ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ ᠱᠠᠲᠤ | ᠦᠶᠡᠴᠢ ᠴᠢᠨᠠᠷᠲᠠᠶ ᠭᠠᠶᠢᠯᠢ ᠲᠠᠲᠠᠪᠤᠷᠢ ᠶᠢ ᠬᠤᠶᠢᠰᠢᠯᠠᠭᠤᠯᠤᠨ ᠲᠤᠰᠢᠶᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ | ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ | ᠲᠤᠬᠠᠢ ᠪᠠᠶᠢᠷᠢᠯᠠᠭᠤᠯᠪᠠ᠃ | ᠬᠢᠯᠢ ᠶᠢᠨ ᠭᠠᠳᠠᠨᠠᠬᠢ ᠪᠠᠯᠠ ᠣᠷᠣᠭᠤᠯᠤᠭᠴᠢ ᠶᠢᠨ ᠬᠢᠯᠢ ᠶᠢᠨ ᠳᠣᠲᠣᠷᠠᠬᠢ ᠵᠢᠭᠡᠯᠡᠯᠭᠡ ᠶᠢᠨ ᠲᠡᠮᠳᠡᠭᠲᠦ ᠶᠢᠨ | ᠵᠠᠬ᠎ᠠ ᠳᠡᠯᠭᠡᠭᠦᠷ ᠲᠤ ᠪᠠᠯᠠ ᠣᠷᠣᠭᠤᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠤᠷᠲᠤᠳᠬᠠᠵᠤ᠂ ᠭᠠᠳᠠᠭᠠᠳᠤ ᠳᠤ ᠨᠡᠭᠡᠭᠡᠯᠲᠡ ᠬᠢᠬᠦ ᠪᠠ ᠭᠠᠳᠠᠭᠠᠳᠤ ᠶᠢᠨ ᠪᠡᠯᠡ ᠶᠢ ᠲᠠᠲᠠᠬᠤ ᠶᠢ ᠠᠬᠢᠭᠤᠯᠬᠤ ᠪᠠᠷ | ᠲᠣᠭᠲᠠᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 10 ᠳ᠋ᠤᠭᠠᠷ ᠰᠠᠷ᠎ᠠ ᠶᠢᠨ | 27 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ ᠱᠠᠲᠤ ᠦᠶᠡᠴᠢ ᠴᠢᠨᠠᠷᠲᠠᠶ | ᠭᠠᠶᠢᠯᠢ ᠲᠠᠲᠠᠪᠤᠷᠢ ᠶᠢ ᠬᠤᠶᠢᠰᠢᠯᠠᠭᠤᠯᠤᠨ ᠲᠤᠰᠢᠶᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠠᠵᠤ ᠠᠬᠤᠶᠢᠯᠠᠯ ᠢ | ᠳᠡᠮᠵᠢᠨ ᠬᠦᠴᠢᠷᠳᠡᠯ ᠢ ᠰᠢᠢᠳᠪᠦᠷᠢᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠲᠤᠬᠠᠢ ᠪᠠᠶᠢᠷᠢᠯᠠᠭᠤᠯᠪᠠ︔ | ᠬᠢᠯᠢ ᠶᠢᠨ ᠭᠠᠳᠠᠨᠠᠬᠢ ᠪᠠᠯᠠ ᠣᠷᠣᠭᠤᠯᠤᠭᠴᠢ ᠶᠢᠨ ᠬᠢᠯᠢ ᠶᠢᠨ ᠳᠣᠲᠣᠷᠠᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ | ᠳᠡᠯᠭᠡᠭᠦᠷ ᠲᠤ ᠪᠠᠯᠠ ᠣᠷᠣᠭᠤᠯᠬᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠤᠷᠲᠤᠳᠬᠠᠵᠤ᠂ ᠭᠠᠳᠠᠭᠠᠳᠤ ᠳᠤ ᠨᠡᠭᠡᠭᠡᠯᠲᠡ ᠬᠢᠬᠦ ᠪᠠ ᠭᠠᠳᠠᠭᠠᠳᠤ ᠶᠢᠨ ᠪᠡᠯᠡ ᠶᠢ ᠲᠠᠲᠠᠬᠤ ᠶᠢ ᠠᠬᠢᠭᠤᠯᠬᠤ ᠪᠠᠷ | ᠲᠣᠭᠲᠠᠪᠠ᠃ | ᠬᠤᠷᠠᠯ ᠠᠴᠠ ᠵᠢᠭᠠᠬᠤ ᠳᠤ ᠪᠠᠨ᠂ ᠦᠢᠯᠡᠳᠬᠡᠯ ᠤᠨ ᠦᠢᠯᠡᠰ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ | ᠰᠠᠭᠤᠷᠢ ᠮᠥᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠪᠣᠯ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ᠲᠡᠷᠡ ᠨᠢ | ᠠᠵᠤ ᠠᠬᠤᠢ ᠶᠢ ᠬᠥᠭᠵᠢᠭᠦᠯᠬᠦ᠂ ᠠᠵᠢᠯ ᠣᠯᠭᠤᠯᠲᠠ ᠶᠢ ᠥᠷᠭᠡᠳᠬᠡᠬᠦ᠂ ᠵᠠᠬ᠎ᠠ ᠳᠡᠯᠭᠡᠭᠦᠷ ᠢ ᠬᠥᠭᠵᠢᠭᠡᠬᠦ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ︽ | ᠵᠢᠷᠭᠤᠭ᠎ᠠ ᠶᠢ ᠪᠠᠲᠤᠯᠠᠬᠤ︾ ᠠᠵᠢᠯ᠂ ᠢᠯᠠᠩᠭᠤᠶ᠎ᠠ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ | ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ | ᠬᠡᠷᠡᠭᠲᠡᠶ᠃ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠥᠨᠳᠥᠷ ᠪᠠᠶᠢᠷᠢᠨ ᠳᠤ ᠣᠷᠣᠰᠢᠵᠤ᠂ | ᠦᠢᠯᠡᠳᠪᠦᠷᠢᠯᠡᠯ ᠤᠨ ᠥᠪᠡᠷ ᠤᠨ ᠦᠷᠳᠡᠭ ᠶᠡᠭᠡ ᠪᠠᠷ ᠳᠡᠭᠡᠭᠰᠢᠯᠡᠭᠰᠡᠨ ᠵᠡᠷᠭᠡ ᠨᠢ ᠠᠵᠤ ᠠᠬᠤᠶᠢᠯᠠᠯ᠂ ᠢᠯᠠᠩᠭᠤᠶ᠎ᠠ | ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠳᠤ ᠦᠵᠡᠭᠦᠯᠵᠦ ᠪᠠᠶᠢᠭ᠎ᠠ ᠨᠥᠯᠥᠭᠡ ᠳᠤ ᠴᠢᠭᠯᠡᠭᠦᠯᠦᠨ᠂ ᠵᠠᠬ᠎ᠠ | ᠳᠡᠯᠭᠡᠭᠦᠷᠴᠢᠯᠡᠯᠲᠡ᠂ ᠲᠦᠭᠡᠮᠡᠯ ᠬᠠᠷᠠᠭᠠᠯᠵᠠᠯᠲᠤ ᠠᠷᠭ᠎ᠠ ᠮᠠᠶ᠋ᠢᠭ ᠢᠶᠠᠷ ᠬᠠᠪᠰᠤᠷᠤᠨ ᠲᠡᠳᠬᠦᠬᠦ ᠡᠷᠴᠢᠮ ᠢᠶᠠᠨ | ᠴᠢᠩᠭᠠᠷᠠᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠵᠢᠱᠢᠯᠲᠡ ᠪᠠ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠠᠵᠤ ᠦᠢᠯᠡᠳᠪᠦᠷᠢ ᠶᠢᠨ ᠠᠵᠤ | ᠠᠬᠤᠶ ᠶᠢᠨ ᠲᠣᠭᠲᠠᠭᠤᠨ ᠠᠵᠢᠯᠯᠠᠭᠠᠨ ᠢ ᠠᠬᠢᠭᠤᠯᠬᠤ ᠬᠡᠷᠡᠭᠲᠡᠢ ᠭᠡᠵᠡᠢ᠃ ᠬᠤᠷᠠᠯ ᠠᠴᠠ ᠲᠣᠭᠲᠠᠭᠠᠭᠰᠠᠨ ᠨᠢ᠂ ᠡᠨᠡ | ᠵᠢᠯ ᠤᠨ ᠳᠥᠷᠪᠡᠳᠦᠭᠡᠷ ᠤᠯᠠᠷᠢᠯ ᠤᠨ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠪᠡᠶᠡᠯᠡᠭᠦᠯᠦᠭᠰᠡᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠪᠠ ᠤᠯᠤᠰ ᠤᠨ ᠳᠣᠲᠣᠭᠠᠳᠤ ᠶᠢᠨ | ᠥᠷᠲᠡᠭ ᠨᠡᠮᠡᠭᠳᠡᠯ ᠤᠨ ᠭᠠᠶᠢᠯᠢ᠂ ᠤᠯᠤᠰ ᠤᠨ ᠳᠣᠲᠣᠭᠠᠳᠤ ᠶᠢᠨ ᠬᠡᠷᠡᠭᠯᠡᠭᠡᠨ ᠤ ᠭᠠᠶᠢᠯᠢ ᠵᠢᠴᠢ ᠲᠡᠭᠦᠨ ᠳᠤ | ᠳᠠᠭᠠᠯᠳᠤᠭᠤᠯᠤᠨ ᠲᠠᠲᠠᠪᠤᠷᠢᠯᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠭᠠᠶᠢᠯᠢ ᠵᠢᠴᠢ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠬᠤᠪᠢ ᠶᠢᠨ ᠲᠤᠰᠠᠭᠠᠷ ᠪᠡᠯᠡᠲᠦ ᠪᠠ ᠬᠤᠷᠰᠢᠭᠰᠠᠨ ᠠᠵᠤ | ᠠᠬᠤᠶᠢᠯᠠᠯ ᠤᠨ ᠲᠤᠰᠢᠶᠠᠭᠰᠠᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ︵ᠲᠡᠭᠦᠨ ᠤ ᠣᠷᠣᠯᠠᠨ | ᠰᠠᠭᠤᠯᠭᠠᠵᠤ ᠣᠷᠣᠯᠠᠨ ᠲᠤᠰᠢᠶᠠᠬᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠪᠠᠭᠲᠠᠬᠤ ᠦᠭᠡᠶ︶ ᠳᠤ | ᠱᠠᠲᠤ ᠦᠶᠡᠴᠢ ᠴᠢᠨᠠᠷᠲᠠᠶ ᠪᠠᠷ ᠭᠠᠶᠢᠯᠢ ᠲᠠᠲᠠᠪᠤᠷᠢ ᠶᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠦᠨ᠎ᠡ᠃ | ᠡᠭᠦᠨ ᠳᠤ᠂ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ ᠳᠣᠷᠣᠭᠰᠢ | ᠪᠠᠶᠢᠭ᠎ᠠ ᠦᠢᠯᠡᠳᠬᠡᠯ ᠤᠨ ᠦᠢᠯᠡᠰ ᠤᠨ ᠵᠢᠵᠢᠭ ᠪᠢᠴᠢᠯ ᠠᠵᠤ ᠠᠬᠤᠶᠢᠯᠠᠯ ︵ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠶᠢ ᠪᠠᠭᠲᠠᠭᠠᠨ᠎ᠠ︶ ᠳᠤ᠂ ᠲᠡᠭᠦᠨ ᠤ ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ ᠪᠦᠬᠦᠨ ᠢ | ᠬᠤᠶᠢᠰᠢᠯᠠᠭᠤᠯᠤᠨ ᠲᠤᠰᠢᠶᠠᠯᠭᠠᠨ᠎ᠠ︔ ᠵᠢᠯ ᠤᠨ ᠪᠣᠷᠣᠯᠠᠭᠤᠯᠤᠯᠲᠠ ᠶᠢᠨ ᠣᠷᠣᠯᠭ᠎ᠠ ᠨᠢ 2000 ᠲᠦᠮᠡᠨ | ᠲᠥᠭᠦᠷᠢᠭ ᠠᠴᠠ 4 ᠳ᠋ᠦᠩᠰᠢᠭᠤᠷ ᠲᠥᠭᠦᠷᠢᠭ ᠤᠨ ᠦᠢᠯᠡᠳᠬᠡᠯ ᠤᠨ ᠦᠢᠯᠡᠰ ᠤᠨ ᠳᠤᠮᠳᠠ ᠬᠡᠯᠪᠡᠷᠢ ᠶᠢᠨ ᠠᠵᠤ | ᠠᠬᠤᠶᠢᠯᠠᠯ ᠳᠤ᠂ ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ 50% ᠪᠠᠷ ᠬᠤᠶᠢᠰᠢᠯᠠᠭᠤᠯᠤᠨ ᠲᠤᠰᠢᠶᠠᠯᠭᠠᠵᠤ᠂ | ᠣᠨᠴᠠᠭᠠᠢ ᠬᠦᠴᠢᠷᠳᠡᠯᠲᠡᠶ ᠠᠵᠤ ᠠᠬᠤᠶᠢᠯᠠᠯ ᠨᠢ ᠭᠠᠶᠢᠯᠢ ᠪᠠᠨ ᠪᠦᠬᠦᠨ ᠢ ᠬᠤᠶᠢᠰᠢᠯᠠᠭᠤᠯᠤᠨ ᠲᠤᠰᠢᠶᠠᠬᠤ ᠪᠠᠷ ᠬᠠᠤᠯᠢ | ᠶᠣᠰᠣᠭᠠᠷ ᠭᠤᠶᠤᠴᠢᠯᠠᠵᠤ ᠪᠣᠯᠤᠨ᠎ᠠ᠃ ᠭᠠᠶᠢᠯᠢ ᠬᠤᠶᠢᠰᠢᠯᠠᠭᠤᠯᠤᠯᠲᠠ ᠶᠢ ᠡᠨᠡ ᠵᠢᠯ ᠤᠨ 11 ᠳ᠋ᠦ᠋ᠭᠡᠷ ᠰᠠᠷ᠎ᠠ ᠶᠢᠨ | 1 ᠤ ᠡᠳᠦᠷ ᠠᠴᠠ ᠡᠬᠢᠯᠡᠨ᠂ ᠢᠷᠡᠬᠦ ᠵᠢᠯ ᠤᠨ 1 ᠳ᠋ᠦ᠋ᠭᠡᠷ ᠰᠠᠷ᠎ᠠ ᠳᠤ ᠭᠤᠶᠤᠴᠢᠯᠠᠨ ᠮᠡᠳᠡᠭᠦᠯᠬᠦ ᠬᠤᠭᠤᠴᠠᠭ᠎ᠠ | ᠳᠠᠭᠤᠰᠬᠤ ᠪᠣᠯᠲᠠᠯ᠎ᠠ ᠬᠡᠷᠡᠭᠵᠢᠭᠦᠯᠦᠨ᠎ᠡ᠂ ᠵᠢᠱᠢᠯᠲᠡ ᠪᠠᠷ ᠦᠢᠯᠡᠳᠬᠡᠯ ᠤᠨ ᠦᠢᠯᠡᠰ ᠤᠨ ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ᠭᠠᠶᠢᠯᠢ ᠶᠢ 2000 ᠳ᠋ᠦᠩᠰᠢᠭᠤᠷ ᠲᠥᠭᠦᠷᠢᠭ ᠣᠷᠴᠢᠮ ᠬᠤᠶᠢᠰᠢᠯᠠᠭᠤᠯᠬᠤ ᠪᠣᠯᠤᠨ᠎ᠠ᠃ | ᠡᠭᠦᠨ ᠠᠴᠠ ᠭᠠᠳᠠᠨ᠎ᠠ᠂ ᠨᠡᠭᠦᠷᠡᠰᠦ ᠴᠠᠬᠢᠯᠭᠠᠨ᠂ ᠢᠯᠴᠢ ᠬᠠᠩᠭᠠᠬᠤ ᠠᠵᠤ ᠠᠬᠤᠶᠢᠯᠠᠯ ᠤᠨ ᠡᠵᠡᠩᠨᠡᠯᠲᠡ ᠶᠢᠨ | ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ᠂ ᠲᠡᠭᠦᠨ ᠤ ᠡᠨᠡ ᠵᠢᠯ ᠤᠨ ᠳᠥᠷᠪᠡᠳᠦᠭᠡᠷ ᠤᠯᠠᠷᠢᠯ ᠳᠤ | ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠵᠦ᠂ ᠵᠢᠱᠢᠯᠲᠡ ᠪᠠᠷ | ᠬᠤᠶᠢᠰᠢᠯᠠᠭᠤᠯᠬᠤ ᠭᠠᠶᠢᠯᠢ ᠶᠢᠨ ᠶᠡᠷᠦᠩᠬᠡᠶ ᠲᠤᠭ᠎ᠠ 170 ᠳ᠋ᠦᠩᠰᠢᠭᠤᠷ ᠲᠥᠭᠦᠷᠢᠭ ᠣᠷᠴᠢᠮ ᠳᠤ ᠬᠦᠷᠦᠨ᠎ᠡ᠃ | ᠳᠡᠭᠡᠷᠡᠬᠢ ᠳᠤᠷᠠᠳᠤᠭᠰᠠᠨ ᠭᠠᠶᠢᠯᠢ ᠶᠢ ᠬᠤᠶᠢᠰᠢᠯᠠᠭᠤᠯᠬᠤ ᠠᠷᠭ᠎ᠠ ᠬᠡᠮᠵᠢᠶ᠎ᠡ ᠶᠢᠨ ᠬᠤᠶᠢᠰᠢᠯᠠᠭᠤᠯᠤᠨ ᠲᠤᠰᠢᠶᠠᠬᠤ | ᠴᠠᠭ ᠨᠢ ᠬᠠᠮᠤᠭ ᠤᠨ ᠤᠷᠳᠤ ᠳᠠᠭᠠᠨ 3 ᠰᠠᠷ᠎ᠠ ᠪᠣᠯᠤᠨ᠎ᠠ ᠭᠡᠵᠡᠢ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ | ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠭᠠᠶᠢᠯᠢ ᠬᠤᠶᠢᠰᠢᠯᠠᠭᠤᠯᠬᠤ ᠵᠦᠢᠯᠡᠰ ᠤᠨ | ᠭᠠᠷᠳᠠᠮ ᠭᠦᠢᠴᠡᠳᠬᠡᠬᠦ ᠶᠠᠪᠤᠴᠠ ᠶᠢ ᠳᠥᠭᠦᠮᠴᠢᠯᠡᠵᠦ᠂ ᠭᠦᠢᠴᠡᠳᠬᠡᠬᠦ ᠠᠬᠢᠴᠠ ᠶᠢ ᠲᠦᠷᠭᠡᠳᠬᠡᠨ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠴᠠᠲᠠᠶ ᠪᠠᠷ ᠰᠢᠭᠤᠳ ᠬᠦᠷᠴᠦ ᠲᠦᠷᠭᠡᠨ ᠬᠦᠷᠲᠡᠬᠦ ᠶᠢ ᠦᠨᠡᠨ ᠬᠦ | ᠪᠠᠲᠤᠯᠠᠵᠤ᠂ ᠨᠥᠬᠦᠴᠡᠯ ᠳᠤ ᠨᠡᠶᠢᠴᠡᠬᠦ ᠥᠬᠡᠶ ᠠᠵᠤ ᠠᠬᠤᠶᠢᠯᠠᠯ ᠤᠨ ᠭᠠᠶᠢᠯᠢ ᠬᠤᠶᠢᠰᠢᠯᠠᠭᠤᠯᠬᠤ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠢ ᠮᠡᠬᠡᠯᠡᠨ ᠬᠦᠷᠲᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠯ᠎ᠡ ᠮᠤᠵᠢ ᠶᠢᠨ | ᠱᠠᠲᠤᠨ ᠤ ᠡᠳ᠋ ᠤᠨ ᠵᠠᠰᠠᠭ ᠨᠢ ᠬᠤᠲᠠ ᠰᠢᠶᠠᠨ ᠤ ᠡᠳ᠋ ᠤᠨ ᠵᠠᠰᠠᠭ ᠲᠤ ᠰᠢᠯᠵᠢᠭᠦᠯᠦᠨ ᠥᠭᠬᠦ ᠲᠣᠬᠢᠷᠠᠭᠤᠯᠤᠯᠲᠠ ᠶᠢ | ᠰᠠᠶᠢᠲᠤᠷ ᠬᠢᠵᠦ᠂ ᠭᠠᠶᠢᠯᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠦᠨᠳᠦᠰᠦᠨ | ᠱᠠᠲᠤᠨ ᠤ ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ | ᠪᠠᠲᠤᠯᠠᠬᠤ ᠳᠤ ᠨᠥᠯᠥᠭᠡ ᠦᠵᠡᠭᠦᠯᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ | ᠵᠡᠷᠭᠡᠴᠡᠭᠡ ᠪᠠᠷ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠳᠠᠯ ᠤᠨ | ᠡᠮᠦᠨ᠎ᠡ᠂ ᠲᠠᠷᠠᠭᠠᠴᠢ ᠶᠢᠨ ᠠᠯᠬᠤᠮ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠪᠴᠢᠶᠡᠲᠦ ᠴᠢᠨᠠᠷᠲᠠᠶ | ᠭᠠᠶᠢᠯᠢ ᠬᠥᠩᠭᠡᠯᠡᠬᠦ ᠲᠦᠷᠦ ᠶᠢᠨ ᠪᠤᠳᠤᠯᠭ᠎ᠠ ᠶᠢ ᠱᠠᠯᠠᠪᠳᠠᠨ ᠰᠤᠳᠤᠯᠵᠤ᠂ ᠬᠤᠷᠸ᠎ᠠ ᠲᠠᠯ᠎ᠠ ᠶᠢᠨ ᠤᠷᠢᠳᠴᠢᠯᠠᠭᠰᠠᠨ | ᠲᠣᠬᠢᠷᠠᠭᠤᠯᠤᠯᠲᠠ ᠪᠠ ᠪᠢᠴᠢᠯ ᠲᠤᠬᠢᠷᠠᠭᠤᠯᠤᠯᠳᠡ ᠬᠢᠬᠦ ᠶᠢ ᠴᠠᠭ ᠲᠤᠬᠠᠢ ᠳᠤ ᠨᠢ ᠲᠣᠬᠢᠷᠠᠭᠤᠯᠤᠨ ᠬᠠᠨᠳᠤᠯᠭᠠᠲᠤ | ᠴᠢᠨᠠᠷᠲᠠᠶ ᠴᠢᠩᠭᠠᠳᠬᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠩᠬᠠᠷᠴᠤ ᠪᠠᠶᠢᠭ᠎ᠠ ᠠᠰᠠᠭᠤᠳᠠᠯ ᠳᠤ | ᠬᠠᠷᠢᠭᠤᠯᠲᠠ ᠥᠭᠬᠦ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠭᠠᠳᠠᠭᠠᠳᠤ ᠨᠡᠬᠡᠬᠡᠯᠳᠡ ᠶᠢ ᠥᠷᠭᠡᠳᠬᠡᠬᠦ ᠶᠢ ᠪᠠᠷᠢᠮᠲᠠᠯᠠᠵᠤ᠂ ᠤᠯᠤᠰ ᠤᠨ | ᠳᠣᠲᠣᠭᠠᠳᠤ ᠶᠢᠨ ᠲᠤᠮᠤ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠵᠤ᠂ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠪᠡᠯᠡ ᠶᠢ ᠲᠠᠲᠠᠬᠤ ᠡᠷᠴᠢᠮ ᠢᠶᠠᠨ ᠴᠢᠩᠭᠠᠷᠠᠭᠤᠯᠵᠤ᠂ | ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠢᠶᠠᠷ ᠳᠠᠮᠵᠢᠨ ᠨᠡᠩ ᠤᠯᠠᠨ ᠭᠠᠳᠠᠭᠠᠳᠤ ᠪᠡᠯᠡ ᠶᠢᠨ ᠤᠯᠤᠰ ᠤᠨ | ᠳᠣᠲᠣᠭᠠᠳᠤ ᠶᠢᠨ ᠬᠥᠭᠵᠢᠯᠲᠡ ᠳᠤ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠢ ᠭᠡᠵᠡᠢ᠃ ᠬᠤᠷᠠᠯ ᠠᠴᠠ | ᠲᠣᠭᠲᠠᠭᠠᠭᠰᠠᠨ ᠨᠢ᠂ ᠬᠢᠯᠢ ᠶᠢᠨ ᠭᠠᠳᠠᠨᠠᠬᠢ ᠪᠠᠶᠢᠭᠤᠯᠤᠮᠵᠢ ᠶᠢᠨ ᠪᠡᠯᠡ ᠣᠷᠣᠭᠤᠯᠤᠭᠴᠢ ᠶᠢᠨ ᠬᠢᠯᠢ ᠶᠢᠨ ᠳᠣᠲᠣᠷᠠᠬᠢ | ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠪᠡᠯᠡ ᠣᠷᠣᠭᠤᠯᠤᠭᠠᠳ ᠣᠯᠤᠭᠰᠠᠨ ᠵᠢᠭᠡᠯᠡᠯᠭᠡ ᠶᠢᠨ | ᠲᠡᠮᠳᠡᠭᠲᠦ ᠶᠢᠨ ᠬᠦᠦ ᠮᠥᠩᠭᠦ ᠶᠢᠨ ᠣᠷᠣᠯᠭ᠎ᠠ ᠶᠢ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠪᠣᠯᠤᠨ | ᠦᠷᠳᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠬᠦ ᠬᠢᠵᠠᠭᠠᠷᠲᠤ | ᠬᠤᠭᠤᠴᠠᠭ᠎ᠠ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠲᠠᠯ᠎ᠠ ᠤᠷᠲᠤᠳᠬᠠᠵᠤ᠂ | ᠲᠤᠬᠠᠶᠢᠯᠠᠪᠠᠯ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ ᠤᠷᠲᠤᠳᠬᠠᠨ᠎ᠠ ᠭᠡᠵᠦ | ᠲᠣᠭᠲᠠᠭᠠᠪᠠ᠃ ᠬᠤᠷᠠᠯ ᠠᠴᠠ ᠱᠠᠭᠠᠷᠳᠠᠬᠤ ᠳᠤ ᠪᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠠᠩᠰᠠᠯᠠᠭᠤᠯᠬᠤ | ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠬᠦ ᠶᠢᠨ ᠬᠠᠮᠲᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠡᠳᠦ ᠵᠠᠪᠰᠢᠬᠤ᠂ ᠵᠠᠬ᠎ᠠ ᠳᠡᠯᠭᠡᠭᠦᠷ ᠢ ᠡᠷᠬᠡᠰᠢᠶᠡᠨ ᠡᠵᠡᠮᠳᠡᠬᠦ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ ᠭᠡᠵᠡᠢ᠃ |