ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠬᠦᠯᠥᠨ ᠱᠠᠩᠨᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ  ᠰᠢ  ᠶᠢᠨ ᠫᠢᠩ ᠶᠡᠭᠡ ᠬᠤᠷᠠᠯ ᠳᠤ ᠤᠷᠤᠯᠴᠠᠬᠰᠡᠨ ᠪᠦᠭᠡᠳ ᠬᠠᠮᠤᠭ ᠤᠨ ᠲᠡᠭᠡᠳᠦ ᠱᠠᠩᠨᠠᠯ ᠬᠦᠷᠳᠡᠭᠰᠡᠳ ᠲᠤ ᠱᠠᠩᠨᠠᠯ ᠭᠠᠷᠳᠠᠭᠤᠯᠵᠠᠢ  ᠯᠢ ᠺᠧ ᠴᠢᠶᠠᠩ ᠶᠠᠷᠢᠶ᠎ᠠ ᠲᠠᠯᠪᠢᠵᠤ  ᠸᠠᠩ ᠬᠤ᠋ ᠨᠢᠩ ᠣᠷᠣᠯᠴᠠᠵᠤ  ᠬᠠᠨ ᠵᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2021/11/5
     
     11 ᠰᠠᠷ᠎ᠠ ᠶᠢᠨ 3 ᠤ ᠡᠲᠤᠷ᠂ 2020 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠬᠦᠯᠤᠨ ᠱᠠᠩᠨᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠥᠪᠡᠲᠡᠭᠰᠢ ᠶᠡᠭᠡ ᠪᠠᠷ ᠶᠠᠪᠤᠬᠲᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 2020 ᠣᠨ ᠤ ᠤᠯᠤᠰ ᠤᠨ ᠬᠠᠮᠤᠭ ᠤᠨ ᠲᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠨ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠥᠯᠥᠭᠯᠡᠯ ᠤᠨ ᠬᠢᠵᠠᠭᠠᠷᠲᠤ ᠺᠣᠮᠫᠠᠨᠢ ᠶᠢᠨ ᠬᠦ᠋ ᠰᠦᠩ ᠹᠧᠨ ᠠᠺᠠᠳᠧᠮᠢᠴᠢ ︵ᠪᠠᠷᠠᠭᠤᠨᠲᠡᠬᠢ︶ ᠪᠣᠯᠤᠨ ᠴᠢᠩᠬᠤᠸᠠ ᠶᠡᠭᠡ ᠰᠤᠷᠭᠠᠭᠤᠯᠢ ᠶᠢᠨ ᠸᠠᠩ ᠳ᠋ᠠ ᠵᠦᠩ ᠠᠺᠠᠳᠧᠮᠢᠴᠢ ︵ᠵᠡᠬᠦᠨᠲᠡᠬᠢ︶ ᠳᠤ ᠱᠠᠩᠨᠠᠯ ᠭᠠᠷᠲᠠᠭᠤᠯᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠲᠡᠷᠯᠡᠪᠡ
    11 ᠰᠠᠷ᠎ᠠ ᠶᠢᠨ 3 ᠤ ᠡᠲᠤᠷ᠂ 2020 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠬᠦᠯᠤᠨ ᠱᠠᠩᠨᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠥᠪᠡᠲᠡᠭᠰᠢ ᠶᠡᠭᠡ ᠪᠠᠷ ᠶᠠᠪᠤᠬᠲᠠᠪᠠ᠃ ᠬᠤᠷᠠᠯ ᠠᠴᠠ ᠡᠮᠦᠨ᠎ᠡ᠂ ᠨᠠᠮ ᠪᠠ ᠲᠥᠷᠥ ᠶᠢᠨ ᠤᠳᠤᠷᠢᠳᠬᠤ ᠬᠥᠮᠦᠰ ᠰᠢ ᠶᠢᠨ ᠫᠢᠩ᠂ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠨᠠᠷ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠨ ᠲᠥᠯᠥᠭᠡᠯᠡᠭᠴᠢᠳ ᠲᠠᠢ ᠠᠭᠤᠯᠵᠠᠵᠤ᠂ ᠤᠯᠠᠨ ᠲᠠᠢ ᠬᠠᠮᠲᠤ ᠶᠢᠨ ᠬᠡᠷᠡᠯ ᠵᠢᠷᠤᠬ ᠲᠠᠲᠠᠭᠤᠯᠵᠤ ᠳᠤᠷᠠᠰᠬᠠᠯ ᠦᠯᠡᠳᠡᠭᠡᠵᠤ ᠪᠠᠶᠢᠭ᠎ᠠ ᠨᠢ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠬᠦᠲᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 3 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ 3 ᠤ ᠦᠳᠡ ᠶᠢᠨ ᠡᠮᠦᠨ᠎ᠡ ᠪᠡᠭᠡᠵᠢᠩ ᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠬᠦᠯᠥᠨ ᠱᠠᠩᠨᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠠᠯᠳᠤᠭᠤᠯᠪᠠ᠃ ᠰᠢ  ᠶᠢᠨ ᠫᠢᠩ᠂ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠦᠰ ᠶᠡᠭᠡ ᠬᠤᠷᠠᠯ ᠳᠤ ᠣᠷᠣᠯᠴᠠᠭᠰᠠᠨ ᠪᠥᠭᠡᠳ ᠱᠠᠩᠨᠠᠯ ᠬᠦᠷᠲᠡᠭᠰᠡᠳ ᠤᠨ ᠲᠥᠯᠥᠭᠡᠯᠡᠭᠴᠢᠳ ᠲᠤ ᠱᠠᠩᠨᠠᠯ ᠭᠠᠷᠳᠠᠭᠤᠯᠪᠠ᠃ ᠯᠢ ᠺᠧ ᠴᠢᠶᠠᠩ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠬᠠᠨ ᠵᠧᠩ ᠶᠡᠭᠡ ᠬᠤᠷᠠᠯ ᠢ ᠡᠷᠬᠢᠯᠡᠵᠠᠢ᠃      ᠦᠳᠡ ᠶᠢᠨ ᠡᠮᠦᠨᠡᠬᠢ 10 ᠴᠠᠭ 20 ᠮᠢᠨᠦ᠋ᠲ ᠲᠤ᠂ ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃ ᠬᠠᠯᠠᠭᠤᠨ ᠠᠯᠠᠭ᠎ᠠ ᠳᠠᠰᠢᠯᠲᠠ ᠶᠢᠨ ᠳᠤᠮᠳᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠡᠩ ᠲᠡᠷᠢᠭᠦᠨ ᠳᠤ 2020 ᠣᠨ ᠤ ᠤᠯᠤᠰ ᠤᠨ ᠬᠠᠮᠤᠭ ᠤᠨ ᠲᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠨ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠠᠵᠤ ᠦᠢᠯᠡᠳᠪᠦᠷᠢ ᠶᠢᠨ ᠪᠥᠯᠥᠭᠯᠡᠯ ᠤᠨ ᠬᠢᠵᠠᠭᠠᠷᠲᠤ ᠺᠣᠮᠫᠠᠨᠢ ᠶᠢᠨ ᠬᠦ᠋ ᠰᠦᠩ ᠹᠧᠨ ᠠᠺᠠᠳᠧᠮᠢᠴᠢ ᠪᠣᠯᠤᠨ ᠴᠢᠩᠬᠤᠸᠠ ᠶᠡᠭᠡ ᠰᠤᠷᠭᠠᠭᠤᠯᠢ ᠶᠢᠨ ᠸᠠᠩ ᠳ᠋ᠠ ᠵᠦᠩ ᠠᠺᠠᠳᠧᠮᠢᠴᠢ ᠳᠤ ᠱᠠᠩᠨᠠᠯ ᠤᠨ ᠳᠡᠮᠳᠡᠭ᠂ ᠦᠨᠡᠮᠯᠡᠯ ᠭᠠᠷᠳᠠᠭᠤᠯᠵᠦ᠂ ᠲᠡᠳᠡᠨ ᠲᠠᠢ ᠬᠠᠯᠠᠭᠤᠨ ᠢᠶᠠᠷ ᠭᠠᠷ ᠠᠳᠬᠤᠵᠤ ᠪᠠᠶᠠᠷ ᠬᠦᠷᠭᠡᠭᠰᠡᠨ ᠪᠥᠭᠡᠳ ᠲᠡᠳᠡᠨ ᠢ ᠲᠡᠷᠢᠭᠦᠯᠡᠭᠴᠢ ᠶᠢᠨ ᠲᠠᠶᠢᠰᠠᠨ ᠳᠤ ᠵᠠᠯᠠᠪᠠ᠃ ᠲᠠᠷᠠᠭ᠎ᠠ ᠨᠢ᠂ ᠰᠢ ᠶᠢᠨ ᠫᠢᠩ ᠵᠡᠷᠭᠡ ᠨᠠᠮ ᠪᠠ ᠲᠥᠷᠥ ᠶᠢᠨ ᠤᠳᠤᠷᠢᠳᠬᠤ ᠬᠥᠮᠦᠰ ᠬᠤᠶᠠᠷ ᠨᠠᠷᠠᠰ ᠬᠠᠮᠤᠭ ᠤᠨ ᠲᠡᠭᠡᠳᠦ ᠱᠠᠩᠨᠠᠯ ᠬᠦᠷᠳᠡᠭᠴᠢ ᠲᠠᠢ ᠬᠠᠮᠲᠤ ᠪᠠᠷ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠬᠦᠷᠲᠡᠭᠰᠡᠳ ᠤᠨ ᠲᠥᠯᠥᠭᠡᠯᠡᠭᠴᠢ ᠳᠤ ᠦᠨᠡᠮᠯᠡᠯ ᠭᠠᠷᠲᠠᠭᠤᠯᠪᠠ᠃      ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠶᠠᠷᠢᠶᠠᠨ ᠳᠠᠭᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠱᠠᠩᠨᠠᠯ ᠬᠦᠷᠲᠡᠭᠰᠡᠡ ᠪᠦᠬᠦ ᠬᠥᠮᠦᠰ ᠲᠤ ᠬᠠᠯᠠᠭᠤᠨ ᠪᠠᠶᠠᠷ ᠬᠦᠷᠭᠡᠵᠦ᠂ ᠪᠦᠬᠦ ᠤᠯᠤᠰ ᠤᠨ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠳᠤ ᠡᠷᠬᠢᠮ ᠳᠡᠭᠡᠳᠦ ᠬᠦᠨᠳᠦᠳᠭᠡᠯ ᠳᠡᠪᠰᠢᠭᠦᠯᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠤ ᠣᠷᠣᠯᠴᠠᠭᠰᠠᠨ ᠪᠠ ᠳᠡᠮᠵᠢᠭᠰᠡᠨ ᠭᠠᠳᠠᠭᠠᠳᠤ ᠶᠢᠨ ᠲᠤᠰᠬᠠᠢ ᠮᠡᠷᠭᠡᠵᠢᠯᠲᠡᠳ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠪᠡ᠃      ᠯᠢ ᠺᠧ ᠴᠢᠶᠠᠩ᠂ ᠮᠠᠨ ᠤ ᠨᠠᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠢ ᠬᠦᠨᠳᠦᠳᠭᠡᠨ ᠬᠠᠯᠠᠮᠵᠢᠯᠠᠬᠰᠠᠭᠠᠷ ᠢᠷᠡᠵᠡᠢ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠣᠯᠵᠤ᠂ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠡᠷᠡᠮᠡᠬᠡᠶᠢᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ᠂ ᠵᠣᠷᠢᠭᠲᠠᠢ ᠪᠠᠷ ᠨᠣᠶᠠᠨ ᠤᠷᠬᠢᠯ ᠳᠤ ᠠᠪᠠᠷᠢᠵᠤ᠂ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠬᠤ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠪᠡ᠃ ᠮᠠᠨ ᠤ ᠤᠯᠤᠰ ᠨᠢᠭᠡᠨᠲᠡ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠪᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠤᠬᠴᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨ᠎ᠡ ᠶᠢ ᠡᠭᠦᠳᠬᠦ ᠶᠢᠨ ᠮᠠᠨ ᠤ ᠤᠯᠤᠰ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠠᠬᠢ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠪᠦᠬᠦ ᠲᠠᠯ᠎ᠠ ᠪᠠᠷ  ᠳᠡᠭᠡᠭᠰᠢᠯᠡᠭᠦᠯᠵᠦ᠂ ᠨᠡᠶᠢᠭᠡᠮ ᠤᠨ ᠡᠭᠦᠳᠦᠨ ᠪᠦᠲᠦᠭᠡᠬᠦ ᠲᠠᠯᠳᠠ ᠬᠦᠴᠦᠨ ᠢ ᠥᠷᠭᠡᠨ ᠢᠶᠠᠷ ᠬᠥᠭᠵᠢᠭᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠬᠤ ᠬᠡᠷᠡᠭᠲᠡᠢ ᠭᠡᠵᠤ ᠬᠡᠯᠡᠪᠡ᠃      ᠯᠢ ᠺᠧ ᠴᠢᠶᠠᠩ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠲᠦᠷᠭᠡᠳᠭᠡᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠠᠬᠢᠭᠤᠯᠵᠤ᠂ ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ ᠵᠡᠷᠭᠡ ᠲᠣᠭᠲᠠᠴᠠ ᠶᠢ ᠳᠡᠯᠭᠡᠷᠡᠭᠦᠯᠵᠦ᠂ ᠰᠢᠨ᠎ᠡ ᠶᠢ ᠡᠭᠦᠳᠬᠦ ᠲᠤᠷᠠᠳᠠᠢ᠂ ᠰᠢᠨ᠎ᠡ ᠶᠢ ᠡᠭᠦᠳᠬᠦ ᠵᠤᠷᠢᠭᠳᠠᠢ᠂ ᠰᠢᠨ᠎ᠡ ᠶᠢ ᠡᠭᠦᠳᠴᠦ ᠳᠡᠶᠢᠯᠬᠦ ᠬᠥᠮᠦᠰ ᠲᠤ ᠡᠷᠳᠡᠮ ᠴᠢᠳᠠᠪᠤᠷᠢ ᠪᠠᠨ ᠦᠵᠡᠭᠦᠯᠬᠦ ᠲᠣᠬᠢᠶᠠᠯ ᠣᠯᠭᠤᠬᠤ ᠬᠡᠷᠡᠭᠲᠡᠢ᠃ ᠰᠠᠭᠤᠷᠢ ᠰᠤᠳᠤᠯᠭᠠᠨ ᠢ ᠴᠥᠬᠦᠷᠡᠰᠢ ᠥᠬᠡᠶ ᠴᠢᠩᠭᠠᠳᠬᠠᠵᠤ᠂ ᠰᠢᠨᠵᠢᠯᠡᠬᠦ ᠤᠬᠠᠭᠠᠨ ᠤ ᠵᠢᠮ᠎ᠡ ᠶᠣᠰᠣ ᠶᠢ ᠬᠦᠨᠳᠦᠳᠭᠡᠨ᠂ ᠴᠢᠯᠥᠭᠡᠲᠡᠶ ᠬᠠᠶᠢᠨ ᠰᠦᠪᠡᠭᠴᠢᠯᠡᠬᠦ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠤᠲᠠᠭᠠᠨ ᠵᠢᠯ ᠤᠨ ᠰᠢᠷᠭᠠᠭᠤ ᠴᠢᠷᠮᠠᠶᠢᠯᠭ᠎ᠠ ᠶᠢᠨ ᠲᠣᠭᠲᠠᠯ ᠬᠦᠴᠦᠨ ᠪᠠ ᠲᠡᠰᠪᠦᠷᠢ ᠲᠡᠪᠴᠢᠶᠡᠷᠢ ᠶᠢ ᠪᠠᠲᠤᠯᠠᠨ᠂ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠳᠡᠮᠵᠢᠬᠦ ᠶᠢ ᠴᠢᠩᠭᠠᠳᠬᠠᠵᠤ᠂ ᠠᠵᠤ ᠠᠬᠤᠶᠢᠯᠠᠯ ᠪᠠ ᠨᠡᠶᠢᠭᠡᠮ ᠤᠨ ᠡᠳ᠋ ᠬᠥᠷᠥᠩᠭᠡ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠣᠭᠤᠳᠴᠤ᠂ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠰᠠᠭᠤᠷᠢ ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠭᠡᠷᠡᠭᠲᠡᠢ᠃ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠢᠯᠠᠭᠳᠠᠯ ᠢ ᠠᠭᠤᠴᠢᠯᠠᠠ ᠪᠠᠭᠲᠠᠭᠠᠬᠤ ᠰᠠᠶᠢᠨ ᠰᠠᠶᠢᠬᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠮᠢ ᠠᠬᠤᠢ ᠶᠢ ᠪᠤᠢ ᠪᠣᠯᠭᠠᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠯᠠᠪᠳᠠᠭᠤᠨ ᠪᠠᠲᠤᠲᠠᠢ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶᠢᠬᠤ ᠶᠢ ᠳᠡᠮᠵᠢᠵᠦ᠂ ᠨᠡᠩ ᠤᠯᠠᠨ ︽0 ᠠᠴᠠ 1 ᠬᠦᠷᠬᠦ︾ ᠤᠤᠭᠠᠯ ᠡᠭᠦᠳᠦᠯᠲᠡ ᠶᠢᠨ ᠦᠷ᠎ᠡ ᠪᠦᠲᠦᠭᠡᠯ ᠢ ᠡᠭᠦᠳᠬᠦ ᠬᠡᠷᠡᠭᠲᠡᠢ ᠭᠡᠵᠦ ᠵᠢᠭᠠᠵᠦ ᠭᠠᠷᠭᠠᠪᠠ᠃      ᠯᠢ ᠺᠧ ᠴᠢᠶᠠᠩ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠡᠩ ᠤᠯᠠᠨ ᠲᠥᠷᠥ ᠶᠢᠨ ᠪᠤᠳᠤᠯᠭ᠎ᠠ ᠶᠢ ᠲᠣᠭᠲᠠᠭᠠᠵᠤ᠂ ᠰᠢᠨ᠎ᠡ ᠶᠢ ᠡᠭᠦᠳᠬᠦ ᠡᠯᠧᠮᠧᠨ᠋ᠲ ᠢ ᠠᠵᠤ ᠠᠬᠤᠶᠢᠯᠠᠯ ᠳᠤ ᠲᠥᠪᠯᠡᠷᠡᠭᠦᠯᠬᠦ ᠶᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ ᠡᠬᠢᠨ ᠲᠤᠮᠲᠠ ᠡᠴᠤᠰ ᠤᠨ ᠬᠡᠯᠬᠢᠶ᠎ᠠ ᠶᠢ ᠠᠬᠢᠭᠤᠯᠵᠦ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ ᠨᠡᠪᠳᠡᠷᠡᠯᠴᠡᠵᠦ ᠰᠢᠨ᠎ᠡ ᠶᠢ ᠡᠭᠦᠳᠬᠦ ᠶᠢ ᠠᠬᠢᠭᠤᠯᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠲᠤᠤᠰᠢᠭᠤᠯᠬᠤ ᠲᠦᠷᠭᠡᠡ ᠵᠠᠮ ᠢ ᠨᠡᠭᠡᠭᠡᠬᠦ ᠬᠡᠷᠡᠭᠲᠡᠢ ᠭᠡᠵᠦ ᠬᠡᠯᠡᠪᠡ᠃      ᠯᠢ ᠺᠧ ᠴᠢᠶᠠᠩ᠂ ᠰᠢᠨ᠎ᠡ ᠶᠢ ᠡᠭᠦᠳᠬᠦ ᠡᠭᠦᠳᠦᠨ ᠪᠦᠲᠦᠭᠡᠯᠲᠡ ᠶᠢ ᠬᠢᠵᠠᠭᠠᠷᠯᠠᠵᠤ ᠪᠠᠶᠢᠭ᠎ᠠ ᠶᠠᠷᠰᠢᠭ ᠲᠦᠪᠡᠭ  ᠲᠠᠢ ᠵᠦᠢᠯᠡᠰ ᠢ ᠨᠡᠩ ᠶᠡᠭᠡ ᠡᠷᠴᠢᠮ ᠢᠶᠠᠷ ᠡᠪᠳᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠦᠯᠢᠶᠡᠰᠦ ᠶᠢ ᠠᠯᠳᠠᠷᠠᠭᠠᠠ ᠳᠠᠷᠤᠭᠠᠰᠤ ᠶᠢ ᠨᠢ ᠦᠨᠡᠨ ᠬᠦ ᠬᠥᠩᠭᠡᠷᠡᠭᠦᠯᠬᠦ ᠬᠡᠷᠡᠭᠲᠡᠢ᠃ ᠪᠦᠷᠢᠨ ᠲᠡᠭᠦᠯᠳᠡᠷ ᠬᠠᠮᠢᠶᠠᠷᠤᠯᠲᠠ ᠪᠠ ᠬᠢᠨᠠᠯᠲᠠ ᠲᠠᠯᠪᠢᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠳᠣᠷᠣᠭᠰᠢ ᠪᠠᠭᠤᠯᠭᠠᠭᠰᠠᠨ ᠡᠯ᠎ᠡ ᠵᠦᠢᠯ ᠤᠨ ᠡᠷᠬᠡ ᠬᠠᠷᠢᠭᠤᠴᠠᠯᠭ᠎ᠠ ᠶᠢ ᠵᠠᠯᠭᠠᠨ ᠬᠠᠷᠢᠭᠤᠴᠠᠵᠦ ᠳᠡᠶᠢᠯᠬᠦ᠂ ᠰᠠᠶᠢᠲᠤᠷ ᠬᠠᠮᠢᠶᠠᠷᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠪᠠ ᠱᠠᠩᠨᠠᠨ ᠬᠥᠬᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠳᠤ ᠠᠰᠢᠭᠲᠠᠢ ᠬᠥᠷᠥᠰᠥ ᠰᠢᠷᠣᠢ ᠪᠣᠯᠤᠨ ᠣᠷᠴᠢᠨ ᠲᠣᠭᠤᠷᠢᠨ ᠢ ᠪᠤᠢ ᠪᠤᠯᠭᠠᠵᠤ᠂ ᠨᠡᠩ ᠤᠯᠠᠨ ᠦᠢᠯᠡᠰ ᠪᠤᠰᠬᠠᠵᠤ ᠰᠢᠨ᠎ᠡ ᠶᠢ ᠡᠭᠦᠳᠬᠦ ᠭᠤᠣᠯ ᠴᠣᠭᠴᠠ ᠶᠢ ᠦᠨᠳᠦᠰᠦᠯᠡᠭᠦᠯᠦᠨ ᠰᠣᠶᠣᠭᠠᠯᠠᠭᠤᠯᠵᠤ᠂ ᠴᠡᠴᠡᠭᠯᠡᠭᠦᠯᠦᠨ ᠵᠢᠮᠢᠰᠯᠡᠭᠦᠯᠬᠦ ᠬᠡᠷᠡᠭᠲᠡᠢ᠃ ᠨᠠᠩ ᠣᠯᠠᠨ ᠵᠠᠯᠠᠭᠤ ᠴᠢᠳᠠᠪᠤᠷᠢᠲᠠᠨ ᠤ ᠴᠣᠯᠭᠤᠷᠠᠨ ᠭᠠᠷᠬᠤ ᠶᠢ ᠠᠬᠢᠭᠤᠯᠬᠤ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠡᠭᠡᠭᠡᠯᠳᠠ ᠶᠢ ᠥᠷᠭᠡᠳᠭᠡᠬᠦ ᠳᠤᠮᠳᠠ ᠬᠠᠷᠢᠯᠴᠠᠨ ᠠᠰᠢᠭ ᠬᠦᠷᠲᠡᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃      ᠨᠠᠮ ᠤᠨ ᠲᠥᠪ ᠬᠤᠷᠢᠶᠠᠨ ᠤ ᠤᠯᠣᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠬᠠᠨ ᠵᠧᠩ ᠶᠡᠭᠡ ᠬᠤᠷᠠᠯ ᠢ ᠡᠷᠬᠢᠯᠡᠬᠦ ᠳᠡᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠡᠶ᠎ᠡ ᠪᠠᠨ ᠲᠠᠭᠠᠭᠠᠪᠠᠯ ᠦᠨᠳᠦᠰᠦᠲᠡᠨ ᠰᠠᠶ᠋ᠢ ᠪᠤᠰᠴᠤ ᠵᠤᠭᠰᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠣᠷᠣᠨ ᠰᠠᠶ᠋ᠢ ᠬᠦᠴᠦᠷᠬᠡᠭᠵᠢᠵᠥ ᠴᠢᠳᠠᠨ᠎ᠠ᠃ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠱᠠᠩᠨᠠᠯ ᠬᠦᠷᠲᠡᠭᠰᠡᠳ ᠢᠶᠠᠷ ᠳᠠᠭᠤᠷᠢᠶᠠᠯ ᠪᠣᠯᠭᠠᠵᠤ᠂ ᠰᠢᠨᠵᠢᠯᠡᠬᠦ ᠤᠬᠠᠭᠠᠨ ᠢᠶᠠᠷ ᠤᠯᠤᠰ ᠲᠠᠭᠠᠨ ᠵᠢᠳᠬᠦᠬᠦ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ᠳᠥᠷᠪᠡ ᠳᠤ ᠬᠠᠨᠳᠤᠭᠤᠯᠬᠤ︾ ᠶᠢ ᠪᠠᠷᠢᠮᠲᠠᠯᠠᠵᠤ᠂ ᠲᠡᠦᠬᠡ ᠶᠢᠨ ᠬᠦᠨᠳᠦ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠥᠨᠳᠥᠷ ᠲᠦᠪᠰᠢᠨ ᠪᠥᠬᠦᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠲᠦᠷᠭᠡᠳᠭᠡᠨ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠦ ᠶᠡᠷᠢᠪᠡ᠃      ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠯᠢᠦ ᠾᠧ ᠬᠤᠷᠠᠯ ᠳᠡᠭᠡᠷ᠎ᠡ ︽2020 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠪᠡ᠃      ᠸᠠᠩ ᠳ᠋ᠠ ᠵᠦᠩ ᠱᠠᠩᠨᠠᠯ ᠬᠦᠷᠲᠡᠭᠰᠡᠡ ᠪᠦᠬᠦ ᠬᠥᠮᠦᠰ ᠢ ᠲᠥᠯᠥᠭᠡᠯᠡᠨ ᠦᠭᠡ ᠬᠡᠯᠡᠪᠡ᠃      ᠬᠥᠬᠢᠭᠦᠯᠦᠨ ᠰᠠᠶᠢᠰᠢᠶᠠᠬᠤ ᠶᠡᠭᠡ ᠬᠤᠷᠠᠯ ᠡᠬᠢᠯᠡᠬᠦ ᠠᠴᠠ ᠡᠮᠦᠨ᠎ᠡ᠂ ᠰᠢ ᠶᠢᠨ ᠫᠢᠩ ᠵᠡᠷᠭᠡ ᠨᠠᠮ ᠪᠣᠯᠤᠨ ᠲᠥᠷᠥ ᠶᠢᠨ ᠤᠳᠤᠷᠢᠳᠬᠤ ᠬᠥᠮᠦᠰ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠨ ᠲᠥᠯᠥᠭᠡᠯᠡᠭᠴᠢᠳ ᠲᠠᠢ ᠠᠭᠤᠯᠵᠠᠵᠤ᠂ ᠣᠯᠠᠨ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃      ᠳ᠋ᠢᠩ ᠰᠢᠤᠸᠠᠢ ᠰᠢᠶᠠᠩ᠂ ᠰᠢᠤᠢ ᠴᠢ ᠯᠢᠶᠠᠩ᠂ ᠴᠧᠨ ᠰᠢ᠂ ᠬᠤᠸᠠᠩ ᠺᠦᠨ ᠮᠢᠩ᠂ ᠡ᠋ᠶᠢᠯᠢᠭᠧᠩ · ᠢᠮᠢᠩᠪᠠᠭ᠋ᠠᠢ᠂ ᠰᠢᠶᠤᠤ ᠵᠢᠶᠧ᠂ ᠯᠦ ᠵᠠᠨ ᠬᠦᠩ ᠶᠡᠭᠡ ᠬᠤᠷᠠᠯ ᠳᠤ ᠣᠷᠣᠯᠴᠠᠵᠠᠢ᠃      ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠴᠡᠷᠢᠭ ᠠᠩᠭᠢ ᠶᠢᠨ ᠬᠤᠯᠪᠣᠭᠳᠠᠯ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠰᠠᠶᠢᠰᠢᠶᠠᠬᠤ ᠵᠥᠪᠯᠡᠯ ᠤᠨ ᠭᠡᠰᠢᠭᠦᠨ᠂ 2020 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠨ ᠲᠥᠯᠥᠭᠡᠯᠡᠭᠴᠢ ᠵᠢᠴᠢ ᠲᠡᠳᠡᠨ ᠤ ᠬᠡᠷ ᠪᠦᠯᠢ ᠶᠢᠨ ᠲᠥᠯᠥᠭᠡᠯᠡᠭᠴᠢ᠂ ᠨᠡᠶᠢᠰᠯᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ ᠤᠨ ᠲᠥᠯᠥᠭᠡᠯᠡᠭᠴᠢ ᠪᠣᠯᠤᠨ ᠰᠤᠷᠤᠭᠴᠢᠳ ᠤᠨ ᠲᠥᠯᠥᠭᠡᠯᠡᠭᠴᠢ ᠵᠡᠷᠭᠡ 3000 ᠰᠢᠬᠠᠮ ᠬᠥᠮᠦᠨ ᠶᠡᠭᠡ ᠬᠤᠷᠠᠯ ᠳᠤ ᠣᠷᠣᠯᠴᠠᠵᠠᠶ᠃      2020 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠳᠤ ᠨᠡᠶᠢᠲᠡ 264 ᠲᠥᠷᠥᠯ ᠵᠦᠢᠯ᠂ 10 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠮᠡᠷᠭᠡᠵᠢᠯᠲᠡᠨ ᠪᠠ 1 ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢ ᠰᠢᠯᠭᠠᠷᠠᠭᠤᠯᠪᠠ᠃ ᠡᠭᠦᠨ ᠳᠤ᠂ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠴᠢ 2 ᠬᠥᠮᠦᠨ ᠪᠣᠶ︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ 46 ᠵᠦᠢᠯ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 2 ᠵᠦᠢᠯ᠂ ᠬᠤᠶᠠᠳᠤᠭᠠᠷ ᠳᠡᠰ ᠤᠨ ᠱᠠᠩᠨᠠᠯ 44 ᠵᠦᠢᠯ ᠪᠤᠢ︔ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ 61 ᠵᠦᠢᠯ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 3 ᠵᠦᠢᠯ᠂ ᠬᠤᠶᠠᠳᠤᠭᠠᠷ ᠳᠡᠰ ᠤᠨ ᠱᠠᠩᠨᠠᠯ 58 ᠵᠦᠢᠯ ᠪᠤᠢ︔ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ 157 ᠵᠦᠢᠯ ᠪᠠᠶᠢᠵᠤ᠂ ᠡᠭᠦᠨ ᠳᠤ ᠣᠨᠴᠠ ᠳᠡᠰ ᠤᠨ ᠱᠠᠩᠨᠠᠯ 2 ᠵᠦᠢᠯ᠂ ᠨᠢᠭᠡᠳᠦᠭᠡᠷ ᠳᠡᠰ ᠤᠨ ᠱᠠᠩᠨᠠᠯ 18 ᠵᠦᠢᠯ᠂ ᠬᠤᠶᠠᠳᠤᠭᠠᠷ ᠳᠡᠰ ᠤᠨ ᠱᠠᠩᠨᠠᠯ 137 ᠵᠦᠢᠯ ᠪᠠᠶᠢᠨ᠎ᠠ︔ 8 ᠭᠠᠳᠠᠭᠠᠳᠤ ᠶᠢᠨ ᠲᠤᠰᠬᠠᠢ ᠮᠡᠷᠭᠡᠵᠢᠯᠲᠡᠨ ᠪᠠ 1 ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠣᠯᠭᠤᠪᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号