ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 1 ᠤ ᠴᠠᠬᠢᠯᠭᠠᠨ ᠮᠡᠳᠡᠭᠡ 11 ᠰᠠᠷ᠎ᠠ ᠶᠢᠨ 1 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ | ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠭᠡᠷᠡᠲᠦ ᠲᠠᠯ᠎ᠠ ᠶᠢᠨ ᠬᠤᠷᠢᠨ | ᠵᠢᠷᠭᠤᠳᠤᠭᠠᠷ ᠤᠳᠠᠭ᠎ᠠ ᠶᠢᠨ ᠶᠡᠭᠡ ᠬᠤᠷᠠᠯ ᠤᠨ ᠳᠡᠯᠡᠬᠡᠢ ᠶᠢᠨ ᠤᠳᠤᠷᠢᠳᠬᠤ ᠬᠥᠮᠦᠰ ᠤᠨ ᠲᠦᠷᠦᠭᠦᠴᠦᠳ ᠤᠨ | ᠬᠤᠷᠠᠯ ᠳᠤ ᠪᠢᠴᠢᠭ ᠤᠨ ᠬᠡᠯᠪᠡᠷᠢ ᠪᠠᠷ ᠪᠠᠶᠠᠷ ᠤᠨ ᠦᠭᠡ ᠬᠡᠯᠡᠪᠡ᠃ | ᠰᠢ ᠶᠢᠨ ᠫᠢᠩ᠂ ᠣᠳᠣᠬᠠᠨ ᠳᠤ ᠠᠭᠤᠷ ᠠᠮᠢᠰᠬᠤᠯ ᠤᠨ ᠬᠤᠪᠢᠷᠠᠯᠲᠠ ᠶᠢᠨ ᠠᠰᠢᠭ ᠦᠭᠡᠢ ᠨᠥᠯᠥᠭᠡ ᠡᠳᠦᠷ | ᠢᠷᠡᠬᠦᠶ᠎ᠡ ᠢᠯᠡᠷᠡᠵᠦ᠂ ᠪᠦᠬᠦ ᠪᠥᠮᠪᠥᠷᠴᠡᠭ ᠤᠨ ᠠᠵᠢᠯᠯᠠᠭᠠᠨ ᠤ ᠲᠤᠯᠭᠠᠮ ᠴᠢᠨᠠᠷ ᠦᠷᠭᠦᠯᠵᠢᠯᠡᠨ ᠳᠡᠭᠡᠭᠰᠢᠯᠡᠵᠦ | ᠪᠠᠶᠢᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠬᠡᠷᠬᠢᠨ ᠠᠷᠭᠠᠴᠠᠭᠠᠵᠤ᠂ ᠳᠡᠯᠡᠬᠡᠢ ᠶᠢᠨ ᠠᠵᠤ ᠠᠬᠤᠢ ᠶᠢᠨ | ᠰᠡᠷᠭᠦᠯᠲᠡ ᠶᠢ ᠠᠬᠢᠭᠤᠯᠬᠤ ᠪᠣᠯ ᠪᠢᠳᠡᠨ ᠳᠤ ᠲᠤᠯᠭᠠᠷᠠᠵᠤ ᠪᠠᠶᠢᠭ᠎ᠠ ᠴᠠᠭ ᠦᠶ᠎ᠡ ᠶᠢᠨ ᠰᠡᠳᠦᠪ ᠮᠥᠨ ᠭᠡᠵᠤ ᠵᠢᠭᠠᠵᠤ | ᠭᠠᠷᠭᠠᠪᠠ᠃ | ᠰᠢ ᠶᠢᠨ ᠫᠢᠩ ᠭᠤᠷᠪᠠᠨ ᠳᠠᠯ᠎ᠠ ᠶᠢᠨ ᠰᠠᠨᠠᠭᠤᠯᠭ᠎ᠠ ᠳᠤᠷᠠᠳᠪᠠ᠃ | ᠨᠢᠭᠡᠳᠦᠭᠡᠷ ᠲᠤ᠂ ᠤᠯᠠᠨ ᠲᠠᠯᠠᠲᠤ ᠬᠠᠮᠲᠤ ᠶᠢᠨ ᠲᠠᠨᠢᠯᠲᠠ ᠶᠢ ᠬᠠᠮᠠᠭᠠᠯᠠᠶ᠎ᠠ᠃ ᠠᠭᠤᠷ ᠠᠮᠢᠰᠬᠤᠯ ᠤᠨ | ᠬᠤᠪᠢᠷᠠᠯᠲᠠ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠰᠢᠯᠭᠠᠯᠲᠠ ᠶᠢ ᠠᠷᠭᠠᠴᠠᠭᠠᠬᠤ ᠳᠤ ᠤᠯᠠᠨ ᠲᠠᠯᠠᠲᠤ ᠦᠵᠡᠯ | ᠪᠣᠯ ᠰᠠᠶᠢᠨ ᠵᠣᠷ ᠶᠤᠮ᠃ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ | ᠬᠤᠪᠢᠷᠠᠯᠲᠠ ᠶᠢᠨ ᠲᠤᠬᠠᠢ ᠪᠦᠳᠦᠬᠦᠪᠴᠢ ᠨᠡᠶᠢᠲᠡ ᠶᠢᠨ ᠭᠡᠷ᠎ᠡ︾ ᠵᠢᠴᠢ ︽ᠫᠠᠷᠢᠰ ᠤᠨ ᠬᠡᠯᠡᠯᠴᠡᠭᠡᠷ︾ ᠪᠣᠯ ᠠᠭᠤᠷ | ᠠᠮᠢᠰᠬᠤᠯ ᠤᠨ ᠬᠤᠪᠢᠷᠠᠯᠲᠠ ᠶᠢ ᠬᠠᠮᠲᠤᠷᠠᠨ ᠠᠷᠭᠠᠴᠠᠭᠠᠬᠤ ᠳᠡᠯᠡᠬᠡᠢ ᠨᠡᠶᠢᠲᠡ ᠶᠢᠨ ᠦᠨᠳᠦᠰᠦᠨ ᠬᠠᠤᠯᠢ | ᠴᠠᠭᠠᠵᠠ ᠶᠢᠨ ᠵᠢᠷᠤᠮᠯᠠᠯ ᠮᠥᠨ᠃ ᠡᠯ᠎ᠡ ᠲᠠᠯ᠎ᠠ ᠶᠢᠨ ᠬᠢᠨ ᠬᠠᠮᠲᠤ ᠶᠢᠨ ᠲᠠᠨᠢᠯᠲᠠ ᠶᠢᠨ ᠰᠠᠭᠤᠷᠢᠨ ᠳᠡᠭᠡᠷ᠎ᠡ | ᠢᠲᠡᠭᠡᠯᠴᠡᠭᠡ ᠪᠠᠨ ᠨᠡᠮᠡᠭᠳᠡᠭᠦᠯᠵᠦ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠯᠠᠰᠭᠤ᠋ ᠶᠢᠨ ᠶᠡᠭᠡ ᠬᠤᠷᠠᠯ ᠤᠨ | ᠠᠮᠵᠢᠯᠲᠠ ᠣᠯᠬᠤ ᠶᠢ ᠦᠨᠡᠨ ᠬᠦ ᠪᠠᠲᠤᠯᠠᠪᠠᠯ ᠵᠣᠬᠢᠨ᠎ᠠ᠃ | ᠬᠤᠶᠠᠳᠤᠭᠠᠷ ᠲᠤ᠂ ᠪᠣᠳᠠᠲᠠᠢ ᠶᠢ ᠡᠷᠬᠢᠮᠯᠡᠬᠦ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠤᠶᠡ᠃ | ᠬᠦᠳᠡᠯᠦᠯᠴᠡᠪᠡᠯ ᠬᠦᠰᠡᠯ ᠡᠷᠡᠮᠡᠯᠵᠡᠯ ᠰᠠᠶ᠋ᠢ ᠪᠡᠶᠡᠯᠡᠭᠳᠡᠵᠦ ᠴᠢᠳᠠᠨ᠎ᠠ᠃ ᠡᠯ᠎ᠡ ᠲᠠᠯ᠎ᠠ ᠶᠢᠨ ᠬᠢᠨ ᠢᠲᠡᠭᠡᠯ ᠢ ᠡᠷᠬᠢᠮᠯᠡᠨ | ᠠᠮᠠᠯᠠᠯᠲᠠ ᠪᠠᠨ ᠵᠢᠷᠤᠮᠯᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠬᠠᠷᠠᠯᠲᠠ ᠪᠠ ᠠᠯᠤᠰ ᠤᠨ ᠲᠥᠰᠥᠪ ᠢ | ᠲᠣᠭᠲᠠᠭᠠᠬᠤ ᠶᠢᠨ ᠬᠠᠮᠲᠤ ᠤᠯᠤᠰ ᠤᠨ ᠪᠠᠶᠢᠳᠠᠯ ᠢᠶᠠᠨ ᠦᠨᠳᠦᠰᠦᠯᠡᠨ ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ | ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ | ᠬᠡᠷᠡᠭᠵᠢᠭᠦᠯᠬᠦ ᠶᠢ ᠠᠬᠢᠭᠤᠯᠪᠡᠯ ᠵᠤᠬᠢᠨ᠎ᠡ᠃ ᠬᠥᠭᠵᠢᠭᠰᠡᠨ ᠤᠯᠤᠰ ᠤᠳ ᠥᠪᠡᠷ ᠢᠶᠠᠨ ᠨᠡᠩ ᠤᠯᠠᠨ ᠬᠢᠬᠦ ᠪᠦᠭᠡᠳ | ᠪᠠᠰᠠ ᠬᠥᠭᠵᠢᠵᠦ ᠪᠠᠶᠢᠭ᠎ᠠ ᠤᠯᠤᠰ ᠤᠳ ᠲᠤ ᠨᠡᠩ ᠰᠠᠶᠢᠨ ᠳᠡᠮᠵᠢᠯᠭᠡ ᠦᠵᠡᠭᠦᠯᠤᠶᠡ᠃ | ᠭᠤᠷᠪᠠᠳᠤᠭᠠᠷ ᠲᠤ᠂ ᠪᠣᠬᠢᠷᠲᠤᠯ ᠦᠭᠡᠢ ᠲᠡᠶᠢᠰᠢ ᠰᠢᠯᠵᠢᠬᠦ ᠶᠢ ᠲᠦᠷᠭᠡᠳᠭᠡᠶ᠎ᠡ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠡᠨᠧᠷᠭᠢ ᠶᠢᠨ ᠡᠬᠢ ᠪᠠᠶᠠᠯᠢᠭ᠂ ᠠᠵᠤ | ᠦᠢᠯᠡᠰ ᠤᠨ ᠪᠦᠲᠦᠴᠡ᠂ ᠬᠡᠷᠡᠭᠯᠡᠭᠡᠨ ᠤ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ | ᠠᠬᠢᠭᠤᠯᠵᠤ᠂ ᠠᠵᠤ ᠠᠬᠤᠢ ᠨᠡᠶᠢᠭᠡᠮ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠭᠵᠢᠯᠲᠡ ᠪᠠ | ᠬᠠᠮᠠᠭᠠᠯᠠᠯᠲᠠ ᠶᠢ ᠬᠠᠷᠢᠯᠴᠠᠨ ᠬᠠᠮᠵᠢᠯᠴᠠᠭᠤᠯᠬᠤ ᠰᠢᠨ᠎ᠡ ᠠᠷᠭ᠎ᠠ ᠵᠠᠮ ᠢ ᠰᠦᠪᠡᠭᠴᠢᠯᠡᠶ᠎ᠡ᠃ | ᠰᠢ ᠶᠢᠨ ᠫᠢᠩ᠂ ᠳᠤᠮᠳᠠᠳᠤ ᠤᠯᠤᠰ ᠬᠥᠮᠦᠨ ᠪᠠᠶᠢᠭᠠᠯᠢ ᠪᠤᠯ ᠠᠮᠢ ᠨᠠᠰᠤᠨ ᠤ ᠬᠠᠮᠲᠤ ᠴᠣᠭᠴᠠ ᠶᠢᠨ | ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠪᠠᠭ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠪᠠᠭ᠎ᠠ | ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠶᠢᠨ ᠠᠵᠤ ᠠᠬᠤᠶ ᠶᠢᠨ ᠰᠢᠰᠲ᠋ᠧᠮ ᠢ ᠲᠦᠷᠭᠡᠳᠭᠡᠨ ᠪᠠᠶᠢᠭᠤᠯᠵᠤ᠂ | ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠨᠧᠷᠭᠢ ᠶᠢᠨ ᠬᠤᠷᠣᠭᠳᠠᠯ | ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ | ᠬᠤᠷᠢᠭᠯᠠᠵᠤ᠂ ᠡᠨᠧᠷᠭᠢ ᠶᠢᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠭᠡᠨ ᠠᠬᠢᠭᠤᠯᠵᠤ᠂ ᠳᠠᠬᠢᠯᠳᠠ ᠡᠨᠧᠷᠭᠢ ᠶᠢ ᠶᠡᠭᠡ ᠪᠠᠷ ᠬᠥᠭᠵᠢᠭᠦᠯᠵᠦ᠂ ᠲᠣᠮᠣ | ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠭᠡᠷᠡᠯᠴᠢ ᠴᠡᠨᠡᠭ ᠤᠨ ᠰᠠᠭᠤᠷᠢᠨ ᠤ ᠲᠥᠷᠥᠯ ᠵᠦᠢᠯ ᠢ | ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠣᠶᠢᠷ᠎ᠠ ᠳᠤ᠂ ᠳᠤᠮᠳᠠᠳᠤ ᠤᠯᠤᠰ ︽ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠤᠨ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠳᠦ᠋ᠷᠦᠭᠴᠢ ᠶᠢ | ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠶ ᠰᠠᠨᠠᠯ︾ ᠪᠠ ︽2030 ᠣᠨ ᠠᠴᠠ ᠡᠮᠦᠨ᠎ᠠ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠣᠷᠭᠢᠯ ᠬᠡᠮᠵᠢᠭᠳᠡᠯ ᠳᠤ ᠬᠦᠷᠬᠦ ᠠᠵᠢᠯ ᠤᠨ ᠲᠥᠰᠦᠯ︾ ᠢ | ᠨᠡᠶᠢᠲᠡᠯᠡᠵᠦ᠂ ᠪᠠᠰᠠ ᠡᠨᠧᠷᠭᠢ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ | ᠬᠦᠷᠢᠶ᠎ᠡ ᠪᠠ ᠨᠡᠭᠦᠷᠡᠰᠦ᠂ ᠴᠠᠬᠢᠯᠭᠠᠨ ᠬᠦᠴᠦ᠂ ᠪᠣᠯᠣᠳ ᠲᠡᠮᠦᠷ᠂ ᠱᠦᠢᠨᠢ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠤᠨ ᠬᠡᠷᠡᠭᠵᠢᠭᠦᠯᠬᠦ ᠲᠥᠰᠦᠯ ᠢ ᠵᠠᠯᠭᠠᠭ᠎ᠠ ᠪᠠᠷ ᠨᠡᠶᠢᠲᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ | ᠨᠡᠭᠦᠷᠡᠰᠦᠳᠦ᠋ᠷᠦᠭᠴᠢ ᠬᠤᠷᠠᠮᠳᠤᠭᠤᠯᠬᠤ᠂ ᠡᠳ᠋ ᠤᠨ ᠵᠠᠰᠠᠭ ᠤᠨ ᠭᠠᠶᠢᠯᠢ᠂ ᠮᠥᠩᠭᠦᠨ ᠭᠦᠢᠯᠭᠡᠭᠡ ᠵᠡᠷᠭᠡ | ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠷ ᠲᠠᠮᠵᠢᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠳᠠ ᠣᠷᠭᠢᠯ | ᠬᠡᠮᠵᠢᠭᠳᠡᠯ ᠳᠤ ᠬᠦᠷᠬᠦ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ︽1 + N︾ ᠲᠦᠷᠦ ᠶᠢᠨ | ᠪᠤᠳᠤᠯᠭ᠎ᠠ ᠶᠢᠨ ᠰᠢᠰᠲ᠋ᠧᠮ ᠢ ᠪᠦᠷᠢᠯᠳᠦᠭᠦᠯᠦᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠡᠷᠲᠡᠨ ᠤ ᠦᠬᠡᠨ ᠳᠤ᠂ ︽ᠪᠤᠳᠠᠳᠤ ᠬᠦᠳᠡᠯᠮᠦᠷᠢ ᠵᠠᠷᠤᠴᠠᠭᠤᠯᠪᠠᠯ | ᠲᠡᠯᠡᠭᠡᠢ ᠳ᠋ᠠᠬᠢᠨ ᠡᠩᠭᠡ ᠲᠠᠶᠢᠪᠤᠩ ᠪᠤᠯᠤᠮᠤᠢ︾ ᠭᠡᠵᠦ ᠪᠠᠶᠢᠳᠠᠭ᠃ ᠳᠤᠮᠳᠠᠳᠤ ᠶᠢᠨ ᠲᠠᠯ᠎ᠠ ᠡᠯ᠎ᠡ ᠲᠠᠯ᠎ᠠ ᠶᠢᠨ ᠬᠢᠨ ᠤ | ᠠᠵᠢᠯᠯᠠᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠶᠢᠨ ᠥᠷᠢᠰᠦᠯᠳᠦᠭᠡᠨ ᠢ ᠭᠠᠷ ᠬᠤᠯᠪᠣᠯᠴᠠᠨ | ᠠᠷᠭᠠᠴᠠᠭᠠᠵᠤ᠂ ᠬᠥᠮᠦᠨ ᠲᠥᠷᠥᠯᠬᠢᠲᠡᠨ ᠤ ᠬᠠᠮᠲᠤ ᠶᠢᠨ ᠭᠡᠷ ᠤᠷᠤᠨ ᠪᠤᠯᠬᠤ ᠳᠡᠯᠡᠬᠡᠢ ᠶᠢᠨ ᠪᠥᠮᠪᠥᠷᠴᠡᠭ ᠢ | ᠬᠦᠴᠦ ᠪᠠᠨ ᠬᠠᠮᠲᠤᠳᠬᠠᠨ ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠳᠡᠯᠡᠬᠡᠢ ᠶᠢᠨ ᠤᠳᠤᠷᠢᠳᠬᠤ ᠬᠥᠮᠦᠰ ᠤᠨ ᠲᠦᠷᠦᠭᠦᠴᠦᠳ ᠤᠨ ᠬᠤᠷᠠᠯ 11 ᠰᠠᠷ᠎ᠠ ᠶᠢᠨ 1 ᠤ ᠡᠳᠦᠷ ᠠᠴᠠ | 2 ᠤᠨ ᠡᠳᠦᠷ ᠪᠣᠯᠲᠠᠯ᠎ᠠ ᠭᠯᠠᠰᠭᠤ᠋ ᠶᠢᠨ ︽ᠠᠭᠤᠷ ᠠᠮᠢᠰᠬᠤᠯ ᠤᠨ ᠬᠤᠪᠢᠷᠠᠯᠲᠠ ᠶᠢᠨ ᠲᠤᠬᠠᠢ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠪᠦᠳᠦᠭᠦᠪᠴᠢ ᠨᠡᠶᠢᠲᠡ ᠶᠢᠨ ᠭᠡᠷ᠎ᠡ︾ ᠶᠢᠨ ᠬᠤᠷᠢᠨ ᠵᠢᠷᠭᠤᠳᠤᠭᠠᠷ ᠤᠳᠠᠭ᠎ᠠ ᠶᠢᠨ | ᠭᠡᠷᠡᠳᠤ ᠲᠠᠯ᠎ᠠ ᠶᠢᠨ ᠶᠡᠭᠡ ᠬᠤᠷᠠᠯ ᠤᠨ ᠬᠤᠭᠤᠴᠠᠭᠠᠨ ᠳᠤ ᠬᠤᠷᠠᠯᠳᠤᠪᠠ᠃ |