ᠲᠤᠤᠷ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠠᠪᠤᠭᠳᠠᠭᠰᠠᠨ
ᠨᠡᠶᠢᠲᠡᠯᠡᠭᠰᠡᠨ ᠴᠠᠭ᠄
2021/1/28
     ᠰᠦᠯᠵᠢᠶ᠎ᠡ ᠬᠤᠯᠪᠤᠭᠠᠨ ᠤ ᠬᠠᠤᠯᠢ ᠠᠴᠠ ᠵᠥᠷᠢᠴᠡᠭᠰᠡᠨ ᠰᠢᠨ᠎ᠡ ᠬᠡᠯᠪᠡᠷᠢ ᠶᠢᠨ ᠶᠠᠯᠠᠲᠤ ᠠᠵᠢᠯᠯᠠᠭ᠎ᠠ ᠳᠤ ᠪᠦᠲᠦᠮᠵᠢᠲᠡᠶ ᠴᠣᠬᠢᠯᠲᠠ ᠥᠭᠴᠦ᠂  ᠣᠯᠠᠨ ᠲᠦᠮᠡᠨ ᠤ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠤᠯᠠᠮ   ᠴᠢᠩᠭᠠᠳᠬᠠᠨ᠂ ᠰᠦᠯᠵᠢᠶᠡᠨ ᠤ ᠮᠡᠬᠡᠯᠡᠯ ᠤᠨ ᠬᠡᠷᠡᠭ ᠡᠭᠦᠰᠬᠦ ᠶᠢ ᠪᠦᠲᠦᠮᠵᠢᠲᠡᠶ ᠬᠤᠷᠢᠭᠯᠠᠬᠤ ᠶᠢᠨ ᠲᠥᠯᠥᠭᠡ᠂ ᠲᠦᠷᠦᠭᠦᠬᠡᠨ ᠬᠤᠰᠢᠭᠤ ᠡᠷᠡᠭᠦᠦ ᠶᠢᠨ ᠴᠠᠭᠳᠠᠭᠠᠨ ᠤ ᠶᠡᠭᠡ ᠠᠩᠭᠢ᠂ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ  ᠪᠠᠶᠢᠴᠠᠭᠠᠬᠤ ᠶᠡᠭᠡ ᠠᠩᠭᠢ ᠲᠠᠢ ᠬᠠᠮᠲᠤᠷᠠᠨ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠷᠠᠳ ᠤᠨ ᠴᠠᠭᠳᠠᠭ᠎ᠠ ᠨᠠᠷ ᠮᠠᠰᠢᠨ ᠲᠡᠷᠭᠡᠨ ᠤ ᠦᠷᠳᠡᠭᠡ᠂ ᠭᠠᠯᠲᠤ ᠲᠡᠷᠭᠡᠨ ᠥᠷᠲᠡᠭᠡ᠂ ᠬᠡᠲᠦ ᠳᠡᠯᠭᠡᠭᠦᠷ᠂ ᠰᠢᠦᠳᠠᠨ ᠲᠣᠪᠴᠢᠶ᠎ᠠ᠂ ᠪᠠᠩᠬᠢ᠂ ᠰᠦᠯᠵᠢᠶᠡᠨ ᠪᠠᠭᠠᠷ ᠵᠡᠷᠭᠡ ᠬᠥᠮᠦᠨ ᠣᠯᠠᠨ ᠴᠤᠭᠯᠠᠷᠠᠳᠠᠭ ᠭᠠᠵᠠᠷ ᠢᠶᠠᠷ ᠬᠦᠨᠵᠡᠭᠡᠶᠢᠷᠡᠨ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠤᠬᠠᠭᠤᠯᠭ᠎ᠠ ᠶᠢᠨ ᠵᠠᠷ ᠨᠠᠭᠠᠬᠤ᠂ ᠤᠬᠠᠭᠤᠯᠭ᠎ᠠ ᠎ ᠶᠢᠨ ᠪᠢᠴᠢᠭᠡᠰᠦ ᠡᠯᠬᠦᠬᠦ ᠵᠡᠷᠭᠡ ᠬᠡᠯᠪᠡᠷᠢ ᠪᠠᠷ ᠲᠤᠤᠷ ᠰᠦᠯᠵᠢᠶᠡᠨ ᠤ ᠮᠡᠬᠡᠯᠡᠯ ᠢ ᠰᠡᠷᠬᠡᠶᠢᠯᠡᠨ ᠬᠤᠷᠢᠭᠯᠠᠬᠤ ᠮᠡᠳᠡᠯᠬᠡ ᠶᠢ ᠦᠷᠭᠡᠨ ᠢᠶᠠᠷ ᠤᠬᠠᠭᠤᠯᠤᠭᠰᠠᠨ ᠠᠴᠠ  ᠭᠠᠳᠠᠨ᠎ᠠ᠂ ᠤᠯᠠᠨ ᠲᠦᠮᠡᠨ ᠳᠤ ᠰᠦᠯᠵᠢᠶᠡᠨ ᠤ ᠵᠢᠬᠡᠯᠡᠯᠭᠡ ᠎ ᠶᠢᠨ ᠮᠡᠬᠡᠯᠡᠯ᠂ ᠮᠦᠩᠭᠦ ᠲᠦᠯᠦᠬᠦ ᠳᠤᠭᠯᠠᠭᠠᠮ᠂ ᠰᠦᠯᠵᠢᠶᠡᠨ ᠤ ᠬᠦᠷᠦᠩᠭᠡ ᠡᠵᠡᠩᠨᠡᠯᠳᠡ᠂ ᠪᠠᠶᠢᠭᠤᠯᠭ᠎ᠠ ᠶᠢᠨ ᠤᠳᠤᠷᠢᠳᠤᠯᠭ᠎ᠠ ᠪᠠᠷ ᠣᠪᠯᠠᠵᠤ ᠮᠡᠬᠡᠯᠡᠬᠦ ᠵᠡᠷᠭᠡ ᠣᠯᠠᠨ ᠵᠦᠶᠯ ᠤᠨ ᠰᠢᠨ᠎ᠡ ᠬᠡᠯᠪᠡᠷᠢ ᠶᠢᠨ ᠰᠦᠯᠵᠢᠶᠡᠨ ᠤ ᠮᠡᠭᠡᠯᠡᠯ ᠎ ᠤᠨ ᠠᠷᠭ᠎ᠠ ᠮᠠᠶ᠋ᠢᠭ ᠵᠢᠴᠢ ᠮᠡᠬᠡᠯᠡᠯ ᠢ ᠢᠯᠭᠠᠨ ᠲᠠᠨᠢᠬᠤ᠂ ᠰᠡᠷᠭᠡᠶᠢᠯᠡᠬᠦ ᠤᠷ᠎ᠠ ᠳᠡᠮ ᠢ ᠨᠠᠷᠢᠨ ᠳᠤᠳᠤᠷᠬᠠᠢ ᠳᠠᠶᠢᠯᠪᠤᠷᠢᠯᠠᠨ᠂ ᠣᠯᠠᠨ ᠲᠦᠮᠡᠨ ᠤ ᠡᠷᠡᠭᠡᠯᠵᠡᠭᠡ ᠶᠢ  ᠲᠠᠶᠢᠯᠵᠤ᠂ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠬᠦ ᠶᠢ ᠵᠤᠷᠢᠵᠠᠢ᠃
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 300 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ 30 ᠭᠠᠷᠤᠶ ᠬᠤᠪᠢ ᠤᠬᠠᠭᠤᠯᠭ᠎ᠠ ᠶᠢᠨ ᠮᠡᠳᠡᠭᠳᠡᠯ ᠨᠠᠭᠠᠵᠠᠶ᠃       ︵ᠵᠢᠷᠤᠭ ᠢ ᠬᠤᠰᠢᠭᠤ ᠲᠤᠳᠤᠭᠠᠲᠤ ᠶᠢ ᠬᠠᠮᠠᠭᠠᠯᠠᠬᠤ ᠲᠤᠪᠴᠢᠶᠠᠨ ᠠᠴᠠ ᠬᠠᠩᠭᠠᠪᠠ︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号