ᠳᠤᠮᠳᠠᠲᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠪᠡᠯᠭᠡᠯᠡᠬᠦ ᠤᠯᠤᠰ ᠤᠨ ᠬᠡᠦᠬᠡᠳ ᠤᠨ  ︽ᠬᠠᠶᠢᠷ᠎ᠠ ᠶᠢᠨ  ᠪᠦᠥᠪᠡᠢ︾ ᠦᠯᠢᠭᠡᠷ ᠳᠤᠷᠠᠰᠤᠮᠵᠢ ᠶᠢᠨ ᠶᠠᠷᠢᠶᠠᠨ ᠤ  ᠠᠵᠢᠯᠯᠠᠭ᠎ᠠ ᠠᠮᠵᠢᠯᠲᠠᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2021/1/28
     ᠳᠡᠭᠡᠷ᠎ᠡ ᠵᠠᠭᠤᠨ ᠤ ᠲᠠᠪᠢᠭᠠᠳ ᠣᠨ ᠤ ᠰᠡᠭᠦᠯᠴᠢ ᠵᠢᠷᠠᠭᠠᠳ ᠣᠨ ᠤ ᠡᠬᠢ ᠪᠠᠷ ᠱᠠᠩᠬᠠᠢ ᠠᠨᠾᠦ᠋ᠢ ᠵᠡᠷᠭᠡ ᠭᠠᠮᠰᠢᠭᠳᠠᠭᠰᠠᠨ ᠣᠷᠣᠨ ᠤ ᠭᠤᠷᠪᠠᠨ ᠮᠢᠩᠭᠠᠨ ᠦᠨᠦᠴᠢᠨ ᠬᠡᠦᠬᠡᠳ ᠢ ᠦᠪᠦᠷ ᠮᠤᠩᠭᠤᠯ ᠲᠤᠰᠤᠨ ᠠᠪᠴᠤ᠂  ᠲᠠᠯ᠎ᠠ ᠨᠤᠲᠤᠭ ᠤᠨ ᠮᠠᠯᠴᠢᠳ ᠮᠠᠨᠢ ᠦᠭᠬᠢᠶᠡᠮᠦᠷ ᠬᠠᠶᠢᠷ᠎ᠠ ᠪᠠᠷ ᠢᠶᠠᠨ ᠦᠷᠡᠴᠢᠯᠠᠨ ᠲᠡᠵᠢᠭᠡᠵᠤ  ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠲᠤᠤᠯᠢᠰ ᠢ  ᠪᠢᠴᠢᠭᠯᠡᠨ᠂ ᠲᠡᠦᠬᠡᠨ ᠳᠤ ᠦᠨᠢᠲᠡ ᠲᠡᠮᠲᠡᠭᠯᠡᠭᠲᠡᠭᠰᠡᠨ ᠪᠢᠯᠡ᠃
     1 ᠰᠠᠷ᠎ᠠ ᠶᠢᠨ 22  ᠤᠨ ᠡᠳᠦᠷ᠂ ᠬᠤᠰᠢᠭᠤ ᠰᠣᠶᠣᠯ ᠤᠨ ᠣᠷᠳᠣᠨ᠂ ᠰᠠᠶᠢᠬᠠᠨᠲᠠᠯ᠎ᠠ ᠪᠠᠯᠭᠠᠰᠤᠨ ᠤ ᠤᠯᠠᠭᠠᠨ ᠨᠡᠶᠢᠬᠡᠮ ᠲᠤᠭᠤᠷᠢᠭ ᠠᠴᠠ ᠡᠷᠬᠢᠯᠡᠭᠰᠡᠨ ᠳᠤᠮᠳᠠᠲᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ  ᠪᠡᠯᠭᠡᠯᠡᠬᠦ ᠤᠯᠤᠰ ᠤᠨ ᠬᠡᠦᠬᠡᠳ ᠤᠨ  ︽ᠬᠠᠶᠢᠷ᠎ᠠ ᠶᠢᠨ ᠪᠦᠥᠪᠡᠢ︾ ᠦᠯᠢᠭᠡᠷ ᠳᠤᠷᠠᠰᠤᠮᠵᠢ ᠶᠢᠨ  ᠶᠠᠷᠢᠶᠠᠨ ᠤ ᠠᠵᠢᠯᠯᠠᠭ᠎ᠠ ᠶᠢᠨ ᠱᠠᠩᠨᠠᠯ ᠤᠯᠭᠤᠬᠤ ᠶᠤᠰᠤᠯᠠᠯ ᠰᠣᠶᠣᠯ ᠤᠨ ᠣᠷᠳᠣᠨ ᠳᠤ ᠬᠦᠭᠵᠢᠶᠡᠨᠲᠡᠢ ᠶᠠᠪᠤᠭᠳᠠᠵᠠᠢ᠃
     ᠣᠶᠢᠯᠠᠭᠠᠭᠰᠠᠨ ᠢᠶᠠᠷ᠂ 1 ᠰᠠᠷ᠎ᠠ ᠶᠢᠨ 10 ᠤ ᠡᠳᠦᠷ ᠠᠴᠠ 15 ᠤ ᠡᠳᠦᠷ ᠪᠤᠯᠳᠠᠯ᠎ᠠ᠂ ᠰᠦᠨᠢᠳ ᠪᠠᠷᠠᠭᠤᠨ ᠬᠤᠰᠢᠭᠤᠨ ᠤ ᠤᠯᠤᠰ ᠤᠨ ᠬᠡᠦᠬᠡᠳ ᠤᠨ ᠸᠢᠴᠠᠲ ᠬᠤᠯᠪᠣᠭᠠᠨ ᠳᠤ ︽ᠬᠠᠶᠢᠷ᠎ᠠ ᠶᠢᠨ ᠪᠦᠪᠡᠢ  ︾ ᠦᠯᠢᠭᠡᠷ ᠳᠤᠷᠠᠰᠤᠮᠵᠢ ᠶᠢᠨ ᠶᠠᠷᠢᠶᠠᠨ ᠤ ᠤᠷᠤᠯᠳᠤᠭᠠᠨ   ᠬᠥᠭᠵᠢᠶᠡᠨᠲᠡᠢ ᠮᠥᠷᠲᠡᠬᠡᠨ ᠬᠠᠶᠢᠷ᠎ᠠ ᠲᠦᠭᠡᠭᠰᠡᠨ ᠠᠭᠤᠷ ᠠᠮᠢᠰᠬᠤᠯ ᠤᠨ ᠲᠤᠮᠳᠠ ᠶᠠᠪᠤᠭᠳᠠᠵᠤ᠂ 39 ᠤᠯᠤᠰ ᠤᠨ ᠬᠡᠦᠬᠡᠳ  ᠢᠳᠡᠪᠬᠢᠯᠡᠨ  ᠤᠷᠤᠯᠴᠠᠪᠠ᠃ ᠤᠷᠤᠯᠳᠤᠭᠠᠨ  ᠨᠢ ᠦᠯᠢᠭᠡᠷ ᠶᠠᠷᠢᠬᠤ ᠪᠠ ᠥᠪᠡᠷ ᠤᠨ ᠠᠮᠢᠳᠦᠷᠠᠯ ᠳᠤᠮᠳᠠᠬᠢ ᠰᠠᠶᠢᠨ ᠰᠠᠶᠢᠬᠠᠨ ᠳᠤᠷᠠᠳᠬᠠᠯ ᠳᠤᠷᠠᠰᠤᠮᠵᠢ ᠪᠠᠨ ᠶᠠᠷᠢᠬᠤ ᠬᠤᠶᠠᠷ ᠠᠭᠤᠯᠭ᠎ᠠ ᠪᠠᠷ ᠶᠠᠪᠤᠭᠳᠠᠵᠤ  ᠂  ᠲᠡᠷᠢᠬᠦᠨ ᠭᠤᠷᠪᠠᠨ ᠨᠡᠷ᠎ᠡ ᠵᠢᠴᠢ ᠰᠢᠯᠢᠳᠡᠭ ᠨᠡᠷ᠎ᠡ  ᠶᠢ ᠰᠢᠯᠭᠠᠷᠠᠭᠤᠯᠤᠨ᠂ ᠲᠤᠰ ᠤᠳᠠᠭᠠᠨ ᠤ ᠶᠤᠰᠤᠯᠠᠯ ᠳᠤ ᠱᠠᠩᠨᠠᠯ ᠬᠥᠬᠢᠭᠦᠯᠦᠯ  ᠣᠯᠭᠤᠭᠰᠠᠨ ᠪᠠᠶᠢᠨ᠎ᠠ᠃
     ᠠᠵᠢᠯᠯᠠᠭᠠᠨ ᠳᠤ ᠣᠷᠣᠯᠴᠠᠭᠰᠠᠨ ᠤᠯᠤᠰ ᠤᠨ ᠬᠡᠦᠬᠡᠳ ᠨᠠᠷ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠲᠡᠵᠦ ᠢᠷᠡᠭᠰᠡᠨ ᠦᠩᠭᠡᠷᠡᠯᠲᠡ ᠳᠤᠷᠠᠰᠤᠮᠵᠢ ᠪᠠᠷ ᠢᠶᠠᠨ  ᠨᠠᠮ ᠤᠨ ᠠᠴᠢ ᠭᠠᠪᠢᠶ᠎ᠠ  ᠂ ᠠᠪᠦ ᠡᠵᠢ ᠶᠢᠨ ᠡᠨᠡᠷᠢᠯ ᠬᠠᠶᠢᠷ᠎ᠠ ᠶᠢ ᠮᠠᠭᠲᠠᠨ ᠳᠠᠭᠤᠯᠠᠵᠤ  ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠳᠤ ᠪᠡᠯᠡᠭ  ᠪᠠᠷᠢᠯ᠎ᠠ᠃                                       ᠰᠤᠷᠪᠤᠯᠵᠢᠯᠠᠭᠴᠢ᠄ ᠬᠠᠪᠤᠷ
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号