ᠡᠬᠡ ᠪᠢᠴᠢᠭ᠄ ᠳᠡᠯᠭᠡᠷᠴᠡᠴᠡᠭ ᠵᠢᠷᠤᠭ᠄ ᠰᠠᠶᠢᠬᠠᠨᠠ | | ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠳᠤᠪᠴᠢᠶᠠᠨ ᠠᠴᠠ ᠭᠤᠤᠯᠯᠠᠨ ᠡᠷᠭᠢᠯᠡᠵᠦ᠂ | ᠮᠠᠨ ᠤ ᠬᠤᠰᠢᠭᠤᠨ ᠤ ᠰᠤᠷ ᠬᠠᠷᠪᠤᠭᠠᠴᠢᠳ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠨ᠂ 2020 ᠤᠨ ᠤ | ᠤᠯᠠᠮᠵᠢᠯᠠᠯᠲᠤ ᠰᠤᠷ ᠬᠠᠷᠪᠤᠭᠠᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ᠂ ᠲᠦᠷᠦᠭᠦᠬᠡᠨ ᠤᠯᠠᠮᠵᠢᠯᠠᠯᠲᠤ ᠪᠡᠶ᠎ᠡ | ᠲᠠᠮᠢᠷ ᠤᠨ ᠪᠣᠯᠪᠠᠰᠤᠷᠠᠯ ᠤᠨ ᠰᠠᠭᠤᠷᠢᠨ ᠳᠤ ᠬᠦᠭᠵᠢᠶᠡᠨᠳᠡᠢ ᠶᠠᠪᠤᠭᠳᠠᠨ᠂ ᠦᠷᠭᠡᠨ ᠤᠯᠠᠨ ᠲᠦᠮᠡᠨ ᠤ ᠰᠤᠶᠤᠯ | ᠳᠠᠮᠢᠷ ᠤᠨ ᠠᠮᠢᠳᠤᠷᠠᠯ ᠢ ᠪᠠᠶᠠᠯᠢᠭᠵᠢᠭᠤᠯᠤᠯᠠ᠃ | | | | | | | | | ᠨᠤᠮᠤ ᠰᠤᠮᠤ ᠶᠢᠨ ᠪᠠᠭ᠋ᠠᠳᠠᠳ ᠨᠡᠶᠢᠳᠡ 60 ᠬᠥᠮᠦᠨ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠢ | ᠬᠤᠪᠢ ᠬᠥᠮᠦᠨ ᠤ ᠤᠷᠤᠯᠳᠤᠭᠠᠨ ᠪᠠ ᠬᠠᠮᠲᠤ ᠶᠢᠨ ᠤᠷᠤᠯᠳᠤᠭᠠᠨ ᠭᠡᠵᠦ ᠬᠤᠪᠢᠶᠠᠨ᠂ ᠬᠤᠪᠢ ᠬᠥᠮᠦᠨ ᠤ | ᠤᠷᠤᠯᠳᠤᠭᠠᠨ ᠢ ᠡᠷᠡᠭᠲᠡᠶ ᠶᠢᠨ ᠳᠤᠭᠤᠶᠢᠯᠠᠩ ᠪᠠ ᠡᠮᠡᠭᠲᠡᠶ ᠶᠢᠨ ᠳᠤᠭᠤᠶᠢᠯᠠᠩ ᠬᠤᠪᠢᠶᠠᠨ ᠶᠠᠪᠤᠭᠳᠠᠭᠤᠯᠵᠤ᠂ ᠨᠢᠭᠡ | ᠡᠷᠡᠭᠲᠡᠶ ᠨᠢᠭᠡ ᠡᠮᠡᠭᠲᠡᠶ ᠬᠠᠷᠪᠤᠭᠠᠴᠢᠨ ᠨᠢᠭᠡ ᠳᠤᠭᠤᠶᠢᠯᠠᠩ ᠪᠤᠯᠵᠤ᠂ ᠬᠠᠮᠳᠤ ᠶᠢᠨ ᠤᠷᠤᠯᠳᠤᠭᠠᠨ ᠳᠤ | ᠦᠷᠢᠰᠦᠯᠳᠦᠵᠡᠬᠡᠪᠡ᠃ | | | | | | | | | | | | | ᠴᠡᠴᠡᠨ ᠬᠠᠷᠠᠭ᠎ᠠ᠂ ᠤᠷ᠎ᠠ ᠠᠪᠬᠠᠯᠵᠢ ᠰᠢᠯᠭᠠᠭᠰᠠᠨ ᠬᠤᠷᠴᠠ ᠰᠢᠷᠦᠬᠦᠨ ᠡᠶ᠎ᠡ ᠨᠠᠶᠢᠷᠠᠮᠳᠠᠭᠤ ᠦᠷᠢᠰᠦᠯᠳᠦᠬᠡᠨ | ᠤ ᠡᠴᠦᠰ ᠲᠤ᠂ ᠬᠤᠪᠢ ᠬᠥᠮᠦᠨ ᠤ ᠤᠷᠤᠯᠳᠤᠭᠠᠨ ᠤ ᠡᠷᠡᠭᠲᠡᠶ ᠡᠮᠡᠭᠳᠡᠢ ᠶᠢᠨ ᠳᠤᠭᠤᠶᠢᠯᠠᠩ ᠤᠨ ᠳᠡᠭᠡᠳᠦ ᠨᠠᠢᠮᠠ᠂ | ᠬᠠᠮᠲᠤ ᠶᠢᠨ ᠤᠷᠤᠯᠳᠤᠭᠠᠨ ᠤ ᠳᠡᠭᠡᠳᠦ ᠲᠦᠷᠪᠡ ᠳᠤ ᠳᠤᠳᠤᠷᠠᠭᠰᠠᠳ ᠢ ᠱᠠᠩᠨᠠᠨ ᠤᠷᠮᠠᠰᠢᠭᠤᠯᠵᠤ᠂ ᠰᠠᠶᠢᠬᠠᠨᠳᠠᠯ᠎ᠠ | ᠪᠠᠯᠭᠠᠰᠤᠨ ᠤ ᠡᠷᠳᠡᠨᠢᠪᠢᠯᠢᠭ ᠪᠣᠯᠤᠨ ᠠᠴᠢᠳᠤᠠᠭᠤᠯᠠ ᠰᠤᠮᠤᠨ ᠤ ᠪᠦᠷᠢᠳᠦ ᠭᠠᠴᠠᠭᠠᠨ ᠤ ᠮᠠᠯᠴᠢᠨ ᠡᠷᠳᠡᠨᠢᠭᠤᠸ᠎ᠠ | ᠬᠠᠮᠲᠤ ᠶᠢᠨ ᠤᠷᠤᠯᠳᠤᠭᠠᠨ ᠤ ᠮᠠᠩᠯᠠᠶ ᠳᠤ ᠰᠢᠯᠭᠠᠷᠠᠵᠤ᠂ ᠬᠤᠪᠢ ᠬᠦᠮᠦᠨ ᠤ ᠤᠷᠤᠯᠳᠤᠭᠠᠨ ᠳᠤ ᠰᠠᠶᠢᠬᠠᠨᠳᠠᠯ᠎ᠠ | ᠪᠠᠯᠭᠠᠰᠤᠨ ᠤ ᠡᠷᠳᠡᠨᠢᠪᠢᠯᠢᠭ ᠡᠷᠡᠭᠲᠡᠶ ᠶᠢᠨ ᠳᠤᠭᠤᠶᠢᠯᠠᠩ ᠤᠨ ᠤᠨ ᠤ ᠮᠠᠩᠯᠠᠶ ᠪᠠᠷ᠂ ᠰᠠᠶᠢᠬᠠᠨᠳᠠᠯ᠎ᠠ ᠪᠠᠯᠭᠠᠰᠤᠨ ᠤ | ᠠᠯᠳᠠᠨᠪᠤᠯᠠᠭ ᠭᠠᠴᠠᠭᠠᠨ ᠤ ᠮᠠᠯᠴᠢᠨ ᠳᠣᠷᠣᠨ᠎ᠠ ᠡᠮᠡᠭᠲᠡᠶ ᠶᠢᠨ ᠳᠤᠭᠤᠶᠢᠯᠠᠩ ᠤᠨ ᠤᠨ ᠤ ᠮᠠᠩᠯᠠᠢ ᠪᠠᠷ ᠳᠤᠰ ᠳᠤᠰ | ᠰᠢᠯᠭᠠᠷᠠᠯ᠎ᠠ᠃ | | |