ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 10 ᠰᠠᠷ᠎ᠠ ᠶᠢᠨ 20 ᠤ | ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮᠤᠷ ᠤᠨ | ᠬᠤᠷᠢᠶᠠᠯᠲᠠ ᠪᠠ ᠨᠠᠮᠤᠷ ᠡᠪᠦᠯ ᠤᠨ ᠲᠠᠷᠢᠶᠠᠯᠠᠭ᠎ᠠ ᠶᠢᠨ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠠᠮᠤᠷ | ᠲᠦᠪᠰᠢᠨ ᠪᠠ ᠪᠠᠷᠠᠭᠠᠨ ᠤ ᠦᠨ᠎ᠡ ᠶᠢᠨ ᠲᠣᠭᠲᠠᠭᠤᠨ ᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ | ᠲᠤᠬᠠᠢ ᠪᠠᠶᠢᠷᠢᠯᠠᠭᠤᠯᠪᠠ︔ ᠠᠷᠠᠳ ᠤᠨ ᠠᠮᠢᠳᠤᠷᠠᠯ ᠤᠨ ᠡᠨᠧᠷᠭᠢ ᠬᠡᠷᠡᠭᠯᠡᠵᠦ ᠬᠠᠩᠭᠠᠯᠭ᠎ᠠ ᠶᠢ ᠪᠠᠲᠤᠯᠠᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠠᠳ ᠣᠯᠠᠨ ᠤ ᠠᠮᠤᠷ ᠲᠦᠪᠰᠢᠨ ᠳᠤᠯᠠᠭᠠᠨ ᠪᠦᠯᠢᠶᠡᠨ | ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ︔ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ | ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠡᠨᠡ ᠵᠢᠯ ᠤᠨ ᠨᠠᠮᠤᠷ ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠨᠢ ᠨᠢᠭᠡᠨᠲᠡ | ᠲᠣᠭᠲᠠᠵᠠᠢ᠃ ᠠᠮᠤ ᠪᠤᠳᠠᠭᠠᠨ ᠤ ᠦᠨ᠎ᠡ ᠪᠣᠯ ᠦᠨ᠎ᠡ ᠬᠠᠩᠰᠢ ᠶᠢᠨ ᠰᠠᠭᠤᠷᠢ ᠮᠥᠨ᠂ ᠮᠠᠨ ᠤ ᠤᠯᠤᠰ ᠤᠨ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠢᠯᠡᠳᠬᠡᠭᠴᠢ ᠲᠣᠭᠠᠨ ᠤ ᠳᠣᠲᠣᠷ᠎ᠠ ᠢᠳᠡᠭᠡᠨ ᠤ ᠵᠦᠢᠯ ᠤᠨ | ᠦᠨ᠎ᠡ ᠬᠠᠩᠰᠢ ᠶᠢᠨ ᠡᠵᠡᠯᠡᠬᠦ ᠬᠠᠷᠢᠴᠠᠯ ᠥᠨᠳᠥᠷ ᠪᠣᠯᠬᠤᠷ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠨᠢ | ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ᠂ ᠵᠣᠭᠤᠰ ᠮᠠᠭᠤᠲᠠᠬᠤ ᠶᠢ ᠰᠡᠷᠭᠡᠶᠢᠯᠡᠬᠦ ᠳᠤ ᠪᠠᠲᠤ ᠪᠠᠬᠢ ᠰᠠᠭᠤᠷᠢ | ᠲᠠᠯᠪᠢᠵᠤ ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠶᠣᠰᠣᠭᠠᠷ᠂ ᠣᠶᠢᠷ᠎ᠠ ᠶᠢᠨ ᠬᠤᠭᠤᠴᠠᠭᠠᠨ ᠤ ᠤᠮᠠᠷᠠᠲᠤ ᠣᠷᠣᠨ ᠳᠤ ᠦᠷᠭᠦᠯᠵᠢᠯᠡᠭᠰᠡᠨ ᠪᠦᠷᠬᠦᠭ ᠪᠤᠷᠤᠭᠠᠨᠳᠤ ᠴᠠᠭ | ᠠᠭᠤᠷ ᠤᠨ ᠨᠠᠮᠤᠷ ᠤᠨ ᠬᠤᠷᠢᠶᠠᠯᠲᠠ ᠨᠠᠮᠤᠷ ᠤᠨ ᠲᠠᠷᠢᠶᠠᠯᠠᠭ᠎ᠠ ᠳᠤ ᠦᠵᠡᠭᠦᠯᠬᠦ ᠠᠰᠢᠭ ᠥᠬᠡᠶ ᠨᠥᠯᠥᠭᠡ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠥᠰᠬᠦ ᠵᠡᠷᠭᠡ ᠥᠷᠢᠰᠦᠯᠳᠦᠭᠡᠨ ᠢ ᠢᠳᠡᠪᠬᠢᠲᠡᠶ | ᠠᠷᠭᠠᠴᠠᠭᠠᠵᠤ᠂ ᠨᠠᠮᠤᠷ ᠤᠨ ᠠᠮᠤ ᠪᠤᠳᠠᠭ᠎ᠠ ᠶᠢ ᠬᠤᠷᠢᠶᠠᠬᠤ ᠶᠣᠰᠣᠲᠠᠶ ᠶᠢ ᠨᠢ ᠪᠦᠬᠦᠨ ᠢ ᠬᠤᠷᠢᠶᠠᠬᠤ ᠶᠢ ᠪᠠᠲᠤᠯᠠᠵᠤ᠂ | ᠨᠠᠮᠤᠷ ᠡᠪᠦᠯ ᠤᠨ ᠲᠠᠷᠢᠶᠠᠯᠠᠭ᠎ᠠ ᠶᠢᠨ ᠲᠠᠯᠠᠪᠠᠶ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠳᠠᠷᠠᠭ᠎ᠠ ᠵᠢᠯ ᠤᠨ | ᠵᠤᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡ ᠳᠤ᠂ ᠭᠤᠣᠯ | ᠭᠠᠷᠤᠯᠲᠠ ᠶᠢᠨ ᠣᠷᠣᠨ ᠨᠠᠮᠤᠷ ᠤᠨ ᠠᠮᠤ ᠪᠤᠳᠠᠭ᠎ᠠ ᠶᠢ ᠵᠠᠪᠳᠤᠨ ᠬᠤᠷᠢᠶᠠᠬᠤ ᠠᠵᠢᠯ ᠢ ᠱᠠᠯᠠᠪᠳᠠᠨ ᠵᠣᠬᠢᠶᠠᠨ | ᠪᠠᠶᠢᠭᠤᠯᠵᠤ᠂ ᠠᠮᠤ ᠪᠤᠳᠠᠭ᠎ᠠ ᠶᠢ ᠬᠠᠳᠠᠭᠠᠵᠤ ᠬᠤᠷᠢᠶᠠᠨ ᠬᠠᠳᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ | ᠲᠤ᠂ ᠨᠠᠮᠤᠷ ᠡᠪᠦᠯ ᠤᠨ ᠲᠠᠷᠢᠶᠠᠯᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠤᠰᠤ ᠬᠤᠷᠠᠭᠰᠠᠨ ᠲᠠᠷᠢᠶᠠᠨ | ᠭᠠᠵᠠᠷ ᠤᠨ ᠤᠰᠤ ᠶᠢ ᠲᠠᠲᠠᠷᠠᠭᠤᠯᠬᠤ ᠶᠢ ᠲᠦᠷᠭᠡᠳᠭᠡᠬᠦ ᠬᠡᠷᠡᠭᠲᠡᠢ᠃ ᠭᠠᠮᠰᠢᠭ ᠠᠴᠠ ᠪᠣᠯᠵᠣ ᠬᠤᠶᠢᠰᠢᠯᠠᠭᠤᠯᠵᠤ | ᠳᠠᠷᠢᠬᠤ ᠴᠢᠬᠤᠯᠠᠲᠠᠢ ᠲᠠᠷᠢᠶᠠᠨ ᠭᠠᠵᠠᠷ ᠲᠤ᠂ ᠡᠷᠲᠡ ᠪᠣᠯᠪᠠᠰᠤᠷᠠᠬᠤ ᠡᠭᠦᠯᠳᠡᠷ ᠢ ᠰᠣᠩᠭᠤᠨ ᠬᠡᠷᠡᠭᠯᠡᠬᠦ᠂ ᠳᠠᠷᠢᠬᠤ | ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ᠂ ᠰᠠᠭᠤᠷᠢ ᠪᠣᠷᠲᠣᠭᠤᠷ ᠢ ᠰᠢᠨᠵᠢᠯᠡᠬᠦ ᠤᠬᠠᠭᠠᠨᠴᠢ ᠪᠠᠷ ᠨᠡᠮᠡᠵᠦ ᠣᠷᠣᠭᠤᠯᠬᠤ | ᠵᠡᠷᠭᠡ ᠪᠠᠷ ᠳᠠᠮᠵᠢᠭᠤᠯᠤᠨ᠂ ᠣᠷᠣᠶᠢᠲᠠᠵᠤ ᠳᠠᠷᠢᠬᠤ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠴᠠᠭ | ᠬᠤᠭᠤᠴᠠᠭ᠎ᠠ᠂ ᠭᠠᠵᠠᠷ ᠤᠷᠤᠨ᠂ ᠴᠢᠬᠢ ᠶᠢᠨ ᠪᠠᠶᠢᠳᠠᠯ ᠳᠤᠨᠢ ᠲᠣᠬᠢᠷᠠᠭᠤᠯᠤᠨ ᠡᠪᠦᠯ ᠠᠴᠠ ᠡᠮᠦᠨᠡᠬᠢ ᠲᠠᠷᠢᠶᠠᠨ | ᠭᠠᠵᠠᠷ ᠤᠨ ᠬᠠᠮᠢᠶᠠᠷᠤᠯᠲᠠ ᠪᠣᠯᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠩᠭᠠᠯᠭ᠎ᠠ ᠶᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠬᠡᠷᠡᠭᠲᠡᠢ᠃ ᠦᠷ᠎ᠡ ᠬᠠᠩᠭᠠᠬᠤ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠲᠦᠭᠦᠬᠡᠢ ᠮᠠᠲ᠋ᠧᠷᠢᠶᠠᠯ ᠪᠠ ᠡᠨᠧᠷᠭᠢ ᠶᠢᠨ ᠬᠡᠷᠡᠭᠯᠡᠯᠲᠡ ᠶᠢ ᠪᠠᠲᠤᠯᠠᠵᠤ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠬᠦ ᠶᠢ | ᠠᠬᠢᠭᠤᠯᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢ ᠲᠤᠬᠢᠷᠠᠭᠤᠯᠤᠨ ᠡᠵᠡᠮᠳᠡᠬᠦ ᠪᠠᠨ ᠴᠢᠩᠭᠠᠳᠬᠠᠵᠤ᠂ | ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ᠃ ᠳᠥᠷᠪᠡ ᠳᠤ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠤᠰᠤᠲᠤᠯ ᠢ ᠵᠠᠯᠠᠬᠤ᠂ ᠠᠮᠤ | ᠪᠤᠳᠠᠭ᠎ᠠ ᠶᠢ ᠬᠠᠳᠠᠭᠠᠬᠤ ᠵᠡᠷᠭᠡ ᠠᠵᠢᠯ ᠤᠨ ᠴᠠᠬᠢᠯᠭᠠᠨ ᠬᠦᠴᠦᠨ᠂ ᠴᠠᠶᠢᠶ᠋ᠢᠦ ᠲᠣᠰᠣᠨ ᠤ ᠬᠠᠩᠭᠠᠯᠭ᠎ᠠ ᠶᠢ ᠪᠠᠲᠤᠯᠠᠬᠤ | ᠬᠡᠷᠡᠭᠲᠡᠢ᠃ ᠲᠠᠷᠢᠶᠠᠯᠠᠩ ᠤᠨ ᠰᠠᠯᠠᠭ᠎ᠠ ᠮᠥᠴᠢᠷ ᠤᠳ ᠣᠳᠣ ᠪᠠᠶᠢᠭ᠎ᠠ ᠪᠡᠯᠡ ᠮᠥᠩᠭᠦ ᠪᠠᠨ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠬᠡᠷᠡᠭᠯᠡᠵᠦ ᠣᠷᠣᠨ ᠨᠤᠲᠤᠭ ᠤᠨ ᠨᠠᠮᠤᠷ ᠤᠨ ᠬᠤᠷᠢᠶᠠᠯᠲᠠ ᠪᠣᠯᠤᠨ ᠨᠠᠮᠤᠷ ᠡᠪᠦᠯ ᠤᠨ | ᠲᠠᠷᠢᠶᠠᠯᠠᠭ᠎ᠠ ᠶᠢ ᠳᠡᠮᠵᠢᠬᠦ ᠬᠡᠷᠡᠭᠲᠡᠢ᠃ ᠭᠠᠮᠰᠢᠭᠳᠠᠭᠰᠠᠨ ᠣᠷᠣᠨ ᠳᠤ ᠲᠥᠪ ᠤᠨ ᠡᠳ᠋ ᠤᠨ ᠵᠠᠰᠠᠭ ᠠᠴᠠ ᠪᠠᠰᠠ | ᠵᠣᠬᠢᠬᠤ ᠪᠡᠯᠡ ᠮᠥᠩᠭᠦ ᠲᠤᠬᠢᠷᠠᠭᠤᠯᠤᠨ ᠦᠭᠴᠦ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠠᠴᠠ | ᠠᠪᠤᠷᠠᠬᠤ ᠳᠤ ᠬᠡᠷᠡᠭᠯᠡᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠳᠠᠷᠠᠭ᠎ᠠ ᠵᠢᠯ ᠤᠨ | ᠬᠤᠯᠪᠣᠭᠳᠠᠯ ᠪᠥᠬᠦᠶ ᠰᠢᠯᠵᠢᠭᠦᠯᠦᠨ ᠥᠭᠬᠦ ᠪᠠᠯᠠ ᠮᠥᠩᠭᠦ ᠪᠠ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠨᠥᠬᠦᠪᠥᠷᠢ ᠮᠦᠡᠭᠭᠦ ᠵᠡᠷᠭᠡ ᠶᠢ ᠤᠷᠢᠳᠴᠢᠯᠠᠨ ᠪᠠᠭᠤᠯᠭᠠᠵᠤ᠂ ᠣᠷᠣᠨ ᠨᠤᠲᠤᠭ ᠤᠨ ᠣᠷᠣᠶᠢᠲᠠᠵᠤ ᠳᠠᠷᠢᠬᠤ ᠪᠠ | ᠬᠠᠳᠠᠭᠠᠬᠤ ᠮᠠᠰᠢᠨ ᠬᠤᠳᠠᠯᠳᠤᠨ ᠠᠪᠬᠤ ᠶᠢ ᠳᠡᠮᠵᠢᠵᠦ᠂ ᠬᠠᠳᠠᠭᠠᠬᠤ ᠠᠵᠢᠯ ᠳᠤ ᠵᠣᠬᠢᠰᠲᠠᠶ ᠨᠥᠬᠦᠪᠥᠷᠢ ᠥᠭᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠷᠠᠳ ᠤᠯᠠᠨ ᠢᠯᠠᠩᠭᠤᠶ᠎ᠠ ᠭᠠᠮᠰᠢᠭᠳᠠᠭᠰᠠᠨ ᠤᠯᠠᠨ ᠲᠦᠮᠡᠨ ᠤ ᠠᠮᠤᠷ ᠲᠦᠪᠰᠢᠨ | ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠲᠣᠳᠣᠷᠬᠠᠢ ᠱᠠᠭᠠᠷᠳᠠᠯᠭ᠎ᠠ ᠪᠣᠯᠤᠨ᠎ᠠ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ ᠡᠪᠦᠯ | ᠤᠮᠠᠷᠠᠲᠤ ᠣᠷᠣᠨ ᠵᠡᠷᠭᠡ ᠭᠠᠵᠠᠷ ᠣᠷᠣᠨ ᠤ ᠠᠭᠠᠷ ᠤᠨ ᠳᠤᠯᠠᠭᠠᠨ ᠨᠢ ᠡᠩ ᠤᠨ ᠵᠢᠯ ᠤᠨ ᠠᠳᠠᠯᠢ ᠬᠤᠭᠤᠴᠠᠭᠠᠨ ᠤ | ᠬᠢ ᠠᠴᠠ ᠳᠤᠤᠷ᠎ᠠ ᠪᠠᠶᠢᠵᠤ᠂ ᠴᠢᠨᠠᠭᠰᠢᠯᠠᠪᠠᠯ ᠬᠠᠴᠢᠨ ᠠᠭᠤᠷ ᠠᠮᠢᠰᠬᠤᠯ ᠢᠯᠡᠷᠡᠵᠦ ᠮᠡᠳᠡᠨ᠎ᠡ᠃ ᠬᠤᠷᠠᠯ ᠠᠴᠠ᠂ | ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢ | ᠨᠢᠭᠡᠳᠦᠯᠲᠡᠶ ᠲᠥᠯᠥᠪᠵᠢᠭᠦᠯᠵᠦ᠂ ᠣᠯᠠᠨ ᠲᠦᠮᠡᠨ ᠪᠣᠯᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠰᠬᠠᠯ | ᠴᠢᠩᠭ᠎ᠠ ᠪᠠᠶᠢᠭ᠎ᠠ ᠳᠣᠪᠣᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ᠃ ᠨᠢᠭᠡ ᠳᠤ᠂ ᠡᠪᠦᠯ ᠤᠨ | ᠤᠯᠠᠷᠢᠯ ᠳᠤ ᠤᠮᠠᠷᠠᠲᠤ ᠣᠷᠣᠨ ᠣᠨᠴᠠᠭᠠᠶᠢᠯᠠᠨ ᠵᠡᠭᠦᠨ ᠬᠤᠶᠢᠲᠤ ᠣᠷᠣᠨ ᠳᠤ ᠳᠤᠯᠠᠭᠠᠯᠠᠭ᠎ᠠ ᠬᠠᠩᠭᠠᠬᠤ ᠶᠢ | ᠪᠠᠲᠤᠯᠠᠬᠤ ᠬᠡᠷᠡᠭᠲᠡᠢ᠃ ᠳᠤᠯᠠᠭᠠᠯᠠᠭ᠎ᠠ ᠶᠢᠨ ᠨᠡᠭᠦᠷᠡᠰᠦᠨ ᠤ ᠦᠢᠯᠡᠳᠪᠦᠷᠢᠯᠡᠯ ᠪᠠ ᠲᠡᠭᠡᠭᠡᠪᠦᠷᠢ ᠶᠢ ᠪᠦᠬᠦ | ᠬᠦᠴᠦᠨ ᠢᠶᠠᠷ ᠪᠠᠲᠤᠯᠠᠬᠤ ᠬᠡᠷᠡᠭᠲᠡᠢ᠃ ᠨᠡᠭᠦᠷᠡᠰᠦᠨ ᠤ ᠵᠠᠬ᠎ᠠ ᠳᠡᠯᠭᠡᠭᠦᠷ ᠤᠨ ᠰᠠᠷᠢᠭᠠᠯᠠᠬᠤ ᠠᠵᠢᠯᠯᠠᠭ᠎ᠠ ᠳᠤ ᠬᠠᠤᠯᠢ | ᠶᠣᠰᠣᠭᠠᠷ ᠴᠣᠬᠢᠯᠲᠠ ᠥᠭᠬᠦ ᠬᠡᠷᠡᠭᠲᠡᠢ᠃ ᠬᠤᠶᠠᠷ ᠲᠤ᠂ ᠤᠮᠠᠷᠠᠲᠤ ᠣᠷᠣᠨ ᠤ ᠭᠤᠣᠯᠳᠠᠯᠭ᠎ᠠ ᠲᠠᠢ ᠭᠠᠵᠠᠷ ᠣᠷᠣᠨ ᠤ | ᠳᠤᠯᠠᠭᠠᠯᠠᠭ᠎ᠠ ᠳᠤ ᠬᠡᠷᠡᠭᠯᠡᠬᠦ ᠬᠡᠢ ᠶᠢ ᠪᠠᠲᠤᠯᠠᠬᠤ ᠬᠡᠷᠡᠭᠲᠡᠢ᠃ ᠰᠢᠲᠠᠮᠠᠬᠠᠢ ᠬᠡᠢ ᠬᠠᠩᠭᠠᠬᠤ ᠠᠵᠤ ᠠᠬᠤᠶᠢᠯᠠᠯ ᠢ | ᠵᠣᠬᠢᠶᠠᠨ ᠪᠠᠶᠢᠭᠤᠯᠵᠤ ᠪᠠᠶᠢᠭᠠᠳ ᠡᠬᠢ ᠪᠠᠶᠠᠯᠢᠭ ᠤᠨ ᠬᠠᠩᠭᠠᠯᠭ᠎ᠠ ᠶᠢ ᠠᠯᠢ ᠴᠢᠳᠠᠬᠤ ᠪᠠᠷ ᠨᠡᠮᠡᠭᠳᠡᠭᠦᠯᠵᠦ᠂ | ᠰᠢᠲᠠᠮᠠᠬᠠᠢ ᠬᠡᠢ ᠬᠡᠷᠡᠭᠯᠡᠬᠦ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ︽ᠡᠮᠦᠨᠡᠲᠦ ᠶᠢᠨ | ᠰᠢᠲᠠᠮᠠᠬᠠᠢ ᠬᠡᠢ ᠶᠢ ᠤᠮᠠᠷᠠᠰᠢ ᠵᠦᠭᠡᠭᠡᠪᠦᠷᠢᠯᠡᠬᠦ︾ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠨᠢᠭᠡᠨᠲᠡ | ᠪᠤᠶ ᠪᠣᠯᠣᠭᠰᠠᠨ ᠰᠢᠲᠠᠮᠠᠬᠠᠢ ᠬᠡᠢ ᠬᠠᠳᠠᠭᠠᠯᠠᠬᠤ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠣᠷᠭᠢᠯ ᠬᠤᠭᠤᠴᠠᠭ᠎ᠠ ᠶᠢ | ᠵᠤᠬᠢᠴᠠᠭᠤᠯᠤᠨ ᠲᠣᠬᠢᠷᠠᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠨᠡᠭᠦᠷᠡᠰᠦ | ᠬᠡᠷᠡᠭᠯᠡᠬᠦ ᠳᠤ ᠲᠣᠬᠢᠷᠠᠮᠵᠢᠲᠠᠢ ᠪᠣᠯ ᠨᠡᠭᠦᠷᠡᠰᠦ ᠬᠡᠷᠡᠭᠯᠡᠵᠦ᠂ ᠴᠠᠬᠢᠯᠭᠠᠨ ᠬᠡᠷᠡᠭᠯᠡᠬᠦ ᠳᠤ ᠲᠣᠬᠢᠷᠠᠮᠵᠢᠲᠠᠢ ᠪᠣᠯ ᠴᠠᠬᠢᠯᠭᠠᠨ | ᠬᠡᠷᠡᠭᠯᠡᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ | ᠤᠯᠠᠨ ᠲᠦᠮᠡᠨ ᠤ ᠳᠤᠯᠠᠭᠠᠯᠠᠭ᠎ᠠ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠨᠡᠭᠦᠷᠡᠰᠦ ᠴᠠᠬᠢᠯᠭᠠᠨ ᠲᠤᠰᠤ ᠬᠡᠢ ᠶᠢᠨ | ᠲᠡᠭᠡᠭᠡᠪᠦᠷᠢ ᠶᠢᠨ ᠪᠠᠲᠤᠯᠠᠭ᠎ᠠ ᠶᠢᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠳᠦᠷ ᠤᠨ | ᠲᠤᠬᠢᠷᠠᠭᠤᠯᠤᠯᠳᠠ᠂ ᠭᠠᠷᠠᠭ ᠤᠨ ᠲᠡᠩᠴᠡᠭᠦᠷᠢ ᠶᠢ ᠰᠠᠶᠢᠲᠤᠷ ᠪᠠᠲᠤᠯᠠᠬᠤ ᠬᠡᠷᠡᠭᠲᠡᠢ᠃ ᠣᠷᠣᠨ ᠨᠤᠲᠤᠭ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠨᠤᠲᠤᠭ ᠤᠨ ᠬᠢᠨ ᠤ ᠰᠢᠲᠠᠮᠠᠬᠠᠢ ᠬᠡᠶ ᠢᠯᠴᠢ ᠬᠠᠩᠭᠠᠬᠤ ᠠᠵᠤ | ᠠᠬᠤᠶᠢᠯᠠᠯ ᠳᠤ ᠵᠣᠬᠢᠰᠲᠠᠶ ᠳᠡᠮᠵᠢᠯᠭᠡ ᠦᠵᠡᠭᠦᠯᠬᠦ ᠶᠢ ᠵᠣᠷᠢᠭᠵᠢᠭᠤᠯᠵᠤ᠂ ᠠᠷᠠᠳ ᠤᠨ ᠬᠡᠷᠡᠭᠯᠡᠭᠡᠨ ᠤ ᠬᠡᠶ ᠪᠣᠯᠤᠨ | ᠳᠤᠯᠠᠭᠠᠯᠠᠭ᠎ᠠ ᠶᠢᠨ ᠦᠨ᠎ᠡ ᠬᠠᠩᠰᠢ ᠶᠢᠨ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ | ᠴᠠᠬᠢᠯᠭᠠᠨ ᠢ ᠡᠮᠬᠢ ᠵᠢᠷᠤᠮ ᠲᠠᠢ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ︽ᠠᠷᠠᠳ ᠤᠨ | ᠬᠡᠷᠡᠭᠯᠡᠭᠡ ᠶᠢ ᠪᠠᠲᠤᠯᠠᠬᠤ︾ ᠪᠡᠯᠡᠳᠭᠡᠯ ᠲᠥᠰᠦᠯ ᠢ ᠰᠠᠶᠢᠲᠤᠷ ᠬᠢᠵᠦ᠂ ᠬᠤᠲᠠ ᠶᠢᠨ ᠰᠥᠨᠢ ᠶᠢᠨ ᠦᠵᠡᠮᠵᠢ ᠶᠢᠨ | ᠭᠡᠷᠡᠯᠲᠦᠭᠦᠯᠭᠡ ᠶᠢ ᠵᠦᠶ ᠵᠣᠬᠢᠰᠲᠠᠶ ᠬᠢᠵᠠᠭᠠᠷᠯᠠᠬᠤ ᠬᠡᠷᠡᠭᠲᠡᠢ᠃ ᠪᠦᠬᠦ ᠨᠡᠶᠢᠭᠡᠮ ᠢᠶᠠᠷ ᠢᠶᠠᠨ ᠴᠠᠬᠢᠯᠭᠠᠨ ᠠᠷᠪᠢᠯᠠᠬᠤ᠂ | ᠡᠨᠧᠷᠭᠢ ᠠᠷᠪᠢᠯᠠᠬᠤ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ | ᠪᠠᠲᠤᠯᠠᠬᠤ ᠨᠢ ᠠᠵᠢᠯ ᠣᠯᠭᠤᠯᠲᠠ ᠶᠢ ᠪᠠᠲᠤᠯᠠᠬᠤ ᠳᠤ ᠠᠰᠢᠭᠲᠠᠢ ᠪᠥᠭᠡᠳ ᠬᠠᠩᠭᠠᠯᠭ᠎ᠠ ᠶᠢ ᠨᠡᠮᠡᠭᠳᠡᠭᠦᠯᠬᠦ᠂ | ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠳᠤ ᠠᠰᠢᠭᠲᠠᠢ ᠶᠤᠮ᠃ ᠤᠯᠠᠨ ᠠᠷᠭ᠎ᠠ ᠪᠤᠳᠤᠯᠭ᠎ᠠ ᠶᠢ ᠵᠡᠷᠭᠡ ᠪᠠᠷ | ᠬᠡᠷᠡᠭᠵᠢᠭᠦᠯᠵᠦ᠂ ᠬᠠᠨᠳᠤᠯᠭᠠᠲᠤ ᠴᠢᠨᠠᠷᠲᠠᠢ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠪᠥᠭᠡᠮ ᠲᠠᠸᠠᠷ ᠤᠨ ᠦᠨ᠎ᠡ ᠬᠠᠩᠰᠢ ᠶᠢᠨ ᠥᠰᠥᠯᠲᠡ ᠨᠢ ᠠᠵᠦ | ᠦᠢᠯᠡᠰ ᠤᠨ ᠬᠡᠯᠬᠢᠶᠡᠨ ᠤ ᠡᠴᠦᠰ ᠤᠨ ᠬᠡᠯᠬᠢᠶ᠎ᠡ ᠪᠠᠷ ᠳᠠᠮᠵᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ | ᠥᠪᠡᠷ ᠤᠨ ᠦᠷᠲᠡᠭ ᠤᠨ ᠳᠠᠷᠤᠯᠲᠠ ᠥᠭᠬᠦ ᠶᠢ ᠰᠡᠷᠭᠡᠶᠢᠯᠡᠵᠦ᠂ ᠱᠠᠲᠤᠴᠢ ᠴᠢᠨᠠᠷᠲᠠᠶ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠶᠢ ᠪᠠᠭᠲᠠᠭᠠᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠶᠢ | ᠱᠠᠯᠠᠪᠳᠠᠨ ᠰᠤᠳᠤᠯᠵᠤ᠂ ᠣᠷᠣᠨ ᠨᠤᠲᠤᠭ ᠤᠨ ᠬᠢᠨ ᠤ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠡᠷ | ᠪᠠᠶᠢᠰᠢᠩ ᠤᠨ ᠲᠦᠷᠢᠶᠡᠰᠦᠨ ᠮᠥᠩᠭᠦ᠂ ᠤᠰᠤ ᠴᠠᠬᠢᠯᠭᠠᠨ ᠤ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ | ᠲᠠᠯ᠎ᠠ ᠪᠠᠷ ᠳᠡᠮᠵᠢᠯᠭᠡ ᠦᠵᠡᠭᠦᠯᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ | ᠬᠦᠴᠢᠷᠳᠡᠯ ᠢ ᠨᠢ ᠬᠠᠪᠰᠤᠷᠤᠨ ᠳᠤᠭᠤᠯᠬᠤ ᠬᠡᠷᠡᠭᠲᠡᠢ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ︽ᠲᠤᠰᠬᠠᠢ | ᠨᠠᠷᠢᠯᠢᠭ ᠥᠪᠡᠷᠮᠢᠴᠡ ᠰᠢᠨ᠎ᠡ︾ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |