ᠬᠠᠳᠠᠠᠬᠤᠰᠢᠭᠤ ᠭᠠᠴᠠᠭ᠎ᠠ ᠮᠠᠯᠴᠢᠳ ᠲᠤ ᠪᠠᠨ ᠲᠡᠵᠢᠬᠡᠯ ᠪᠤᠷᠳᠤᠭ᠎ᠠ ᠲᠠᠷᠬᠠᠭᠠᠭᠰᠠᠨ
ᠨᠡᠶᠢᠲᠡᠯᠡᠭᠰᠡᠨ ᠴᠠᠭ᠄
2021/1/27
     1 ᠳ᠋ᠦ᠋ᠭᠡᠷ ᠰᠠᠷ᠎ᠠ ᠶᠢᠨ 20 ᠤ ᠡᠳᠦᠷ᠂ ᠬᠠᠳᠠᠠᠬᠤᠰᠢᠭᠤ  ᠭᠠᠴᠠᠭᠠᠨ ᠤ ᠮᠠᠯᠴᠢᠨ ᠡᠷᠦᠬᠡ ᠳᠤ ᠲᠡᠵᠢᠭᠡᠯ ᠪᠤᠷᠳᠤᠭ᠎ᠠ  ᠲᠠᠷᠬᠠᠭᠠᠬᠤ ᠠᠵᠢᠯᠯᠠᠭ᠎ᠠ ᠶᠠᠪᠤᠭᠳᠠᠵᠤ᠂ ᠠᠬᠤᠢ ᠲᠠᠯᠠᠪᠠᠢ ᠳᠤ ᠠᠵᠢᠯᠳᠠᠳ ᠲᠤᠮᠤ ᠠᠴᠢᠶᠠᠨ ᠤ ᠮᠠᠰᠢᠨ ᠲᠡᠷᠭᠡᠨ ᠠᠴᠠ ᠲᠡᠵᠢᠭᠡᠯ ᠪᠤᠷᠳᠤᠭ᠎ᠠ ᠪᠠᠭᠤᠯᠭᠠᠵᠤ᠂ ᠮᠠᠯᠴᠢᠳ ᠲᠠᠬᠢᠨ ᠦᠪᠡᠷ ᠤᠨ ᠵᠢᠵᠢᠭ ᠠᠴᠢᠶᠠᠨ ᠤ ᠮᠠᠰᠢᠨ ᠲᠡᠷᠬᠡᠨ ᠳᠤ ᠪᠠᠨ ᠠᠴᠢᠵᠦ ᠲᠡᠭᠡᠭᠡᠭᠡᠳ ᠶᠠᠭᠠᠷᠠᠯᠲᠠᠢ ᠮᠥᠷᠲᠡᠬᠡᠨ ᠪᠠᠶᠠᠷᠲᠠᠢ᠃
     ᠲᠤᠰ ᠤᠳᠠᠭ᠎ᠠ᠂  ᠭᠠᠴᠠᠭᠠᠨ ᠤ ᠬᠤᠶᠠᠷ ᠵᠦᠪᠯᠡᠯ ᠪᠤᠯᠤᠨ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠠᠴᠠ ᠵᠦᠪᠳᠡᠯᠴᠡᠨ᠂ 103500 ᠲᠦᠭᠦᠷᠢᠭ ᠵᠠᠷᠤᠴᠠᠭᠤᠯᠵᠦ᠂  35 ᠲᠤᠨ ᠡᠷᠳᠡᠨᠢ ᠰᠢᠰᠢ ᠬᠤᠳᠠᠯᠳᠤᠨ ᠠᠪᠴᠤ᠂   ᠲᠤᠰ ᠭᠠᠴᠠᠭᠠᠨ ᠤ ᠪᠠᠶᠢᠩᠭᠤ ᠰᠠᠭᠤᠭ᠎ᠠ 70 ᠮᠠᠯᠴᠢᠨ ᠡᠷᠦᠬᠡ ᠳᠤ ᠡᠷᠦᠬᠡ ᠪᠦᠷᠢ ᠶᠢᠨ 10 ᠤᠭᠤᠲᠠ ᠲᠡᠵᠢᠬᠡᠯ  ᠲᠠᠷᠬᠠᠭᠠᠭᠰᠠᠨ ᠪᠠᠶᠢᠨ᠎ᠠ᠃
     
     ᠣᠶᠢᠯᠠᠭᠠᠭᠰᠠᠨ ᠢᠶᠠᠷ᠂  ᠬᠠᠳᠠᠨᠬᠤᠰᠢᠭᠤ ᠭᠠᠴᠠᠭ᠎ᠠ ᠨᠢ ᠬᠠᠮᠤᠭ ᠠᠩᠬᠠᠨ ᠤ ᠬᠠᠮᠲᠤ ᠶᠢᠨ ᠠᠵᠤ ᠠᠬᠤᠢ ᠭᠡᠮᠡᠷ  ᠶᠠᠭᠤᠮ᠎ᠠ ᠦᠬᠡᠢ ᠪᠠᠶᠢᠭᠰᠠᠨ ᠠᠴᠠ ᠪᠠᠨ ᠲᠠᠪᠤᠨ ᠵᠢᠯ ᠤᠨ ᠴᠢᠷᠮᠠᠶᠢᠯᠭ᠎ᠠ ᠪᠠᠷ ᠲᠠᠮᠵᠢᠨ 2020 ᠳᠤ 100 ᠲᠦᠮᠡᠨ ᠲᠦᠭᠦᠷᠢᠭ ᠤᠨ ᠬᠠᠮᠳᠤ ᠶᠢᠨ ᠠᠵᠤ ᠠᠬᠤᠢ‌‍ᠶᠢᠨ ᠬᠦᠷᠦᠩᠬᠡ ᠶᠢ ᠪᠡᠶᠡᠯᠡᠬᠦᠯᠦᠭᠰᠡᠨ ᠪᠠᠶᠢᠨ᠎ᠠ᠃  ᠨᠢᠳᠤᠨᠤᠨ ᠨᠠᠮᠤᠷ ᠲᠤᠰ ᠭᠠᠴᠠᠭᠠᠨ ᠤ ᠪᠠᠨ  ᠶᠠᠳᠠᠭᠤ ᠡᠷᠦᠬᠡ ᠳᠤ ᠲᠤᠰ ᠪᠦᠷᠢ 32 ᠪᠣᠭᠤᠯᠲᠠ ᠡᠪᠡᠰᠦ  ᠲᠠᠷᠬᠠᠭᠠᠭᠰᠠᠨ ᠪᠤᠯ᠂ ᠡᠨᠡ ᠡᠪᠦᠯ ᠤᠨ ᠴᠠᠰᠤ ᠶᠡᠬᠡᠳᠠᠢ ᠪᠠᠶᠢᠳᠠᠯ ᠳᠤ ᠴᠢᠭᠯᠡᠬᠦᠯᠦᠨ ᠲᠤᠰ ᠤᠳᠠᠭᠠᠨ ᠤ ᠲᠡᠵᠢᠬᠡᠯ ᠪᠤᠷᠳᠤᠭ᠎ᠠ ᠲᠠᠷᠬᠠᠭᠠᠬᠤ ᠠᠵᠢᠯᠯᠠᠭ᠎ᠠ ᠦᠷᠨᠢᠭᠦᠯᠦᠭᠰᠡᠨ ᠨᠢ ᠮᠠᠯᠴᠢᠨ ᠠᠷᠠᠳ ᠤᠨ ᠰᠡᠳᠬᠢᠯ ᠢ ᠲᠤᠯᠠᠭᠠᠯᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号