ᠡᠭᠡ ᠤᠯᠤᠰ ᠤᠨ ᠭᠠᠵᠠᠷ ᠪᠥᠬᠦᠨ ᠳᠤ ᠲᠤᠭ ᠢᠶᠠᠨ ᠨᠠᠮᠢᠷᠠᠭᠤᠯᠤᠭᠰᠠᠨ ᠨᠢ ︵ᠬᠤᠶᠠᠷ︶
ᠨᠡᠶᠢᠲᠡᠯᠡᠭᠰᠡᠨ ᠴᠠᠭ᠄
2021/1/22
     2012 ᠤᠨ ᠳᠤ ᠪᠡᠭᠡᠵᠢᠩ ᠤᠨ ᠲᠢᠶᠠᠨ ᠠᠨ ᠮᠧᠨ ᠲᠠᠯᠠᠪᠠᠢ ᠳᠤ ᠤᠯᠤᠰ ᠤᠨ ᠲᠤᠭ ᠢ ᠬᠠᠮᠠᠭᠠᠯᠠᠬᠤ ᠠᠩᠭᠢ ᠳᠤ ᠲᠤᠬᠤᠨᠢᠭᠤᠯᠤᠯ ᠤᠨ ᠲᠤᠭᠯᠠᠯᠲᠠ ᠭᠠᠷᠭᠠᠵᠤ ᠬᠠᠮᠲᠥ ᠶᠢᠨ ᠲᠤᠷᠠᠰᠬᠠᠯ ᠥᠯᠡᠲᠡᠭᠡᠪᠡ
      2014 ᠤᠨ ᠤ 8 ᠰᠠᠷ᠎ᠠ ᠳᠤ ᠤᠯᠠᠭᠠᠨᠮᠥ᠋ᠴᠢᠷ ᠤᠨ ᠲᠤᠭᠯᠠᠭᠴᠢᠳ ᠶᠥᠨᠨᠡᠨ ᠤ ᠺᠥᠨᠮᠢᠩ ᠳᠤ ᠬᠥᠷᠴᠤ᠂ ︽ᠪᠥᠬᠦ ᠤᠯᠤᠰ ᠤᠨ ᠠᠭᠤᠯᠠᠨ ᠭᠠᠵᠠᠷ ᠤᠨ ᠠᠷᠠᠳ ᠤᠨ ᠲᠠᠭᠤᠨ ᠤ ᠥᠵᠡᠬᠦᠯᠤᠯᠭᠡ ᠵᠢᠴᠢ ᠶᠥᠨᠨᠡᠨ ᠮᠤᠵᠢ ᠶᠢᠨ ᠬᠤᠶᠠᠲᠤᠭᠠᠷ ᠬᠤᠭᠤᠴᠠᠭᠠᠨ ᠤ ᠶᠠᠩ ᠯᠢᠤ ᠱᠠᠨ ᠠᠭᠤᠯᠠᠨ ᠭᠠᠵᠠᠷ ᠤᠨ ᠠᠷᠠᠳ ᠤᠨ ᠲᠠᠭᠤᠨ ᠤ ᠤᠷᠤᠯᠲᠤᠭᠠᠨ︾ ᠎ ᠳᠤ ᠲᠡᠷᠢᠬᠦᠨ ᠤ ᠱᠠᠩ ᠬᠥᠷᠲᠡᠪᠡ
     2016 ᠤᠨ ᠳᠤ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠶᠠᠨ ᠠᠨ ᠳᠤ ᠬᠥᠷᠴᠤ᠂ ︽ ᠲᠠᠯ᠎ᠠ ᠨᠤᠲᠤᠭ ᠤᠨ ᠲᠠᠭᠤᠤ ᠢᠶᠠᠨ ᠶᠠᠨ ᠠᠨ ᠳᠠᠭᠠᠨ ᠲᠠᠭᠤᠯᠠᠶ᠎ᠠ︾ ᠭᠡᠬᠦ ᠲᠤᠰᠬᠠᠢ ᠰᠡᠲᠤᠪᠲᠥ ᠲᠤᠭᠯᠠᠯᠲᠠ ᠭᠠᠷᠭᠠᠪᠠ
     2016 ᠤᠨ ᠳᠤ ᠶᠠᠨ ᠠᠠ ᠬᠤᠲᠠ ᠳᠤ ᠲᠤᠭᠯᠠᠯᠲᠠ ᠭᠠᠷᠭᠠᠬᠤ ᠳᠠᠭᠠᠨ ᠵᠠᠩ ᠰᠧ ᠳ᠋ᠧ ᠨᠥᠬᠦᠷ ᠤᠨ ᠱᠤᠭᠤᠮᠠᠯ ᠤᠨ ᠡᠮᠤᠨ᠎ᠠ ᠤᠯᠠᠭᠠᠨᠮᠥ᠋ᠴᠢᠷ ᠤᠨ ᠨᠠᠮ ᠤᠨ ᠡᠬᠦᠷ ᠨᠢ ᠨᠠᠮ ᠤᠨ ᠭᠡᠰᠢᠬᠦᠳ ᠢᠶᠠᠨ ᠵᠤᠬᠢᠶᠠᠨ ᠪᠠᠶᠢᠭᠤᠯᠵᠤ᠂ ᠲᠠᠩᠭᠠᠷᠢᠭ ᠡᠷᠬᠦᠬᠦᠯᠪᠡ᠃
     2016 ᠤᠨ ᠤ 10 ᠰᠠᠷ᠎ᠠ ᠳᠤ ᠬᠠᠨᠭ᠍ᠵᠸᠤ ᠳᠤ ᠵᠧᠵᠢᠶᠠᠩ ᠮᠤᠵᠢ ᠥᠪᠤᠷ ᠮᠤᠩᠭᠤᠯ ᠤᠨ ᠠᠷᠠᠯᠵᠢᠶᠠᠴᠢᠨ ᠎ ᠤ ᠨᠠᠶᠢᠭᠡᠮᠯᠢᠭ ᠪᠠᠶᠢᠭᠤᠯᠤᠭᠲᠠᠬᠤ ᠳᠤ ᠲᠤᠭᠯᠠᠯᠲᠠ ᠭᠠᠷᠭᠠᠪᠠ
     2016 ᠤᠨ ᠤ 12 ᠰᠠᠷ᠎ᠠ ᠳᠤ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠢᠩᠭᠢᠮ ᠳᠤ ᠰᠥᠨᠢᠳ ᠬᠤᠨᠢᠨ ᠮᠢᠬᠠᠨ ᠤ ᠪᠥᠲᠤᠭᠡᠭᠲᠡᠬᠦᠨ ᠤ ᠰᠤᠨᠢᠨ ᠮᠡᠲᠡᠭᠡ ᠨᠡᠶᠢᠲᠡᠯᠡᠬᠦ ᠬᠤᠷᠠᠯ ᠲᠡᠭᠡᠷ᠎ᠡ ᠲᠤᠭᠯᠠᠯᠲᠠ ᠭᠠᠷᠭᠠᠪᠠ
     2018 ᠤᠨ ᠤ 3 ᠰᠠᠷ᠎ᠠ ᠳᠤ ᠰᠥᠨᠢᠳ ᠪᠠᠷᠠᠭᠤᠨ ᠬᠤᠰᠢᠭᠤᠨ ᠤ ︽ᠲᠠᠯ᠎ᠠ ᠨᠤᠲᠤᠭ ᠤᠨ ᠲᠡᠭᠢᠨᠢᠰ︾ ᠭᠡᠬᠦ ᠰᠡᠲᠤᠪᠲᠥ ᠥᠪᠡᠷ ᠤᠨ ᠲᠡᠷᠭᠡ ᠪᠠᠷ ᠢᠶᠠᠨ ᠵᠤᠭᠠᠴᠠᠬᠤ ᠵᠤᠭᠠᠴᠠᠯ ᠤᠨ ᠵᠠᠮ ᠱᠤᠭᠤᠮ ᠨᠢ ︽2017 ᠤᠨ ᠤ ᠲᠤᠮᠲᠠᠲᠥ ᠤᠯᠤᠰ ᠤᠨ ᠥᠪᠡᠷ ᠤᠨ ᠲᠡᠷᠭᠡ ᠪᠠᠷ ᠢᠶᠠᠨ ᠵᠤᠭᠠᠴᠠᠬᠤ ᠵᠠᠮ ᠱᠤᠭᠤᠮ ᠤᠨ ᠭᠡᠷ ᠪᠥᠯᠢ ᠤᠨ ᠵᠤᠭᠠᠴᠠᠯ ᠎ ᠤᠨ ᠲᠥᠷᠤᠯ ᠤᠨ ᠡᠭᠢ ᠪᠠᠶᠠᠯᠢᠭ ᠤᠨ ᠬᠠᠮᠢᠶᠠᠷᠤᠯᠲᠠ ᠶᠢᠨ ᠲᠡᠷᠢᠬᠦᠨ ᠤ ᠱᠠᠩᠨᠠᠯ︾᠎ ᠢ ᠭᠠᠷᠲᠠᠵᠤ᠂ ᠤᠯᠠᠭᠠᠨᠮᠥ᠋ᠴᠢᠷ ᠎ ᠤᠨ ᠲᠤᠭᠯᠠᠭᠴᠢᠳ ᠱᠠᠩᠬᠠᠢ ᠳᠤ ᠬᠥᠷᠴᠤ ᠲᠤᠭᠯᠠᠪᠠ᠃
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号