ᠰᠦᠨᠢᠳ ᠨᠤᠳᠤᠭ ᠤᠨ ᠡᠷᠳᠡᠮᠳᠡᠨ ᠭᠠᠯᠢᠩᠳᠠᠷ᠎ᠠ ᠠᠪᠤᠭᠠᠢ
ᠨᠡᠶᠢᠲᠡᠯᠡᠭᠰᠡᠨ ᠴᠠᠭ᠄
2021/2/19
     ᠭᠠᠯᠢᠩᠳᠠᠷ᠎ᠠ ᠭᠡᠳᠡᠭ ᠨᠡᠷ᠎ᠡ ᠶᠢ ᠪᠠᠷᠠᠭᠤᠨ ᠰᠦᠨᠢᠳ ᠤᠨ ᠬᠢᠨ ᠨᠤᠳᠤᠭ ᠤᠨ ᠲᠡᠤᠭᠡ ᠰᠤᠶᠤᠯ ᠤᠨ ᠨᠤᠮ ᠪᠢᠴᠢᠭ ᠤᠨ ᠭᠠᠳᠠᠷ ᠲᠡᠭᠡᠷ᠎ᠡ ᠠᠴᠠ ᠦᠷᠬᠦᠯᠵᠢ ᠤᠯᠵᠤ ᠬᠠᠷᠠᠵᠤ ᠯᠡ ᠪᠠᠶᠢᠳᠠᠭ ᠪᠤᠯᠪᠠᠴᠤ ᠪᠠᠷ᠎ᠠ ᠶᠢ ᠨᠢ ᠬᠠᠷᠠᠭᠰᠠᠨ ᠎ ᠨᠢ ᠬᠤᠪᠤᠷᠬᠠᠨ ᠪᠠᠶᠢᠳᠠᠭ᠃ ᠭᠠᠯᠢᠩᠳᠠᠷ᠎ᠠ ᠭᠤᠸᠠᠢ ᠨᠡᠷ᠎ᠡ ᠲᠦᠷᠦ ᠶᠢ ᠦᠯᠦ ᠬᠦᠭᠡᠭᠡᠴᠡᠯᠳᠦᠨ᠂ ᠨᠢᠭᠡᠯᠡ ᠰᠡᠳᠬᠢᠯ ᠢᠶᠠᠷ ᠤᠷᠤᠨ ᠨᠤᠳᠤᠭ ᠤᠨ ᠢᠶᠠᠨ ᠲᠡᠤᠭᠡ ᠰᠤᠶᠤᠯ᠂ ᠦᠨᠳᠦᠰᠦᠳᠡᠨ ᠤ ᠪᠠᠨ ᠵᠠᠩ ᠦᠢᠯᠡ ᠶᠢᠨ ᠰᠤᠳᠤᠯᠭᠠᠨ ᠳᠤ ᠮᠠᠬᠠᠷᠠᠨ ᠵᠢᠳᠬᠦᠵᠤ᠂ ᠪᠢᠷ ᠴᠠᠭᠠᠰᠤ ᠲᠠᠢ ᠬᠠᠨᠢᠯᠠᠨ ᠰᠠᠭᠤᠳᠠᠭ ᠠᠴᠠ ᠤᠯᠠᠨ ᠤ ᠨᠢᠳᠦᠨ ᠳᠤ ᠦᠷᠳᠦᠬᠦ ᠨᠢ ᠬᠤᠪᠤᠷ ᠪᠠᠶᠢᠳᠠᠭ ᠨᠢ ᠠᠷᠭ᠎ᠠ ᠦᠭᠡᠢ᠃    
         ᠭᠠᠯᠢᠩᠳᠠᠷ᠎ᠠ ᠠᠪᠤᠭᠠᠢ 1938 ᠤᠨ ᠳᠤ ᠰᠢᠯᠢ ᠶᠢᠨ ᠭᠤᠤᠯ ᠠᠶᠢᠮᠠᠭ ᠤᠨ ᠰᠦᠨᠢᠳ ᠪᠠᠷᠠᠭᠤᠨ ᠬᠤᠰᠢᠭᠤᠨ ᠎ ᠤ ᠮᠠᠯᠴᠢᠨ ᠰᠤᠳᠨᠠᠮᠳᠤᠷᠵᠢ ᠶᠢᠨ ᠤᠳᠬᠠᠨ ᠬᠦᠪᠡᠭᠦᠨ ᠨᠢ ᠪᠤᠯᠤᠨ ᠵᠠᠶᠠᠭᠠᠵᠠᠢ᠃ 1949 ᠤᠨ ᠠᠴᠠ 1961 ᠤᠨ ᠬᠦᠷᠳᠡᠯ᠎ᠡ ᠰᠦᠨᠢᠳ ᠪᠠᠷᠠᠭᠤᠨ ᠬᠤᠰᠢᠭᠤ᠂ ᠰᠢᠯᠢ ᠶᠢᠨ ᠬᠤᠳᠠ ᠵᠡᠷᠭᠡ ᠭᠠᠵᠠᠷ ᠲᠤ ᠪᠠᠭ᠎ᠠ ᠰᠤᠷᠭᠠᠭᠤᠯᠢ᠂ ᠲᠤᠮᠳᠠᠲᠦ ᠰᠤᠷᠭᠠᠭᠤᠯᠢ ᠳᠤ ᠰᠤᠷᠤᠯᠴᠠᠵᠦ᠂ 1961 ᠤᠨ ᠳᠤ ᠥᠪᠤᠷ ᠮᠤᠩᠭᠤᠯ ᠤᠨ ᠪᠠᠭᠰᠢ ᠶᠢᠨ ᠲᠡᠭᠡᠲᠦ ᠰᠤᠷᠭᠠᠭᠤᠯᠢ ᠳᠤ ᠰᠢᠯᠭᠠᠭᠳᠠᠨ ᠤᠷᠤᠵᠠᠢ᠃ 1965 ᠤᠨ ᠳᠤ ᠰᠤᠷᠤᠯᠭ᠎ᠠ ᠲᠡᠭᠦᠰᠴᠦ᠂ 1965 ᠤᠨ ᠠᠴᠠ 1981 ᠤᠨ ᠬᠦᠷᠳᠡᠯ᠎ᠡ ᠬᠦᠬᠡᠬᠤᠳᠠ ᠶᠢᠨ ᠠᠷᠪᠠᠨ ᠲᠦᠷᠪᠡᠳᠦᠭᠡᠷ ᠲᠤᠮᠳᠠᠲᠦ ᠰᠤᠷᠭᠠᠭᠤᠯᠢ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤᠨ ᠤ ᠮᠤᠩᠭᠤᠯ ᠲᠤᠮᠳᠠᠲᠦ ᠰᠤᠷᠭᠠᠭᠤᠯᠢ ᠳᠤ ᠮᠤᠩᠭᠤᠯ ᠬᠡᠯᠡ ᠪᠢᠴᠢᠭ ᠤᠨ ᠪᠠᠭᠰᠢ ᠪᠠᠷ ᠠᠵᠢᠯᠯᠠᠵᠠᠢ᠃
     1982 ᠤᠨ ᠠᠴᠠ 1984 ᠤᠨ ᠪᠤᠯᠳᠠᠯ᠎ᠠ ᠲᠤᠰ ᠬᠤᠰᠢᠭᠤᠨ ᠤ ᠪᠠᠨ ᠰᠤᠷᠭᠠᠨ ᠬᠦᠮᠥᠵᠢᠯ ᠤᠨ ᠲᠤᠪᠴᠢᠶᠠᠨ ᠤ ᠲᠡᠳ᠋ ᠲᠤᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠭᠠᠳ 1984 ᠤᠨ ᠳᠤ ᠰᠦᠨᠢᠳ ᠪᠠᠷᠠᠭᠤᠨ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ ᠳᠤ ᠰᠢᠯᠵᠢᠵᠦ ᠢᠷᠡᠭᠡᠳ ᠲᠡᠳ᠋ ᠲᠤᠪᠴᠢᠶᠠᠨ ᠳᠠᠷᠤᠭ᠎ᠠ ᠪᠠᠷ ᠠᠵᠢᠯᠯᠠᠵᠠᠢ᠃ 1986 ᠤᠨ ᠠᠴᠠ 1997 ᠤᠨ ᠬᠦᠷᠴᠦ ᠢᠷᠡᠳᠡᠯ᠎ᠡ ᠬᠤᠰᠢᠭᠤᠨ ᠤ ᠨᠠᠮ ᠤᠨ ᠲᠡᠤᠬᠡ ᠤᠷᠤᠨ ᠨᠤᠳᠤᠭ ᠤᠨ ᠲᠡᠮᠳᠡᠭᠯᠡᠯ ᠨᠠᠶᠢᠷᠠᠭᠤᠯᠬᠤ ᠠᠯᠪᠠᠨ ᠭᠡᠷ ᠎ ᠤᠨ ᠡᠷᠬᠢᠯᠡᠭᠴᠢ᠂ ᠪᠠᠶᠢᠴᠠᠭᠠᠨ ᠰᠤᠳᠤᠯᠤᠭᠴᠢ ᠪᠠᠷ ᠠᠵᠢᠯᠯᠠᠵᠦ ᠪᠠᠶᠢᠭᠠᠳ 1997 ᠤᠨ ᠳᠤ ᠠᠵᠢᠯ ᠠᠴᠠ ᠪᠠᠨ ᠠᠮᠠᠷᠠᠵᠦ᠂ ᠨᠠᠰᠤᠨ ᠤ ᠠᠮᠠᠷᠠᠯᠳᠠ ᠪᠠᠨ ᠠᠪᠤᠭᠰᠠᠨ ᠪᠤᠯᠪᠠᠴᠤ ᠡᠨᠡᠬᠦ ᠠᠷᠪᠠ ᠭᠠᠷᠤᠢ ᠵᠢᠯ ᠤᠨ ᠳᠤᠳᠤᠷ᠎ᠠ ᠮᠤᠩᠭᠤᠯ ᠬᠡᠯᠡ᠂ ᠮᠤᠩᠭᠤᠯ ᠦᠰᠦᠭ ᠪᠢᠴᠢᠭ ᠢᠶᠠᠷ ᠢᠶᠠᠨ ᠦᠨᠳᠦᠰᠦᠳᠡᠨ ᠤ ᠪᠠᠨ ᠤᠯᠠᠮᠵᠢᠯᠠᠯᠲᠦ ᠲᠡᠤᠬᠡ ᠰᠤᠶᠤᠯ ᠤᠨ ᠠᠭᠤᠯᠭ᠎ᠠ ᠪᠦᠬᠦᠢ ᠨᠤᠮ ᠵᠤᠬᠢᠶᠠᠯ ᠢ ᠡᠳᠦᠢ ᠲᠡᠳᠦᠢ ᠪᠠᠷ ᠪᠢᠴᠢᠵᠦ ᠨᠡᠶᠢᠳᠡᠯᠡᠬᠦᠯᠦᠭᠰᠡᠭᠡᠷ ᠢᠷᠡᠵᠠᠢ᠃
     ᠭᠠᠯᠢᠩᠳᠠᠷ᠎ᠠ ᠠᠪᠤᠭᠠᠢ ᠡᠳᠦᠭᠡ ᠬᠦᠷᠳᠡᠯᠡᠬᠢ ᠨᠡᠶᠢᠳᠡ ᠮᠢᠩᠭᠠᠭᠠᠳ ᠲᠦᠮᠡᠨ ᠦᠰᠦᠭ ᠤᠨ ᠪᠦᠳᠦᠭᠡᠯ ᠢ ᠶᠡᠭᠡ ᠲᠦᠯᠦᠪ ᠰᠤᠶᠤᠯ ᠰᠤᠷᠭᠠᠨ ᠬᠦᠮᠦᠵᠢᠯ᠂ ᠭᠡᠯᠡ ᠰᠢᠨᠵᠢᠯᠡᠭᠡᠨ᠂ᠨᠠᠮ ᠤᠨ ᠲᠡᠤᠭᠡ ᠤᠷᠤᠨ ᠨᠤᠳᠤᠭ ᠤᠨ ᠤᠶᠢᠯᠠᠯᠭ᠎ᠠ᠂ ᠤᠯᠠᠮᠵᠢᠯᠠᠯᠳᠤ ᠵᠠᠩ ᠦᠢᠯᠡ᠂ ᠱᠠᠰᠢᠨ ᠰᠢᠳᠦᠯᠭᠡ ᠭᠡᠬᠦ ᠮᠡᠳᠦ ᠪᠠᠷ ᠠᠩᠬᠢᠯᠡᠵᠤ ᠪᠤᠯᠤᠨ᠎ᠠ᠃      ᠭᠡᠯᠡ ᠰᠢᠨᠵᠢᠯᠡᠯ᠂ ᠵᠢᠭᠠᠨ ᠰᠤᠷᠭᠠᠯᠳᠠ ᠶᠢᠨ ᠲᠤᠬᠠᠢ ︽ᠪᠠᠷᠢᠮᠵᠢᠶ᠎ᠠ ᠠᠪᠢᠶ᠎ᠠ ᠮᠠᠨᠠᠢ ᠡᠩᠬᠡᠵᠢᠨ ᠪᠠᠳᠤᠵᠢᠵᠦ ᠬᠦᠭᠵᠢᠨ ᠮᠠᠨᠳᠤᠬᠤ ᠪᠤᠯᠳᠤᠭᠠᠢ︾᠂ ︽ᠦᠭᠡ ᠶᠢᠨ ᠪᠢᠴᠢᠯᠭᠡ ᠶᠢ ᠲᠦᠷᠢᠮᠵᠢᠬᠦᠯᠬᠦ ᠲᠤᠬᠠᠢ︾᠂ ︽ᠪᠠᠭᠰᠢ ᠬᠦᠮᠥᠨ ᠎ ᠤ ᠬᠢᠴᠢᠶᠠᠯ ᠤᠨ ᠬᠡᠯᠡᠯᠭᠡ ᠶᠠᠮᠠᠷ ᠪᠠᠶᠢᠪᠠᠯ ᠵᠤᠬᠢᠬᠤ ᠲᠤᠬᠠᠢ︾᠂ ︽ᠮᠤᠩᠭᠤᠯ ᠦᠰᠦᠭ ᠢ ᠵᠥᠪ ᠪᠢᠴᠢᠬᠦ ᠲᠤᠬᠠᠢ ᠠᠵᠢᠭᠯᠠᠯᠳᠠ︾᠂ ︽ᠨᠢᠷᠤᠭᠤᠨ᠂ ᠳᠡᠷᠡᠯᠡᠬᠢᠨ ᠭᠡᠮᠡᠬᠦ ᠬᠤᠶᠠᠷ ᠦᠭᠡ ᠶᠢᠨ ᠤᠳᠬ᠎ᠠ ᠶᠢᠨ ᠬᠠᠶᠢᠯᠳᠠ︾᠂ ︽ᠤᠶᠢᠷᠭᠤᠵᠢᠨ ᠮᠤᠩᠭᠤᠯ ᠦᠰᠦᠭ ᠤᠨ ᠬᠦᠭᠵᠢᠯ ᠤᠨ ᠵᠦᠢ ᠲᠤᠭᠳᠠᠯ︾᠂ ︽ᠲᠠᠮᠠᠴᠢ ᠭᠡᠮᠡᠬᠦ ᠭᠠᠵᠠᠷ ᠤᠨ ᠨᠡᠷ᠎ᠡ ᠎ ᠶᠢᠨ ᠰᠤᠳᠤᠯᠠᠯ︾᠂ ︽ᠪᠤᠭᠤᠨᠢ ᠪᠠᠷ ᠪᠢᠴᠢᠭᠡᠳ ᠤᠷᠲᠦ ᠪᠠᠷ ᠤᠩᠰᠢᠳᠠᠭ ᠦᠭᠡᠰ ᠤᠨ ᠪᠢᠴᠢᠯᠭᠡ ᠳᠠᠭᠤᠳᠠᠯᠭ᠎ᠠ ᠶᠢᠨ ᠲᠤᠬᠠᠢ︾᠂ ︽ᠢᠨᠵᠠᠨᠠᠰᠢ ᠠᠪᠤᠭᠠᠢ ᠶᠢᠨ ᠰᠢᠯᠦᠭᠯᠡᠬᠦ ᠥᠪᠡᠷᠮᠢᠴᠡ ᠬᠡᠪᠰᠢᠯ︾᠂ ︽ᠢᠨᠵᠠᠨᠠᠰᠢ ᠠᠪᠤᠭᠠᠢ ᠶᠢᠨ ᠰᠤᠷᠭᠠᠨ ᠬᠦᠮᠥᠵᠢᠯ ᠤᠨ ᠤᠬᠠᠭᠠᠨ ᠤ ᠲᠤᠬᠠᠢ ᠦᠵᠡᠯᠳᠡ︾᠂ ︽ᠮᠤᠩᠭᠤᠯ ᠬᠡᠯᠡ ᠪᠢᠴᠢᠭ ᠤᠨ ᠤᠩᠰᠢᠯᠭ᠎ᠠ ᠶᠢ ᠲᠦᠷᠭᠡᠨ ᠡᠵᠡᠮᠰᠢᠬᠦᠯᠬᠦ ᠲᠤᠬᠠᠢ ᠲᠤᠰᠠᠯᠠᠮᠵᠢ︾᠂ ︽ᠦᠭᠡ ᠶᠢᠨ ᠢᠵᠠᠭᠤᠷ ᠢ ᠭᠡᠷᠬᠢᠨ ᠲᠤᠳᠤᠯᠠᠵᠦ ᠢᠯᠭᠠᠬᠤ ᠲᠤᠬᠠᠢ︾᠂ ︽ᠪᠠᠷᠢᠮᠵᠢᠶ᠎ᠠ ᠠᠪᠢᠶᠠᠨ ᠤ ᠵᠠᠷᠢᠮ ᠠᠪᠢᠶᠠᠨ ᠤ ᠤᠨᠳᠤᠰᠢᠬᠤ ᠦᠵᠡᠭᠳᠡᠯ︾᠂ ︽ᠢᠵᠠᠭᠤᠷ ᠦᠭᠡ ᠶᠢᠨ ᠪᠢᠴᠢᠯᠭᠡ ᠨᠢᠳᠤᠯᠠᠨ ᠲᠤᠭᠳᠠᠭᠠᠬᠤ ᠠᠷᠭ᠎ᠠ ᠳᠡᠮ︾᠂᠂᠂᠂᠂᠂ ᠭᠡᠬᠦ ᠮᠡᠲᠦ ᠬᠤᠷᠢ ᠰᠢᠬᠠᠮ ᠡᠷᠳᠡᠮ ᠰᠢᠨᠵᠢᠯᠡᠭᠡᠨ ᠤ ᠦᠬᠦᠯᠡᠯ ᠢ ᠤᠷᠤᠨ᠂ ᠠᠶᠢᠮᠠᠭ᠂ ᠬᠤᠰᠢᠭᠤᠨ ᠤ ᠬᠡᠪᠴᠢᠶᠠᠨ ᠳᠠᠬᠢ ᠰᠡᠳᠬᠦᠯ ᠨᠦᠭᠦᠳ ᠲᠡᠭᠡᠷ᠎ᠡ ᠨᠡᠶᠢᠳᠡᠯᠡᠬᠦᠯᠵᠠᠢ᠃ ᠡᠬᠦᠨ ᠠᠴᠠ ᠭᠠᠳᠠᠨ᠎ᠠ ︽ᠢᠨᠵᠠᠨᠠᠰᠢ ᠶᠢᠨ ᠰᠢᠯᠢᠭ ᠤᠨ ᠦᠵᠡᠯᠳᠡ︾ ᠭᠡᠮᠡᠬᠦ ᠠᠷᠪᠠᠨ ᠲᠠᠪᠤᠨ ᠲᠦᠮᠡᠨ ᠦᠰᠦᠭ ᠤᠨ ᠰᠤᠳᠤᠯᠭᠠᠨ ᠤ ᠴᠢᠨᠠᠷᠲᠠᠢ ᠨᠤᠮ ᠢ ᠨᠢ ᠥᠪᠤᠷ ᠮᠤᠩᠭᠤᠯ ᠤᠨ ᠰᠤᠷᠭᠠᠨ ᠬᠦᠮᠥᠵᠢᠯ ᠤᠨ ᠬᠡᠪᠯᠡᠯ ᠤᠨ ᠬᠤᠷᠢᠶ᠎ᠠ ᠠᠴᠠ 1987 ᠤᠨ ᠳᠤ ᠬᠡᠪᠯᠡᠬᠦᠯᠵᠠᠢ᠃ ᠪᠠᠰᠠ ︽ᠮᠤᠩᠭᠤᠯ ᠦᠰᠦᠭ ᠤᠨ ᠵᠥᠪ ᠪᠢᠴᠢᠯᠭᠡ ᠶᠢᠨ ᠲᠤᠰᠠᠯᠠᠮᠵᠢ︾ ᠬᠡᠮᠡᠬᠦ ᠬᠤᠷᠢᠨ ᠲᠦᠮᠡᠨ ᠦᠰᠦᠭ ᠤᠨ ᠨᠤᠮ ᠢ ᠨᠠᠶᠢᠷᠠᠭᠤᠯᠤᠨ ᠵᠤᠬᠢᠶᠠᠵᠠᠢ᠃ ᠲᠡᠭᠦᠨ ᠢ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠮᠤᠩᠭᠤᠯ ᠬᠡᠯᠡ ᠪᠢᠴᠢᠭ ᠤᠨ ᠠᠵᠢᠯ ᠤᠨ ᠵᠥᠪᠯᠡᠯ ᠤᠨ ᠡᠷᠳᠡᠮ ᠰᠢᠨᠵᠢᠯᠡᠭᠡᠨ ᠤ ᠭᠠᠵᠠᠷ ᠠᠴᠠ 1983 ᠤᠨ ᠳᠤ ᠬᠡᠪᠯᠡᠬᠦᠯᠵᠠᠢ᠃ ᠡᠨᠡ ᠬᠤᠶᠠᠷ ᠨᠤᠮ ᠨᠢ ᠮᠤᠩᠭᠤᠯ ᠦᠰᠦᠭ ᠢ ᠵᠥᠪ ᠪᠢᠴᠢᠬᠦ ᠪᠠ ᠤᠷᠠᠨ ᠵᠤᠬᠢᠶᠠᠯ ᠤᠨ ᠰᠤᠳᠤᠯᠭᠠᠨ ᠤ ᠬᠤᠪᠢ ᠳᠤ ᠪᠠᠭ᠎ᠠ᠂ ᠲᠤᠮᠳᠠᠲᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠭᠠᠷ ᠠᠪᠤᠯᠭ᠎ᠠ ᠶᠢᠨ ᠴᠢᠬᠤᠯᠠ ᠬᠡᠷᠡᠭᠯᠡᠭᠡᠨ ᠤ ᠪᠢᠴᠢᠭ ᠪᠤᠯᠵᠠᠢ᠃ ᠭᠠᠯᠢᠩᠳᠠᠷ᠎ᠠ ᠭᠤᠸᠠᠢ᠂ ᠡᠨᠡᠬᠦ ᠬᠤᠷᠢᠭᠠᠳ ᠵᠢᠯ ᠎ ᠤᠨ ᠲᠤᠳᠤᠷ᠎ᠠ ᠨᠠᠮ ᠤᠨ ᠦᠨᠳᠦᠰᠦᠳᠠᠨ ᠤ ᠰᠤᠷᠭᠠᠨ ᠬᠦᠮᠥᠵᠢᠯ ᠤᠨ ᠤᠶᠢᠯᠡᠰ ᠲᠤ ᠨᠢᠭᠡᠨ ᠰᠡᠳᠬᠢᠯ ᠢᠶᠠᠷ ᠵᠢᠳᠬᠦᠵᠦ᠂ ᠭᠠᠯ ᠵᠠᠯᠠᠭᠤ ᠨᠠᠰᠤ ᠪᠠᠨ ᠦᠨᠳᠦᠰᠦᠳᠠᠨ ᠤ ᠪᠠᠨ ᠦᠭᠡ ᠬᠡᠯᠡ᠂ ᠦᠰᠦᠭ ᠪᠢᠴᠢᠭ ᠢ ᠬᠦᠭᠵᠢᠬᠦᠯᠬᠦ ᠠᠵᠢᠯ ᠳᠤ ᠵᠤᠷᠢᠭᠤᠯᠵᠠᠢ᠃    
     ᠭᠠᠯᠢᠩᠳᠠᠷ᠎ᠠ ᠠᠪᠤᠭᠠᠢ᠂ ᠨᠠᠶᠠᠭᠠᠳ ᠤᠨ ᠠᠴᠠ ᠡᠬᠢᠯᠡᠵᠦ᠂ ᠮᠤᠩᠭᠤᠯ ᠦᠨᠳᠦᠰᠦᠳᠠᠨ ᠤ ᠪᠠᠨ ᠤᠯᠠᠮᠵᠢᠯᠠᠯᠲᠦ ᠰᠤᠶᠤᠯ ᠢ ᠠᠪᠤᠷᠠᠵᠦ ᠠᠪᠬᠤ ᠠᠵᠢᠯ ᠢ ᠨᠢᠳᠤᠨ ᠡᠮᠤᠨᠡᠬᠢ ᠭᠤᠤᠯ ᠬᠠᠷᠠᠯᠳᠠ ᠪᠤᠯᠭᠠᠭᠰᠠᠨ ᠠᠴᠠ ᠰᠦᠨᠢᠳ ᠪᠠᠷᠠᠭᠤᠨ ᠬᠤᠰᠢᠭᠤᠨ ᠳᠤ ᠰᠢᠯᠵᠢᠵᠦ ᠢᠷᠡᠮᠡᠭᠴᠡ ᠮᠤᠩᠭᠤᠯ ᠦᠨᠳᠦᠰᠦᠳᠡᠨ ᠤ ᠪᠠᠨ ᠤᠯᠠᠮᠵᠢᠯᠠᠯᠳᠤ ᠰᠤᠶᠤᠯ ᠤᠨ ᠭᠡᠭᠡᠷ᠎ᠡ ᠶᠢᠨ ᠰᠢᠨᠵᠢᠯᠡᠭᠡᠨ ᠢ ᠬᠢᠵᠤ᠂ ᠨᠢᠭᠡᠳᠦᠭᠡᠷ ᠭᠠᠷ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ ᠠᠵᠢᠯ ᠢ ᠰᠢᠭᠤᠳ ᠭᠠᠷᠳᠠᠨ ᠬᠢᠵᠦ ᠡᠬᠢᠯᠡᠵᠠᠢ᠃      ᠲᠤᠪᠴᠢᠶᠠᠨ ᠤ ᠪᠠᠨ ᠱᠠᠰᠢᠨ ᠰᠤᠷᠳᠠᠬᠤᠨ ᠤ ᠠᠵᠢᠯ ᠢ ᠭᠠᠷᠳᠠᠨ ᠬᠠᠷᠢᠭᠤᠴᠠᠵᠦ ᠠᠪᠤᠭᠰᠠᠨ ᠪᠤᠯᠬᠤᠷ 1984 ᠤᠨ ᠠᠴᠠ ᠡᠬᠢᠯᠡᠵᠦ᠂ ᠰᠦᠨᠢᠳ ᠤᠨ ᠱᠠᠰᠢᠨ ᠤ ᠲᠡᠤᠬᠡ᠂ ᠰᠦᠮ᠎ᠡ ᠭᠡᠶᠢᠳ ᠤᠨ ᠰᠤᠶᠤᠯ ᠢ ᠤᠶᠢᠯᠠᠭᠠᠵᠦ ᠮᠡᠳᠡᠬᠦ ᠪᠠᠷ ᠪᠦᠬᠦ ᠬᠤᠰᠢᠭᠤᠨ ᠤ ᠬᠡᠪᠴᠢᠶᠠᠨ ᠳᠤ ᠶᠠᠪᠤᠵᠦ᠂ ᠬᠡᠳᠦᠨ ᠵᠢᠯ ᠦᠷᠬᠦᠯᠵᠢᠯᠡᠨ ᠲᠤᠭᠤᠷᠢᠨ ᠰᠤᠷᠪᠤᠯᠵᠢᠯᠠᠵᠦ᠂ ᠪᠠᠶᠢᠴᠠᠭᠠᠨ ᠰᠤᠳᠤᠯᠤᠯᠳᠠ ᠬᠢᠵᠠᠢ᠃ ᠡᠨᠡ ᠨᠢ ᠰᠦᠨᠢᠳ ᠪᠠᠷᠠᠭᠤᠨ ᠬᠤᠰᠢᠭᠤᠨ ᠤ ᠤᠯᠠᠮᠵᠢᠯᠠᠯᠲᠦ ᠰᠤᠶᠤᠯ ᠲᠡᠤᠬᠡ ᠶᠢ ᠪᠦᠬᠦ ᠲᠠᠯ᠎ᠠ ᠪᠠᠷ ᠤᠶᠢᠯᠠᠭᠠᠵᠦ ᠠᠪᠬᠤ ᠶᠢᠨ ᠠᠩᠬᠠᠨ ᠤ ᠡᠬᠢᠯᠡᠯᠳᠡ ᠨᠢ ᠪᠤᠯᠵᠠᠢ᠃ 1986 ᠤᠨ ᠠᠴᠠ ᠬᠤᠰᠢᠭᠤᠨ ᠤ ᠨᠠᠮ ᠤᠨ ᠲᠡᠤᠬᠡ᠂ ᠤᠷᠤᠨ ᠨᠤᠳᠤᠭ ᠤᠨ ᠲᠡᠮᠳᠡᠭᠯᠡᠯ ᠨᠠᠶᠢᠷᠠᠭᠤᠯᠬᠤ ᠠᠯᠪᠠᠨ ᠭᠡᠷ ᠲᠤ ᠰᠢᠯᠵᠢᠨ ᠠᠵᠢᠯᠯᠠᠭᠰᠠᠨ ᠠᠴᠠ ᠬᠤᠶᠢᠰᠢ ᠪᠦᠬᠦ ᠬᠤᠰᠢᠭᠤᠨ ᠤ ᠬᠡᠪᠴᠢᠶᠠᠨ ᠳᠤ ᠤᠷᠲᠦ ᠬᠤᠭᠤᠴᠠᠭᠠᠨ ᠤ᠂ ᠪᠦᠬᠦ ᠲᠠᠯ᠎ᠠ ᠶᠢᠨ ᠪᠠᠶᠢᠴᠠᠭᠠᠯᠳᠠ ᠰᠤᠷᠪᠤᠯᠵᠢᠯᠠᠭ᠎ᠠ ᠬᠢᠵᠦ᠂ ᠪᠦᠬᠦ ᠬᠤᠰᠢᠭᠤᠨ ᠤ ᠤᠯᠠᠮᠵᠢᠯᠠᠯᠲᠦ ᠰᠤᠶᠤᠯ ᠳᠤ ᠬᠤᠯᠪᠤᠭᠳᠠᠭᠰᠠᠨ ᠦᠨᠳᠦᠰᠦᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠨᠠᠶᠢᠷᠠᠭᠤᠯᠬᠤ ᠠᠵᠢᠯ ᠢ ᠬᠢᠵᠦ ᠡᠬᠢᠯᠡᠵᠠᠢ᠃ ᠢᠩᠬᠢᠭᠡᠳ ᠬᠡᠳᠦᠨ ᠠᠷᠪᠠᠨ ᠵᠢᠯ ᠤᠶᠤᠨ ᠪᠢᠯᠢᠭ ᠢᠶᠠᠨ ᠲᠠᠶᠢᠴᠢᠯᠠᠨ᠂ ᠵᠢᠷᠦᠬᠡᠨ ᠲᠠᠮᠢᠷ ᠢᠶᠠᠨ ᠰᠢᠪᠬᠠᠵᠤ᠂ ᠬᠠᠳᠠᠭᠤᠵᠢᠯᠲᠠᠢ ᠴᠢᠷᠮᠠᠶᠢᠭᠰᠠᠨ ᠠᠴᠠ ᠰᠦᠨᠢᠳ ᠠᠷᠠᠳ ᠤᠨ ᠢᠶᠠᠨ ᠤᠯᠠᠮᠵᠢᠯᠠᠯᠲᠦ ᠰᠤᠶᠤᠯ ᠲᠡᠤᠬᠡ ᠶᠢ ᠰᠤᠷᠪᠤᠯᠵᠢᠯᠠᠨ ᠴᠤᠭᠯᠠᠭᠤᠯᠵᠦ᠂ ᠡᠮᠬᠢᠳᠬᠡᠨ ᠨᠠᠶᠢᠷᠠᠭᠤᠯᠤᠨ᠂ ᠰᠢᠨᠵᠢᠯᠡᠨ ᠰᠤᠳᠤᠯᠤᠭᠠᠳ ᠬᠤᠷᠢ ᠭᠠᠷᠤᠢ ᠨᠤᠮ ᠲᠡᠪᠳᠡᠷ ᠬᠡᠪᠯᠡᠬᠦᠯᠦᠨ ᠨᠡᠶᠢᠳᠡᠯᠠᠵᠦ᠂ ᠪᠠᠰᠠ ᠡᠳᠦᠢ ᠲᠡᠳᠦᠢ ᠡᠷᠳᠡᠮ ᠰᠢᠨᠵᠢᠯᠡᠭᠡᠨ ᠤ ᠦᠬᠦᠯᠡᠯ ᠪᠢᠴᠢᠵᠦ ᠨᠠᠶᠢᠳᠠᠯᠡᠬᠦᠯᠵᠠᠢ᠃
     ᠭᠠᠯᠢᠩᠳᠠᠷ᠎ᠠ ᠠᠪᠤᠭᠠᠢ ᠶᠢᠨ ᠡᠨᠡᠬᠦ ᠬᠤᠷᠢ ᠭᠠᠷᠤᠢ ᠵᠢᠯ ᠤᠨ ᠳᠤᠳᠤᠷ᠎ᠠ ᠬᠡᠪᠯᠡᠬᠦᠯᠵᠦ ᠨᠡᠶᠢᠳᠡᠯᠡᠭᠰᠡᠨ ᠵᠤᠬᠢᠶᠠᠯ ᠪᠥᠲᠦᠭᠡᠯ ᠳᠤ ᠮᠤᠩᠭᠤᠯ ᠨᠤᠳᠤᠭ ᠤᠨ ᠪᠠᠶᠢᠭᠠᠯᠢ ᠤᠪᠤᠭ ᠠᠶᠢᠮᠠᠭ ᠤᠨ ᠲᠡᠤᠬᠡ᠂ ᠱᠠᠰᠢᠨ ᠰᠢᠳᠦᠯᠭᠡ᠂ ᠵᠠᠩᠰᠢᠯ ᠶᠤᠰᠤ᠂ ᠭᠠᠷ ᠤᠶᠢᠯᠡᠳᠪᠦᠷᠢᠯᠡᠯ ᠠᠴᠠ ᠠᠪᠤᠭᠠᠳ ᠲᠦᠷᠦ ᠵᠠᠰᠠᠭ᠂ ᠬᠠᠤᠯᠢ ᠴᠠᠭᠠᠵᠠ᠂ ᠴᠡᠷᠢᠭ ᠵᠡᠪᠰᠡᠭ᠂ ᠲᠠᠶᠢᠨ ᠪᠠᠶᠢᠯᠳᠤᠭᠠᠨ᠂ ᠪᠢᠴᠢᠭ ᠰᠤᠶᠤᠯ᠂ ᠤᠷᠠᠯᠢᠭ ᠲᠠᠮᠢᠷ᠂ ᠡᠮ ᠡᠮᠨᠡᠯᠭᠡ ᠳᠤ ᠬᠦᠷᠳᠡᠯ᠎ᠠ ᠬᠢ ᠨᠡᠶᠢᠭᠡᠮ ᠤᠨ ᠬᠦᠷᠢᠶᠠᠨ ᠎ ᠳᠠᠬᠢ ᠤᠯᠠᠮᠵᠢᠯᠠᠯᠲᠦ ᠰᠤᠶᠤᠯ ᠤᠨ ᠦᠷᠭᠡᠨ ᠲᠡᠯᠭᠡᠷ ᠠᠭᠤᠯᠭ᠎ᠠ ᠬᠠᠮᠤᠷᠤᠭᠳᠠᠭᠰᠠᠨ ᠠᠵᠠᠢ᠃ ᠡᠭᠦᠪᠡᠷ ᠵᠤᠭᠰᠤᠬᠤ ᠦᠭᠡᠢ ᠨᠠᠮ ᠤᠨ ᠲᠡᠤᠬᠡ᠂ ᠠᠷᠠᠳᠴᠢᠯᠠᠭᠰᠠᠨ ᠵᠠᠰᠠᠭ᠂ ᠤᠷᠤᠨ ᠨᠤᠳᠤᠭ ᠤᠨ ᠡᠯ᠎ᠡ ᠲᠠᠯ᠎ᠠ ᠶᠢᠨ ᠬᠦᠭᠵᠢᠯᠳᠡ ᠬᠤᠪᠢᠷᠠᠯᠳᠠ ᠶᠢ ᠬᠦᠷᠳᠡᠯ᠎ᠡ ᠪᠠᠭᠳᠠᠭᠠᠵᠠᠢ᠃ ᠲᠦᠯᠦᠭᠡᠯᠡᠬᠦ ᠪᠥᠲᠦᠭᠡᠯ ᠤᠳ ᠭᠡᠪᠡᠯ᠄      ᠠᠷᠪᠠ ᠠᠴᠠ ᠬᠤᠷᠢᠨ ᠲᠦᠮᠡᠨ ᠦᠰᠦᠭ ᠪᠦᠬᠦᠢ ᠵᠤᠬᠢᠶᠠᠯ ᠪᠥᠲᠦᠭᠡᠯ ᠨᠦᠭᠦᠳ᠄ ︽ᠰᠦᠨᠢᠳ ᠪᠠᠷᠠᠭᠤᠨ ᠬᠤᠰᠢᠭᠤᠨ ᠤ ᠴᠢᠯᠦᠭᠡᠯᠡᠯᠳᠡ ᠪᠠ ᠠᠷᠠᠳᠴᠢᠯᠠᠭᠰᠠᠨ ᠵᠠᠰᠠᠭ︾᠂ ︽ᠰᠦᠨᠢᠳ ᠠᠶᠢᠮᠠᠭ ᠤᠨ ᠡᠭᠦᠰᠦᠯᠳᠡ ᠬᠤᠪᠢᠰᠤᠯᠳᠠ︾᠂ ︽ᠰᠦᠨᠢᠳ ᠪᠠᠷᠠᠭᠤᠨ ᠬᠤᠰᠢᠭᠤᠨ ᠤ ᠮᠠᠯ ᠠᠵᠦ ᠠᠬᠤᠢ ᠶᠢᠨ ᠶᠡᠭᠡ ᠬᠤᠪᠢᠷᠠᠯᠳᠠ︾᠂ ︽ᠰᠦᠨᠢᠳ ᠤᠨ ᠨᠡᠬᠦᠳᠡᠯ ᠮᠠᠯᠵᠢᠯ ᠤᠨ ᠲᠤᠬᠠᠢ ᠨᠤᠳᠤᠭ ᠤᠨ ᠪᠤᠭᠤᠷᠤᠯᠴᠤᠳ ᠤᠨ ᠳᠤᠷᠠᠳᠬᠠᠯ︾᠂ ︽ᠰᠠᠶᠢᠬᠠᠠᠠᠥ᠋ᠯᠵᠡᠢ ᠰᠤᠮᠤᠨ ᠤ ᠴᠠᠳᠢᠭ︾᠂ ︽ᠠᠴᠠᠳᠤᠠᠠᠭᠤᠯᠠ ᠰᠤᠮᠤᠨ ᠤ ᠴᠠᠳᠢᠭ︾᠂ ︽ᠦᠷᠭᠡᠨᠳᠡᠯ᠎ᠡ ᠰᠤᠮᠤᠨ ᠤ ᠴᠠᠳᠢᠭ︾᠂ ︽ᠮᠤᠩᠭᠤᠯ ᠭᠡᠷ ᠤᠨ ᠤᠯᠠᠮᠵᠢᠯᠠᠯᠲᠦ ᠶᠤᠰᠤᠨ︾᠂ ︽ᠰᠦᠨᠢᠳ ᠤᠨ ᠢᠵᠠᠭᠤᠷ ᠰᠢᠳᠦᠯᠭᠡ︾᠂ ︽ᠰᠦᠨᠢᠳ ᠪᠦᠬᠡ︾᠂ ︽ᠰᠦᠨᠢᠳ ᠤᠨ ᠲᠡᠤᠬᠡ ᠰᠤᠶᠤᠯ︾᠂ ︽ᠲᠠᠮᠠᠴᠢ ᠶᠢᠨ ᠬᠤᠷᠳᠤᠨ ᠬᠥᠯᠦᠭ︾᠂ ︽ᠠᠮᠢ ᠨᠠᠰᠦ ᠶᠢ ᠤᠷᠳᠤᠳᠬᠠᠵᠦ᠂ ᠪᠡᠶ᠎ᠡ ᠶᠢ ᠡᠷᠡᠭᠦᠯᠵᠢᠬᠦᠯᠬᠦ ᠤᠮᠳᠠᠭᠠᠨ — ᠴᠡᠭᠡ︾᠂ ︽ᠪᠢᠯᠡᠭᠦᠲᠦ ᠰᠦᠮ᠎ᠡ ᠶᠢᠨ ᠲᠡᠤᠬᠡ︾ ᠭᠡᠬᠦ ᠮᠡᠲᠦ᠃      ᠲᠦᠴᠢᠨ ᠲᠦᠮᠡᠨ ᠦᠰᠦᠭ ᠠᠴᠠ ᠵᠠᠭᠤᠨ ᠲᠦᠮᠡᠨ ᠦᠰᠦᠭ ᠪᠦᠬᠦᠢ ᠲᠤᠮᠤᠬᠠᠨ ᠪᠥᠲᠦᠭᠡᠯ ᠨᠦᠭᠦᠳ᠄      ︽ᠮᠤᠩᠭᠤᠯ ᠵᠠᠩ ᠤᠶᠢᠯᠡ ᠶᠢᠨ ᠨᠡᠪᠳᠡᠷᠬᠡᠢ ᠲᠤᠯᠢ︾᠎ ᠶᠢᠨ ᠠᠵᠦ ᠠᠬᠤᠢ ᠶᠢᠨ ᠪᠤᠳᠢ᠃ ᠲᠤᠰ ᠨᠤᠮ ᠢ ᠪᠥᠷᠢᠨᠳᠡᠭᠦᠰ ᠭᠤᠤᠯᠯᠠᠨ ᠨᠠᠶᠢᠷᠠᠭᠤᠯᠤᠭᠰᠠᠨ ᠪᠤᠯᠪᠠᠴᠤ ᠭᠠᠯᠢᠩᠳᠠᠷ᠎ᠠ ᠠᠪᠤᠭᠠᠢ᠂ ᠲᠤᠰ ᠲᠤᠯᠢ ᠶᠢᠨ ︽ᠠᠵᠦ ᠠᠬᠤᠢ ᠎ ᠶᠢᠨ ᠪᠤᠳᠢ︾᠎ ᠶᠢ ᠨᠠᠶᠢᠷᠠᠭᠤᠯᠬᠤ ᠳᠤ ᠨᠠᠶᠢᠷᠠᠭᠤᠯᠤᠭᠴᠢ ᠪᠠᠷ ᠤᠷᠢᠭᠳᠠᠵᠦ᠂ ᠵᠠᠭᠤᠨ ᠲᠦᠮᠡᠨ ᠦᠰᠦᠭ ᠤᠨ ᠲᠤᠮᠤ ᠪᠤᠳᠢ ᠨᠤᠮ ᠤᠨ ᠠᠳᠤᠭᠤᠨ ᠤ ᠪᠥᠯᠦᠭ᠂ ᠦᠭᠡᠷ ᠤᠨ ᠪᠥᠯᠦᠭ᠂ ᠲᠡᠮᠡᠭᠡᠨ ᠤ ᠪᠥᠯᠦᠭ᠂ ᠪᠡᠯᠴᠢᠭᠡᠷ ᠤᠨ ᠪᠥᠯᠦᠭ᠂ ᠨᠡᠬᠦᠳᠡᠯ ᠤᠨ ᠪᠥᠯᠦᠭ ᠭᠡᠮᠡᠬᠦ ᠶᠡᠭᠡ ᠶᠡᠭᠡ ᠪᠥᠯᠦᠭ ᠨᠦᠭᠦᠳ ᠢ ᠨᠠᠶᠢᠷᠠᠭᠤᠯᠵᠦ ᠪᠢᠴᠢᠵᠠᠢ᠃ ᠡᠨᠡ ᠨᠠᠶᠢᠷᠠᠭᠤᠯᠤᠭᠰᠠᠨ ᠠᠭᠤᠯᠭ᠎ᠠ ᠪᠦᠬᠦ ᠨᠤᠮ ᠤᠨ ᠬᠠᠭᠠᠰ ᠠᠭᠤᠯᠭ᠎ᠠ ᠶᠢ ᠡᠵᠡᠯᠡᠵᠦ ᠪᠠᠶᠢᠭ᠎ᠠ ᠪᠤᠯᠬᠤᠷ ᠢᠨᠠᠲᠦ ᠵᠠᠬ᠎ᠠ ᠳᠠᠭᠠᠨ 40 — 50 ᠲᠦᠮᠡᠨ ᠦᠰᠦᠭ ᠤᠨ ᠠᠭᠤᠯᠭ᠎ᠠ ᠪᠦᠬᠦᠢ ᠵᠤᠶᠢᠯ ᠢ ᠨᠠᠶᠢᠷᠠᠭᠤᠯᠵᠦ ᠥᠭᠴᠠᠢ᠃      ︽ᠰᠦᠨᠢᠳ ᠤᠨ ᠨᠡᠬᠦᠳᠡᠯ ᠮᠠᠯᠵᠢᠯ ᠤᠨ ᠲᠡᠤᠬᠡ ᠰᠤᠶᠤᠯ︾ ᠭᠡᠮᠡᠬᠦ 50 ᠲᠦᠮᠡᠨ ᠦᠰᠦᠭ ᠤᠨ ᠨᠤᠮ ᠢ ᠨᠠᠶᠢᠷᠠᠭᠤᠯᠤᠨ ᠵᠤᠬᠢᠶᠠᠵᠦ᠂ ᠥᠪᠤᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠬᠦᠯᠦᠨ ᠨᠡᠶᠢᠳᠡᠯᠡᠵᠡᠢ᠃ ᠠᠳᠤᠭᠤ ᠰᠤᠳᠤᠯᠤᠭᠴᠢ ᠮᠠᠩᠯᠠᠢ ᠳ᠋ᠤᠺᠲ᠋ᠤᠷ ᠲᠠᠢ ᠬᠠᠮᠳᠤᠷᠠᠨ ︽ᠦᠪᠦᠷ ᠮᠤᠩᠭᠤᠯᠴᠤᠳ ᠤᠨ ᠠᠳᠤᠭᠤᠨ ᠰᠤᠶᠤᠯ︾᠂ ᠲᠦᠮᠡᠨᠪᠡᠶᠡᠷ᠂ ᠰᠠᠩᠵᠠᠶᠢᠵᠠᠪ ᠲᠠᠢ ᠬᠠᠮᠳᠤᠷᠠᠨ ︽ᠪᠦᠷᠬᠦᠳ ᠤᠨ ᠲᠠᠮᠳᠢᠨ ᠪᠠ ᠲᠡᠬᠦᠨ ᠤ ᠶᠡᠭᠡ ᠪᠦᠳᠦᠭᠡᠯ︾ ᠭᠡᠬᠦ ᠨᠤᠮ ᠢ ᠨᠠᠶᠢᠷᠠᠭᠤᠯᠤᠨ ᠭᠡᠪᠯᠡᠬᠦᠯᠵᠡᠢ᠃      ︽ᠰᠦᠨᠢᠳ ᠪᠠᠷᠠᠭᠤᠨ ᠬᠤᠰᠢᠭᠤᠨ ᠤ ᠴᠠᠳᠢᠭ︾ ᠭᠡᠮᠡᠬᠦ 110 ᠲᠦᠮᠡᠨ ᠦᠰᠦᠭ ᠤᠨ ᠲᠤᠮᠤ ᠪᠥᠲᠦᠭᠡᠯ ᠢ ᠨᠠᠶᠢᠷᠠᠭᠤᠯᠤᠨ ᠪᠢᠴᠢᠵᠦ᠂ ᠥᠪᠤᠷ ᠮᠤᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠬᠦᠯᠵᠡᠢ᠃ ᠲᠤᠰ ᠪᠤᠳᠢ ᠶᠢᠨ 10 ᠲᠦᠮᠡᠨ ᠦᠰᠦᠭ ᠤᠨ ᠠᠭᠤᠯᠭ᠎ᠠ ᠶᠢ ᠦᠭᠡᠷ᠎ᠡ ᠬᠦᠮᠥᠨ ᠪᠢᠴᠢᠵᠦ 100 ᠲᠦᠮᠡᠨ ᠦᠰᠦᠭ ᠤᠨ ᠠᠭᠤᠯᠭ᠎ᠠ ᠪᠦᠬᠦᠢ ᠵᠤᠶᠢᠯ ᠢ ᠨᠢ ᠪᠦᠬᠦᠨ ᠢ ᠭᠠᠯᠢᠩᠳᠠᠷ᠎ᠠ ᠠᠪᠤᠭᠠᠢ ᠠᠷᠪᠠᠨ ᠵᠢᠯ ᠭᠠᠷᠤᠢ ᠶᠢᠨ ᠬᠤᠭᠤᠴᠠᠭᠠᠨ ᠳᠤ ᠴᠦᠬᠦᠷᠡᠯ ᠦᠭᠡᠢ ᠴᠢᠷᠮᠠᠶᠢᠵᠦ ᠪᠠᠶᠢᠭᠠᠳ ᠪᠢᠴᠢᠵᠦ ᠲᠡᠭᠦᠰᠬᠡᠵᠠᠢ᠃ ᠡᠬᠦᠨ ᠠᠴᠠ ᠭᠠᠳᠠᠨ᠎ᠠ ︽ᠨᠢᠭᠤᠴᠠ ᠲᠤᠪᠴᠢᠶᠠᠨ ᠳᠠᠬᠢ ᠰᠦᠨᠢᠳ ᠤᠪᠤᠭ ᠤᠨ ᠲᠡᠮᠳᠡᠭᠯᠡᠯ ᠢ ᠰᠡᠵᠢᠭᠯᠡᠬᠦ ᠨᠢ︾᠂ ︽ᠰᠦᠨᠢᠳ ᠠᠶᠢᠮᠠᠭ ᠤᠨ ᠬᠠᠩᠬᠢᠨ ᠤᠪᠤᠭ ᠪᠠ ᠲᠡᠳᠡᠨ ᠤ ᠰᠢᠳᠦᠭᠡᠨ︾᠂ ︽ᠮᠤᠩᠭᠤᠯ ᠤᠨ ᠬᠦᠳᠡᠭᠡ ᠲᠦᠮᠡᠨ᠂ ᠯᠢᠭᠳᠡᠨ ᠬᠠᠭᠠᠨ ᠤ ᠦᠶ᠎ᠡ ᠳᠠᠬᠢ ᠰᠦᠨᠢᠳ ᠠᠶᠢᠮᠠᠭ︾᠂ ︽ᠰᠦᠨᠢᠳ ᠤᠨ ᠤᠯᠠᠷᠢᠭᠰᠠᠨ ᠲᠡᠤᠬᠡᠨ ᠰᠤᠷᠠᠭ︾᠂ ︽ᠰᠦᠨᠢᠳ ᠠᠶᠢᠮᠠᠭ ᠪᠠ ᠰᠦᠨᠢᠳ ᠎ ᠤᠨ ᠠᠬᠠᠯᠠᠭᠴᠢ ᠬᠢᠯᠦᠭᠡᠲᠠᠢ ᠶᠢᠨ ᠮᠤᠩᠭᠤᠯ ᠤᠨ ᠶᠡᠭᠡ ᠬᠠᠭᠠᠨᠲᠦ ᠤᠯᠤᠰ ᠢ ᠪᠠᠶᠢᠭᠤᠯᠬᠤ ᠳᠤ ᠡᠷᠭᠦᠭᠰᠡᠨ ᠭᠠᠪᠢᠶ᠎ᠠ ᠵᠢᠳᠬᠦᠯ︾ ᠭᠡᠬᠦ ᠮᠡᠲᠦ ᠡᠷᠳᠡᠮ ᠰᠢᠨᠵᠢᠯᠡᠭᠡᠨ ᠤ ᠦᠬᠦᠯᠡᠯ ᠨᠦᠭᠦᠳ ᠢ ᠪᠢᠴᠢᠵᠦ ᠤᠷᠤᠨ᠂ ᠠᠶᠢᠮᠠᠭ᠂ ᠬᠤᠰᠢᠭᠤᠨ ᠤ ᠬᠡᠪᠴᠢᠶᠠᠨ ᠳᠠᠬᠢ ᠰᠡᠳᠬᠦᠯ ᠨᠦᠭᠦᠳ ᠲᠡᠭᠡᠷ᠎ᠡ ᠨᠡᠶᠢᠳᠡᠯᠡᠬᠦᠯᠵᠡᠢ᠃
     ᠭᠠᠯᠢᠩᠳᠠᠷ᠎ᠠ ᠠᠪᠤᠭᠠᠢ ᠶᠢᠨ ᠵᠤᠬᠢᠶᠠᠭᠰᠠᠨ ︽ᠮᠤᠩᠭᠤᠯ ᠭᠡᠷ ᠤᠨ ᠵᠠᠩᠰᠢᠯ ᠶᠤᠰᠤᠨ︾ ᠭᠡᠮᠡᠬᠦ ᠨᠤᠮ ᠨᠢ 1993 ᠤᠨ ᠳᠤ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠲᠦᠷᠪᠡᠳᠦᠭᠡᠷ ᠬᠤᠭᠤᠴᠠᠭᠠᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠰᠢᠯᠢᠳᠡᠭ ᠪᠥᠲᠦᠭᠡᠯ ᠤᠨ ᠰᠢᠯᠭᠠᠷᠠᠭᠤᠯᠤᠯᠳᠠ ᠳᠤ ᠭᠤᠷᠪᠠᠳᠤᠭᠠᠷ ᠲᠡᠰ ᠤᠨ ᠪᠥᠲᠦᠭᠡᠯ ᠢᠶᠠᠷ ᠰᠤᠩᠭᠤᠭᠳᠠᠨ ᠦᠨᠡᠮᠯᠡᠯ ᠤᠯᠵᠠᠢ᠃ ︽ᠰᠦᠨᠢᠳ ᠪᠠᠷᠠᠭᠤᠨ ᠬᠤᠰᠢᠭᠤᠨ ᠤ ᠴᠠᠳᠢᠭ︾ ᠭᠡᠮᠡᠬᠦ ᠪᠥᠲᠦᠭᠡᠯ ᠨᠢ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠤᠷᠤᠨ ᠤ ᠡᠯ᠎ᠡ ᠠᠶᠢᠮᠠᠭ ᠬᠤᠰᠢᠭᠤᠨ ᠤ ᠨᠠᠶᠢᠷᠠᠭᠤᠯᠵᠦ ᠬᠡᠪᠯᠡᠬᠦᠯᠦᠭᠰᠡᠨ ︽ᠤᠶᠢᠯᠠᠯᠭ᠎ᠠ︾᠎ ᠨᠤᠭᠤᠳ ᠢ ᠲᠡᠰ ᠢᠯᠭᠠᠨ ᠰᠤᠩᠭᠤᠵᠦ ᠢᠯᠭᠠᠷᠠᠭᠤᠯᠬᠤ ᠳᠤ ᠪᠦᠬᠦ ᠤᠷᠤᠨ ᠤ ᠬᠡᠪᠴᠢᠶᠠᠨ ᠳᠤ ᠬᠤᠶᠠᠳᠤᠭᠠᠷ ᠲᠡᠰ ᠢᠶᠠᠷ ᠲᠤᠭᠳᠠᠭᠠᠭᠳᠠᠵᠦ᠂ ᠬᠤᠶᠠᠳᠤᠭᠠᠷ ᠲᠡᠰ ᠤᠨ ᠦᠨᠡᠮᠯᠡᠯ ᠬᠦᠷᠳᠡᠵᠡᠢ᠃ ︽ᠲᠠᠮᠠᠴᠢ ᠶᠢᠨ ᠬᠤᠷᠳᠤᠨ ᠬᠥᠯᠦᠭ︾ ᠭᠡᠮᠡᠬᠦ ᠵᠤᠬᠢᠶᠠᠯ ᠨᠢ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠰᠤᠶᠤᠯ ᠤᠨ ︽ᠠᠷᠠᠳ︾ ᠱᠠᠩᠨᠠᠯ ᠤᠨ ᠰᠢᠯᠭᠠᠷᠠᠭᠤᠯᠤᠯᠳᠠ ᠳᠤ ᠰᠢᠯᠢᠳᠡᠭ ᠪᠥᠲᠦᠭᠡᠯ ᠤᠨ ᠱᠠᠩᠨᠠᠯ ᠬᠦᠷᠳᠡᠵᠦ ᠦᠨᠡᠮᠯᠡᠯ ᠤᠯᠵᠠᠢ᠃ ᠭᠠᠯᠢᠩᠳᠠᠷ᠎ᠠ ᠠᠪᠤᠭᠠᠢ ᠥᠪᠡᠷ ᠢᠶᠠᠨ 2004 ᠤᠨ ᠳᠤ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠩᠬᠠᠳᠤᠭᠠᠷ ᠤᠳᠠᠭᠠᠨ ᠤ ︽ᠠᠷᠠᠳ︾ ᠨᠡᠷᠡᠮᠵᠢᠲᠦ ᠠᠷᠠᠳ ᠤᠨ ᠰᠤᠶᠤᠯ ᠤᠨ ᠱᠠᠩᠨᠠᠯ ᠤᠨ ᠰᠢᠯᠭᠠᠷᠠᠭᠤᠯᠤᠯᠳᠠ ᠎ ᠳᠤ ᠠᠷᠠᠳ ᠤᠨ ᠰᠤᠶᠤᠯ ᠤᠨ ᠭᠠᠷᠮᠠᠭᠠᠢ ᠵᠢᠳᠬᠦᠯᠳᠡᠨ ᠢᠶᠠᠷ ᠲᠠᠷᠬᠠᠯᠠᠭᠳᠠᠵᠦ ᠦᠨᠡᠮᠯᠡᠯ ᠬᠦᠷᠳᠡᠵᠡᠢ᠃
     ᠦᠢᠷ᠎ᠠ ᠶᠢᠨ ᠵᠢᠯ ᠳᠤ ᠭᠠᠯᠢᠨᠳᠠᠷ᠎ᠠ ᠭᠤᠸᠠᠢ ᠦᠳᠡᠯᠦᠭᠡ ᠨᠠᠰᠤᠨ ᠤ ᠭᠡᠷᠡᠯ ᠬᠢᠯᠪᠠᠭ᠎ᠠ ᠪᠠᠨ ᠪᠠᠳᠠᠷᠠᠭᠤᠯᠤᠨ᠂ ᠨᠡᠩ ᠮᠠᠬᠠᠷᠠᠨ ᠴᠢᠷᠮᠠᠶᠢᠵᠤ᠂ ᠰᠦᠨᠢᠳ ᠰᠤᠶᠤᠯ ᠤᠨ ᠲᠤᠬᠠᠢ ᠠᠯᠢ ᠤᠯᠠᠨ ᠪᠦᠳᠦᠭᠡᠯ ᠢᠶᠠᠨ ᠲᠤᠭᠤᠷᠪᠢᠵᠤ᠂ 2016 ᠤᠨ ᠠᠴᠠ ᠨᠠᠰᠢ ︽ᠰᠦᠨᠢᠳ ᠤᠨ ᠤᠪᠤᠭᠠᠨ ᠰᠤᠶᠤᠯ︾᠂ ︽ᠰᠦᠨᠢᠳ ᠤᠨ ᠰᠦᠮ᠎ᠡ ᠭᠡᠶᠢᠳ︾᠂ ︽ᠰᠦᠨᠢᠳ ᠬᠤᠷᠢᠮ ᠨᠠᠶᠢᠷ︾ ᠵᠡᠷᠭᠡ ᠠᠷᠪᠠᠭᠠᠳ ᠨᠤᠮ ᠢᠶᠠᠨ ᠭᠡᠪᠯᠡᠬᠦᠯᠦᠭᠡᠳ ᠪᠤᠢ᠃     ᠡᠳᠦᠭᠡ ᠭᠠᠯᠢᠩᠳᠠᠷ᠎ᠠ ᠭᠤᠸᠠᠢ ᠨᠠᠶᠠᠨ ᠲᠠᠪᠤᠨ ᠤ ᠦᠨᠳᠦᠷ ᠨᠠᠰᠤ ᠪᠠᠨ ᠤᠭᠳᠤᠵᠤ ᠪᠠᠶᠢᠭ᠎ᠠ ᠴᠤ ᠡᠳᠦᠷ ᠰᠦᠨᠢ ᠶᠢ ᠲᠡᠮᠡᠴᠡᠨ ᠠᠵᠢᠯᠯᠠᠵᠤ᠂ ᠬᠤᠶᠠᠷ ᠶᠡᠭᠡ ᠰᠤᠳᠤᠯᠭᠠᠨ ᠤ ᠪᠦᠳᠦᠭᠡᠯ ᠢᠶᠠᠨ ᠡᠨᠡ ᠵᠢᠯ ᠭᠡᠪᠯᠡᠯ ᠳᠤ ᠦᠭᠬᠦ ᠪᠠᠷ ᠪᠡᠶ᠎ᠡ ᠰᠡᠳᠬᠢᠯ ᠢᠶᠠᠨ ᠲᠠᠶᠢᠴᠢᠯᠡᠨ ᠮᠡᠷᠡᠶᠢᠵᠤ ᠪᠠᠶᠢᠭ᠎ᠠ ᠨᠢ ᠪᠢᠰᠢᠷᠡᠬᠦᠰᠢᠳᠠᠢ᠃ ᠭᠠᠯᠢᠩᠳᠠᠷ᠎ᠠ ᠭᠤᠸᠠᠢ ᠡᠩᠭᠡᠷ ᠲᠡᠭᠡᠨ ᠬᠢᠯᠠᠯᠵᠠᠬᠤ ᠠᠯᠳᠠᠨ ᠮᠧᠲᠠᠯ ᠢᠶᠠᠨ ᠵᠢᠭᠠᠭᠠᠳ᠄ ︽ᠨᠠᠮ ᠵᠠᠰᠠᠭ ᠤᠨ ᠬᠠᠯᠠᠮᠵᠢ ᠲᠡᠮᠵᠢᠯᠭᠡ ᠪᠠᠶᠢᠬᠤ ᠦᠭᠡᠢ ᠪᠤᠯ ᠭᠠᠯᠢᠩᠳᠠᠷ᠎ᠠ ᠪᠢ ᠶᠠᠭᠤ ᠪᠠᠨ ᠪᠦᠳᠦᠭᠡᠵᠤ ᠴᠢᠳᠠᠬᠤ ᠪᠤᠢ ᠳ᠋ᠧ᠂ ᠨᠠᠮ ᠵᠠᠰᠠᠭ ᠤᠨ ᠬᠠᠮᠢᠶ᠎ᠠ ᠲᠠᠢ ᠤᠳᠤᠷᠢᠳᠤᠯᠭ᠎ᠠ ᠴᠠᠭᠠᠨ ᠰᠠᠷ᠎ᠠ ᠶᠢᠨ ᠲᠤᠬᠤᠨᠢᠭᠤᠯᠭ᠎ᠠ ᠬᠢᠵᠤ᠂ ᠠᠯᠳᠠᠨ ᠮᠧᠲᠠᠯ ᠵᠡᠬᠦᠯᠭᠡᠯ᠎ᠡ᠂ ᠬᠤᠰᠢᠭᠤᠨ ᠤ ᠨᠠᠮ ᠵᠠᠰᠠᠭ ᠤᠨ ᠬᠠᠯᠠᠮᠵᠢ ᠳᠤ ᠲᠠᠯᠠᠷᠬᠠᠯ᠎ᠠ︾ ᠭᠡᠵᠤ ᠪᠠᠶᠠᠷᠳᠠᠶᠢᠬᠠᠨ ᠶᠠᠷᠢᠵᠤ ᠰᠠᠭᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号