ᠰᠦᠨᠢᠳ ᠪᠠᠷᠠᠭᠤᠨ ᠬᠤᠰᠢᠭᠤᠨ ᠤ ᠬᠤᠸᠠᠷ ᠫᠣᠣᠵᠢᠩ ᠲᠠᠯᠪᠢᠬᠤ ᠶᠢ ᠴᠠᠭᠠᠵᠠᠯᠠᠬᠤ ᠲᠣᠬᠠᠢ ᠮᠡᠳᠡᠭᠳᠡᠯ
ᠨᠡᠶᠢᠲᠡᠯᠡᠭᠰᠡᠨ ᠴᠠᠭ᠄
2021/1/27
     ᠬᠤᠸᠠᠷ ᠫᠣᠣᠵᠢᠩ ᠬᠤᠳᠠᠯᠳᠣᠬᠤ ᠪᠠ ᠲᠠᠯᠪᠢᠬᠤ ᠶᠢ ᠲᠦᠷᠢᠮᠵᠢᠭᠦᠯᠵᠦ᠂ ᠬᠤᠳᠠ ᠪᠠᠯᠭᠠᠰᠣᠨ ᠤ ᠣᠷᠴᠢᠨ ᠲᠣᠭᠤᠷᠢᠨ᠂ ᠠᠭᠠᠷ ᠮᠠᠨᠳᠠᠯ ᠤᠨ ᠪᠤᠬᠢᠷᠳᠤᠯ ᠶᠢ ᠪᠠᠭᠠᠰᠬᠠᠵᠦ᠂ ᠲᠦᠢᠮᠡᠷ ᠪᠣᠯᠣᠨ ᠭᠡᠨᠡᠳᠳᠡ ᠶᠢᠨ ᠰᠢᠷᠬᠠᠳᠣᠯ ᠤᠨ ᠡᠭᠦᠰᠬᠦ ᠠᠴᠠ ᠣᠷᠢᠳᠴᠢᠯᠠᠨ ᠰᠡᠷᠭᠡᠶᠢᠯᠡᠬᠦ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ  ᠤᠨ ᠵᠠᠰᠠᠭ ᠵᠠᠬᠢᠷᠭᠠᠨ ᠤ ᠰᠢᠳᠭᠡᠯ ᠤᠨ ᠬᠠᠣᠯᠢ︾᠂ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠠᠮᠣᠷ ᠢ ᠬᠠᠮᠠᠭᠠᠯᠠᠬᠤ ᠬᠠᠮᠢᠶᠠᠷᠣᠯᠳᠠ ᠶᠢᠨ ᠰᠢᠳᠭᠡᠯ ᠤᠨ ᠬᠠᠣᠯᠢ︾᠂ ︽ᠬᠤᠸᠠᠷ ᠫᠣᠣᠵᠢᠩ ᠤᠨ ᠠᠮᠣᠷ ᠲᠦᠪᠰᠢᠨ  ᠤ ᠬᠠᠮᠢᠶᠠᠷᠣᠯᠳᠠ ᠶᠢᠨ ᠲᠦᠷᠢᠮ︾᠂ ︽ᠬᠤᠸᠠᠷ ᠫᠣᠣᠵᠢᠩ ᠤᠨ ᠠᠮᠣᠷ ᠲᠦᠪᠰᠢᠨ ᠪᠠ ᠶᠠᠰᠣ ᠴᠢᠨᠠᠷ︾ ︵GB10631-2013︶ ᠵᠡᠷᠭᠡ ᠬᠠᠮᠢᠶ᠎ᠠ ᠪᠦᠬᠦᠢ ᠬᠠᠣᠯᠢ ᠲᠦᠷᠢᠮ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠳᠠᠢ ᠲᠠᠢ ᠪᠠᠨ ᠣᠶᠠᠯᠳᠣᠭᠤᠯᠣᠨ᠂ 2021 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠮᠠᠨ ᠤ ᠬᠤᠰᠢᠭᠤᠨ ᠤ ᠬᠡᠪᠴᠢᠶᠡᠨ ᠳᠤ ᠬᠤᠸᠠᠷ ᠫᠣᠣᠵᠢᠩ ᠲᠠᠯᠪᠢᠬᠤ ᠶᠢ ᠴᠠᠭᠠᠵᠠᠯᠠᠬᠤ ᠲᠣᠬᠠᠢ ᠲᠣᠣᠷᠠᠬᠢ ᠮᠡᠲᠦ ᠮᠡᠳᠡᠭᠳᠡᠶ᠎ᠡ      ᠨᠢᠭᠡ᠂ ᠫᠣᠣᠵᠢᠩ ᠲᠠᠯᠪᠢᠬᠤ ᠴᠠᠭ ᠢ ᠬᠢᠵᠠᠭᠠᠷᠯᠠᠨ᠎ᠠ      ᠰᠠᠶᠢᠬᠠᠨᠳᠠᠯ᠎ᠠ ᠪᠠᠯᠭᠠᠰᠣᠨ ᠳᠤ ︵ᠵᠡᠭᠦᠨᠰᠢ 208 ᠣᠯᠣᠰ ᠤᠨ ᠵᠠᠮ᠂ ᠡᠮᠦᠨᠡᠰᠢ ᠨᠣᠭᠤᠭᠠᠨ ᠵᠡᠭᠡᠯᠢ᠂ ᠪᠠᠷᠠᠭᠤᠨᠰᠢ ᠰᠢᠨ᠎ᠡ ᠲᠣᠭᠤᠷᠢᠭ᠂ ᠣᠮᠠᠷᠠᠰᠢ ᠬᠦᠴᠦᠳᠦ ᠱᠠᠷ ᠠᠭᠤᠳᠠᠮ ᠲᠠᠯᠠᠪᠠᠢ ᠬᠦᠷᠳᠡᠯ᠎ᠡ︶ ᠪᠢᠳᠡᠭᠦᠨ ︵2021 ᠣᠨ ᠤ 2 ᠰᠠᠷ᠎ᠠ ᠶᠢᠨ 11 ᠤ ᠡᠳᠦᠷ  ︶᠂ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ︵2 ᠰᠠᠷ᠎ᠠ ᠶᠢᠨ 12 ᠤ ᠡᠳᠦᠷ︶᠂ ᠴᠠᠭᠠᠨ ᠰᠠᠷ᠎ᠠ ᠶᠢᠨ ᠰᠢᠨ᠎ᠡ ᠶᠢᠨ ᠲᠠᠪᠣᠨ  ︵2 ᠰᠠᠷ᠎ᠠ ᠶᠢᠨ16 ᠤ ᠡᠳᠦᠷ︶᠂ ᠴᠠᠭᠠᠨ ᠰᠠᠷ᠎ᠠ ᠶᠢᠨ ᠠᠷᠪᠠᠨ ᠲᠠᠪᠣᠨ ︵2 ᠰᠠᠷ᠎ᠠ ᠶᠢᠨ 26 ᠤ ᠡᠳᠦᠷ︶   ᠤ ᠡᠳᠤᠷ ᠤᠨ 7 ᠴᠠᠭ ᠠᠴᠠ 22 ᠴᠠᠭ ᠬᠦᠷᠳᠡᠯᠡᠬᠢ ᠬᠤᠭᠤᠴᠠᠭᠠᠨ ᠳᠤ ᠫᠣᠣᠵᠢᠩ ᠲᠠᠯᠪᠢᠵᠣ ᠪᠣᠯᠣᠨ᠎ᠠ᠂ ᠪᠣᠰᠣᠳ ᠴᠠᠭ ᠲᠤ ᠫᠣᠣᠵᠢᠩ ᠲᠠᠯᠪᠢᠬᠤ ᠶᠢ ᠴᠠᠭᠠᠵᠠᠯᠠᠨ᠎ᠠ᠃      ᠬᠤᠶᠠᠷ᠂ ᠫᠣᠣᠵᠢᠩ ᠲᠠᠯᠪᠢᠬᠤ ᠶᠢ ᠴᠠᠭᠠᠵᠠᠯᠠᠬᠤ ᠣᠷᠣᠨ      ︵ᠨᠢᠭᠡ︶ ᠪᠦᠬᠦ ᠬᠤᠰᠢᠭᠤᠨ ᠤ ᠨᠠᠮ ᠵᠠᠰᠠᠭ ᠴᠡᠷᠢᠭ ᠤᠨ ᠪᠠᠶᠢᠭᠤᠯᠭ᠎ᠠ᠂ ᠲᠡᠣᠭᠡ ᠶᠢᠨ ᠲᠣᠷᠠᠰᠬᠠᠯᠳᠣ ᠵᠦᠢᠯᠡᠰ ᠢ ᠬᠠᠮᠠᠭᠠᠯᠠᠬᠤ ᠨᠢᠭᠡᠴᠡ᠂ ᠡᠮᠨᠡᠯᠭᠡ ᠶᠢᠨ ᠬᠤᠷᠢᠶ᠎ᠠ᠂ ᠨᠠᠰᠣᠳᠠᠶᠢᠴᠣᠳ ᠤᠨ ᠠᠰᠠᠷᠠᠮᠵᠢ ᠶᠢᠨ ᠬᠦᠷᠢᠶᠡᠯᠡᠩ᠂ ᠺᠢᠨᠤ᠋ ᠣᠷᠳᠣᠨ᠂ ᠨᠣᠮ ᠤᠨ ᠰᠠᠩ᠂ ᠰᠣᠶᠣᠯ ᠤᠨ ᠣᠷᠳᠣᠨ᠂ ᠮᠦᠽᠸᠢ᠂ ᠳᠠᠩᠰᠠ ᠡᠪᠬᠡᠮᠡᠯ ᠤᠨ ᠣᠷᠳᠣᠨ᠂ ᠲᠠᠮᠢᠷ  ᠤᠨ ᠲᠠᠯᠠᠪᠠᠢ᠂ ᠲᠡᠣᠭᠡᠨ ᠪᠠᠭᠤᠷᠢ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠷᠭᠠᠭᠤᠯᠢ ᠵᠢᠴᠢ ᠣᠯᠠᠨ ᠨᠡᠶᠢᠳᠡ ᠶᠢᠨ ᠴᠡᠩᠭᠡᠭᠦᠨ ᠤ ᠭᠠᠵᠠᠷ᠂ ᠬᠦᠮᠦᠨ ᠣᠯᠠᠨ ᠲᠠᠢ ᠵᠡᠭᠡᠯᠢ ᠭᠤᠳᠣᠮᠵᠢ ᠪᠠ ᠭᠤᠣᠯ ᠵᠠᠮ᠂ ᠴᠣᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠲᠡᠷᠭᠡᠨ ᠦᠷᠳᠡᠭᠡᠨ ᠤ ᠣᠶᠢᠷ᠎ᠠ ᠬᠠᠪᠢ ᠶᠢᠨ 200 ᠮᠧᠲᠷ ᠤᠨ ᠲᠣᠳᠣᠷ᠎ᠠ᠃      ︵ᠬᠤᠶᠠᠷ︶ ᠪᠦᠬᠦ ᠬᠤᠰᠢᠭᠤᠨ ᠤ ᠠᠮᠠᠷᠬᠠᠨ ᠨᠣᠴᠣᠵᠣ ᠲᠡᠯᠪᠡᠷᠡᠬᠦ ᠠᠶᠣᠯᠳᠠᠢ ᠬᠢᠮᠢ ᠶᠢᠨ ᠪᠦᠳᠦᠭᠡᠭᠳᠡᠭᠦᠨ ᠢ ᠦᠢᠯᠡᠳᠪᠦᠷᠢᠯᠡᠨ ᠬᠠᠳᠠᠭᠠᠯᠠᠵᠣ ᠬᠤᠳᠠᠯᠳᠣᠬᠤ ᠦᠢᠯᠡᠳᠪᠦᠷᠢ᠂ ᠬᠦᠮᠦᠷᠭᠡ᠂ ᠲᠣᠰᠣ ᠨᠠᠮᠠᠬᠦ ᠦᠷᠳᠡᠭᠡ᠂ ᠬᠦᠭᠦᠷᠭᠡ᠂ ᠲᠣᠮᠣ ᠬᠦᠮᠦᠷᠭᠡ᠂ ᠰᠢᠳᠠᠮᠠᠬᠠᠢ ᠭᠡᠢ ᠶᠢᠨ ᠦᠷᠳᠡᠭᠡᠨ ᠤ ᠣᠶᠢᠷ᠎ᠠ ᠬᠠᠪᠢ ᠶᠢᠨ 200 ᠮᠧᠲᠷ ᠤᠨ ᠲᠣᠳᠣᠷ᠎ᠠ᠃ ᠬᠦᠴᠦᠳᠡᠯ ᠦᠭᠡᠷᠡᠴᠢᠯᠡᠬᠦ ᠦᠷᠳᠡᠭᠡ᠂ ᠷᠠᠳᠢᠤ᠋ ᠲᠧᠯᠸᠢᠰ᠂ ᠴᠢᠮᠡᠭᠡ ᠨᠡᠪᠳᠡᠷᠡᠯᠭᠡ ᠶᠢᠨ ᠲᠦᠬᠦᠭᠡᠷᠦᠮᠵᠢ ᠶᠢᠨ ᠣᠶᠢᠷ᠎ᠠ ᠬᠠᠪᠢ ᠶᠢᠨ 200 ᠮᠧᠲᠷ ᠤᠨ ᠲᠣᠳᠣᠷ᠎ᠠ᠃ ᠪᠠᠷᠢᠯᠭ᠎ᠠ ᠶᠢᠨ ᠭᠠᠵᠠᠷ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠣᠶᠢᠷ᠎ᠠ ᠬᠠᠪᠢ ᠶᠢᠨ 200 ᠮᠧᠲᠷ ᠤᠨ ᠲᠣᠳᠣᠷ᠎ᠠ᠃      ︵ᠭᠤᠷᠪᠠ︶ ᠬᠤᠰᠢᠭᠤ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶᠠᠨ ᠤ ᠣᠷᠴᠢᠨ ᠲᠣᠭᠤᠷᠢᠨ ᠠᠭᠠᠷ ᠮᠠᠨᠳᠠᠯ ᠤᠨ ᠶᠠᠰᠣ ᠴᠢᠨᠠᠷ ᠢ ᠬᠢᠨᠠᠨ ᠬᠡᠮᠵᠢᠬᠦ ᠦᠷᠳᠡᠭᠡᠨ ᠤ ᠣᠶᠢᠷ᠎ᠠ ᠬᠠᠪᠢ ᠶᠢᠨ 500 ᠮᠧᠲᠷ ᠤᠨ ᠲᠣᠳᠣᠷ᠎ᠠ᠃      ︵ᠳᠦᠷᠪᠡ︶ ᠫᠣᠣᠵᠢᠩ ᠲᠠᠯᠪᠢᠬᠤ ᠶᠢ ᠴᠠᠭᠠᠵᠠᠯᠠᠬᠤ ᠵᠠᠮ ᠱᠣᠭᠤᠮ᠄ ᠳᠡᠭᠡᠷ᠎ᠡ ᠲᠣᠷᠠᠳᠣᠭᠰᠠᠨ ᠭᠠᠵᠠᠷ ᠣᠷᠣᠨ ᠪᠠ ᠵᠠᠮ ᠱᠣᠭᠤᠮ ᠤᠨ ᠲᠣᠳᠣᠷ᠎ᠠ ᠬᠤᠸᠠᠷ ᠫᠣᠣᠵᠢᠩ ᠲᠠᠯᠪᠢᠬᠤ ᠶᠢ ᠡᠷᠡᠰ ᠴᠠᠭᠠᠵᠠᠯᠠᠨ᠎ᠠ᠃ ᠳᠡᠭᠡᠷ᠎ᠡ ᠲᠣᠷᠠᠳᠣᠭᠰᠠᠨ ᠪᠠᠶᠢᠭᠤᠯᠭ᠎ᠠ ᠨᠢᠭᠡᠴᠡ᠂ ᠰᠠᠭᠤᠭᠠᠯᠢ ᠠᠷᠠᠳ ᠤᠨ ᠲᠣᠭᠤᠷᠢᠭ ᠤᠨ ᠭᠡᠷ ᠠᠬᠤᠢ ᠶᠢᠨ ᠬᠠᠮᠢᠶᠠᠷᠣᠯᠳᠠ ᠪᠠ ᠦᠮᠴᠢᠯᠡᠯ ᠤᠨ ᠡᠷᠭᠡ ᠲᠠᠢ ᠨᠢᠭᠡᠴᠡ ᠬᠠᠷᠢᠶᠠᠨ ᠳᠠᠭᠠᠨ ᠬᠤᠸᠠᠷ ᠫᠣᠣᠵᠢᠩ ᠲᠠᠯᠪᠢᠬᠤ ᠶᠢ ᠴᠠᠭᠠᠵᠠᠯᠠᠬᠤ ᠢᠯᠡᠷᠡᠭᠡᠢ ᠫᠠᠶᠢᠰᠠ ᠳᠡᠮᠳᠡᠭ ᠪᠣᠰᠬᠠᠵᠣ᠂ ᠴᠢᠬᠤᠯᠠᠳᠠᠢ ᠦᠶ᠎ᠡ ᠳᠤ ᠲᠣᠰᠬᠠᠢ ᠬᠦᠮᠦᠨ ᠲᠣᠮᠢᠯᠠᠨ ᠬᠢᠨᠠᠨ ᠬᠠᠮᠢᠶᠠᠷᠠᠭᠤᠯᠵᠣ᠂ ᠢᠳᠬᠠᠯ ᠶᠢ ᠰᠣᠨᠣᠰᠬᠤ ᠦᠭᠡᠢ  ᠪᠤᠯ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠠᠴᠠ ᠬᠠᠣᠯᠢ ᠶᠣᠰᠣᠭᠠᠷ ᠰᠢᠳᠭᠡᠨ᠎ᠡ᠃      ᠭᠤᠷᠪᠠ᠂ ᠬᠤᠳᠠᠯᠳᠣᠬᠤ ᠪᠠ ᠲᠠᠯᠪᠢᠬᠤ ᠶᠢ ᠴᠠᠭᠠᠵᠠᠯᠠᠬᠤ ᠫᠣᠣᠵᠢᠩ ᠤᠨ ᠲᠦᠷᠦᠯ ᠵᠦᠢᠯ      ︵ᠨᠢᠭᠡ︶ ︽ᠫᠣᠣᠵᠢᠩ ᠲᠠᠯᠪᠢᠬᠤ ᠵᠦᠪᠰᠢᠶᠡᠷᠡᠯ ᠤᠨ ᠦᠨᠡᠮᠯᠡᠯ︾ ᠦᠭᠡᠢ ᠪᠠᠶᠢᠭᠤᠯᠭ᠎ᠠ ᠨᠢᠭᠡᠴᠡ ᠪᠣᠯᠣᠨ ᠬᠤᠪᠢ ᠬᠦᠮᠦᠨ ᠶᠣᠰᠣᠯᠠᠯ ᠤᠨ ᠫᠣᠣᠵᠢᠩ ᠲᠠᠯᠪᠢᠬᠤ ᠶᠢ ᠡᠷᠡᠰ ᠴᠠᠭᠠᠵᠠᠯᠠᠨ᠎ᠠ᠃      ︵ᠬᠤᠶᠠᠷ︶ ︽ᠺᠦᠩ ᠮᠢᠩ ᠳ᠋ᠧᠩ︾ ᠬᠤᠳᠠᠯᠳᠣᠬᠤ ᠪᠠ ᠲᠠᠯᠪᠢᠬᠤ ᠶᠢ ᠡᠷᠡᠰ ᠴᠠᠭᠠᠵᠠᠯᠠᠨ᠎ᠠ᠃      ᠳᠦᠷᠪᠡ᠂ ᠪᠤᠷᠤᠯᠠᠭᠤᠯᠬᠤ ᠭᠠᠵᠡᠷ ᠪᠡ ᠪᠤᠷᠤᠯᠠᠭᠤᠯᠬᠤ ᠴᠠᠭ ᠢ ᠬᠢᠵᠠᠭᠠᠷᠯᠠᠨ᠎ᠠ      ︵ᠨᠢᠭᠡ︶ ᠪᠣᠷᠣᠯᠠᠭᠤᠯᠬᠤ ᠭᠠᠵᠠᠷ᠄ ᠪᠡᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠰᠠᠯᠠᠭ᠎ᠠ ᠮᠦᠴᠢᠷ  ᠠᠴᠠ ᠵᠦᠪᠰᠢᠶᠡᠷᠡᠭᠰᠡᠨ ᠬᠤᠸᠡᠷ ᠫᠤᠤᠵᠢᠩ ᠵᠢᠵᠢᠭᠯᠡᠨ ᠬᠤᠳᠠᠯᠳᠤᠬᠤ ᠡᠵᠡᠩᠨᠡᠭᠴᠢ ᠡᠷᠭᠡᠪᠰᠢ ᠬᠤᠸᠡᠷ ᠫᠤᠤᠵᠢᠩ ᠪᠦᠭᠡᠮ ᠢᠶᠠᠷ ᠬᠤᠳᠠᠯᠳᠤᠬᠤ ᠵᠢᠩᠬᠢᠨᠢ ᠠᠵᠦ ᠠᠬᠤᠶᠢᠯᠠᠯ ᠠᠴᠠ ᠬᠤᠸᠡᠷ ᠫᠤᠤᠵᠢᠩ ᠬᠤᠳᠠᠯᠳᠤᠨ ᠠᠪᠬᠤ ᠭᠡᠷᠡᠭᠳᠡᠢ᠂ ᠪᠤᠷᠤᠯᠠᠭᠤᠯᠬᠤ ᠭᠠᠵᠡᠷ ᠢᠶᠠᠨ ᠬᠤᠳᠠᠯᠳᠤᠭᠠᠨ ᠤ ᠲᠤᠭᠤᠷᠢᠭ᠂ ᠰᠠᠭᠤᠭᠠᠯᠢ ᠠᠷᠠᠳ ᠤᠨ ᠲᠤᠭᠤᠷᠢᠭ᠂ ᠠᠶᠤᠯᠳᠠᠢ ᠬᠢᠮᠢ  ᠶᠢᠨ ᠪᠤᠳᠠᠰ ᠤᠨ ᠦᠢᠯᠡᠳᠪᠤᠷᠢᠯᠡᠯ ᠡᠵᠡᠩᠨᠡᠯᠳᠡ ᠶᠢᠨ ᠲᠠᠯᠠᠪᠤᠷ ᠠᠴᠠ ᠬᠤᠯᠠ ᠪᠠᠶᠢᠯᠭᠠᠬᠤ ᠭᠡᠷᠡᠭᠳᠡᠢ᠃ ᠲᠤᠰᠬᠠᠢ ᠲᠠᠯᠭᠡᠬᠦᠷ ᠲᠤ ᠪᠤᠷᠤᠯᠠᠭᠤᠯᠵᠦ᠂ ᠲᠤᠰᠬᠠᠢ ᠬᠦᠮᠦᠨ ᠢᠶᠠᠷ ᠠᠮᠤᠷ ᠲᠦᠪᠰᠢᠨ ᠤ ᠬᠠᠮᠢᠶᠠᠷᠤᠯᠳᠠ ᠶᠢ ᠬᠠᠷᠢᠭᠤᠴᠠᠭᠤᠯᠵᠦ ᠂ ᠭᠠᠯ ᠤᠨᠳᠠᠷᠠᠭᠠᠬᠤ ᠴᠢᠬᠤᠯᠠ ᠪᠦᠬᠦᠢ ᠪᠠᠭᠠᠵᠢ ᠭᠡᠷᠡᠭᠰᠡᠯ ᠲᠤᠬᠢᠷᠠᠭᠤᠯᠤᠨ᠂ ᠠᠶᠤᠯᠬᠦᠢ ᠶᠢᠨ ᠰᠡᠷᠡᠮᠵᠢ ᠶᠢᠨ ᠲᠡᠮᠳᠡᠭ  ᠢ ᠢᠯᠡ ᠲᠤᠳᠤᠷᠬᠠᠢ ᠨᠠᠭᠠᠬᠤ ᠭᠡᠷᠡᠭᠳᠡᠢ᠃      ︵ᠬᠤᠶᠠᠷ︶ ᠪᠤᠷᠤᠯᠠᠭᠤᠯᠬᠤ ᠴᠠᠭ᠄ 2021 ᠤᠨ ᠤ 2 ᠰᠠᠷ᠎ᠠ ᠶᠢᠨ 4 ᠤ ᠡᠳᠤᠷ ᠤᠨ 8 ᠴᠠᠭ ︵ᠬᠦᠬᠡᠬᠡ ᠰᠠᠷ᠎ᠠ ᠶᠢᠨ ᠬᠤᠷᠢᠨ ᠭᠤᠷᠪᠡᠨ︶ ᠠᠴᠠ 2 ᠰᠠᠷ᠎ᠠ ᠶᠢᠨ 26 ᠤ ᠡᠳᠤᠷ ︵ᠴᠠᠭᠠᠨ ᠰᠠᠷ᠎ᠠ ᠶᠢᠨ ᠠᠷᠪᠡᠨ ᠲᠠᠪᠤᠨ︶ ᠤᠨ 17 ᠴᠠᠭ ᠪᠤᠯᠳᠠᠯ᠎ᠠ᠃ ᠪᠤᠷᠤᠯᠠᠭᠤᠯᠬᠤ ᠴᠠᠭ ᠲᠠᠭᠤᠰᠤᠭᠰᠠᠨ ᠤ ᠲᠠᠷᠠᠭ᠎ᠠ᠂ ᠬᠤᠸᠡᠷ ᠫᠤᠤᠵᠢᠩ ᠲᠦᠷ ᠴᠠᠭ ᠪᠤᠷᠤᠯᠠᠭᠤᠯᠬᠤ ᠭᠠᠵᠡᠷ ᠢ ᠪᠦᠬᠦᠨ ᠢ ᠨᠢ ᠬᠠᠭᠠᠯᠭᠠᠨ᠎ᠠ᠃      ᠲᠠᠪᠤ᠂ ᠬᠤᠳᠠ ᠶᠢᠨ ᠪᠦᠲᠦᠭᠡᠨ ᠪᠠᠶᠢᠭᠤᠯᠣᠯᠳᠠ ᠶᠢᠨ ᠣᠷᠣᠨ ᠳᠤ ᠲᠦᠳᠡᠭ ᠭᠠᠯ ᠨᠣᠴᠣᠭᠠᠵᠣ ᠪᠣᠯᠬᠤ ᠦᠭᠡᠢ᠃      ᠵᠢᠷᠭᠤᠭ᠎ᠠ᠂ ᠬᠤᠷᠢᠮ ᠨᠠᠶᠢᠷ ᠪᠣᠯᠣᠨ ᠣᠷᠣᠰᠢᠭᠤᠯᠭ᠎ᠠ ᠶᠢᠨ ᠶᠠᠪᠣᠳᠠᠯ ᠳᠤ ᠬᠠᠮᠢᠶ᠎ᠠ ᠪᠦᠬᠦᠢ ᠲᠣᠭᠳᠠᠭᠠᠯ ᠢ ᠴᠢᠩᠭ᠎ᠠ ᠵᠢᠷᠣᠮᠯᠠᠬᠤ ᠭᠡᠷᠡᠭᠳᠠᠢ᠃       ︵ᠨᠢᠭᠡ︶  ᠪᠠᠭᠤᠳᠠᠯ᠂ ᠬᠤᠭᠤᠯᠠᠨ ᠭᠡᠷ ᠪᠣᠯᠣᠨ ᠬᠤᠷᠢᠮ ᠨᠠᠶᠢᠷ ᠤᠨ ᠦᠢᠯᠡᠴᠢᠯᠡᠭᠡ ᠬᠠᠩᠭᠠᠳᠠᠭ ᠡᠵᠡᠩᠨᠡᠭᠴᠢᠳ᠂ ᠬᠤᠷᠢᠮ ᠨᠠᠶᠢᠷ ᠤᠨ ᠠᠵᠢᠯᠯᠠᠭ᠎ᠠ ᠡᠷᠬᠢᠯᠡᠬᠦ ᠳᠡᠭᠡᠨ ᠭᠡᠷᠡᠭᠯᠡᠭᠴᠢᠳ ᠲᠤ ᠬᠤᠸᠠᠷ ᠫᠣᠣᠵᠢᠩ ᠲᠠᠯᠪᠢᠬᠤ  ᠶᠢ ᠴᠠᠭᠠᠵᠠᠯᠠᠬᠤ ᠲᠣᠭᠳᠠᠭᠠᠯ ᠢ ᠪᠢᠴᠢᠭ ᠤᠨ ᠬᠡᠯᠪᠡᠷᠢ ᠪᠠᠷ ᠮᠡᠳᠡᠭᠳᠡᠵᠦ᠂ ᠬᠠᠣᠯᠢ ᠠᠴᠠ ᠵᠦᠷᠢᠴᠡᠨ ᠬᠤᠸᠠᠷ ᠫᠣᠣᠵᠢᠩ ᠲᠠᠯᠪᠢᠬᠤ ᠠᠵᠢᠯᠯᠠᠭ᠎ᠠ ᠶᠢ ᠢᠳᠬᠠᠨ ᠬᠤᠷᠢᠭᠯᠠᠬᠤ ᠬᠡᠷᠡᠭᠳᠠᠢ᠃ ᠢᠳᠬᠠᠯ ᠶᠢ ᠰᠣᠨᠣᠰᠬᠤ ᠦᠭᠡᠢ ᠪᠤᠯ ᠲᠣᠳᠣᠭᠠᠳᠣ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠳᠡᠬᠦ ᠬᠡᠷᠡᠭᠳᠠᠢ᠃       ︵ᠬᠤᠶᠠᠷ︶ ᠣᠷᠣᠰᠢᠭᠤᠯᠭ᠎ᠠ ᠶᠢᠨ ᠶᠠᠪᠣᠳᠠᠯ ᠳᠤ ᠲᠣᠰ ︽ᠮᠡᠳᠡᠭᠳᠡᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠵᠢᠷᠣᠮᠯᠠᠬᠤ ᠬᠡᠷᠡᠭᠳᠠᠢ᠃       ᠳᠣᠯᠤᠭ᠎ᠠ᠂ ᠰᠢᠳᠭᠡᠨ ᠲᠣᠷᠭᠠᠬᠤ ᠠᠷᠭ᠎ᠠ      ᠲᠤᠤᠷᠡᠬᠢ ᠪᠠᠶᠢᠳᠠᠯ ᠶᠢ ᠵᠦᠷᠢᠴᠡᠪᠡᠯ᠂ ᠬᠤᠰᠢᠭᠤ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠠᠴᠠ ᠫᠤᠤᠵᠢᠩ ᠲᠠᠯᠪᠢᠬᠤ ᠶᠢ ᠨᠢ ᠵᠠᠷᠯᠢᠭᠳᠠᠨ ᠵᠤᠭᠰᠤᠭᠠᠯᠭᠠᠵᠦ᠂ 100 ᠲᠦᠬᠦᠷᠢᠭ ᠠᠴᠠ ᠲᠡᠭᠡᠭᠰᠢ 500 ᠲᠦᠬᠦᠷᠢᠭ  ᠠᠴᠠ ᠲᠤᠷᠤᠭᠰᠢ ᠵᠤᠭᠤᠰ ᠢᠶᠠᠷ ᠲᠤᠷᠭᠠᠨ᠎ᠠ︔ ᠠᠮᠤᠷ ᠢ ᠬᠠᠮᠠᠭᠠᠯᠠᠬᠤ ᠬᠠᠮᠢᠶᠠᠷᠤᠯᠳᠠ ᠶᠢ ᠵᠦᠢᠷᠢᠴᠡᠪᠡᠯ᠂ ᠬᠠᠤᠯᠢ ᠶᠤᠰᠤᠭᠠᠷ ᠠᠮᠤᠷ ᠢ ᠬᠠᠮᠠᠭᠠᠯᠠᠬᠤ ᠬᠠᠮᠢᠶᠠᠷᠤᠯᠳᠠ ᠶᠢᠨ ᠰᠢᠳᠭᠡᠯ ᠤᠯᠭᠤᠨ᠎ᠠ᠄      ︵ᠨᠢᠭᠡ︶ ᠫᠤᠤᠵᠢᠩ ᠲᠠᠯᠪᠢᠬᠤ ᠶᠢ ᠴᠠᠭᠠᠵᠠᠯᠠᠭᠰᠠᠨ ᠴᠠᠭ ᠲᠤ ᠫᠤᠤᠵᠢᠩ ᠲᠠᠯᠪᠢᠭᠰᠠᠨ︔      ︵ᠬᠤᠶᠠᠷ︶ ᠫᠤᠤᠵᠢᠩ ᠲᠠᠯᠪᠢᠬᠤ ᠶᠢ ᠴᠠᠭᠠᠵᠠᠯᠠᠭᠰᠠᠨ ᠭᠠᠵᠡᠷ ᠲᠤ ᠫᠤᠤᠵᠢᠩ ᠲᠠᠯᠪᠢᠭᠰᠠᠨ︔      ︵ᠭᠤᠷᠪᠠ︶ ᠤᠯᠠᠨ ᠨᠠᠶᠢᠳᠠ ᠶᠢᠨ ᠠᠮᠤᠷ ᠲᠦᠪᠰᠢᠨ ᠪᠡ ᠬᠦᠮᠦᠨ ᠤ ᠪᠠᠶ᠎ᠠ ᠮᠠᠬᠠᠪᠤᠳ᠂ ᠡᠳ᠋ ᠬᠦᠷᠦᠩᠭᠡ  ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠬᠤ ᠪᠤᠰᠤᠳ ᠠᠷᠭ᠎ᠠ ᠮᠠᠶ᠋ᠢᠭ ᠢᠶᠠᠷ ᠫᠤᠤᠵᠢᠩ ᠲᠠᠯᠪᠢᠭᠰᠠᠨ᠃               ᠠᠳᠡ ᠤᠨᠴᠠᠭᠠᠶᠢᠯᠠᠨ ᠮᠡᠳᠡᠭᠳᠡᠪᠡ                   ᠰᠦᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ                          2021 ᠤᠨ ᠤ 1 ᠰᠠᠷ᠎ᠠ ᠶᠢᠨ18 ᠤ ᠡᠳᠤᠷ
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号