ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠥᠭᠡᠷᠡᠴᠢᠯᠡᠯᠲᠡ ᠨᠡᠭᠡᠭᠡᠯᠲᠡ ᠶᠢᠨ ᠵᠠᠮ ᠣᠯᠠᠨ | ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ ᠬᠡᠵᠤ ᠴᠢᠬᠤᠯᠠᠴᠢᠯᠠᠵᠦ ᠡᠯ᠎ᠡ ᠤᠯᠤᠰ ᠤᠨ ᠬᠢᠨ ᠢ ᠪᠦᠬᠦ | ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠪᠠᠳᠠᠷᠠᠭᠤᠯᠤᠨ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠤ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠭᠠᠷ ᠬᠤᠯᠪᠣᠯᠴᠠᠨ | ᠪᠠᠶᠢᠭᠤᠯᠰᠤᠭᠠᠢ ᠭᠡᠵᠦ ᠤᠷᠢᠶᠠᠯᠠᠪᠠ | ᠤᠯᠤᠰ ᠤᠨ ᠲᠡᠷᠢᠭᠦᠯᠡᠭᠴᠢ ᠰᠢ ᠶᠢᠨ ᠫᠢᠩ 25 ᠤ ᠡᠳᠦᠷ ᠪᠡᠭᠡᠵᠢᠩ ᠳᠤ ᠪᠦᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ | ᠰᠡᠷᠭᠦᠭᠡᠭᠰᠡᠨ 50 ᠵᠢᠯ ᠤᠨ ᠣᠢ ᠶᠢ ᠳᠤᠷᠠᠰᠬᠠᠬᠤ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ | ᠲᠠᠯᠪᠢᠪᠠ᠃ ᠰᠢ ᠶᠢᠨ ᠫᠢᠩ᠂ ᠰᠢᠨ᠎ᠡ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ | ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ ᠠᠴᠠ ᠨᠠᠭᠠᠰᠢᠬᠢ 50 ᠵᠢᠯ ᠪᠣᠯ ᠳᠤᠮᠳᠠᠳᠤ ᠤᠯᠤᠰ ᠤᠨ | ᠡᠩᠬᠡ ᠲᠠᠶᠢᠪᠤᠩ ᠬᠥᠭᠵᠢᠵᠦ᠂ ᠬᠥᠮᠦᠨ ᠲᠥᠷᠥᠯᠬᠢᠲᠡᠨ ᠳᠤ ᠪᠤᠶᠠᠨ ᠦᠢᠯᠡᠳᠦᠭᠰᠡᠨ 50 ᠵᠢᠯ ᠪᠣᠯᠤᠨ᠎ᠠ᠃ | ᠳᠤᠮᠳᠠᠳᠤ ᠤᠯᠤᠰ ᠬᠤᠶᠢᠰᠢᠳᠠ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ | ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ ᠪᠣᠯᠤᠨ᠎ᠠ︔ ᠥᠭᠡᠷᠡᠴᠢᠯᠡᠯᠲᠡ ᠨᠡᠭᠡᠭᠡᠯᠲᠡ ᠶᠢᠨ | ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠪᠦᠬᠦ ᠪᠦᠮᠪᠦᠷᠴᠡᠭ ᠤᠨ ᠬᠥᠭᠵᠢᠯᠲᠡ ᠳᠤ ᠬᠤᠪᠢ ᠨᠡᠮᠡᠷᠢ | ᠦᠵᠡᠭᠦᠯᠦᠭᠴᠢ ᠪᠣᠯᠤᠨ᠎ᠠ︔ ᠤᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠤᠯᠠᠨ | ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ | ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ | ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠪᠠᠳᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ | ᠲᠠᠯ᠎ᠠ ᠳᠤ ᠵᠣᠭᠰᠣᠵᠤ᠂ ᠳᠡᠯᠡᠬᠡᠢ ᠶᠢᠨ ᠥᠨᠢ ᠮᠥᠩᠬᠡ ᠶᠢᠨ ᠡᠩᠬᠡ ᠲᠠᠶᠢᠪᠤᠩ ᠬᠥᠭᠵᠢᠯᠲᠡ ᠶᠢ ᠪᠡᠶᠡᠯᠡᠭᠦᠯᠬᠦ᠂ | ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠢᠨ | ᠲᠥᠯᠥᠭᠡ ᠴᠥᠬᠦᠷᠡᠰᠢ ᠦᠭᠡᠢ ᠲᠡᠮᠡᠴᠡᠨ᠎ᠡ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠤᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠱᠦᠵᠢ ᠨᠡᠷ ᠤᠨ ᠭᠠᠵᠠᠷ ᠤᠨ ᠱᠦᠵᠢ ᠸᠠᠩ ᠬᠤ᠋ ᠨᠢᠩ ᠬᠤᠷᠠᠯ ᠳᠤ ᠣᠷᠣᠯᠴᠠᠪᠠ᠃ | ᠠᠯᠲᠠᠨ ᠨᠠᠮᠤᠷ ᠤᠨ ᠪᠡᠭᠡᠵᠢᠩ ᠳᠤ᠂ ᠬᠦᠬᠡ ᠤᠭᠲᠠᠷᠭᠤᠢ ᠴᠡᠯᠮᠡᠭ ᠲᠤᠩᠭᠠᠯᠠᠭ᠂ ᠠᠭᠤᠷ ᠠᠮᠢᠰᠬᠤᠯ | ᠡᠶᠡᠪᠡᠷᠬᠦᠦ ᠲᠠᠭᠠᠯᠠᠮᠵᠢᠲᠠᠢ᠃ ᠭᠤᠣᠯ ᠬᠤᠷᠠᠯ ᠤᠨ ᠲᠠᠯᠠᠪᠠᠢ ᠪᠤᠯᠬᠤ ᠠᠷᠠᠳ ᠤᠨ ᠶᠡᠭᠡ ᠬᠤᠷᠠᠯ ᠤᠨ ᠲᠠᠩᠬᠢᠮ ᠤᠨ | ᠰᠢᠵᠢᠷ ᠠᠯᠳᠠᠨ ᠲᠢᠩᠬᠢᠮ ᠳᠤ ᠳ᠋ᠧᠩ ᠤᠨ ᠬᠡᠷᠡᠯ ᠳᠤᠸᠠᠯᠠᠵᠤ᠂ ᠰᠣᠷᠭᠤᠭ ᠴᠡᠴᠡᠭ ᠮᠢᠷᠠᠯᠵᠠᠨ ᠳᠡᠯᠭᠡᠷᠡᠨ᠎ᠡ᠃ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠪᠣᠯᠤᠨ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠲᠤᠭ ᠦᠡᠭᠭᠡ ᠢᠯᠭᠠᠷᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠡᠯ᠎ᠡ ᠭᠡᠰᠢᠭᠦᠨ ᠤᠯᠤᠰ ᠤᠨ ᠲᠤᠭ ᠢᠶᠠᠷ ᠪᠦᠷᠢᠯᠳᠦᠭᠰᠡᠨ ᠲᠤᠭ ᠤᠨ ᠵᠢᠭᠰᠠᠭᠠᠯ ᠰᠦᠷ ᠳᠠᠯᠠᠶᠢᠴᠠᠲᠠᠢ ᠬᠠᠷᠠᠭᠳᠠᠨ᠎ᠠ᠃ | ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠴᠣᠭᠴᠠ︾ ᠭᠡᠬᠦ ᠬᠥᠭᠵᠢᠮ ᠤᠨ ᠠᠶᠠᠰ ᠤᠨ | ᠳᠤᠮᠳᠠ ᠰᠢ ᠶᠢᠨ ᠫᠢᠩ ᠬᠤᠷᠠᠯ ᠤᠨ ᠲᠠᠯᠠᠪᠠᠶ ᠳᠤ ᠠᠯᠬᠤᠨ ᠣᠷᠣᠪᠠ᠃ ᠬᠤᠷᠠᠯ ᠤᠨ ᠲᠠᠯᠠᠪᠠᠢ ᠳᠤ ᠨᠢᠵᠢᠭᠢᠨᠡᠲᠡᠯ᠎ᠡ | ᠠᠯᠠᠭ᠎ᠠ ᠲᠠᠰᠢᠪᠠ᠃ | | ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠰᠢ ᠶᠢᠨ ᠫᠢᠩ᠂ 50 ᠵᠢᠯ ᠤᠨ ᠡᠮᠦᠨᠡᠬᠢ ᠡᠨᠡ ᠡᠳᠦᠷ ᠬᠤᠷᠢᠨ ᠵᠢᠷᠭᠤᠳᠤᠭᠠᠷ ᠬᠤᠭᠤᠴᠠᠭᠠᠨ ᠤ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠡᠶᠢᠯᠦᠩᠭᠦᠢ ᠲᠤᠭ᠎ᠠ ᠪᠠᠷ 2758 ᠳ᠋ᠤᠭᠠᠷ ᠲᠣᠭᠠᠲᠤ | ᠰᠢᠢᠳᠪᠦᠷᠢ ᠪᠠᠲᠤᠯᠠᠵᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠳᠠᠬᠢ ᠠᠯᠢᠪᠠ ᠡᠷᠬᠡ ᠶᠢ ᠰᠡᠷᠭᠦᠭᠡᠬᠦ ᠪᠠᠷ ᠲᠣᠭᠲᠠᠵᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠤ ᠲᠥᠯᠥᠭᠡᠯᠡᠭᠴᠢ ᠪᠣᠯ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠳᠠᠬᠢ ᠴᠤᠷ ᠤᠨ ᠭᠠᠭᠴᠠ ᠬᠠᠤᠯᠢ ᠶᠣᠰᠣᠨ ᠤ ᠲᠥᠯᠥᠭᠡᠯᠡᠭᠴᠢ ᠮᠥᠨ ᠭᠡᠳᠡᠭ ᠢ ᠮᠡᠳᠡᠷᠡᠪᠡ᠃ ᠡᠨᠡ ᠪᠣᠯ | ᠳᠤᠮᠳᠠᠳᠤ ᠤᠯᠤᠰ ᠤᠨ ᠠᠷᠠᠳ ᠲᠦᠮᠡᠨ ᠤ ᠢᠯᠠᠯᠲᠠ ᠮᠥᠨ᠂ ᠪᠠᠰᠠ ᠴᠦ ᠳᠡᠯᠡᠬᠡᠢ ᠶᠢᠨ ᠡᠯ᠎ᠡ ᠤᠯᠤᠰ ᠤᠨ ᠠᠷᠠᠳ | ᠲᠦᠮᠡᠨ ᠤ ᠢᠯᠠᠯᠲᠠ ᠮᠥᠨ︕ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ | ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠭᠰᠡᠨ ᠶᠠᠪᠤᠳᠠᠯ ᠪᠣᠯ ᠳᠡᠯᠡᠬᠡᠢ ᠳᠡᠭᠡᠷᠡᠬᠢ ᠲᠤᠮᠤ ᠶᠠᠪᠤᠳᠠᠯ ᠪᠣᠯᠬᠤ | ᠪᠥᠭᠡᠳ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠤᠮᠤ ᠶᠠᠪᠤᠳᠠᠯ ᠪᠣᠯᠤᠨ᠎ᠠ᠃ ᠡᠨᠡ ᠪᠣᠯ ᠳᠡᠯᠡᠬᠡᠢ | ᠳᠡᠭᠡᠷᠡᠬᠢ ᠡᠩᠬᠡ ᠲᠠᠶᠢᠪᠤᠩ ᠢ ᠡᠷᠬᠢᠮᠯᠡᠳᠡᠭ ᠪᠠ ᠰᠢᠳᠤᠷᠭᠤ ᠶᠣᠰᠣ ᠶᠢ ᠡᠷᠬᠢᠮᠯᠡᠳᠡᠭ ᠠᠯᠢᠪᠠ ᠤᠯᠤᠰ ᠤᠨ ᠬᠠᠮᠲᠤ ᠶᠢᠨ | ᠴᠢᠷᠮᠠᠶᠢᠯᠭ᠎ᠠ ᠶᠢᠨ ᠦᠷ᠎ᠡ ᠳ᠋ᠦᠩ ᠮᠥᠨ᠂ ᠡᠨᠡ ᠨᠢ ᠳᠡᠯᠡᠬᠡᠢ ᠶᠢᠨ ᠬᠥᠮᠦᠨ ᠠᠮᠠ ᠶᠢᠨ ᠳᠥᠷᠪᠡᠨ ᠤ ᠨᠢᠭᠡ ᠬᠤᠪᠢ ᠶᠢ | ᠡᠵᠡᠯᠡᠵᠦ ᠪᠠᠶᠢᠭ᠎ᠠ ᠳᠤᠮᠳᠠᠳᠤ ᠤᠯᠤᠰ ᠤᠨ ᠠᠷᠠᠳ ᠲᠦᠮᠡᠨ ᠡᠭᠦᠨ ᠠᠴᠠ ᠡᠬᠢᠯᠡᠨ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠲᠠᠪᠴᠠᠩ ᠳᠤ ᠲᠠᠬᠢᠨ ᠭᠠᠷᠤᠭᠰᠠᠨ ᠢ ᠬᠠᠷᠠᠭᠤᠯᠵᠤ ᠪᠠᠶᠢᠨ᠎ᠠ᠃ ᠡᠨᠡ ᠨᠢ ᠳᠤᠮᠳᠠᠳᠤ ᠤᠯᠤᠰ᠂ | ᠳᠡᠯᠡᠬᠡᠢ ᠳ᠋ᠠᠬᠢᠨ ᠳᠤ ᠴᠥᠮ ᠴᠢᠬᠤᠯᠠ ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ | ᠬᠠᠤᠯᠢ ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ ᠠᠴᠠ ᠨᠠᠭᠠᠰᠢᠬᠢ 50 ᠵᠢᠯ ᠪᠣᠯ ᠳᠤᠮᠳᠠᠳᠤ ᠤᠯᠤᠰ ᠤᠨ | ᠡᠩᠬᠡ ᠲᠠᠶᠢᠪᠤᠩ ᠬᠥᠭᠵᠢᠵᠦ᠂ ᠬᠥᠮᠦᠨ ᠲᠥᠷᠥᠯᠬᠢᠲᠡᠨ ᠳᠤ ᠪᠤᠶᠠᠨ ᠦᠢᠯᠡᠳᠦᠭᠰᠡᠨ 50 ᠵᠢᠯ ᠪᠣᠯᠤᠨ᠎ᠠ᠃ | — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠦᠪᠡᠷ ᠤᠨ | ᠬᠦᠴᠦ ᠪᠠᠷ ᠢᠶᠠᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠷᠪᠠᠭᠠᠨ | ᠬᠥᠷᠪᠡᠭᠡᠨ ᠳᠤᠮᠳᠠ ᠳᠤᠮᠳᠠᠳᠤ ᠤᠯᠤᠰ ᠤᠨ ᠤᠷᠤᠭᠰᠢᠯᠠᠯᠲᠠ ᠶᠢᠨ ᠴᠢᠭᠯᠡᠯ ᠢ ᠡᠵᠡᠮᠳᠡᠵᠦ᠂ ᠳᠤᠮᠳᠠᠳᠤ ᠤᠯᠤᠰ ᠵᠢᠴᠢ | ᠬᠥᠮᠦᠨ ᠲᠥᠷᠥᠯᠬᠢᠲᠡᠨ ᠤ ᠬᠥᠭᠵᠢᠯᠲᠡ ᠶᠢᠨ ᠰᠦᠷ ᠳᠠᠯᠠᠶᠢᠴᠠᠲᠠᠢ ᠲᠤᠤᠯᠢᠰ ᠢ ᠪᠢᠴᠢᠭᠯᠡᠪᠡ᠃ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ | ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠠᠷᠠᠳ ᠲᠦᠮᠡᠨ ᠥᠭᠡᠷᠡᠴᠢᠯᠡᠯᠲᠡ ᠨᠡᠭᠡᠭᠡᠯᠲᠡ ᠶᠢᠨ ᠲᠡᠦᠬᠡᠨ ᠰᠢᠨ᠎ᠡ | ᠴᠠᠭ ᠦᠶ᠎ᠡ ᠶᠢ ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠠᠮᠵᠢᠯᠲᠠ ᠲᠠᠢ ᠪᠠᠷ | ᠡᠭᠦᠳᠦᠨ ᠬᠥᠭᠵᠢᠭᠦᠯᠦᠨ᠂ ᠦᠢᠯᠡᠳᠪᠦᠷᠢᠯᠡᠯ ᠤᠨ ᠬᠦᠴᠦᠨ ᠬᠠᠷᠢᠴᠠᠩᠭᠤᠢ ᠪᠠᠷ ᠬᠤᠴᠣᠷᠤᠩᠭᠤᠢ ᠪᠠᠶᠢᠭᠰᠠᠨ | ᠪᠠᠶᠢᠳᠠᠯ ᠠᠴᠠ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠳᠠᠪᠰᠢᠨ ᠣᠷᠣᠭᠰᠠᠨ | ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠪᠡ᠃ | | ᠲᠡᠰᠪᠦᠷᠢ ᠬᠠᠲᠠᠭᠤᠵᠢᠯᠲᠠᠶ ᠲᠡᠮᠡᠴᠡᠬᠦ ᠪᠠᠷ ᠳᠡᠮᠵᠢᠨ᠂ ᠳᠤᠮᠳᠠᠳᠤ ᠤᠯᠤᠰ ᠤᠨ ᠠᠷᠠᠳ ᠲᠦᠮᠡᠨ ᠬᠤᠶᠠᠷ | ᠭᠠᠷ ᠢᠶᠠᠷ ᠢᠶᠠᠨ ᠳᠤᠮᠳᠠᠳᠤ ᠶᠢᠨ ᠡᠬᠡ ᠭᠠᠵᠠᠷ ᠲᠤ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ | ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠢᠯᠠᠯᠲᠠ ᠶᠢ | ᠣᠯᠵᠤ᠂ ᠲᠤᠶᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠶ ᠪᠠᠷ ᠰᠢᠢᠳᠪᠦᠷᠢᠯᠡᠵᠦ᠂ ᠨᠡᠶᠢᠭᠡᠮ | ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠡᠭᠡᠨ ᠰᠠᠷᠠᠭᠤᠯ ᠢᠷᠡᠭᠡᠳᠦᠶ ᠶᠢ | ᠤᠭᠲᠤᠨ ᠠᠪᠴᠢᠷᠠᠪᠠ᠃ | — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠳᠡᠯᠡᠬᠡᠢ ᠶᠢᠨ ᠡᠯ᠎ᠡ | ᠤᠯᠤᠰ ᠤᠨ ᠠᠷᠠᠳ ᠲᠦᠮᠡᠨ ᠲᠠᠢ ᠪᠦᠯᠬᠦᠮᠳᠡᠨ ᠬᠠᠮᠲᠤᠷᠠᠯᠴᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ | ᠶᠣᠰᠣ ᠶᠢ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ | ᠦᠵᠡᠭᠦᠯᠪᠡ᠃ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠬᠦ ᠡᠩᠬᠡ ᠲᠠᠶᠢᠪᠤᠩ ᠭᠠᠳᠠᠭᠠᠳᠤ | ᠬᠠᠷᠢᠯᠴᠠᠭᠠᠨ ᠤ ᠲᠥᠷᠥ ᠶᠢᠨ ᠪᠤᠳᠤᠯᠭ᠎ᠠ ᠶᠢ ᠢᠮᠠᠭᠲᠠ ᠬᠡᠷᠡᠭᠵᠢᠭᠦᠯᠵᠦ᠂ ᠲᠥᠪ ᠶᠣᠰᠣ ᠶᠢ ᠬᠠᠮᠠᠭᠠᠯᠠᠨ᠂ ᠰᠢᠳᠤᠷᠭᠤ | ᠶᠣᠰᠣ ᠶᠢ ᠮᠠᠨᠳᠤᠭᠤᠯᠵᠤ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠥᠷᠥ ᠶᠢ ᠡᠷᠡᠰ ᠡᠰᠡᠷᠭᠦᠴᠡᠵᠠᠢ᠃ | ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠲᠤᠰ ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠰᠢᠳᠤᠷᠭᠤ ᠶᠣᠰᠣᠨ ᠤ ᠲᠡᠮᠡᠴᠡᠯ ᠢ ᠡᠷᠡᠰ ᠲᠡᠮᠵᠢᠪᠠ᠃ | ᠳᠤᠮᠳᠠᠳᠤ ᠤᠯᠤᠰ ᠤᠨ ᠠᠷᠠᠳ ᠲᠦᠮᠡᠨ ᠬᠠᠮᠲᠤ ᠶᠢᠨ ᠬᠥᠭᠵᠢᠯᠲᠡ ᠶᠢ ᠠᠬᠢᠭᠤᠯᠬᠤ ᠪᠠᠷ ᠴᠢᠷᠮᠠᠶᠢᠵᠤ᠂ ︽ᠲᠠᠨᠽᠠᠨᠢᠶ᠎ᠠ | ᠽᠠᠮᠪᠢᠶ᠎ᠠ ᠶᠢᠨ ᠲᠡᠮᠤᠷ ᠵᠠᠮ︾ ᠠᠴᠠ ︽ᠨᠢᠭᠡ ᠪᠦᠰᠡ ᠨᠢᠭᠡ ᠵᠠᠮ︾ ᠬᠦᠷᠲᠡᠯ᠎ᠡ ᠬᠥᠭᠵᠢᠵᠦ ᠪᠠᠶᠢᠭ᠎ᠠ | ᠤᠯᠤᠰ ᠤᠳ ᠲᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠵᠦ᠂ ᠳᠤᠮᠳᠠᠳᠤ ᠤᠯᠤᠰ ᠤᠨ | ᠬᠥᠭᠵᠢᠯᠲᠡ ᠪᠠᠷ ᠳᠡᠯᠡᠬᠡᠢ ᠳ᠋ᠠᠬᠢᠨ ᠳᠤ ᠲᠠᠰᠤᠷᠠᠯᠳᠠ ᠦᠭᠡᠢ ᠰᠢᠨ᠎ᠡ ᠠᠵᠠ ᠲᠣᠬᠢᠶᠠᠯ ᠬᠠᠩᠭᠠᠪᠠ᠃ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠢ ᠳᠠᠭᠠᠷᠢᠭᠰᠠᠨ ᠠᠶᠤᠯ ᠲᠦᠭᠰᠢᠭᠦᠷᠢ ᠲᠠᠢ | ᠦᠶ᠎ᠡ ᠳᠤ᠂ ᠳᠤᠮᠳᠠᠳᠤ ᠤᠯᠤᠰ ᠰᠡᠷᠭᠡᠶᠢᠯᠡᠨ ᠡᠵᠡᠮᠳᠡᠬᠦ ᠲᠤᠷᠰᠢᠯᠭ᠎ᠠ ᠪᠠᠨ ᠳᠡᠯᠡᠬᠡᠢ ᠳ᠋ᠠᠬᠢᠨ ᠲᠠᠢ ᠢᠳᠡᠪᠬᠢᠲᠡᠢ | ᠬᠤᠪᠢᠶᠠᠯᠴᠠᠵᠤ᠂ ᠡᠯ᠎ᠡ ᠤᠯᠤᠰ ᠲᠤ ᠬᠢᠵᠢᠭ ᠲᠠᠢ ᠲᠡᠮᠡᠴᠡᠬᠦ ᠡᠳ᠋ ᠪᠣᠳᠠᠰ᠂ ᠸᠠᠺᠼᠢᠨ ᠪᠠ ᠡᠮ ᠤᠨ ᠵᠦᠢᠯᠡᠰ ᠢ | ᠤᠯᠠᠨ ᠬᠦᠷᠭᠡᠵᠦ᠂ ᠸᠢᠷᠦ᠋ᠰ ᠤᠨ ᠡᠬᠢ ᠡᠭᠦᠰᠦᠯ ᠢ ᠡᠷᠢᠬᠦ ᠰᠢᠨᠵᠢᠯᠡᠬᠦ ᠤᠬᠠᠭᠠᠨ ᠤ ᠬᠠᠮᠲᠤᠷᠠᠯᠴᠠᠭ᠎ᠠ ᠶᠢ ᠭᠦᠨᠵᠡᠭᠡᠢ | ᠥᠷᠨᠢᠭᠦᠯᠵᠦ᠂ ᠬᠥᠮᠦᠨ ᠲᠥᠷᠥᠯᠬᠢᠲᠡᠨ ᠤ ᠬᠢᠵᠢᠭ ᠤᠨ ᠪᠠᠶᠢᠳᠠᠯ ᠢ ᠲᠤᠶᠢᠯᠪᠤᠷᠢᠲᠠᠢ ᠢᠯᠠᠨ ᠳᠠᠪᠠᠭ᠋ᠤ ᠳᠤ ᠦᠨᠡᠨ | ᠰᠡᠳᠭᠢᠯ ᠠᠴᠠ ᠪᠠᠨ ᠢᠳᠡᠪᠬᠢᠲᠡᠢ ᠴᠢᠷᠮᠠᠶᠢᠪᠠ᠃ | — ᠡᠨᠡ 50 ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠢᠮᠠᠭᠲᠠ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ ᠬᠠᠮᠠᠭᠠᠯᠠᠵᠤ᠂ ᠤᠯᠠᠨ ᠲᠠᠯᠠᠲᠤ ᠦᠵᠡᠯ ᠢ | ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠯᠤᠭ᠎ᠠ ᠶᠢᠨ | ᠬᠠᠮᠲᠤᠷᠠᠯᠴᠠᠭ᠎ᠠ ᠡᠳᠦᠷ ᠢᠷᠡᠬᠦᠶ᠎ᠡ ᠭᠦᠨᠵᠡᠭᠡᠶᠢᠷᠡᠪᠡ᠃ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠬᠡᠷᠡᠭ ᠡᠷᠬᠢᠯᠡᠬᠦ ᠤᠯᠤᠰ ᠤᠨ ᠲᠤᠰᠢᠶᠠᠯ | ᠬᠠᠷᠢᠭᠤᠴᠠᠯᠭ᠎ᠠ ᠪᠠ ᠡᠭᠦᠷᠭᠡ ᠪᠠᠨ ᠦᠨᠡᠨᠴᠢ ᠪᠠᠷ ᠭᠦᠢᠴᠡᠳᠭᠡᠵᠦ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠬᠠᠮᠠᠭᠠᠯᠠᠨ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠭᠤᠣᠯᠯᠠᠬᠤ ᠦᠢᠯᠡᠳᠦᠯ ᠢ ᠬᠠᠮᠠᠭᠠᠯᠠᠪᠠ᠃ | ᠳᠤᠮᠳᠠᠳᠤ ᠤᠯᠤᠰ ᠡᠩᠬᠡ ᠲᠠᠶᠢᠪᠤᠩ ᠠᠷᠭ᠎ᠠ ᠬᠡᠯᠪᠡᠷᠢ ᠶᠢ ᠬᠡᠷᠡᠭᠯᠡᠨ ᠤᠯᠤᠰ ᠲᠥᠷᠥ ᠪᠠᠷ ᠵᠦᠷᠢᠴᠡᠯ ᠢ | ᠰᠢᠢᠳᠪᠦᠷᠢᠯᠡᠬᠦ ᠶᠢ ᠢᠳᠡᠪᠬᠢᠲᠡᠢ ᠰᠠᠨᠠᠭᠠᠴᠢᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠮᠢᠩᠭᠠᠨ | ᠣᠨ ᠤ ᠬᠥᠭᠵᠢᠯᠲᠡ ᠶᠢᠨ ᠬᠠᠷᠠᠯᠲᠠ ᠶᠢ ᠲᠦᠷᠦᠭᠦᠯᠡᠨ ᠪᠡᠶᠡᠯᠡᠭᠦᠯᠵᠦ᠂ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯᠡᠰ ᠢ ᠲᠦᠷᠦᠭᠦᠯᠡᠨ ᠨᠠᠶᠢᠳᠠᠪᠤᠷᠢᠵᠢᠭᠤᠯᠪᠠ᠃ ᠳᠤᠮᠳᠠᠳᠤ ᠤᠯᠤᠰ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠪᠠ ︽ᠳᠡᠯᠡᠬᠡᠢ ᠶᠢᠨ ᠬᠥᠮᠥᠨ ᠤ ᠡᠷᠬᠡ ᠶᠢᠨ | ᠲᠤᠩᠬᠠᠭ︾ ᠤᠨ ᠵᠣᠷᠢᠭ ᠰᠠᠨᠠᠭ᠎ᠠ ᠶᠢ ᠢᠮᠠᠭᠲᠠ ᠵᠢᠷᠤᠮᠯᠠᠨ᠂ ᠬᠥᠮᠥᠨ ᠤ ᠡᠷᠬᠡ ᠶᠢᠨ ᠲᠦᠭᠡᠮᠡᠯ ᠴᠢᠨᠠᠷ ᠢ ᠳᠤᠮᠳᠠᠳᠤ | ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠴᠠᠭ ᠦᠶ᠎ᠡ ᠶᠢᠨ ᠤᠷᠤᠰᠬᠠᠯ ᠳᠤ | ᠨᠡᠶᠢᠴᠡᠭᠰᠡᠨ᠂ ᠳᠤᠮᠳᠠᠳᠤ ᠤᠯᠤᠰ ᠤᠨ ᠣᠨᠴᠠᠯᠢᠭ ᠲᠠᠢ ᠬᠥᠮᠥᠨ ᠤ ᠡᠷᠬᠡ ᠶᠢᠨ ᠬᠥᠭᠵᠢᠯᠲᠡ ᠶᠢᠨ ᠵᠠᠮ ᠢ ᠨᠡᠭᠡᠭᠡᠵᠦ᠂ | ᠳᠤᠮᠳᠠᠳᠤ ᠤᠯᠤᠰ ᠤᠨ ᠬᠥᠮᠥᠨ ᠤ ᠡᠷᠬᠡ ᠶᠢᠨ ᠳᠠᠪᠰᠢᠯᠲᠠ ᠪᠠ ᠤᠯᠠᠨ ᠤᠯᠤᠰ ᠤᠨ ᠬᠥᠮᠥᠨ ᠤ ᠡᠷᠬᠡ ᠶᠢᠨ | ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ᠃ | ᠰᠢ ᠶᠢᠨ ᠫᠢᠩ᠂ ᠳᠡᠯᠡᠬᠡᠢ ᠶᠢᠨ ᠰᠦᠷ ᠳᠠᠯᠠᠶᠢᠴᠠᠲᠠᠢ ᠤᠷᠤᠰᠬᠠᠯ ᠢ ᠲᠠᠭᠠᠪᠠᠯ ᠮᠠᠨᠳᠤᠵᠤ᠂ ᠰᠥᠷᠪᠡᠰᠤ | ᠮᠥᠬᠦᠨ᠎ᠡ᠃ ᠣᠳᠣᠬᠠᠨ ᠳᠤ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ | ᠲᠦᠷᠭᠡᠰᠦᠨ ᠶᠠᠪᠤᠭᠳᠠᠵᠤ᠂ ᠡᠩᠬᠡ ᠲᠠᠶᠢᠪᠤᠩ ᠬᠥᠭᠵᠢᠯᠲᠡ ᠳᠠᠪᠰᠢᠯᠲᠠ ᠶᠢᠨ ᠬᠦᠴᠦᠨ ᠲᠠᠰᠤᠷᠠᠯᠲᠠ ᠦᠭᠡᠢ | ᠨᠡᠮᠡᠭᠳᠡᠵᠦ ᠪᠠᠶᠢᠨ᠎ᠠ᠃ ᠪᠢᠳᠡ ᠲᠡᠦᠬᠡ ᠶᠢᠨ ᠶᠡᠭᠡ ᠬᠠᠨᠳᠤᠰᠢ ᠶᠢ ᠳᠠᠭᠠᠵᠤ᠂ ᠬᠠᠮᠲᠤᠷᠠᠨ ᠠᠵᠢᠯᠯᠠᠬᠤ ᠶᠢ ᠪᠠᠷᠢᠮᠲᠠᠯᠠᠨ᠂ | ᠡᠰᠡᠷᠭᠦᠴᠡᠯᠳᠦᠬᠦ ᠦᠭᠡᠢ ᠪᠠᠶᠢᠵᠤ᠂ ᠨᠡᠭᠡᠭᠡᠯᠲᠡ ᠬᠢᠬᠦ ᠶᠢ ᠪᠠᠷᠢᠮᠲᠠᠯᠠᠨ᠂ ᠲᠦᠭᠵᠢᠮᠡᠯ ᠪᠠᠶᠢᠬᠤ ᠪᠠᠨ ᠪᠤᠯᠢᠵᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠠᠷᠢᠮᠲᠠᠯᠠᠨ᠂ ᠤᠭᠳᠤ ᠡᠪᠰᠡᠬᠦ ᠦᠭᠡᠢ ᠦᠵᠡᠯᠴᠡᠭᠡᠨ | ᠬᠢᠬᠦ ᠶᠢ ᠡᠰᠡᠷᠭᠦᠴᠡᠵᠤ᠂ ᠶᠠᠮᠠᠷᠪᠠ ᠬᠡᠯᠪᠡᠷᠢ ᠶᠢᠨ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠥᠷᠥ ᠶᠢ ᠡᠷᠡᠰ | ᠡᠰᠡᠷᠭᠦᠴᠡᠵᠦ᠂ ᠶᠠᠮᠠᠷᠪᠠ ᠬᠡᠯᠪᠡᠷᠢ ᠶᠢᠨ ᠭᠠᠭᠴᠠ ᠲᠠᠯᠠᠲᠤ ᠦᠵᠡᠯ ᠪᠠ ᠬᠠᠮᠠᠭᠠᠯᠠᠬᠤ ᠦᠵᠡᠯ ᠢ ᠡᠷᠡᠰ ᠡᠰᠡᠷᠭᠦᠴᠡᠨ᠎ᠠ | ᠭᠡᠵᠦ ᠴᠢᠬᠤᠯᠠᠴᠢᠯᠠᠪᠠ᠃ | — ᠪᠢᠳᠡ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ | ᠡᠷᠬᠡ ᠴᠢᠯᠥᠭᠡ ᠪᠦᠬᠦᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠶᠡᠭᠡ ᠪᠠᠷ ᠪᠠᠳᠠᠷᠠᠭᠤᠯᠵᠤ᠂ ᠨᠡᠩ | ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠦᠳᠦᠭᠡᠨ ᠪᠠᠶᠢᠭᠤᠯᠬᠤ ᠳᠤ ᠵᠥᠪ ᠣᠶᠢᠯᠠᠭᠠᠭᠳᠠᠬᠤᠨ ᠤ | ᠵᠢᠯᠤᠭᠤᠳᠤᠯᠭ᠎ᠠ ᠶᠢ ᠬᠠᠮᠲᠤ ᠪᠠᠷ ᠬᠠᠨᠭ᠍ᠭᠠᠪᠠᠯ ᠵᠤᠬᠢᠨ᠎ᠠ᠃ ᠡᠩᠬᠡ ᠲᠠᠶᠢᠪᠤᠩ ᠪᠣᠯᠤᠨ ᠬᠥᠭᠵᠢᠯᠲᠡ ᠪᠣᠯ ᠮᠠᠨ ᠤ | ᠬᠠᠮᠲᠤ ᠶᠢᠨ ᠦᠢᠯᠡᠰ ᠮᠥᠨ᠂ ᠲᠥᠪ ᠭᠤᠣᠯᠴᠢ ᠰᠢᠳᠤᠷᠭᠤ ᠶᠣᠰᠣ ᠪᠣᠯ ᠮᠠᠨ ᠤ ᠬᠠᠮᠲᠤ ᠶᠢᠨ ᠬᠦᠰᠡᠯᠡᠩ ᠮᠥᠨ᠂ | ᠠᠷᠠᠳᠴᠢᠯᠠᠯ ᠡᠷᠬᠡ ᠴᠢᠯᠥᠭᠡ ᠪᠣᠯ ᠮᠠᠨ ᠤ ᠬᠠᠮᠲᠤ ᠶᠢᠨ ᠬᠥᠭᠡᠭᠡᠴᠡᠯᠳᠦᠯ ᠮᠥᠨ᠃ ᠤᠯᠠᠨ ᠶᠠᠩᠵᠤᠲᠤ ᠴᠢᠨᠠᠷ ᠪᠣᠯ | ᠬᠥᠮᠦᠨ ᠲᠥᠷᠥᠯᠬᠢᠲᠡᠨ ᠤ ᠪᠣᠯᠪᠠᠰᠤᠨ ᠤ ᠲᠠᠲᠠᠬᠤ ᠬᠦᠴᠦᠨ ᠮᠥᠨ᠂ ᠨᠡᠩ ᠴᠦ ᠳᠡᠯᠡᠬᠡᠢ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠤ ᠡᠬᠢ ᠰᠤᠷᠪᠤᠯᠵᠢ ᠮᠥᠨ᠃ ᠪᠣᠯᠪᠠᠰᠤᠨ ᠳᠤ ᠡᠷᠬᠢᠮ ᠳᠤᠤᠷᠠᠳᠤ | ᠂ ᠰᠠᠶᠢᠨ ᠮᠠᠭᠤ ᠶᠢᠨ ᠢᠯᠭᠠᠭ᠎ᠠ ᠭᠡᠵᠦ ᠪᠠᠶᠢᠬᠤ ᠦᠭᠡᠢ᠂ ᠭᠠᠭᠴᠠ ᠬᠦ ᠣᠨᠴᠠᠯᠢᠭ᠂ ᠣᠷᠣᠨ ᠪᠦᠰᠡ ᠶᠢᠨ ᠢᠯᠭᠠᠭ᠎ᠠ | ᠭᠡᠵᠦ ᠪᠠᠶᠢᠳᠠᠭ᠂ ᠭᠠᠭᠴᠠ ᠬᠦ ᠰᠣᠯᠢᠯᠴᠠᠭᠠᠨ ᠤ ᠳᠤᠮᠳᠠ ᠰᠠᠶ᠋ᠢ ᠠᠭᠤᠰᠤᠯᠴᠠᠵᠤ᠂ ᠠᠭᠤᠰᠤᠯᠴᠠᠯ ᠤᠨ ᠳᠤᠮᠳᠠ ᠰᠠᠶ᠋ᠢ | ᠳᠠᠪᠰᠢᠵᠤ ᠴᠢᠳᠠᠨ᠎ᠠ᠃ ᠨᠢᠭᠡ ᠤᠯᠤᠰ ᠤᠨ ᠶᠠᠪᠤᠵᠤ ᠪᠠᠶᠢᠭ᠎ᠠ ᠵᠠᠮ ᠪᠣᠯᠬᠤ ᠡᠰᠡᠬᠦ ᠶᠢᠨ ᠵᠠᠩᠭᠢᠯᠠᠭ᠎ᠠ ᠨᠢ ᠲᠤᠰ | ᠤᠯᠤᠰ ᠤᠨ ᠢᠶᠠᠨ ᠤᠯᠤᠰ ᠤᠨ ᠪᠠᠶᠢᠳᠠᠯ ᠲᠠᠢ ᠨᠡᠶᠢᠴᠡᠵᠦ ᠪᠠᠶᠢᠬᠤ ᠡᠰᠡᠬᠦ᠂ ᠴᠠᠭ ᠦᠶ᠎ᠡ ᠶᠢᠨ ᠬᠥᠭᠵᠢᠯᠲᠡ ᠶᠢᠨ | ᠤᠷᠤᠰᠬᠠᠯ ᠲᠠᠢ ᠨᠡᠶᠢᠴᠡᠵᠦ ᠪᠠᠶᠢᠬᠤ ᠡᠰᠡᠬᠦ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ᠂ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠨᠡᠶᠢᠭᠡᠮ ᠤᠨ ᠲᠣᠭᠲᠠᠭᠤᠨ ᠪᠠᠶᠢᠳᠠᠯ ᠢ ᠠᠪᠴᠢᠷᠠᠵᠤ ᠴᠢᠳᠠᠬᠤ ᠡᠰᠡᠬᠦ᠂ | ᠠᠷᠠᠳ ᠲᠦᠮᠡᠨ ᠤ ᠳᠡᠮᠵᠢᠯᠭᠡ ᠪᠠ ᠬᠦᠷᠢᠶᠡᠯᠡᠯ ᠢ ᠣᠯᠵᠤ ᠴᠢᠳᠠᠬᠤ ᠡᠰᠡᠬᠦ᠂ ᠬᠥᠮᠦᠨ ᠲᠥᠷᠥᠯᠬᠢᠲᠡᠨ ᠤ | ᠳᠠᠪᠰᠢᠯᠲᠠ ᠶᠢᠨ ᠦᠢᠯᠡᠰ ᠲᠤ ᠬᠤᠪᠢ ᠨᠡᠮᠡᠷᠢ ᠦᠵᠡᠭᠦᠯᠵᠦ ᠴᠢᠳᠠᠬᠤ ᠡᠰᠡᠬᠦ ᠶᠢ ᠦᠵᠡᠨ᠎ᠡ᠃ | — ᠪᠢᠳᠡ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢ ᠪᠠᠶᠢᠭᠤᠯᠬᠤ ᠶᠢ ᠭᠠᠷ | ᠬᠤᠯᠪᠣᠯᠴᠠᠨ ᠠᠬᠢᠭᠤᠯᠵᠤ᠂ ᠥᠨᠢ ᠮᠦᠡᠭᠭᠡ ᠶᠢᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ᠂ ᠬᠠᠮᠲᠤ ᠪᠠᠷ | ᠴᠡᠴᠡᠭᠯᠡᠨ ᠬᠦᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠭᠦᠯᠡᠩᠲᠦ ᠰᠠᠶᠢᠬᠠᠨ ᠳᠡᠯᠡᠬᠡᠢ | ᠶᠢᠷᠲᠢᠨᠴᠦ ᠶᠢ ᠬᠠᠮᠲᠤ ᠪᠠᠷ ᠪᠠᠶᠢᠭᠤᠯᠪᠠᠯ ᠵᠤᠬᠢᠨ᠎ᠠ᠃ ᠬᠥᠮᠦᠨ ᠲᠥᠷᠥᠯᠬᠢᠲᠡᠨ ᠰᠡᠳᠭᠢᠯ ᠨᠢᠭᠡᠳᠦᠨ ᠬᠦᠴᠦ ᠪᠠᠨ | ᠬᠠᠮᠲᠤᠳᠬᠠᠵᠤ᠂ ᠡᠶ᠎ᠡ ᠨᠠᠶᠢᠷᠲᠠᠢ ᠬᠠᠮᠲᠤ ᠣᠷᠣᠰᠢᠬᠤ ᠶᠤᠰᠤᠳᠠᠢ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠨᠢ ᠨᠢᠭᠡ ᠪᠠᠶᠢᠭᠤᠯᠤᠯ ᠢᠶᠠᠷ ᠨᠦᠬᠦᠭᠡ ᠪᠠᠶᠢᠭᠤᠯᠤᠯ ᠢ | ᠣᠷᠣᠯᠠᠭᠤᠯᠬᠤ ᠶᠠᠪᠤᠳᠠᠯ ᠪᠢᠰᠢ᠂ ᠨᠢᠭᠡ ᠵᠦᠢᠯ ᠤᠨ ᠪᠣᠯᠪᠠᠰᠤᠨ ᠢᠶᠠᠷ ᠨᠦᠬᠦᠭᠡ ᠵᠦᠢᠯ ᠤᠨ ᠪᠣᠯᠪᠠᠰᠤᠨ ᠢ | ᠣᠷᠣᠯᠠᠭᠤᠯᠬᠤ ᠶᠠᠪᠤᠳᠠᠯ ᠪᠢᠰᠢ᠂ ᠬᠠᠷᠢᠨ ᠠᠳᠠᠯᠢ ᠪᠤᠰᠤ ᠨᠡᠶᠢᠭᠡᠮ ᠤᠨ ᠪᠠᠶᠢᠭᠤᠯᠤᠯ᠂ ᠠᠳᠠᠯᠢ ᠪᠤᠰᠤ ᠦᠵᠡᠯ | ᠤᠬᠠᠮᠰᠠᠷ ᠤᠨ ᠬᠡᠯᠪᠡᠷᠢ᠂ ᠠᠳᠠᠯᠢ ᠪᠤᠰᠤ ᠲᠡᠦᠬᠡ ᠰᠣᠶᠣᠯ᠂ ᠠᠳᠠᠯᠢ ᠪᠤᠰᠤ ᠬᠥᠭᠵᠢᠯᠲᠡ ᠶᠢᠨ ᠲᠦᠪᠰᠢᠨ ᠲᠠᠢ | ᠤᠯᠤᠰ ᠤᠳ ᠤᠨ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠬᠠᠮᠲᠤ ᠶᠢᠨ ᠠᠰᠢᠭ ᠲᠤᠰᠠ ᠲᠠᠢ᠂ ᠡᠷᠬᠡ ᠶᠢ | ᠬᠠᠮᠲᠤ ᠪᠠᠷ ᠡᠳ᠋ᠯᠡᠵᠤ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ | ᠬᠠᠮᠲᠤ ᠪᠠᠷ ᠪᠠᠶᠢᠭᠤᠯᠬᠤ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠪᠦᠷᠢᠯᠳᠦᠭᠦᠯᠬᠦ ᠶᠠᠪᠤᠳᠠᠯ ᠪᠣᠯᠤᠨ᠎ᠠ᠃ | | — ᠪᠢᠳᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ ᠪᠠᠷᠢᠮᠲᠠᠯᠠᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢ ᠬᠠᠮᠲᠤ ᠪᠠᠷ ᠠᠬᠢᠭᠤᠯᠵᠤ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠪᠠᠯ | ᠵᠤᠬᠢᠨ᠎ᠠ᠃ ᠠᠷᠠᠳ ᠲᠦᠮᠡᠨ ᠤ ᠲᠥᠯᠥᠭᠡ ᠬᠥᠭᠵᠢᠪᠡᠯ ᠰᠠᠶ᠋ᠢ ᠤᠳᠬ᠎ᠠ ᠠᠭᠤᠯᠭ᠎ᠠ ᠲᠠᠢ︔ ᠠᠷᠠᠳ ᠲᠦᠮᠡᠨ ᠳᠤ | ᠲᠦᠰᠢᠭᠯᠡᠨ ᠬᠥᠭᠵᠢᠪᠡᠯ ᠬᠥᠭᠵᠢᠯᠲᠡ ᠰᠠᠶ᠋ᠢ ᠬᠥᠳᠡᠯᠭᠡᠬᠦ ᠬᠦᠴᠦᠨ ᠲᠠᠢ ᠪᠣᠯᠤᠨ᠎ᠠ᠃ ᠳᠡᠯᠡᠬᠡᠢ ᠶᠢᠨ ᠡᠯ᠎ᠡ ᠤᠯᠤᠰ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠡᠩ ᠴᠢᠨᠠᠷ ᠰᠠᠶᠢᠲᠠᠢ᠂ ᠨᠡᠩ ᠦᠷ᠎ᠡ ᠪᠦᠲᠦᠮᠵᠢᠲᠡᠢ᠂ | ᠨᠡᠩ ᠲᠥᠪ ᠭᠤᠣᠯᠴᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠪᠡᠯ | ᠵᠣᠬᠢᠨ᠎ᠠ᠃ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ | ᠬᠥᠭᠵᠢᠯᠲᠡ ᠶᠢᠨ ᠲᠡᠩᠴᠡᠭᠦᠷᠢᠲᠦ ᠴᠢᠨᠠᠷ᠂ ᠵᠣᠬᠢᠴᠠᠩᠭᠤᠢ ᠴᠢᠨᠠᠷ᠂ ᠪᠠᠭᠲᠠᠭᠠᠮᠵᠢᠲᠤ ᠴᠢᠨᠠᠷ ᠢ ᠳᠡᠭᠡᠭᠰᠢᠯᠡᠭᠦᠯᠬᠦ | ᠬᠡᠷᠡᠭᠲᠡᠢ᠃ ᠠᠷᠠᠳ ᠲᠦᠮᠡᠨ ᠤ ᠬᠥᠭᠵᠢᠯᠲᠡ ᠶᠢᠨ ᠴᠢᠳᠠᠪᠤᠷᠢ ᠶᠢ ᠴᠢᠩᠭᠠᠳᠬᠠᠵᠤ᠂ ᠬᠥᠮᠦᠨ ᠪᠦᠬᠦᠨ ᠣᠷᠣᠯᠴᠠᠬᠤ᠂ | ᠬᠥᠮᠦᠨ ᠪᠦᠬᠦᠨ ᠡᠳ᠋ᠯᠡᠬᠦ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠬᠥᠭᠵᠢᠯᠲᠡ ᠶᠢᠨ ᠦᠷ᠎ᠡ | ᠪᠦᠲᠦᠭᠡᠯ ᠢ ᠤᠯᠤᠰ ᠨᠢᠭᠡ ᠪᠦᠷᠢ ᠬᠥᠮᠦᠨ ᠨᠢᠭᠡ ᠪᠦᠷᠢ ᠳᠤ ᠨᠡᠩ ᠤᠯᠠᠨ ᠨᠡᠩ ᠭᠤᠣᠯᠴᠢ ᠪᠠᠷ ᠬᠦᠷᠲᠡᠭᠡᠬᠦ | ᠬᠥᠭᠵᠢᠯᠲᠡ ᠶᠢᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠲᠦᠷᠦᠭᠦᠬᠡᠨ᠂ ᠪᠢ ᠳᠠᠯᠠᠨ ᠵᠢᠷᠭᠤᠳᠤᠭᠠᠷ | ᠬᠤᠭᠤᠴᠠᠭᠠᠨ ᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠶᠡᠭᠡ ᠬᠤᠷᠠᠯ ᠳᠡᠭᠡᠷ᠎ᠡ ᠪᠥᠬᠦ ᠪᠦᠮᠪᠦᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠤᠨ ᠭᠠᠷᠭᠠᠵᠤ᠂ ᠡᠯ᠎ᠡ ᠤᠯᠤᠰ ᠤᠨ ᠬᠢᠨ ᠬᠠᠮᠲᠤ ᠪᠠᠷ ᠴᠢᠷᠮᠠᠶᠢᠵᠤ | ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠥᠬᠦ ᠪᠦᠮᠪᠦᠷᠴᠡᠭ ᠤᠨ ᠬᠥᠭᠵᠢᠯᠲᠡ ᠳᠤ | ᠤᠴᠠᠷᠠᠭᠤᠯᠤᠬᠰᠠᠨ ᠳᠠᠭᠠᠷᠢᠯᠲᠠ ᠶᠢ ᠢᠯᠠᠨ ᠳᠠᠪᠠᠵᠤ᠂ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ | ᠵᠦᠢᠯ ᠢ ᠲᠦᠷᠭᠡᠳᠭᠡᠨ ᠨᠠᠶᠢᠳᠠᠪᠤᠷᠢᠵᠢᠭᠤᠯᠵᠤ᠂ ᠪᠥᠬᠦ ᠪᠦᠮᠪᠦᠷᠴᠡᠭ ᠤᠨ ᠬᠥᠭᠵᠢᠯᠲᠡ ᠶᠢᠨ ᠬᠠᠮᠲᠤ ᠴᠣᠭᠴᠠ ᠶᠢ | ᠪᠠᠶᠢᠭᠤᠯᠬᠤ ᠶᠢ ᠬᠦᠰᠡᠭᠰᠡᠨ ᠪᠠᠶᠢᠨ᠎ᠠ᠃ | — ᠪᠢᠳᠡ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠮᠦᠨ ᠲᠥᠷᠥᠯᠬᠢᠲᠡᠨ ᠳᠤ ᠲᠤᠯᠭᠠᠷᠠᠵᠤ ᠪᠠᠶᠢᠭ᠎ᠠ | ᠡᠯ᠎ᠡ ᠵᠦᠢᠯ ᠤᠨ ᠥᠷᠢᠰᠥᠯᠳᠦᠭᠡᠨ ᠪᠣᠯᠤᠨ ᠪᠦᠬᠦ ᠪᠦᠮᠪᠦᠷᠴᠡᠭ ᠤᠨ ᠴᠢᠨᠠᠷᠲᠠᠢ ᠠᠰᠠᠭᠤᠳᠠᠯ ᠢ ᠬᠠᠮᠲᠤ ᠪᠠᠷ | ᠠᠷᠭᠠᠴᠠᠭᠠᠪᠠᠯ ᠵᠤᠬᠢᠨ᠎ᠠ᠃ ᠭᠠᠭᠴᠠ ᠬᠦ ᠨᠡᠩ ᠪᠠᠭᠲᠠᠭᠠᠮᠵᠢᠲᠠᠢ ᠪᠦᠬᠦ ᠪᠦᠮᠪᠦᠷᠴᠡᠭ ᠤᠨ ᠵᠠᠰᠠᠯᠲᠠ᠂ ᠨᠡᠩ | ᠪᠦᠲᠦᠮᠵᠢᠲᠡᠢ ᠤᠯᠠᠨ ᠲᠠᠯᠠᠲᠤ ᠲᠣᠭᠲᠠᠴᠠ᠂ ᠨᠡᠩ ᠢᠳᠡᠪᠬᠢᠲᠡᠢ ᠣᠷᠣᠨ ᠪᠦᠰᠡ ᠶᠢᠨ ᠬᠠᠮᠲᠤᠷᠠᠯᠴᠠᠭ᠎ᠠ ᠶᠢ | ᠪᠦᠷᠢᠯᠳᠦᠭᠦᠯᠪᠡᠯ ᠰᠠᠶ᠋ᠢ ᠪᠦᠬᠦ ᠪᠦᠮᠪᠦᠷᠴᠡᠭ ᠤᠨ ᠴᠢᠨᠠᠷᠲᠠᠢ ᠠᠰᠠᠭᠤᠳᠠᠯ ᠢ ᠪᠦᠲᠦᠮᠵᠢᠲᠡᠢ ᠠᠷᠭᠠᠴᠠᠭᠠᠵᠤ ᠴᠢᠳᠠᠨ᠎ᠠ᠃ | ᠳᠡᠯᠡᠬᠡᠢ ᠶᠢᠨ ᠡᠯ᠎ᠡ ᠤᠯᠤᠰ ᠪᠣᠳᠠᠲᠤ ᠠᠵᠢᠯᠯᠠᠭ᠎ᠠ ᠪᠠᠷ ᠢᠶᠠᠨ ᠪᠠᠶᠢᠭᠠᠯᠢ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ | ᠰᠠᠬᠢᠵᠤ᠂ ᠪᠣᠬᠢᠷᠲᠤᠯ ᠦᠭᠡᠢ ᠰᠡᠷᠭᠦᠯᠲᠡ᠂ ᠪᠣᠬᠢᠷᠲᠤᠯ ᠦᠭᠡᠢ ᠦᠢᠯᠡᠳᠪᠦᠷᠢᠯᠡᠯ᠂ ᠪᠣᠬᠢᠷᠲᠤᠯ ᠦᠭᠡᠢ ᠬᠡᠷᠡᠭᠯᠡᠭᠡ ᠶᠢ | ᠵᠣᠷᠢᠭᠵᠢᠭᠤᠯᠵᠤ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ | ᠠᠬᠢᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠪᠠᠶᠢᠷᠢᠰᠢᠯ ᠢ ᠪᠦᠷᠢᠯᠳᠦᠭᠦᠯᠵᠦ᠂ | ᠰᠠᠶᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠬᠦ ᠬᠥᠭᠵᠢᠯᠲᠡ ᠶᠢᠨ ᠰᠢᠷᠭᠢᠰᠢ ᠦᠭᠡᠢ ᠡᠬᠢ | ᠰᠤᠷᠪᠤᠯᠵᠢ ᠪᠣᠯᠭᠠᠬᠤ ᠬᠡᠷᠡᠭᠲᠡᠢ᠃ | — ᠪᠢᠳᠡ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠪᠠ ᠪᠠᠶᠢᠷᠢ ᠰᠠᠭᠤᠷᠢ ᠶᠢ | ᠡᠷᠡᠰ ᠬᠠᠮᠠᠭᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠬᠠᠮᠲᠤ ᠪᠠᠷ ᠦᠢᠯᠡᠳᠦᠯᠭᠡᠵᠢᠭᠦᠯᠬᠦ ᠬᠡᠷᠡᠭᠲᠡᠢ᠃ | ᠳᠡᠯᠡᠬᠡᠢ ᠶᠢᠨ ᠡᠯ᠎ᠡ ᠤᠯᠤᠰ ᠤᠨ ᠬᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯᠯᠠᠭᠤᠯᠤᠭᠰᠠᠨ | ᠤᠯᠠᠨ ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ | ᠵᠢᠷᠤᠮ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ | ᠵᠠᠷᠴᠢᠮ ᠢᠶᠠᠷ ᠰᠠᠭᠤᠷᠢ ᠪᠣᠯᠭᠠᠭᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠠᠭᠠᠯᠠᠬᠤ | ᠬᠡᠷᠡᠭᠲᠡᠢ᠃ ᠤᠯᠠᠨ ᠤᠯᠤᠰ ᠤᠨ ᠲᠦᠷᠢᠮ ᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 193 ᠭᠡᠰᠢᠭᠦᠨ | ᠤᠯᠤᠰ ᠬᠠᠮᠲᠤ ᠪᠠᠷ ᠲᠣᠭᠲᠠᠭᠠᠬᠤ ᠠᠴᠠ ᠪᠢᠰᠢ᠂ ᠣᠨᠴᠠ ᠵᠠᠷᠢᠮ ᠤᠯᠤᠰ ᠪᠠ ᠤᠯᠤᠰ ᠤᠨ ᠪᠥᠯᠥᠭᠯᠡᠯ ᠲᠣᠭᠲᠠᠭᠠᠵᠤ | ᠪᠣᠯᠬᠤ ᠦᠭᠡᠢ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 193 ᠭᠡᠰᠢᠭᠦᠨ ᠤᠯᠤᠰ ᠬᠠᠮᠲᠤ ᠪᠠᠷ | ᠵᠢᠷᠤᠮᠯᠠᠪᠠᠯ ᠵᠣᠬᠢᠨ᠎ᠠ᠂ ᠣᠨᠴᠠᠭᠠᠢ ᠵᠦᠢᠯ ᠪᠠᠶᠢᠬᠤ ᠦᠭᠡᠢ ᠪᠥᠭᠡᠳ ᠪᠠᠶᠢᠵᠤ ᠴᠦ ᠪᠣᠯᠬᠤ ᠦᠭᠡᠢ᠃ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠳᠡᠯᠡᠬᠡᠢ ᠶᠢᠨ ᠡᠯ᠎ᠡ ᠤᠯᠤᠰ ᠤᠨ ᠬᠢᠨ ᠴᠥᠮ ᠬᠦᠨᠳᠦᠳᠭᠡᠬᠦ ᠣᠪᠣᠷ ᠢ | ᠪᠠᠷᠢᠮᠲᠠᠯᠠᠨ᠂ ᠡᠨᠡ ᠬᠦ ᠲᠤᠮᠤ ᠭᠡᠷ ᠪᠥᠯᠢ ᠶᠢ ᠰᠠᠶᠢᠳᠤᠷ ᠬᠠᠶᠢᠷᠠᠯᠠᠨ ᠬᠠᠮᠠᠭᠠᠯᠠᠵᠤ ᠰᠠᠬᠢᠨ ᠬᠠᠮᠠᠭᠠᠯᠠᠬᠤ ᠬᠡᠷᠡᠭᠲᠡᠢ᠂ | ᠶᠠᠭᠠᠬᠢᠭᠰᠠᠨ ᠴᠦ ᠡᠪᠯᠡᠷᠡᠪᠡᠯ ᠠᠰᠢᠭᠯᠠᠵᠤ᠂ ᠡᠪᠯᠡᠷᠡᠬᠦ ᠦᠭᠡᠢ ᠪᠣᠯ ᠲᠠᠶᠠᠭᠳᠠᠵᠤ ᠪᠤᠯᠬᠤ ᠦᠬᠡᠢ᠂ ᠬᠥᠮᠦᠨ | ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠡᠷᠬᠢᠮ ᠳᠡᠭᠡᠳᠦ ᠦᠢᠯᠡᠰ ᠤᠨ ᠳᠤᠮᠳᠠ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠨᠡᠩ ᠢᠳᠡᠪᠬᠢᠲᠡᠢ ᠦᠢᠯᠡᠳᠦᠯ ᠪᠠᠳᠠᠷᠠᠭᠤᠯᠬᠤ ᠭᠡᠷᠡᠭᠳᠠᠢ᠃ ᠳᠤᠮᠳᠠᠳᠤ | ᠤᠯᠤᠰ ᠳᠤᠷᠠᠲᠠᠶ᠎ᠠ ᠡᠯ᠎ᠡ ᠤᠯᠤᠰ ᠯᠤᠭ᠎ᠠ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠬᠠᠷᠢᠯᠴᠠᠭᠠᠨ ᠤ ᠰᠡᠳᠬᠢᠴᠡ ᠶᠢ ᠰᠦᠪᠡᠭᠴᠢᠯᠡᠵᠦ᠂ ᠬᠠᠮᠲᠤᠷᠠᠯᠴᠠᠭᠠᠨ ᠤ | ᠵᠠᠭᠪᠤᠷ ᠤᠨ ᠰᠢᠨ᠎ᠡ ᠶᠢ ᠡᠭᠦᠳᠴᠦ᠂ ᠰᠢᠨ᠎ᠡ ᠪᠠᠶᠢᠳᠠᠯ ᠳᠣᠣᠷᠠᠬᠢ ᠤᠯᠠᠨ ᠲᠠᠯᠠᠲᠤ ᠦᠵᠡᠯ ᠤᠨ ᠦᠢᠯᠡᠳᠦᠯᠭᠡ ᠶᠢ | ᠲᠠᠰᠤᠷᠠᠯᠳᠠ ᠦᠭᠡᠢ ᠪᠠᠶᠠᠯᠢᠭᠵᠢᠭᠤᠯᠤᠨ᠎ᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠦᠩᠭᠡᠷᠡᠭᠰᠡᠨ ᠢᠶᠠᠨ ᠡᠷᠬᠢᠴᠡᠭᠦᠯᠵᠤ ᠦᠨᠦᠳᠦᠷ ᠢᠶᠠᠨ ᠬᠠᠷᠠᠵᠤ᠂ | ᠲᠡᠤᠬᠡ ᠪᠠᠷ ᠲᠤᠯᠢᠯᠠᠵᠤ ᠢᠷᠡᠭᠡᠳᠦᠢ ᠪᠠᠨ ᠪᠠᠷᠠᠯᠠᠮᠤᠢ᠂ ᠰᠢᠨ᠎ᠡ ᠲᠡᠦᠬᠡ ᠶᠢᠨ ᠭᠠᠷᠤᠭ᠎ᠠ ᠳᠤ᠂ ᠳᠤᠮᠳᠠᠳᠤ ᠤᠯᠤᠰ | ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠳᠡᠯᠡᠬᠡᠢ ᠶᠢᠨ ᠡᠩᠬᠡ | ᠲᠠᠶᠢᠪᠤᠩ ᠤᠨ ᠪᠦᠲᠦᠭᠡᠨ ᠪᠠᠶᠢᠭᠤᠯᠤᠭᠴᠢ ᠪᠣᠯᠤᠨ᠎ᠠ︔ ᠥᠭᠡᠷᠡᠴᠢᠯᠡᠯᠲᠡ ᠨᠡᠭᠡᠭᠡᠯᠲᠡ ᠶᠢᠨ ᠵᠠᠮ ᠢᠶᠠᠷ ᠵᠠᠮᠨᠠᠬᠤ ᠶᠢ | ᠪᠠᠷᠢᠮᠲᠠᠯᠠᠵᠤ᠂ ᠢᠮᠠᠭᠲᠠ ᠪᠦᠬᠦ ᠪᠦᠮᠪᠦᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ ᠪᠣᠯᠤᠨ᠎ᠠ︔ | ᠤᠯᠠᠨ ᠲᠠᠯᠠᠲᠤ ᠦᠵᠡᠯ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠢᠮᠠᠭᠲᠠ ᠤᠯᠠᠨ ᠤᠯᠤᠰ ᠤᠨ ᠡᠮᠬᠢ | ᠳᠢᠭᠯᠢᠮ ᠤᠨ ᠬᠠᠮᠠᠭᠠᠯᠠᠭᠴᠢ ᠪᠣᠯᠤᠨ᠎ᠠ᠃ ︽ᠬᠥᠬᠡᠮᠳᠦᠭ ᠠᠭᠤᠯᠠᠰ ᠤᠨ ᠡᠭᠦᠯᠡ ᠪᠣᠷᠣᠭᠠᠨ ᠨᠢᠭᠡ ᠪᠦᠯᠦᠭᠡ᠂ ᠲᠡᠷᠭᠡᠯ | ᠰᠠᠷᠠᠨ ᠳᠤ ᠬᠤᠶᠠᠷ ᠨᠤᠲᠤᠭ ᠤᠨ ᠢᠯᠭᠠᠭ᠎ᠠ ᠦᠬᠡᠢ ᠠᠵᠤᠭᠤ︾᠃ ᠪᠢᠳᠡ ᠭᠠᠷ ᠬᠤᠯᠪᠣᠯᠴᠠᠨ᠂ ᠲᠡᠦᠬᠡ ᠶᠢᠨ ᠵᠥᠪ | ᠲᠠᠯ᠎ᠠ ᠳᠤ ᠵᠣᠭᠰᠣᠵᠤ᠂ ᠬᠥᠮᠦᠨ ᠲᠥᠷᠥᠯᠬᠢᠲᠡᠨ ᠤ ᠳᠠᠪᠰᠢᠯᠲᠠ ᠶᠢᠨ ᠲᠠᠯ᠎ᠠ ᠳᠤ ᠵᠣᠭᠰᠣᠵᠤ᠂ ᠳᠡᠯᠡᠬᠡᠢ ᠶᠢᠨ ᠥᠨᠢ | ᠮᠥᠩᠬᠡ ᠶᠢᠨ ᠡᠩᠬᠡ ᠲᠠᠶᠢᠪᠤᠩ ᠬᠥᠭᠵᠢᠯᠲᠡ ᠶᠢ ᠪᠡᠶᠡᠯᠡᠭᠦᠯᠬᠦ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ᠬᠡᠵᠤ | ᠴᠢᠬᠤᠯᠠᠴᠢᠯᠠᠪᠠ᠃ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠬᠦᠲ᠋ᠧᠯᠸᠢᠢᠰ | ᠶᠠᠷᠢᠶᠠᠨ ᠳᠠᠭᠠᠨ᠂ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠠᠤᠯᠢ ᠶᠣᠰᠣᠨ ᠤ | ᠪᠠᠶᠢᠷᠢ ᠰᠠᠭᠤᠷᠢ ᠶᠢ ᠰᠡᠷᠭᠦᠭᠡᠭᠰᠡᠨ 50 ᠵᠢᠯ ᠤᠨ ᠲᠤᠷᠰᠢ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠳᠤ | ᠡᠳᠦᠷ ᠢᠷᠡᠬᠦᠶ᠎ᠡ ᠴᠢᠬᠤᠯᠠ ᠬᠤᠪᠢ ᠨᠡᠮᠡᠷᠢ ᠦᠵᠡᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ | ᠨᠠᠶᠢᠳᠠᠪᠤᠷᠢᠲᠠᠢ ᠬᠠᠨᠢᠲᠠᠨ ᠪᠠ ᠤᠯᠠᠨ ᠤᠯᠤᠰ ᠤᠨ ᠬᠠᠮᠲᠤᠷᠠᠯᠴᠠᠭᠠᠨ ᠤ ᠭᠤᠣᠯ ᠲᠤᠯᠭᠠᠭᠤᠷᠢ ᠪᠣᠯᠵᠠᠢ᠃ ᠳᠤᠮᠳᠠᠳᠤ | ᠤᠯᠤᠰ ᠤᠨ ᠬᠢᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ᠂ ᠶᠠᠳᠠᠭᠤ ᠬᠦᠴᠢᠷᠳᠡᠯ ᠢ ᠠᠷᠢᠯᠭᠠᠬᠤ᠂ ᠡᠨᠧᠷᠭᠢ ᠪᠣᠬᠢᠷᠲᠤᠯ ᠦᠭᠡᠢ | ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠦᠭᠰᠡᠨ ᠳᠤ | ᠲᠠᠯᠠᠷᠬᠠᠵᠤ ᠪᠠᠶᠢᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠢᠨ ᠪᠦᠬᠦ ᠪᠦᠮᠪᠦᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠳᠤ ᠳᠡᠮᠵᠢᠯᠭᠡ ᠬᠠᠩᠭᠠᠨ᠎ᠠ᠃ ᠳᠡᠯᠡᠬᠡᠢ | ᠨᠡᠶᠢᠭᠡᠮ ᠢᠶᠠᠷ ᠢᠶᠠᠨ ᠤᠯᠠᠨ ᠲᠠᠯᠠᠲᠤ ᠦᠵᠡᠯ ᠢ ᠳᠡᠮᠵᠢᠵᠦ᠂ ᠤᠯᠠᠨ ᠲᠠᠯᠠᠲᠤ ᠰᠢᠰᠲ᠋ᠧᠮ ᠢ ᠴᠢᠩᠭᠠᠳᠬᠠᠵᠤ᠂ ᠪᠦᠬᠦ | ᠪᠦᠮᠪᠦᠷᠴᠡᠭ ᠤᠨ ᠴᠢᠨᠠᠷᠲᠠᠢ ᠥᠷᠢᠰᠦᠯᠳᠦᠭᠡᠨ ᠢ ᠪᠦᠯᠬᠦᠮᠳᠡᠨ ᠠᠷᠭᠠᠴᠠᠭᠠᠬᠤ ᠶᠢ ᠤᠷᠢᠶᠠᠯᠠᠵᠤ ᠪᠠᠶᠢᠨ᠎ᠠ᠃ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠢᠨ ᠦᠷᠭᠦᠯᠵᠢᠯᠡᠨ ᠳᠤᠮᠳᠠᠳᠤ ᠤᠯᠤᠰ ᠤᠨ ᠨᠠᠶᠢᠳᠠᠪᠤᠷᠢᠲᠠᠢ ᠬᠠᠨᠢᠲᠠᠨ | ᠪᠤᠯᠵᠤ᠂ ᠨᠡᠩ ᠲᠥᠪ ᠭᠤᠣᠯᠴᠢ ᠪᠥᠭᠡᠳ ᠦᠷᠭᠦᠯᠵᠢᠯᠡᠬᠦ ᠬᠥᠭᠵᠢᠯᠲᠡ ᠶᠢᠨ ᠢᠷᠡᠭᠡᠳᠦᠢ ᠶᠢ ᠬᠠᠮᠲᠤ ᠪᠠᠷ | ᠴᠣᠭᠴᠠᠯᠠᠬᠤ ᠶᠢ ᠴᠢᠬᠤᠯᠠᠴᠢᠯᠠᠵᠤ ᠪᠠᠶᠢᠨ᠎ᠠ ᠬᠡᠵᠤ ᠢᠯᠡᠳᠬᠡᠪᠡ᠃ | ᠳ᠋ᠢᠩ ᠰᠢᠤᠸᠠᠢ ᠰᠢᠶᠠᠩ᠂ ᠶᠠᠩ ᠵᠢᠶᠧ ᡂᠢ ᠨᠠᠷ ᠬᠤᠷᠠᠯ ᠳᠤ ᠣᠷᠣᠯᠴᠠᠵᠠᠢ᠃ | ᠸᠠᠩ ᠢ ᠬᠤᠷᠠᠯ ᠢ ᠡᠷᠬᠢᠯᠡᠪᠡ᠃ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠶᠢᠨ ᠠᠵᠢᠯ ᠢ ᠤᠯᠠᠨ ᠵᠢᠯ ᠬᠢᠭᠰᠡᠨ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭ᠎ᠠ ᠭᠠᠳᠠᠭᠠᠳᠤ | ᠶᠠᠪᠤᠳᠠᠯ ᠤᠨ ᠠᠵᠢᠯᠲᠠᠨ ᠤ ᠲᠥᠯᠥᠭᠡᠯᠡᠭᠴᠢ᠂ ᠳᠤᠮᠳᠠᠳᠤ ᠤᠯᠤᠰ ᠲᠤ ᠰᠠᠭᠤᠭ᠎ᠠ ᠡᠯ᠎ᠠ ᠤᠯᠤᠰ ᠤᠨ ᠡᠯᠴᠢᠨ ᠰᠠᠶᠢᠳ | ᠪᠣᠯᠤᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠭᠴᠢ ᠵᠡᠷᠭᠡ | 200 ᠭᠠᠷᠤᠢ ᠬᠥᠮᠦᠨ ᠬᠤᠷᠠᠯ ᠳᠤ ᠣᠷᠣᠯᠴᠠᠪᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠪᠠᠶᠢᠩᠭᠤ | ᠰᠠᠭᠤᠭ᠎ᠠ ᠳᠤᠮᠳᠠᠳᠤ ᠤᠯᠤᠰ ᠤᠨ ᠲᠥᠯᠥᠭᠡᠯᠡᠭᠴᠢ ᠸᠠᠩ ᠭᠤᠸᠠᠩ ᠶᠠ᠂ ᠳᠤᠮᠳᠠᠳᠤ ᠤᠯᠤᠰ ᠲᠤ ᠰᠠᠭᠤᠭ᠎ᠠ | ᠤᠷᠤᠰ ᠤᠨ ᠡᠯᠴᠢᠨ ᠰᠠᠶᠢᠳ ᠵᠢᠶᠧᠨᠢᠰᠤᠹ᠂ ᠠᠯᠵᠧᠷᠢᠶ᠎ᠠ ᠶᠢᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ | ᠪᠦᠬᠠᠯᠢᠹᠠ ᠲᠤᠰ ᠲᠤᠰ ᠪᠠᠶᠠᠷ ᠤᠨ ᠦᠭᠡ ᠬᠡᠯᠡᠪᠡ᠃ | |