ᠪᠦᠬᠦ ᠠᠶᠢᠮᠠᠭ ᠤᠨ ᠰᠤᠷᠭᠠᠨ ᠬᠦᠮᠦᠵᠢᠯ ᠤᠨ ᠰᠢᠰᠲ᠋ᠧᠮ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠳᠤᠵᠢᠭᠤᠯᠬᠤ︾ ᠭᠤᠣᠯ ᠰᠡᠳᠦᠪᠲᠦ ᠤᠬᠠᠭᠤᠯᠭ᠎ᠠ ᠵᠢᠴᠢ ᠪᠣᠯᠪᠠᠰᠤᠷᠠᠯ ᠮᠠᠨ ᠤ ᠬᠤᠰᠢᠭᠤᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2021/1/29
     ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠠᠷᠢᠶ᠎ᠠ ᠶᠢ  ᠲᠤᠭᠤᠰᠢᠯᠠᠭᠤᠯᠵᠤ  ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠳᠤᠵᠢᠭᠤᠯᠬᠤ ᠶᠢᠨ ᠲᠥᠯᠥᠭᠡ᠂ ᠮᠦᠨᠴᠦ ᠦᠵᠡᠯ ᠲᠠᠨᠢᠯᠲᠠ ᠪᠠᠨ ᠨᠢᠭᠡᠳᠬᠡᠨ ᠡᠷᠡᠰ ᠭᠤᠶᠢᠪᠢᠰᠢ ᠦᠭᠡᠢ ᠪᠦᠬᠦ ᠬᠦᠴᠦᠨ ᠢᠶᠠᠷ ᠬᠠᠮᠵᠢᠯᠴᠠᠨ ᠠᠵᠢᠯᠯᠠᠵᠤ ᠤᠯᠤᠰ ᠤᠨ ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠢ ᠲᠦᠬᠡᠮᠡᠯᠵᠢᠬᠦᠯᠵᠦ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠠᠬᠢᠭᠤᠯᠬᠤ ᠶᠢᠨ ᠲᠤᠯᠠᠳᠠ ᠦᠷᠨᠢᠬᠦᠯᠦᠭᠰᠡᠨ ᠪᠦᠬᠦ ᠠᠶᠢᠮᠠᠭ ᠤᠨ ᠰᠤᠷᠭᠠᠨ ᠬᠦᠮᠦᠵᠢᠯ ᠤᠨ ᠰᠢᠰᠲ᠋ᠧᠮ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠳᠤᠵᠢᠭᠤᠯᠬᠤ︾ ᠭᠤᠣᠯ ᠰᠡᠳᠦᠪᠲᠦ ᠤᠬᠠᠭᠤᠯᠭ᠎ᠠ ᠵᠢᠴᠢ ᠪᠣᠯᠪᠠᠰᠤᠷᠠᠯ᠂ 1 ᠰᠠᠷ᠎ᠠ ᠶᠢᠨ 23 ᠤ ᠡᠳᠦᠷ ᠠᠴᠠ 25 ᠤ ᠡᠳᠦᠷ ᠪᠤᠯᠳᠠᠯ᠎ᠠ᠂ ᠮᠠᠨ ᠤ ᠬᠤᠰᠢᠭᠤᠨ ᠳᠤ ᠶᠠᠪᠤᠭᠳᠠᠭᠰᠠᠨ ᠪᠠᠶᠢᠨ᠎ᠠ᠃
     ᠲᠤᠰ ᠤᠳᠠᠭᠠᠨ ᠤ ᠪᠣᠯᠪᠠᠰᠤᠷᠠᠯ  ᠨᠢ ᠭᠤᠷᠪᠠᠨ ᠡᠳᠦᠷ ᠤᠨ ᠬᠤᠭᠤᠴᠠᠭᠠᠲᠠᠢ ᠶᠠᠪᠤᠭᠳᠠᠵᠤ᠂ ᠲᠡᠭᠡᠷ᠎ᠡ ᠱᠠᠳᠤᠨ ᠤ ᠪᠦᠬᠦ ᠬᠡᠰᠢᠬᠦᠳ ᠪᠤᠯᠪᠠᠰᠤᠷᠠᠯ ᠳᠤ ᠤᠷᠤᠯᠴᠠᠬᠤ ᠱᠠᠭᠠᠷᠳᠠᠯᠭ᠎ᠠ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ᠂ 1 ᠭᠤᠣᠯ ᠬᠤᠷᠠᠯ ᠤᠨ ᠲᠠᠯᠠᠪᠠᠢ᠂ 14 ᠰᠠᠯᠪᠤᠷᠢ ᠬᠤᠷᠠᠯ ᠤᠨ ᠲᠠᠯᠠᠪᠠᠢ ᠲᠤᠬᠢᠷᠠᠭᠤᠯᠵᠤ᠂ ︽ᠭᠤᠣᠯ ᠬᠤᠷᠠᠯ ᠤᠨ ᠲᠠᠯᠠᠪᠠᠢ + ᠳᠡᠯᠭᠡᠴᠡ ᠪᠠᠷ ᠰᠢᠭᠤᠳ ᠨᠡᠪᠲᠡᠷᠡᠭᠦᠯᠬᠦ︾ ᠬᠡᠯᠪᠡᠷᠢ ᠶᠢ ᠠᠰᠢᠭᠯᠠᠨ᠂ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ 1000 ᠭᠠᠷᠦᠢ ᠪᠠᠭᠰᠢ ᠠᠵᠢᠯᠲᠠᠨ ᠳᠤ ᠪᠣᠯᠪᠠᠰᠤᠷᠠᠯ ᠬᠦᠷᠲᠡᠭᠡᠪᠡ᠃
     ᠥᠪᠡᠷᠳᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠠᠩᠬᠢᠮ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠡᠰᠢᠬᠦᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠮᠠᠷᠺᠠᠰ ᠤᠨ ᠦᠵᠡᠯ ᠤᠨ ᠳᠡᠭᠡᠲᠦ ᠰᠤᠷᠭᠠᠭᠤᠯᠢ ᠶᠢᠨ ᠳᠡᠳ᠋ ᠵᠠᠬᠢᠷᠦᠯ᠂ ᠫᠷᠦᠹᠧᠰᠰᠦᠷ᠂ ᠳ᠋ᠣᠺᠲ᠋ᠣᠷᠠᠨᠲ ᠶᠢᠨ ᠵᠢᠯᠤᠭᠤᠳᠤᠭᠴᠢ ᠪᠠᠭᠰᠢ ᠹᠦ᠋ ᠰᠥᠸᠧ ᠭᠧᠨ  ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠳᠤᠵᠢᠭᠤᠯᠵᠤ᠂ ᠤᠯᠤᠰ ᠤᠨ ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠦᠨ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ‌ᠢ ᠬᠡᠷᠡᠭᠯᠡᠬᠦ ᠶᠢ ᠠᠬᠢᠭᠤᠯᠬᠤ︾ ᠭᠡᠬᠦ ᠭᠤᠤᠯ ᠰᠡᠳᠦᠪ ᠤᠨ ᠲᠤᠭᠤᠷᠢᠨ ᠳᠤ ᠤᠬᠠᠭᠤᠯᠭ᠎ᠠ ᠲᠠᠶᠢᠯᠤᠮᠵᠢ ᠬᠢᠵᠠᠢ᠃
     ᠰᠢᠯᠢ ᠶᠢᠨ ᠭᠤᠣᠯ ᠠᠶᠢᠮᠠᠭ ᠤᠨ ᠠᠵᠢᠯ ᠮᠡᠷᠭᠡᠵᠢᠯ ᠤᠨ ᠳᠡᠭᠡᠲᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠢ ᠰᠤᠳᠤᠯᠬᠤ ᠲᠠᠰᠤᠭ ᠤᠨ ᠡᠷᠬᠢᠯᠡᠭᠴᠢ ᠪᠠᠳᠠᠷᠠᠩᠭᠤᠢ ᠠᠴᠠ ︽ᠦᠨᠳᠦᠰᠦᠳᠡᠨ ᠤ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠳᠤᠵᠢᠭᠤᠯᠬᠤ ᠶᠢ ᠠᠬᠢᠭᠤᠯᠬᠤ︾ ᠭᠡᠬᠦ ᠭᠤᠤᠯ ᠰᠡᠳᠦᠪ ᠤᠨ ᠲᠤᠭᠤᠷᠢᠨ ᠳᠤ ᠲᠠᠶᠢᠯᠤᠮᠵᠢ ᠬᠢᠵᠠᠢ᠃
     ᠡᠭᠦᠨ ᠤ ᠬᠠᠮᠲᠤ᠂ ᠪᠤᠯᠪᠠᠰᠤᠷᠠᠯ ᠳᠤ ᠤᠷᠤᠯᠴᠠᠭᠰᠠᠨ ᠡᠯ᠎ᠡ ᠪᠠᠶᠢᠭᠤᠯᠭ᠎ᠠ ᠨᠢᠭᠡᠴᠡ ᠶᠢᠨ ᠬᠢᠨ ᠥᠪᠡᠷᠰᠡᠳ ᠢᠶᠠᠨ ᠰᠤᠷᠤᠯᠴᠠᠬᠤ ᠪᠠ ᠲᠤᠭᠤᠶᠢᠯᠠᠩ ᠬᠤᠪᠢᠶᠠᠵᠦ ᠲᠠᠭᠠᠭᠤᠯᠤᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠭᠦᠯᠡᠮᠵᠢ ᠪᠠ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠥᠷᠥ ᠶᠢᠨ ᠪᠤᠳᠤᠯᠭ᠎ᠠ᠂ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠳᠤᠵᠢᠭᠤᠯᠬᠤ ᠵᠡᠷᠭᠡ ᠠᠭᠤᠯᠭ᠎ᠠ ᠶᠢᠨ ᠲᠤᠭᠤᠷᠢᠨ ᠳᠤ ᠬᠦᠨᠵᠡᠬᠡᠢ ᠰᠤᠷᠤᠯᠴᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号