ᠴᠢᠨᠡᠭᠡᠯᠢᠭ ᠠᠮᠢᠳᠤᠷᠠᠯ ᠢᠶᠠᠨ ᠬᠠᠮᠳᠤᠪᠠᠷ ᠴᠤᠭᠴᠠᠯᠠᠵᠤ ᠶᠠᠪᠤᠭ᠎ᠠ ᠷᠠᠰᠢᠶᠠᠡᠳᠤ ᠭᠠᠴᠠᠭ᠎ᠠ
ᠨᠡᠶᠢᠲᠡᠯᠡᠭᠰᠡᠨ ᠴᠠᠭ᠄
2021/1/29
     ᠡᠷᠢᠶᠡᠡᠨᠠᠭᠤᠷ ᠰᠤᠮᠤᠨ ᠤ ᠷᠠᠰᠢᠶᠠᠡᠳᠤ ᠭᠠᠴᠠᠭ᠎ᠠ ᠪᠤᠯ 172 ᠡᠷᠤᠬᠡ ᠶᠢᠨ 375 ᠬᠦᠮᠤᠨ ᠠᠮᠠ ᠲᠠᠢ᠂ 59 ᠳᠦᠮᠡ 6100 ᠮᠦ ᠪᠡᠯᠴᠢᠭᠡᠷ ᠲᠠᠢ᠂ ᠡᠬᠦᠨ ᠳᠤ 3 ᠳᠦᠮᠡᠨ ᠮᠤ᠋ ᠬᠠᠮᠳᠤ ᠶᠢᠨ ᠨᠤᠲᠤᠭ ᠪᠡᠯᠴᠢᠭᠡᠷ ᠲᠠᠢ ᠴᠤᠯ ᠮᠠᠯᠵᠢᠬᠤ ᠭᠠᠴᠠᠭ᠎ᠠ ᠪᠤᠯᠤᠨ᠎ᠠ᠃ ᠤᠯᠠᠨ ᠵᠢᠯ ᠤᠨ ᠳᠤᠷᠰᠢ᠂ ᠷᠠᠰᠢᠶᠠᠡᠳᠤ ᠭᠠᠴᠠᠭᠠᠨ ᠤ ᠨᠠᠮ ᠤᠨ ᠡᠭᠦᠷ᠂ ᠭᠠᠴᠠᠭᠠᠨ ᠤ ᠵᠦᠪᠯᠡᠯ ᠨᠢ ᠦᠡᠳᠤᠰᠤᠳᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠴᠢᠬᠤᠯᠠ ᠤᠯᠤᠰ ᠳᠦᠷᠤ ᠶᠢᠨ ᠡᠬᠦᠷᠭᠡ ᠪᠠᠨ ᠪᠤᠯᠭᠠᠵᠤ᠂ ᠡᠯ᠎ᠡ ᠦᠡᠳᠤᠰᠤᠳᠡᠨ ᠤ ᠤᠯᠠᠨ ᠳᠦᠮᠡᠨ ᠢ ᠪᠦᠯᠭᠦᠮᠳᠡᠬᠦᠯᠤᠨ ᠳᠠᠭᠠᠭᠤᠯᠵᠤ ᠡᠶ᠎ᠡ ᠵᠣᠬᠢᠴᠠᠯ  ᠲᠠᠢ ᠪᠤᠯᠪᠠᠰᠤᠨ ᠴᠢᠨᠡᠭᠡᠯᠢᠭ ᠬᠦᠳᠡᠭᠡ ᠳᠤᠰᠬᠤᠨ ᠢ ᠴᠤᠭᠴᠠᠯᠠᠨ ᠪᠠᠶᠢᠭᠤᠯᠬᠤ ᠵᠠᠮ ᠢᠶᠠᠷ ᠵᠤᠷᠢᠭᠲᠠᠢ ᠪᠠᠷ ᠵᠠᠮᠨᠠᠭᠰᠠᠨ ᠢᠶᠠᠷ᠂ ︽ᠪᠦᠬᠦ ᠤᠷᠤᠨ ᠤ ᠦᠡᠳᠤᠰᠤᠳᠡᠨ ᠤ ᠪᠦᠯᠬᠦᠮᠳᠡᠯ ᠳᠠᠪᠰᠢᠯᠲᠠ  ᠶᠢᠨ ᠵᠢᠱᠢᠶ᠎ᠠ ᠦᠵᠡᠬᠦᠯᠬᠦ ᠭᠠᠴᠠᠭ᠎ᠠ︾᠂ ︽ᠦᠪᠡᠷᠳᠡᠭᠡᠨ ᠵᠠᠰᠠᠬᠤ ᠤᠷᠤᠨ ᠤ ᠠᠷᠢᠭᠤᠨ ᠴᠠᠪᠡᠷ ᠭᠠᠴᠠᠭ᠎ᠠ︾᠂ ︽ᠪᠦᠬᠦ ᠤᠯᠤᠰ ᠤᠨ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠦᠡᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠵᠢᠱᠢᠶᠠᠴᠢ ᠭᠠᠴᠠᠭ᠎ᠠ︾ ᠵᠡᠷᠭᠡ ᠤᠯᠤᠰ᠂ ᠤᠷᠤᠨ ᠪᠠ ᠠᠶᠢᠮᠠᠭ ᠤᠨ ᠳᠡᠰ ᠤᠨ ᠢᠷᠠᠭᠤ ᠠᠯᠳᠠᠷ ᠢ ᠤᠯᠠᠡᠳᠠ ᠬᠦᠷᠲᠡᠪᠡ᠃
     ᠷᠠᠰᠢᠶᠠᠡᠳᠤ ᠭᠠᠴᠠᠭ᠎ᠠ ᠪᠤᠯ ᠮᠤᠩᠭᠤᠯ᠂ ᠬᠢᠳᠡᠳ᠂ ᠮᠠᠡᠵᠤ᠂ ᠬᠤᠳᠤᠩ ᠵᠡᠷᠭᠡ ᠤᠯᠠᠨ ᠦᠡᠳᠤᠰᠤᠳᠡᠨ ᠢᠶᠠᠷ ᠪᠦᠷᠢᠯᠳᠤᠭ᠍ᠰᠡᠨ ᠳᠤᠮᠤ ᠭᠡᠷ ᠪᠦᠯᠢ ᠪᠤᠯᠤᠨ᠎ᠠ᠃ ᠤᠶᠢᠷ᠎ᠠ ᠶᠢᠨ ᠵᠢᠯ ᠠᠴᠠ ᠨᠠᠰᠢ᠂ ᠷᠠᠰᠢᠶᠠᠡᠳᠤ ᠭᠠᠴᠠᠭ᠎ᠠ ᠨᠢ ᠰᠤᠶᠤᠯ ᠤᠨ ᠠᠵᠢᠯᠯᠠᠭᠠᠨ ᠤ ᠲᠦᠪ᠂ ᠭᠠᠴᠠᠭᠠᠨ ᠤ ᠮᠦᠽᠧᠢ᠂ ᠲᠠᠯ᠎ᠠ ᠨᠤᠲᠤᠭ ᠤᠨ ᠨᠤᠮ ᠤᠨ ᠦᠷᠤᠭᠡ ᠵᠡᠷᠭᠡ ᠤᠯᠠᠨ ᠨᠠᠶᠢᠳᠡ ᠶᠢᠨ ᠰᠤᠶᠤᠯ ᠤᠨ ᠠᠵᠢᠯᠠᠯᠭᠠᠨ ᠤ ᠳᠠᠯᠠᠪᠤᠷ ᠢ ᠪᠠᠶᠢᠭᠤᠯᠤᠨ᠂ ᠤᠯᠠᠨ ᠳᠦᠮᠡᠡᠴᠢ ᠴᠢᠨᠠᠷᠲᠠᠢ ᠰᠤᠶᠤᠯ ᠤᠨ ᠠᠵᠢᠯᠯᠠᠭ᠎ᠠ ᠶᠢ ᠤᠯᠠᠡᠳᠠ ᠦᠷᠨᠢᠬᠦᠯᠵᠦ᠂ ︽ᠪᠤᠯᠪᠠᠰᠤᠨ ᠡᠷᠤᠬᠡ︾᠂ ︽ᠶᠤᠰᠤ ᠰᠤᠷᠳᠠᠬᠤᠨ ᠤ ᠵᠢᠱᠢᠶᠠᠴᠢ︾᠂ ︽ᠬᠠᠮᠤᠭ ᠤᠨ ᠭᠤᠶᠤ ᠭᠡᠷ ᠪᠦᠯᠢ︾ ᠵᠡᠷᠭᠡ ᠵᠢᠱᠢᠶᠡᠴᠢ ᠬᠤᠪᠢ ᠬᠦᠮᠤᠨ᠂ ᠬᠠᠮᠳᠤ ᠨᠠᠶᠢᠳᠠ ᠶᠢ ᠬᠦᠬᠢᠬᠦᠯᠤᠨ ᠱᠠᠩᠨᠠᠵᠤ᠂ ᠨᠠᠶᠢᠭᠡᠮ ᠵᠢᠷᠤᠮᠳᠤ ᠭᠤᠤᠯᠯᠠᠬᠤ ᠦᠷᠲᠡᠭ ᠤᠨ ᠦᠵᠡᠯᠳᠡ ᠶᠢ ᠤᠬᠠᠭᠤᠯᠤᠨ ᠰᠤᠷᠳᠠᠯᠴᠢᠯᠠᠬᠤ ᠶᠢᠨ ᠬᠠᠮᠳᠤ᠂ ᠭᠠᠴᠠᠭᠠᠨ ᠤ ᠪᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠤᠨ᠂ ᠶᠠᠳᠠᠭᠤ ᠬᠦᠴᠢᠷᠳᠡᠯᠲᠠᠢ ᠡᠷᠤᠬᠡ ᠶᠢ ᠬᠠᠪᠰᠤᠷᠤᠨ ᠳᠡᠳᠬᠦᠬᠦ᠂ ᠤᠷᠴᠢᠨ ᠳᠤᠭᠤᠷᠢᠨ ᠡᠷᠡᠬᠦᠯ ᠬᠠᠮᠠᠭᠠᠯᠠᠯ ᠢ ᠵᠠᠰᠠᠵᠤ ᠰᠠᠶᠢᠵᠢᠷᠠᠭᠤᠯᠬᠤ ᠵᠡᠷᠭᠡ ᠰᠠᠶᠢᠨ ᠳᠤᠷ᠎ᠠ ᠶᠢᠨ ᠠᠵᠢᠯᠯᠠᠭ᠎ᠠ ᠨᠤᠭᠤᠳ ᠢ ᠦᠷᠨᠢᠬᠦᠯᠵᠤ ᠦᠡᠳᠤᠰᠤᠳᠡᠨ ᠤ ᠤᠯᠠᠨ ᠳᠦᠮᠡᠨ ᠤ ᠬᠤᠭᠤᠷᠤᠡᠳᠤᠬᠢ ᠨᠦᠬᠦᠷᠯᠡᠯ ᠢ ᠵᠤᠵᠠᠭᠠᠳᠬᠠᠪᠠ᠃
     ᠤᠯᠠᠨ ᠳᠦᠮᠡᠨ ᠳᠤ ᠠᠰᠢᠭ ᠳᠤᠰᠠ ᠬᠦᠷᠳᠡᠭᠡᠵᠤ ᠴᠢᠨᠡᠭᠡᠯᠢᠭ ᠠᠮᠢᠳᠤᠷᠠᠯ ᠢ ᠴᠤᠭᠴᠠᠯᠠᠬᠤ ᠪᠤᠯ ᠭᠠᠴᠠᠭᠠᠨ ᠤ ᠨᠠᠮ ᠤᠨ ᠡᠭᠦᠷ᠂ ᠭᠠᠴᠠᠭᠠᠨ ᠵᠦᠪᠯᠡᠯ ᠤᠨ ᠦᠡᠳᠤᠰᠤᠨ ᠵᠤᠷᠢᠯᠳᠠ ᠪᠤᠯᠤᠨ᠎ᠠ᠃ ᠡᠶᠢᠡᠬᠦ ᠷᠠᠰᠢᠶᠠᠡᠳᠤ ᠭᠠᠴᠠᠭ᠎ᠠ ᠨᠢ ᠰᠢᠯᠢᠳᠡᠭ ᠡᠬᠦᠯᠳᠡᠷ ᠤᠨ ᠮᠢᠬᠠᠨ ᠤ ᠦᠬᠡᠷ ᠢᠶᠠᠷ ᠶᠠᠳᠠᠭᠤ ᠶᠢ ᠳᠡᠳᠬᠦᠬᠦ ᠳᠦᠷᠤᠯ ᠵᠤᠶᠢᠯ ᠢ ᠬᠡᠷᠡᠭᠵᠢᠬᠦᠯᠦᠨ᠂ ᠰᠢᠯᠢᠳᠡᠭ ᠡᠬᠦᠯᠳᠡᠷ ᠤᠨ ᠰᠦᠨᠢᠳ ᠡᠮ᠎ᠡ ᠬᠤᠨᠢ ᠶᠢ ᠶᠠᠳᠠᠭᠤ ᠬᠦᠴᠢᠷᠳᠡᠯᠲᠠᠢ ᠡᠷᠤᠬᠡ ᠳᠤ ᠬᠤᠪᠢᠶᠠᠨ ᠦᠭᠴᠦ ᠮᠠᠯᠵᠢᠭᠤᠯᠵᠤ᠂ ᠶᠠᠳᠠᠭᠤ ᠬᠦᠴᠢᠷᠳᠡᠯᠲᠠᠢ ᠡᠷᠤᠬᠡ ᠶᠢᠨ ᠮᠠᠯ ᠰᠦᠷᠦᠭ ᠤᠨ ᠪᠦᠳᠤᠴᠡ ᠶᠢ ᠰᠢᠯᠢᠳᠡᠭᠵᠢᠬᠦᠯᠦᠨ᠂ ᠮᠠᠯᠴᠢᠳ ᠢ ᠴᠦᠭᠡᠨ ᠮᠠᠯᠵᠢᠵᠤ ᠤᠷᠤᠯᠭ᠎ᠠ ᠪᠠᠨ ᠨᠠᠮᠡᠭᠳᠠᠬᠦᠯᠬᠦ ᠵᠠᠮ ᠢᠶᠠᠷ ᠬᠦᠳᠤᠯᠤᠨ ᠳᠠᠭᠠᠭᠤᠯᠪᠠ᠃
     ᠳᠡᠷᠡᠴᠢᠯᠡᠨ᠂ ᠷᠠᠰᠢᠶᠠᠡᠳᠤ ᠭᠠᠴᠠᠭ᠎ᠠ ᠪᠠᠰᠠ ᠬᠠᠮᠳᠤ ᠶᠢᠨ ᠨᠤᠲᠤᠭ ᠪᠡᠯᠴᠢᠭᠡᠷ ᠢᠶᠠᠨ ᠠᠰᠢᠭᠯᠠᠨ᠂ ︽ᠰᠦᠨᠢᠳ ᠬᠤᠨᠢᠨ ᠤ ᠬᠤᠷᠰᠢᠶᠠᠵᠢᠯ︾᠂ ︽ᠢᠳᠡᠰᠢᠨ ᠨᠤᠭᠤᠭᠠᠨ ᠤ ᠬᠤᠷᠰᠢᠶᠠᠵᠢᠯ︾᠂ ︽︵ᠬᠠᠶᠢᠯᠠᠰᠤ︶ ᠠᠮᠢ ᠠᠬᠤᠢ ᠶᠢᠨ ᠮᠠᠯᠵᠢᠯ ᠤᠨ ᠬᠤᠷᠰᠢᠶᠠᠵᠢᠯ︾᠂ ︽ᠳᠠᠩᠰᠤᠭ ᠮᠢᠬᠠᠨ ᠤ ᠦᠬᠡᠷ ᠳᠡᠵᠢᠭᠡᠨ ᠦᠰᠬᠡᠬᠦ ᠬᠤᠷᠰᠢᠶᠠᠵᠢᠯ︾᠂ ︽ᠳᠠᠷᠢᠶᠠᠯᠠᠩ ᠤᠨ ᠮᠠᠰᠢᠨ ᠮᠧᠬᠠᠨᠢᠭ ᠤᠨ ᠬᠤᠷᠰᠢᠶᠠᠵᠢᠯ︾ ᠵᠡᠷᠭᠡ 5 ᠬᠤᠷᠰᠢᠶᠠᠵᠢᠯ ᠢ ᠪᠠᠶᠢᠭᠤᠯᠤᠨ᠂ 150 ᠭᠠᠷᠤᠢ ᠬᠡᠰᠢᠬᠦᠳ ᠢ ᠡᠯᠰᠡᠵᠦ᠂ ᠬᠠᠮᠳᠤ ᠶᠢᠨ ᠤᠷᠤᠯᠭ᠎ᠠ ᠪᠠᠨ ᠨᠡᠮᠡᠭᠳᠡᠬᠦᠯᠦᠨ᠂ 26 ᠶᠠᠳᠠᠭᠤ ᠬᠦᠴᠢᠷᠳᠡᠯᠲᠠᠢ ᠡᠷᠤᠬᠡ ᠶᠢ ᠶᠠᠳᠠᠭᠤ ᠠᠴᠠ ᠠᠩᠬᠢᠵᠢᠷᠠᠭᠤᠯᠵᠤ᠂ ᠮᠠᠯᠴᠢᠨ ᠠᠷᠠᠳ ᠤᠨ ᠬᠦᠮᠦᠨ ᠪᠦᠷᠢ ᠶᠢᠨ ᠲᠤᠮᠳᠠᠴᠢ ᠣᠷᠤᠯᠭ᠎ᠠ1.82 ᠲᠦᠮᠡᠨ ᠲᠦᠭᠦᠷᠢᠭ ᠲᠤ ᠬᠦᠷᠴᠦ᠂ 97 ᠲᠦᠮᠡᠨ ᠲᠦᠭᠦᠷᠢᠭ ᠤᠨ ᠬᠠᠮᠳᠤ ᠶᠢᠨ ᠠᠵᠤ ᠠᠬᠤᠢ ᠶᠢᠨ ᠬᠤᠷᠠᠮᠳᠤᠯ ᠲᠠᠢ ᠪᠤᠯᠵᠤ᠂ ᠭᠠᠴᠠᠭᠠᠨ ᠤ ᠪᠠᠨ ᠬᠦᠭᠵᠢᠯᠳᠡ ᠶᠢ ᠳᠦᠯᠬᠢᠨ ᠠᠬᠢᠭᠤᠯᠵᠤ ᠴᠢᠨᠡᠭᠡᠯᠢᠭ ᠠᠮᠢᠳᠤᠷᠠᠯ ᠢᠶᠠᠨ ᠬᠠᠮᠳᠤᠪᠠᠷ ᠴᠤᠭᠴᠠᠯᠠᠵᠤ ᠪᠠᠶᠢᠨ᠎ᠠ᠃         ︵ᠬᠡᠰᠡᠭ ᠵᠢᠷᠤᠭ ᠢ ᠷᠠᠰᠢᠶᠠᠨᠲᠤ ᠭᠠᠴᠠᠭᠠᠨ ᠠᠴᠠ ᠬᠠᠩᠭᠠᠪᠠ︶
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号