ᠡᠭᠡ ᠤᠯᠤᠰ ᠤᠨ ᠭᠠᠵᠠᠷ ᠪᠥᠬᠦᠨ ᠳᠤ ᠲᠤᠭ ᠢᠶᠠᠨ ᠨᠠᠮᠢᠷᠠᠭᠤᠯᠤᠭᠰᠠᠨ ᠨᠢ ︵ᠨᠢᠭᠡ︶
ᠨᠡᠶᠢᠲᠡᠯᠡᠭᠰᠡᠨ ᠴᠠᠭ᠄
2021/1/22
     ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠨᠢ ᠪᠡᠭᠡᠵᠢᠩ ᠳᠤ ᠬᠥᠷᠴᠤ ᠤᠯᠤᠰ ᠪᠠᠶᠢᠭᠤᠯᠤᠭᠲᠠᠭᠰᠠᠨ35 ᠵᠢᠯ ᠤᠨ ᠤᠢ ᠶᠢᠨ ᠶᠤᠰᠤᠯᠠᠯ ᠳᠤ ᠤᠷᠤᠯᠴᠠᠭᠰᠠᠨ ᠢᠶᠠᠷ ᠪᠠᠷᠠᠬᠤ ᠥᠭᠡᠢ᠂ ᠲᠤᠮᠲᠠᠲᠥ ᠤᠯᠤᠰ ᠤᠨ ᠤᠷᠠᠯᠢᠭ ᠤᠨ ᠴᠤᠭᠯᠠᠭᠠᠨ ᠵᠡᠷᠭᠡ ᠤᠯᠤᠰ ᠤᠨ ᠲᠡᠰ ᠤᠨ ᠤᠷᠠᠯᠢᠭ ᠤᠨ ᠴᠤᠭᠯᠠᠭᠠᠨ᠂ ᠲᠥᠪ ᠲᠧᠯᠸᠢᠰ  ᠤᠨ ᠲᠤᠰᠬᠠᠢ ᠰᠡᠲᠤᠪᠲᠥ ᠤᠷᠠᠨ ᠰᠠᠶᠢᠬᠠᠨ ᠤ ᠲᠤᠭᠯᠠᠯᠲᠠ ᠪᠠ ᠪᠥᠬᠦ ᠤᠯᠤᠰ ᠤᠨ ᠡᠯ᠎ᠠ ᠭᠠᠵᠠᠷ ᠢᠶᠠᠷ ᠤᠯᠠᠨ ᠤᠲᠠᠭ᠎ᠠ ᠲᠤᠭᠤᠷᠢᠨ ᠲᠤᠭᠯᠠᠵᠤ᠂ ᠲᠠᠯ᠎ᠠ ᠨᠤᠲᠤᠭ ᠤᠨ ᠥᠡᠭᠭᠡ ᠲᠥᠷᠬᠦ᠂ ᠥᠨᠲᠤᠰᠤᠲᠡᠨ ᠤ ᠭᠡᠪ ᠨᠠᠮᠪᠠ ᠪᠠ ᠤᠯᠠᠭᠠᠨᠮᠥ᠋ᠴᠢᠷ ᠤᠨ ᠴᠤᠭ ᠰᠥᠯᠲᠡ ᠶᠢ ᠪᠥᠬᠦ ᠤᠯᠤᠰ ᠤᠨ ᠡᠯ᠎ᠠ ᠭᠠᠵᠠᠷ ᠲᠤ ᠤᠯᠠᠮᠵᠢᠯᠠᠵᠤ᠂ ᠤᠯᠠᠭᠠᠨᠮᠥ᠋ᠴᠢᠷ ᠪᠠ ᠥᠪᠤᠷ ᠮᠤᠩᠭᠤᠯ ᠤᠨ ᠰᠠᠶᠢᠨ ᠰᠠᠶᠢᠬᠠᠨ ᠭᠡᠪ ᠲᠥᠷᠬᠦ᠂ ᠴᠠᠭ ᠥᠶ᠎ᠠ ᠶᠢᠨ ᠲᠥᠷᠢ ᠲᠥᠷᠬᠦ ᠶᠢ ᠢᠯᠡᠷᠡᠬᠦᠯᠵᠤ ᠴᠢᠲᠠᠪᠠ᠃ ᠨᠠᠶᠢᠰᠯᠡᠯ ᠪᠠ ᠡᠯ᠎ᠠ ᠮᠤᠵᠢ ᠤᠷᠤᠨ ᠬᠤᠲᠠ ᠪᠠᠷ ᠲᠤᠭᠯᠠᠬᠤ ᠳᠠᠭᠠᠨ ᠲᠤᠭᠤᠷᠢᠨ ᠰᠤᠷᠤᠯᠴᠠᠬᠤ᠂ ᠬᠠᠷᠢᠯᠴᠠᠨ ᠰᠤᠷᠤᠯᠴᠠᠬᠤ ᠪᠠᠷ ᠲᠡᠮᠵᠢᠵᠤ᠂ ᠲᠤᠭᠯᠠᠭᠴᠢᠳ ᠤᠨ ᠢᠶᠠᠨ ᠬᠠᠷᠠᠭ᠎ᠠ ᠶᠢ ᠲᠡᠯᠡᠵᠤ᠂ ᠮᠡᠲᠡᠯᠭᠡ ᠶᠢ ᠨᠢ ᠥᠷᠭᠡᠳᠭᠡᠵᠤ᠂ ᠠᠮᠢᠲᠤᠷᠠᠯ ᠳᠤ ᠬᠥᠨᠵᠡᠭᠡᠶᠢᠷᠡᠬᠦᠯᠵᠤ᠂ ᠠᠷᠠᠳ ᠲᠥᠮᠡᠨ ᠳᠤ ᠥᠢᠯᠡᠴᠢᠯᠡᠬᠦ ᠢᠲᠡᠭᠡᠯ ᠢ ᠨᠢ ᠬᠥᠪᠴᠢᠯᠡᠵᠤ ᠴᠢᠲᠠᠪᠠ᠃
     1984 ᠤᠨ ᠤ10 ᠰᠠᠷ᠎ᠠ ᠶᠢᠨ1 ᠤ ᠡᠲᠤᠷ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠨᠢ ᠪᠡᠭᠡᠵᠢᠩ ᠳᠤ ᠬᠥᠷᠴᠤ ᠤᠯᠤᠰ ᠪᠠᠶᠢᠭᠤᠯᠤᠭᠲᠠᠭᠰᠠᠨ 35 ᠵᠢᠯ ᠤᠨ ᠤᠢ ᠶᠢᠨ ᠶᠤᠰᠤᠯᠠᠯ ᠳᠤ ᠤᠷᠤᠯᠴᠠᠪᠠ᠂ ᠡᠨᠡ ᠪᠤᠯ ᠥᠭᠡᠷᠡᠴᠢᠯᠡᠯᠲᠡ ᠨᠡᠭᠡᠭᠡᠯᠲᠡ ᠠᠴᠠ ᠨᠠᠰᠢᠭᠢ ᠨᠠᠮ ᠪᠠ ᠠᠷᠠᠳ ᠲᠥᠮᠡᠨ ᠠᠴᠠ ᠤᠯᠠᠭᠠᠨᠮᠥ᠋ᠴᠢᠷ ᠲᠤ ᠤᠯᠭᠤᠭᠰᠠᠨ ᠬᠠᠮᠤᠭ ᠶᠡᠭᠡ ᠢᠷᠠᠭᠤ ᠠᠯᠲᠡᠷ ᠶᠤᠮ᠃ ᠲᠤᠭᠯᠠᠭᠴᠢᠳ ᠤᠯᠠᠭᠠᠨᠮᠥ᠋ᠴᠢᠷ ᠤᠨ ᠴᠢᠮᠡᠭᠲᠥ ᠲᠡᠷᠭᠡᠨ ᠳᠤ ᠰᠠᠭᠤᠵᠤ᠂ ᠬᠠᠲᠠᠭ ᠢᠶᠠᠨ ᠠᠯᠲᠠᠯᠠᠨ᠂ ᠮᠥᠡᠭᠬᠦᠨ ᠠᠶᠠᠭᠠᠨ ᠳᠤ ᠪᠠᠨ ᠰᠠᠷᠬᠤᠳ ᠢᠶᠠᠨ ᠭᠡᠮᠨᠡᠵᠤ  ᠂  ᠲᠢᠶᠠᠨ ᠠᠨ ᠮᠧᠨ ᠠᠭᠤᠲᠠᠮ ᠲᠠᠯᠠᠪᠠᠢ ᠶᠢᠨ ᠶᠤᠰᠤᠯᠠᠯ ᠤᠨ ᠰᠢᠯᠭᠠᠯᠲᠠ ᠶᠢ ᠬᠥᠯᠢᠶᠡᠵᠤ ᠪᠠᠶᠢᠭ᠎ᠠ ᠨᠢ
     1984 ᠤᠨ ᠤ10 ᠰᠠᠷ᠎ᠠ ᠶᠢᠨ 1 ᠤ ᠡᠲᠤᠷ ᠤᠯᠠᠭᠠᠨᠮᠥ᠋ᠴᠢᠷ   ᠤᠨ ᠲᠤᠭᠯᠠᠭᠴᠢᠳ ᠲᠢᠶᠠᠨ ᠠᠨ ᠮᠧᠨ ᠠᠭᠤᠲᠠᠮ ᠲᠠᠯᠠᠪᠠᠢ ᠳᠤ ᠲᠤᠭᠯᠠᠯᠲᠠ ᠭᠠᠷᠭᠠᠵᠤ ᠪᠠᠶᠢᠭ᠎ᠠ ᠨᠢ
     1982 ᠤᠨ ᠳᠤ ᠭᠡᠤᠭᠡᠯᠲᠡᠢ ᠵᠥᠴᠤᠭᠡ ︽ᠡᠷᠡᠬᠦᠯ ᠬᠠᠮᠠᠭᠠᠯᠠᠲᠠᠭ ᠥᠭᠡᠢ ᠭᠠᠭ᠋ᠠᠢ ᠪᠠᠭᠰᠢ︾ ᠶᠢ ᠬᠠᠨᠭ᠍ᠵᠸᠥ  ᠶᠢᠨ ᠪᠢᠴᠢᠬᠠᠨ ᠨᠠᠶᠢᠵᠠ ᠨᠠᠷ ᠲᠤ ᠲᠤᠭᠯᠠᠵᠤ  ᠪᠠᠶᠢᠭ᠎ᠠ ᠨᠢ
     1987 ᠤᠨ ᠳᠤ᠂ ᠤᠯᠠᠭᠠᠨᠮᠥ᠋ᠴᠢᠷ ᠤᠨ ᠲᠤᠭᠯᠠᠭᠴᠢᠳ ᠪᠡᠭᠡᠵᠢᠩ ᠳᠤ ᠲᠤᠮᠲᠠᠲᠥ ᠤᠯᠤᠰ ᠤᠨ ᠠᠩᠬᠠᠲᠤᠭᠠᠷ ᠬᠤᠭᠤᠴᠠᠭᠠᠨ ᠤ ᠤᠷᠠᠨ ᠰᠠᠶᠢᠬᠠᠨ ᠤ ᠤᠷᠠᠯᠢᠭ ᠤᠨ ᠨᠠᠶᠢᠷ ᠲᠤ ᠤᠷᠤᠯᠴᠠᠵᠤ᠂ ᠬᠠᠮᠲᠥ ᠶᠢᠨ ᠪᠥᠵᠢᠭ ︽ᠮᠤᠩᠭᠤᠯ ᠰᠢᠲᠠᠷ᠎ᠠ︾ ᠪᠠᠨ ᠲᠤᠭᠯᠠᠵᠤ ᠪᠠᠶᠢᠭ᠎ᠠ ᠨᠢ
     1992 ᠤᠨ ᠳᠤ᠂ ᠤᠯᠠᠭᠠᠨᠮᠥ᠋ᠴᠢᠷ ᠤᠨ ᠲᠤᠭᠯᠠᠭᠴᠢᠳ ᠶᠥᠨᠨᠠᠨ ᠳᠤ ᠲᠤᠮᠲᠠᠲᠥ ᠤᠯᠤᠰ ᠤᠨ ᠭᠤᠷᠪᠠᠲᠤᠭᠠᠷ ᠬᠤᠭᠤᠴᠠᠭᠠᠨ ᠤ ᠤᠷᠠᠯᠢᠭ ᠤᠨ ᠨᠠᠶᠢᠷ ᠲᠤ ᠤᠷᠤᠯᠴᠠᠪᠠ
      2001 ᠤᠨ ᠳᠤ᠂ ᠤᠯᠠᠭᠠᠨᠮᠥ᠋ᠴᠢᠷ ᠤᠨ ᠲᠤᠭᠯᠠᠭᠴᠢᠳ ᠪᠥᠬᠦ ᠤᠯᠤᠰ ᠢᠶᠠᠷ ᠲᠤᠭᠤᠷᠢᠨ ᠲᠤᠭᠯᠠᠬᠤ ᠳᠤ  ᠪᠠᠨ ᠬᠤᠨᠠᠨ ᠤ ᠱᠤᠤ ᠱᠠᠨ᠂ ᠭᠤᠸᠠᠩᠰᠢ ᠶᠢᠨ ᠯᠢᠣᠵᠸᠤ ᠳᠤ ᠬᠠᠮᠲᠥ ᠶᠢᠨ ᠲᠤᠷᠠᠰᠬᠠᠯ ᠥᠯᠡᠲᠡᠭᠡᠪᠡ
     2002 ᠤᠨ ᠤ 10 ᠰᠠᠷ᠎ᠠ ᠳᠤ ᠰᠧᠴᠤᠸᠠᠨ ᠤ ᠴᠥᠡᠭᠴᠢᠩ ᠳᠤ ᠬᠥᠷᠴᠤ᠂ ᠰᠤᠶᠤᠯ ᠤᠨ ᠰᠤᠯᠢᠯᠴᠠᠭᠠᠨ  ᠤ ᠠᠵᠢᠯᠯᠠᠭ᠎ᠠ ᠳᠤ ᠤᠷᠤᠯᠴᠠᠪᠠ
     2003  ᠤᠨ ᠤ 10 ᠰᠠᠷ᠎ᠠ ᠳᠤ ᠨᠠᠨᠵᠢᠩ ᠤᠨ ᠲᠡᠯᠡᠭᠡᠢ ᠶᠢᠨ ᠥᠨᠢᠶᠡᠨ ᠰᠥᠨ ᠤ ᠰᠤᠶᠤᠯ ᠤᠨ ᠴᠤᠭᠯᠠᠭᠠᠨ ᠳᠤ ᠲᠤᠭᠯᠠᠯᠲᠠ ᠭᠠᠷᠭᠠᠵᠤ ᠪᠠᠶᠢᠭ᠎ᠠ ᠨᠢ
     2008 ᠤᠨ ᠳᠤ ᠲᠥᠪ ᠤᠨ ᠥᠨᠲᠤᠰᠤᠲᠡᠨ ᠤ ᠶᠡᠭᠡ ᠰᠤᠷᠭᠠᠭᠤᠯᠢ ᠳᠤ ᠲᠤᠭᠯᠠᠯᠲᠠ ᠭᠠᠷᠭᠠᠪᠠ᠃ ᠨᠡᠷᠡᠲᠥ ᠪᠥᠵᠢᠭᠴᠢᠨ ᠵᠢᠶᠠ ᠽᠥᠸᠧ ᠭᠤᠸᠠᠩ ᠲᠤᠭᠯᠠᠯᠲᠠ ᠶᠢ ᠰᠤᠨᠢᠷᠬᠠᠵᠤ᠂ ᠲᠤᠭᠯᠠᠭᠴᠢᠳ ᠲᠠᠢ ᠬᠠᠮᠲᠥ ᠶᠢᠨ ᠲᠤᠷᠠᠰᠬᠠᠯ ᠥᠯᠡᠲᠡᠭᠡᠪᠡ
      2009 ᠤᠨ ᠳᠤ ᠵᠧᠵᠢᠶᠠᠩ ᠮᠤᠵᠢ ᠶᠢᠨ ᠽᠸᠤ ᠱᠠᠨ ᠠᠷᠠᠯ ᠢ ᠰᠠᠭᠢᠵᠤ ᠪᠠᠶᠢᠭ᠎ᠠ ᠲᠠᠷᠤᠭ᠎ᠠ ᠪᠠᠶᠢᠯᠲᠤᠭᠴᠢ  ᠳᠤ ᠲᠤᠭᠯᠠᠯᠲᠠ ᠭᠠᠷᠭᠠᠵᠤ ᠬᠠᠮᠲᠥ ᠶᠢᠨ ᠲᠤᠷᠠᠰᠬᠠᠯ ᠥᠯᠡᠲᠡᠭᠡᠪᠡ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号