠠᠯ ᠳᠤᠤᠷ᠎ᠠ᠂ | ᠮᠠᠨ ᠤ ᠤᠯᠤᠰ ᠬᠠᠯᠳᠠᠪᠤᠷᠢᠯᠠᠬᠳᠠᠬᠤ ᠠᠶᠤᠯ ᠶᠡᠬᠡᠳᠠᠢ ᠬᠦᠮᠦᠰ ᠲᠤ ᠪᠠᠴᠢᠮ ᠳᠠᠷᠢᠯᠭ᠎ᠠ ᠲᠠᠷᠢᠬᠤ ᠠᠵᠢᠯ ᠢ ᠬᠢᠭᠰᠡᠨ | ᠪᠠᠶᠢᠨ᠎ᠠ᠂ ᠤᠳᠤᠬᠠᠨ ᠳᠤ ᠨᠡᠶᠢᠳᠡ 100 ᠭᠠᠷᠤᠢ ᠳᠦᠮᠡᠨ ᠢᠵᠢ ᠤᠳᠠᠭ᠎ᠠ ᠶᠢᠨ ᠰᠢᠨ᠎ᠠ ᠳᠢᠳᠢᠮᠯᠢᠭ ᠠᠭᠤᠰᠬᠢᠨ | ᠦᠷᠪᠢᠰᠦᠯ ᠤᠨ ᠸᠠᠺᠼᠢᠨ ᠢ ᠪᠠᠴᠢᠮ ᠳᠠᠷᠢᠬᠤ ᠠᠵᠢᠯ ᠢ ᠪᠡᠶᠡᠯᠡᠬᠦᠯᠦᠬᠡᠳ ᠪᠠᠶᠢᠨ᠎ᠠ᠃ ᠡᠷᠡᠭᠦᠯ ᠪᠤᠰᠤ | ᠢᠯᠡᠷᠡᠯ ᠤᠨᠲ᠋ᠤᠬᠠᠢ ᠳᠦᠪ ᠴᠢᠩᠭ᠎ᠠ ᠬᠢᠨᠠᠯᠳᠠ ᠬᠡᠮᠵᠢᠯᠳᠡ ᠪᠠ ᠮᠦᠷᠳᠡᠨ ᠠᠵᠢᠬᠯᠠᠯᠳᠠ ᠬᠢᠭᠡᠳ ᠬᠦᠨᠳᠦ ᠨᠤᠴᠢᠳᠠᠢ | ᠡᠷᠡᠭᠦᠯ ᠪᠤᠰᠤ ᠢᠯᠡᠷᠡᠯ ᠭᠠᠷᠤᠭᠰᠠᠨ ᠶᠠᠪᠤᠳᠠᠯ ᠦᠬᠡᠢ ᠪᠠᠶᠢᠨ᠎ᠠ ᠬᠡᠵᠦ ᠬᠡᠯᠡᠪᠡ᠃ | ᠠᠳᠠᠯᠢ ᠬᠤᠭᠤᠴᠠᠭᠠᠨ ᠳᠤ᠂ ᠪᠠᠴᠢᠮ ᠬᠡᠷᠡᠭᠯᠡᠯᠳᠡ ᠳᠤ ᠬᠡᠷᠡᠭᠯᠡᠬᠦ ᠢᠳᠡᠪᠬᠢ ᠦᠬᠡᠶᠢᠳᠡᠬᠦᠯᠬᠦ ᠸᠠᠺᠼᠢᠨ ᠢ | ᠬᠢᠯᠢ ᠵᠢᠨᠭᠠᠳᠠᠨᠠ Ⅲ ᠬᠤᠭᠤᠴᠠᠭᠠᠨ ᠤ ᠡᠮᠴᠢᠯᠡᠭᠡᠨ ᠤ ᠳᠤᠷᠰᠢᠯᠳᠠ ᠬᠢᠵᠡᠢ᠂ ᠤᠳᠤᠬᠠᠨ ᠪᠤᠯᠳᠠᠯ᠎ᠠ ᠨᠡᠶᠢᠳᠡ 7.5 | ᠳᠦᠮᠡᠨ ᠬᠦᠮᠦᠨ᠂ 15 ᠳᠦᠮᠡᠨ ᠢᠵᠢ ᠤᠳᠠᠭ᠎ᠠ ᠶᠢᠨ ᠬᠦᠮᠦᠨ ᠳᠤ ᠳᠠᠷᠢᠯᠭ᠎ᠠ ᠬᠢᠬᠡᠳ ᠪᠤᠢ᠃ ᠰᠤᠳᠤᠯᠭᠠᠨ ᠳᠤ | ᠬᠠᠷᠠᠭᠤᠯᠤᠬᠰᠠᠨ ᠢᠶᠠᠷ᠂ ᠬᠦᠨᠳᠦ ᠨᠤᠴᠢᠳᠠᠢ ᠠᠮᠤᠷ ᠳᠦᠪᠰᠢᠨ ᠤ ᠬᠡᠮ ᠰᠤᠭᠤᠬ ᠭᠠᠷᠤᠬᠰᠠᠨ ᠦᠬᠡᠢ᠃ | | ᠸᠠᠺᠼᠢᠨ ᠳᠠᠷᠢᠭᠤᠯᠤᠬᠰᠠᠨ ᠤ ᠳᠠᠷᠠᠭ᠎ᠠ ᠡᠷᠡᠭᠦᠯ ᠪᠤᠰᠤ ᠢᠯᠡᠷᠡᠯ ᠭᠠᠷᠪᠠᠯ ᠶᠠᠭᠠᠬᠢᠵᠦ ᠠᠷᠭᠠᠴᠠᠭᠠᠬᠤ ᠪᠤᠢ︖ | | | ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ᠤᠨ ᠡᠮᠨᠡᠯᠬᠡ ᠶᠢᠨ ᠶᠠᠪᠤᠳᠠᠯ | ᠡᠮᠨᠡᠯᠬᠡ ᠵᠢᠨᠬᠠᠮᠢᠶᠠᠷᠤᠯᠳᠠ ᠶᠢᠨ ᠳᠤᠪᠴᠢᠶᠠᠨ ᠤ ᠬᠢᠨᠠᠨ ᠪᠠᠶᠢᠴᠠᠭᠠᠬᠤ ᠳᠤᠰᠬᠠᠢ ᠲᠤᠰᠢᠶᠠᠯᠳᠠᠨ ᠵᠢᠶᠤᠤ ᠶᠠ ᠬᠤᠢ᠂ | ᠤᠳᠤᠬᠠᠨ ᠳᠤ ᠮᠠᠨ ᠤ ᠤᠯᠤᠰ ᠤᠨ ᠠᠵᠢᠬᠯᠠᠵᠦ ᠮᠡᠳᠡᠭᠰᠡᠨ ᠪᠠᠶᠢᠩᠭᠤ ᠳᠤᠬᠢᠶᠠᠯᠳᠤᠬᠤ ᠸᠠᠺᠼᠢᠨ ᠤ ᠡᠷᠡᠭᠦᠯ ᠪᠤᠰᠤ | ᠢᠯᠡᠷᠡᠯ ᠳᠤ ᠭᠤᠤᠯᠳᠠᠭᠤ ᠳᠤᠯᠤᠭᠠᠢ ᠡᠪᠡᠳᠬᠦ᠂ ᠬᠠᠯᠠᠭᠤᠷᠠᠬᠤ᠂ ᠲᠠᠷᠢᠯᠭ᠎ᠠ ᠳᠠᠷᠢᠬᠰᠠᠨ ᠬᠡᠰᠡᠭ ᠨᠢ ᠤᠯᠠᠶᠢᠬᠤ ᠪᠤᠶᠤ | ᠬᠠᠳᠠᠭᠤᠷᠠᠬᠤ ᠵᠡᠷᠬᠡ ᠪᠠᠶᠢᠳᠠᠯ ᠪᠤᠢ᠂ ᠲᠠᠬᠢᠪᠠᠯᠵᠠᠷᠢᠮ ᠬᠦᠮᠦᠨ ᠳᠤ ᠪᠠᠰᠠ ᠬᠠᠨᠢᠶᠠᠬᠤ᠂ ᠬᠤᠭᠤᠯᠠᠨ ᠤ ᠳᠤᠷᠠᠰᠢᠯ | ᠮᠠᠭᠤᠳᠠᠬᠤ᠂ ᠪᠦᠬᠡᠯᠵᠢᠬᠦ᠂ ᠰᠠᠭᠤᠯᠭᠠᠬᠤ ᠵᠡᠷᠬᠡ ᠪᠠᠶᠢᠳᠠᠯ ᠲᠠᠢᠪᠠᠶᠢᠨᠠ ᠬᠡᠵᠦ ᠬᠡᠯᠡᠪᠡ᠃ | ᠲᠠᠨᠢᠯᠴᠠᠭᠤᠯᠤᠬᠰᠡᠨ ᠢᠶᠠᠷ᠂ ᠰᠢᠨ᠎ᠡ ᠳᠢᠳᠢᠮᠯᠢᠭ ᠸᠢᠷᠦ᠋ᠰ ᠤᠨ ᠸᠠᠺᠼᠢᠨ ᠢ ᠲᠠᠷᠢᠬᠤ ᠠᠮᠤᠷ ᠲᠦᠪᠰᠢᠨ ᠤ | ᠪᠠᠳᠤᠯᠠᠭ᠎ᠠ ᠶᠢᠨ ᠠᠵᠢᠯ ᠢ ᠰᠠᠶᠢᠳᠤᠷ ᠬᠢᠬᠦ ᠶᠢᠨ ᠲᠦᠯᠦᠭᠡ᠂ ᠲᠤᠤᠷᠠᠬᠢ ᠭᠡᠳᠤᠨ ᠵᠦᠢᠯ ᠤᠨ ᠠᠷᠭ᠎ᠠ ᠬᠡᠮᠵᠢᠶ᠎ᠡ ᠶᠢ | ᠠᠪᠴᠦ ᠪᠠᠶᠢᠨ᠎ᠠ᠄ ᠨᠢᠭᠡ ᠳᠤ᠂ ᠸᠠᠺᠼᠢᠨ ᠲᠠᠷᠢᠬᠤ ᠴᠡᠭ ᠨᠢ ᠸᠠᠺᠼᠢᠨ ᠲᠠᠷᠢᠬᠤ ᠨᠦᠬᠦᠴᠡᠯ ᠳᠤ ᠨᠡᠶᠢᠴᠡᠬᠦ ᠪᠦᠭᠡᠳ | ᠪᠠᠰᠠ ᠡᠮᠴᠢᠯᠡᠭᠡᠨ ᠤ ᠠᠪᠤᠷᠠᠨ ᠵᠠᠰᠠᠬᠤ ᠨᠦᠬᠦᠴᠡᠯ ᠢ ᠪᠦᠷᠢᠯᠳᠦᠬᠦᠯᠬᠦ ᠬᠡᠷᠡᠭᠳᠠᠢ ᠭᠡᠵᠦ ᠱᠠᠭᠠᠷᠳᠠᠪᠠ︔ ᠬᠤᠶᠠᠷ ᠲᠤ᠂ | ᠡᠯ᠎ᠡ ᠭᠠᠵᠠᠷ ᠤᠨ ᠬᠢᠨ ᠢ ᠸᠠᠺᠼᠢᠨᠲ᠋ᠠᠷᠢᠬᠤ ᠨᠢᠭᠡᠴᠢ ᠶᠢ ᠭᠡᠳᠤᠨ ᠤᠷᠤᠨ ᠪᠦᠰᠡ ᠪᠤᠯᠭᠠᠨ ᠬᠤᠪᠢᠶᠠᠵᠤ᠂ ᠬᠤᠶᠠᠳᠤᠭᠠᠷ | ᠲᠡᠰ ᠠᠴᠠ ᠲᠡᠭᠡᠭᠰᠢᠬᠢ ᠶᠡᠷᠤᠩᠭᠡᠶᠢᠯᠡᠭᠰᠡᠨᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠳᠠᠨ ᠭᠡᠳᠤᠨ ᠲᠠᠷᠢᠬᠤ | ᠨᠢᠭᠡᠴᠢ ᠶᠢᠨ ᠡᠮᠴᠢᠯᠡᠭᠡᠨ ᠤ ᠪᠠᠳᠤᠯᠠᠭ᠎ᠠ ᠶᠢᠨ ᠠᠵᠢᠯ ᠢᠬᠠᠷᠢᠭᠤᠴᠠᠬᠤ ᠬᠡᠷᠡᠭᠳᠠᠢ ᠭᠡᠵᠦ ᠱᠠᠭᠠᠷᠳᠠᠪᠠ᠃ ᠲᠠᠷᠢᠯᠭ᠎ᠠ | ᠲᠠᠷᠢᠭᠤᠯᠬᠤ ᠬᠦᠮᠦᠰ ᠡᠮᠴᠢᠯᠡᠭᠡᠨ ᠤ ᠠᠵᠢᠯᠳᠠᠨ ᠳᠤ ᠪᠡᠶ᠎ᠡ ᠶᠢᠨ ᠡᠷᠡᠬᠦᠯᠮᠠᠨᠳᠤ ᠶᠢᠨ ᠪᠠᠶᠢᠳᠠᠯ ᠢᠶᠠᠨ ᠦᠨᠡᠨ | ᠪᠤᠳᠠᠳᠠᠢ ᠪᠠᠷ ᠲᠤᠰᠬᠠᠵᠤ᠂ ᠲᠠᠷᠢᠯᠭ᠎ᠠ ᠲᠠᠷᠢᠬᠰᠡᠨ ᠤ ᠲᠠᠷᠠᠭ᠎ᠠ ᠲᠠᠷᠢᠬᠤ ᠴᠡᠭ ᠲᠤ 30 ᠮᠢᠨᠦ᠋ᠲ ᠬᠦᠯᠢᠶᠠᠨ | ᠠᠵᠢᠬᠯᠠᠬᠤ ᠬᠡᠷᠡᠭᠳᠠᠢ ᠭᠡᠵᠦ ᠰᠠᠨᠠᠭᠤᠯᠪᠠ᠃ | | ᠸᠠᠺᠼᠢᠨ ᠲᠠᠷᠢᠪᠠᠯ ᠭᠡᠳᠤᠢ ᠬᠤᠭᠤᠴᠠᠭ᠎ᠠ ᠦᠢᠯᠡᠳᠦᠯ ᠦᠵᠡᠭᠦᠯᠵᠦ ᠴᠢᠳᠠᠬᠤ ᠪᠤᠢ︖ | | ᠽᠧᠩ ᠢ ᠰᠢᠨ᠂ ᠰᠢᠨ᠎ᠡ ᠳᠢᠳᠢᠮᠯᠢᠭ ᠸᠢᠷᠦ᠋ᠰ ᠢᠯᠡᠷᠡᠭᠡᠳ ᠨᠢᠭᠡ ᠵᠢᠯ ᠴᠦ ᠪᠤᠯᠤᠭ᠎ᠠ ᠦᠭᠡᠢ ᠪᠠᠶᠢᠨ᠎ᠠ᠂ | ᠡᠶᠢᠮᠦ ᠡᠴᠠᠸᠠᠺᠼᠢᠨ ᠭᠡᠳᠤᠢ ᠤᠷᠳᠤ ᠬᠤᠭᠤᠴᠠᠭ᠎ᠠ ᠪᠠᠷ ᠦᠢᠯᠡᠳᠤᠯ ᠦᠵᠡᠬᠦᠯᠵᠤ ᠲᠠᠶᠢᠯᠬᠦ ᠶᠢ ᠮᠡᠳᠡᠬᠦ ᠦᠭᠡᠢ | ᠪᠠᠶᠢᠬᠰᠠᠭᠠᠷ᠂ ᠬᠡᠪᠡᠴᠤ ᠤᠳᠤᠬᠠᠨ ᠤ ᠲᠤᠭ᠎ᠠ ᠪᠠᠷᠢᠮᠳᠠ ᠳᠤ ᠬᠠᠷᠠᠭᠤᠯᠤᠬᠰᠡᠨ ᠢᠶᠠᠷ᠂ ᠸᠠᠺᠼᠢᠨ ᠤ ᠬᠠᠮᠠᠭᠠᠯᠠᠯᠳᠠ ᠶᠢᠨ | ᠬᠤᠭᠤᠴᠠᠭ᠎ᠠ ᠨᠢ ᠬᠠᠭᠠᠰ ᠵᠢᠯ ᠡᠴᠠᠲ᠋ᠡᠭᠡᠭᠰᠢ ᠪᠠᠶᠢᠬᠤ ᠨᠢ ᠰᠡᠵᠢᠭᠯᠡᠰᠢ ᠦᠭᠡᠢ ᠶᠤᠮ ᠭᠡᠵᠤ ᠬᠡᠯᠡᠪᠡ᠃ | | ᠽᠧᠩ ᠢ ᠰᠢᠨ᠂ ᠡᠨᠡ ᠵᠢᠯ ᠤᠨ ᠲᠡᠭᠡᠷ᠎ᠡ ᠬᠠᠭᠠᠰ ᠵᠢᠯ ᠳᠤ᠂ ᠮᠠᠨ ᠤ ᠤᠯᠤᠰ ᠤᠨ ᠵᠠᠷᠢᠮ ᠸᠠᠺᠼᠢᠨ | Ⅰᠬᠤᠭᠤᠴᠠᠭ᠎ᠠ᠂ Ⅱ ᠬᠤᠭᠤᠴᠠᠭᠠᠨ ᠤ ᠡᠮᠴᠢᠯᠡᠭᠡᠨ ᠤ ᠲᠤᠷᠰᠢᠯᠳᠠ ᠶᠢ ᠡᠬᠢᠯᠡᠬᠦᠯᠵᠤ᠂ ᠮᠠᠰᠢ ᠤᠯᠠᠨ ᠰᠠᠶᠢᠨ | ᠲᠤᠷᠠᠴᠤᠳ ᠤᠷᠤᠯᠴᠠᠪᠠ᠂ ᠲᠤᠭ᠎ᠠ ᠪᠠᠷᠢᠮᠳᠠ ᠳᠤ ᠬᠠᠷᠠᠭᠤᠯᠤᠬᠰᠡᠨ ᠢᠶᠠᠷ᠂ ᠡᠳᠡᠭᠡᠷ ᠰᠠᠶᠢᠨ ᠲᠤᠷᠠᠴᠤᠳ ᠤᠨ | ᠡᠰᠡᠷᠬᠦᠴᠡᠭᠴᠢ ᠪᠡᠶ᠎ᠡ ᠨᠢ ᠮᠦᠨ ᠬᠦ ᠤᠷᠤᠰᠢᠬᠰᠠᠭᠠᠷ ᠪᠠᠶᠢᠨ᠎ᠠ ᠭᠡᠵᠤ ᠲᠠᠨᠢᠯᠴᠠᠭᠤᠯᠪᠠ᠃ | ᠡᠬᠦᠨ ᠠᠴᠠ ᠭᠠᠳᠠᠨ᠎ᠠ ᠮᠠᠰᠢ ᠤᠯᠠᠨ ᠡᠮᠴᠢᠯᠡᠭᠡᠨ ᠤ ᠪᠠᠶᠢᠭᠤᠯᠤᠮᠵᠢ ᠴᠦ ᠡᠷᠡᠬᠦᠯᠵᠢᠭᠡᠳ ᠡᠮᠨᠡᠯᠭᠡ ᠠᠴᠠ | ᠭᠠᠷᠤᠭᠰᠠᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠤᠨ ᠡᠪᠡᠳᠴᠢᠳᠡᠨ ᠳᠤ ᠪᠠᠶᠢᠴᠠᠭᠠᠯᠳᠠ ᠬᠢᠪᠠ᠃ ᠱᠧᠨᠵᠧᠨ | ᠬᠤᠳᠠ ᠶᠢᠨ ᠬᠠᠯᠳᠠᠪᠤᠷᠢᠳᠦ ᠡᠪᠡᠳᠴᠢᠨ ᠤ ᠡᠮᠨᠡᠯᠭᠡ ᠶᠢᠨ ᠬᠤᠷᠢᠶ᠎ᠠ ᠡᠮᠨᠡᠯᠭᠡ ᠠᠴᠠ ᠭᠠᠷᠤᠭᠰᠠᠨ 400 ᠭᠠᠷᠤᠢ | ᠡᠪᠡᠳᠴᠢᠳᠡᠨ ᠳᠤ ᠰᠤᠭᠤᠴᠢᠨᠪᠠᠶᠢᠴᠠᠭᠠᠯᠳᠠ ᠬᠢᠭᠰᠡᠨ ᠤ ᠦᠷ᠎ᠠ ᠳ᠋ᠦᠩ ᠳᠤ᠂ ᠬᠠᠮᠤᠭ ᠡᠷᠳᠡ ᠡᠮᠨᠡᠯᠭᠡ ᠠᠴᠠ | ᠭᠠᠷᠤᠭᠰᠠᠨ ᠡᠪᠡᠳᠴᠢᠳᠡᠨ ᠤ ᠪᠡᠶ᠎ᠠ ᠳᠤ 10 ᠰᠠᠷ᠎ᠠ ᠶᠢᠨ ᠲᠠᠷᠠᠭ᠎ᠠ ᠮᠦᠨ ᠡᠰᠡᠷᠬᠦᠴᠡᠭᠴᠢ ᠪᠡᠶ᠎ᠠ ᠤᠷᠤᠰᠢᠵᠦ | ᠪᠠᠶᠢᠨ᠎ᠠ᠃ | ᠬᠠᠯᠳᠠᠪᠤᠷᠢᠳᠤ ᠲᠠᠬᠰᠢᠭᠤᠷ ᠤᠨ ᠸᠠᠺᠼᠢᠨ ᠰᠢᠭ ᠵᠢᠯ ᠪᠦᠷᠢ ᠨᠢᠭᠡ ᠤᠳᠠᠭ᠎ᠠ ᠲᠠᠷᠢᠬᠤ ᠴᠢᠬᠤᠯᠠᠳᠠᠢ ᠤᠤ︖ | ᠽᠧᠩ ᠢ ᠰᠢᠨ᠂ ᠬᠠᠯᠳᠠᠪᠤᠷᠢᠳᠤ ᠲᠠᠬᠰᠢᠭᠤᠷ ᠤᠨ ᠸᠢᠷᠦ᠋ᠰ ᠤᠨ ᠤᠨᠳᠤᠤᠰᠢᠵᠦ ᠬᠤᠪᠢᠷᠠᠬᠤ ᠨᠢ ᠲᠦᠷᠭᠡᠨ ᠠᠴᠠ | ᠪᠤᠯᠵᠤ ᠸᠠᠺᠼᠢᠨ ᠢ ᠴᠠᠭ ᠲᠤᠬᠠᠢ ᠳᠤᠨᠢ ᠲᠤᠬᠢᠷᠠᠭᠤᠯᠬᠤ ᠭᠡᠷᠡᠭᠳᠠᠢ᠂ ᠬᠠᠷᠢᠨ ᠬᠠᠯᠳᠠᠪᠤᠷᠢᠳᠤ ᠲᠠᠬᠰᠢᠭᠤᠷ ᠤᠨ | ᠸᠠᠺᠼᠢᠨ ᠤ ᠬᠠᠮᠠᠭᠠᠯᠠᠯᠳᠠ ᠵᠢᠨᠬᠤᠭᠤᠴᠠᠭ᠎ᠠ ᠨᠢ ᠨᠢᠭᠡ ᠵᠢᠯ ᠭᠡᠰᠡᠨ ᠦᠭᠡ ᠪᠢᠰᠢ᠃ ᠤᠳᠤᠬᠠᠨ ᠤ ᠪᠠᠶᠢᠳᠠᠯ ᠢ | ᠦᠨᠳᠤᠰᠤᠯᠡᠨ ᠵᠢᠱᠢᠪᠡᠯ᠂ ᠬᠠᠭᠠᠰ ᠵᠢᠯ ᠪᠤᠶᠤ ᠨᠢᠭᠡ ᠵᠢᠯ ᠳᠤ ᠲᠠᠬᠢᠨᠳᠠ ᠸᠠᠺᠼᠢᠨ ᠲᠠᠷᠢᠬᠤ ᠪᠤᠯᠤᠯᠴᠠᠭ᠎ᠠ ᠦᠭᠡᠢ | ᠭᠡᠵᠤ ᠬᠡᠯᠡᠪᠡ᠃ | | ᠸᠠᠺᠼᠢᠨ ᠤ ᠦᠨ᠎ᠡ ᠨᠢ ᠭᠡᠳᠦᠢ ᠪᠤᠢ︖ | | ᠵᠧᠩ ᠵᠦᠩ ᠸᠧᠢ᠂ ᠸᠠᠺᠼᠢᠨ ᠤ ᠦᠨ᠎ᠡ ᠬᠠᠨᠭ᠍ᠰᠢ ᠨᠢ ᠡᠩ ᠲᠡᠷᠢᠬᠦᠨ ᠳᠤ ᠠᠵᠤ ᠠᠬᠤᠢᠢᠯᠠᠯ ᠢᠶᠠᠷ ᠭᠤᠤᠯ | ᠴᠤᠬᠴᠠ ᠪᠤᠯᠭᠠᠬᠰᠡᠨ ᠪᠤᠯᠪᠠᠴᠤ ᠭᠡᠳᠤᠨ ᠵᠠᠷᠴᠢᠮ ᠢ ᠪᠠᠰᠠ ᠡᠷᠬᠡᠪᠰᠢ ᠵᠢᠷᠤᠮᠯᠠᠬᠤ ᠭᠡᠷᠡᠭᠳᠠᠢ᠂ ᠨᠢᠭᠡᠳᠤᠭᠡᠷ ᠲᠤ᠂ | ᠤᠯᠠᠨ ᠨᠠᠶᠢᠳᠠ ᠶᠢᠨ ᠦᠢᠯᠡᠳᠭᠦᠨ ᠤ ᠰᠢᠨᠵᠢ ᠴᠢᠨᠠᠷ ᠤᠨ ᠵᠠᠷᠴᠢᠮ ᠪᠤᠯᠤᠨ᠎ᠡ᠃ ᠤᠯᠠᠨ ᠨᠠᠶᠢᠳᠠ ᠶᠢᠨ ᠦᠢᠯᠡᠳᠭᠦᠨ ᠤ | ᠰᠢᠨᠵᠢ ᠴᠢᠨᠠᠷ ᠲᠠᠢ ᠪᠤᠯᠬᠤᠷ ᠡᠴᠤᠰ ᠤᠨ ᠦᠨ᠎ᠡ ᠲᠤᠬᠳᠠᠭᠠᠬᠤ ᠦᠨᠳᠤᠰᠤᠯᠡᠯ ᠨᠢ ᠦᠪᠡᠷ ᠤᠨᠦᠷᠳᠡᠭ ᠪᠠᠶᠢᠬᠤ | ᠶᠤᠰᠤᠳᠠᠢ ᠭᠡᠵᠤ ᠢᠯᠡᠳᠭᠡᠪᠡ᠃ | ᠵᠧᠩ ᠵᠦᠩ ᠸᠧᠢ᠂ ᠦᠢᠯᠡᠳᠪᠤᠷᠢᠯᠡᠯ ᠤᠨ ᠬᠡᠪᠴᠢᠶ᠎ᠡ ᠪᠠ ᠭᠡᠷᠡᠭᠯᠡᠭᠦ ᠬᠡᠪᠴᠢᠶᠠᠨ ᠤ ᠦᠷᠭᠡᠵᠢᠬᠦ ᠶᠢ | ᠲᠠᠭᠠᠯᠳᠤᠨ᠂ ᠸᠠᠺᠼᠢᠨ ᠤ ᠦᠨ᠎ᠡ ᠬᠠᠨᠭ᠍ᠰᠢ ᠴᠦ ᠬᠤᠪᠢᠷᠠᠯᠳᠠ ᠲᠠᠢ ᠪᠤᠯᠤᠨ᠎ᠡ᠃ ᠸᠠᠺᠼᠢᠨ ᠤ ᠲᠠᠭᠠᠯᠳᠤᠭᠤᠯᠤᠯ | ᠨᠦᠬᠦᠴᠡᠯ ᠨᠢ ᠵᠠᠬᠠᠲ᠋ᠡᠯᠭᠡᠬᠦᠷ ᠲᠤ ᠭᠠᠷᠬᠤ ᠵᠦᠪᠰᠢᠶᠡᠷᠡᠯ ᠢ ᠤᠯᠪᠠᠯ᠂ ᠬᠠᠷᠠᠭᠠᠯᠵᠠᠬᠰᠠᠨ ᠦᠨ᠎ᠡ ᠬᠠᠨᠭ᠍ᠰᠢ ᠶᠢᠨ | ᠲᠤᠬᠳᠠᠴᠠ ᠶᠢ ᠪᠦᠷᠢᠯᠳᠦᠬᠦᠯᠬᠦᠪᠤᠯᠤᠨᠡ ᠭᠡᠵᠤ ᠬᠡᠯᠡᠪᠡ᠃ | | ᠸᠠᠺᠼᠢᠨ ᠢ ᠲᠠᠷᠢᠬᠰᠡᠨ ᠤ ᠲᠠᠷᠠᠭ᠎ᠠ ᠪᠠᠰᠠ ᠬᠤᠪᠢ ᠬᠦᠮᠦᠨ ᠤ ᠰᠡᠷᠭᠡᠶᠢᠯᠡᠯᠳᠡ ᠬᠠᠮᠠᠭᠠᠯᠠᠯᠳᠠ ᠶᠢ | ᠰᠠᠶᠢᠳᠤᠷ ᠬᠢᠬᠦᠴᠢᠬᠤᠯᠠᠳᠠᠢ ᠤᠤ︖ | | ᠽᠧᠩ ᠢ ᠰᠢᠨ᠂ ᠤᠳᠤᠬᠠᠨ ᠪᠤᠯᠳᠠᠯ᠎ᠡ᠂ ᠶᠠᠮᠠᠷᠪᠠ ᠸᠠᠺᠼᠢᠨ ᠤ ᠬᠠᠮᠠᠭᠠᠯᠠᠯᠳᠠ ᠶᠢᠨ ᠨᠤᠷᠮ᠎ᠡ ᠨᠢ ᠵᠠᠭᠤᠨ ᠤ | ᠵᠠᠭᠤ ᠳᠤ ᠬᠦᠷᠴᠦ ᠲᠠᠶᠢᠯᠬᠦ ᠦᠭᠡᠢ ᠪᠠᠶᠢᠨ᠎ᠠ᠂ ᠡᠶᠢᠮᠤ ᠠᠴᠠ᠂ ᠸᠠᠺᠼᠢᠨ ᠢ ᠲᠠᠷᠢᠬᠰᠡᠨ ᠤ ᠲᠠᠷᠠᠭ᠎ᠠ ᠰᠡᠷᠭᠡᠶᠢᠯᠡᠯᠳᠡ | ᠬᠠᠮᠠᠭᠠᠯᠠᠯᠳᠠ ᠵᠢᠨᠠᠷᠭ᠎ᠠ ᠬᠡᠮᠵᠢᠶ᠎ᠡ ᠪᠠᠨ ᠰᠤᠯᠠᠷᠠᠭᠤᠯᠬᠤ ᠦᠭᠡᠢ ᠪᠠᠶᠢᠪᠠᠯ ᠰᠠᠶ᠋ᠢ ᠠᠮᠤᠷ ᠲᠦᠪᠰᠢᠨ ᠢ ᠨᠡᠩ ᠰᠠᠶᠢᠨ | ᠪᠠᠳᠤᠯᠠᠵᠤ ᠴᠢᠳᠠᠨ᠎ᠡ᠃ ᠸᠠᠺᠼᠢᠨ ᠢ ᠲᠠᠷᠢᠬᠰᠡᠨ ᠤ ᠲᠠᠷᠠᠭ᠎ᠠ᠂ ᠤᠯᠠᠨ ᠢᠶᠠᠷ ᠢᠶᠠᠨ ᠠᠮᠠᠪᠴᠢ ᠵᠡᠬᠦᠬᠦ᠂ ᠭᠠᠷ ᠢᠶᠠᠨ | ᠦᠷᠬᠦᠯᠵᠢ ᠤᠬᠢᠶᠠᠬᠤ᠂ ᠨᠡᠶᠢᠭᠡᠮ ᠤᠨᠬᠠᠷᠢᠯᠴᠠᠭᠠᠨ ᠤ ᠵᠠᠢ ᠪᠠᠨ ᠪᠠᠳᠤᠯᠬᠠᠤ ᠵᠡᠷᠭᠡ ᠰᠠᠶᠢᠨ ᠰᠠᠶᠢᠬᠠᠨ ᠲᠠᠳᠬᠠᠯ ᠢ | ᠪᠠᠭᠳᠠᠭᠠᠬᠰᠡᠨ ᠬᠤᠪᠢ ᠬᠦᠮᠦᠨ ᠤ ᠰᠡᠷᠭᠡᠶᠢᠯᠡᠯᠳᠡ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠪᠠᠨ ᠦᠷᠬᠦᠯᠵᠢᠯᠡᠨ | ᠪᠠᠳᠤᠯᠠᠬᠤ ᠶᠢ ᠱᠠᠭᠠᠷᠳᠠᠵᠤ ᠪᠠᠶᠢᠨ᠎ᠡ ᠭᠡᠵᠤ ᠬᠡᠯᠡᠪᠡ᠃ | ︵ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠡ ᠶᠢᠨ 19 ᠤ ᠴᠠᠬᠢᠯᠭᠠᠨ ᠮᠡᠳᠡᠭᠡ ᠠᠴᠠ︶ |