ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/2/2
     ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠵᠣ᠂ ᠡᠬᠢ ᠪᠠᠶᠠᠯᠢᠭ ᠲᠤ ᠠᠷᠪᠢᠳᠠᠢ᠂ ᠠᠮᠢ ᠠᠬᠤᠢ ᠣᠷᠴᠢᠨ ᠲᠣᠭᠤᠷᠢᠨ ᠳᠤ ᠰᠠᠶᠢᠨ ᠨᠡᠶᠢᠭᠡᠮ ᠢ ᠪᠦᠲᠦᠭᠡᠨ ᠪᠠᠶᠢᠭᠤᠯᠬᠤ ᠪᠣᠯ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ  ᠤᠨ ᠬᠤᠷᠢᠶᠠᠨ ᠤ ᠲᠣᠭᠳᠠᠭᠠᠭᠰᠠᠨ ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ᠂ ᠰᠢᠨᠵᠢᠯᠡᠬᠦ ᠣᠬᠠᠭᠠᠨᠴᠢ ᠬᠦᠭᠵᠢᠯᠳᠡ ᠶᠢᠨ ᠦᠵᠡᠯᠳᠡ ᠶᠢ  ᠨᠠᠶᠢᠳᠠᠪᠣᠷᠢᠵᠢᠭᠤᠯᠵᠣ᠂ ᠡᠶ᠎ᠡ ᠵᠣᠬᠢᠴᠠᠯᠳᠣ ᠨᠡᠶᠢᠭᠡᠮ ᠢ ᠡᠭᠦᠳᠬᠦ ᠴᠢᠬᠤᠯᠠ ᠠᠷᠭ᠎ᠠ ᠬᠡᠮᠵᠢᠶ᠎ᠡ᠂ ᠣᠯᠣᠰ ᠠᠷᠠᠳ ᠲᠤ ᠠᠰᠢᠭᠳᠠᠢ ᠮᠦᠷᠳᠡᠭᠡᠨ ᠦᠷ᠎ᠡ ᠬᠤᠶᠢᠴᠢᠰ ᠲᠠᠭᠠᠨ ᠪᠣᠶᠠᠨ ᠦᠢᠯᠡᠳᠬᠦ ᠢᠨᠵᠧᠨᠧᠷᠢᠩ᠂ ᠮᠦᠨᠴᠦ ᠪᠠᠶᠢᠭᠤᠯᠭ᠎ᠠ ᠨᠢᠭᠡᠴᠡ ᠪᠣᠯᠣᠨ ᠡᠷᠭᠡᠲᠦ ᠠᠷᠠᠳ ᠪᠦᠷᠢ ᠶᠢᠨ ᠵᠠᠶᠢᠯᠠᠭᠤᠯᠵᠣ ᠪᠣᠯᠣᠰᠢ ᠦᠭᠡᠢ ᠡᠭᠦᠷᠭᠡ ᠬᠠᠷᠢᠭᠤᠴᠠᠯᠭ᠎ᠠ ᠮᠦᠨ᠃ ᠮᠠᠨ ᠤ ᠬᠤᠰᠢᠭᠤᠨ ᠤ ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠠᠵᠢᠯ ᠤᠨ ᠲᠠᠷᠣᠭᠠᠰᠣ ᠶᠡᠭᠡ᠂ ᠡᠭᠦᠷᠭᠡ ᠬᠦᠨᠳᠦ ᠪᠠᠶᠢᠨ᠎ᠠ᠃ ᠦᠨᠦ ᠵᠢᠯ ᠪᠣᠯ ︽ᠠᠷᠪᠠᠨ ᠲᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ ᠶᠢᠨ ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠬᠠᠷᠠᠯᠳᠠ ᠡᠭᠦᠷᠭᠡ ᠶᠢ ᠡᠬᠢᠯᠡᠭᠦᠯᠬᠦ ᠵᠢᠯ ᠪᠣᠯᠣᠨ᠎ᠠ᠂ ᠡᠶᠢᠮᠦ ᠠᠴᠠ ᠪᠢᠳᠡ ᠵᠣᠷᠢᠭ ᠰᠢᠢᠳᠴᠦ᠂ ᠴᠢᠷᠮᠠᠶᠢᠨ ᠠᠵᠢᠯᠯᠠᠵᠣ ᠂ ︽ᠠᠷᠪᠠᠨ ᠳᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ ᠶᠢᠨ ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠡᠭᠦᠷᠭᠡ ᠶᠢ ᠠᠮᠵᠢᠯᠳᠠᠳᠠᠢ ᠪᠡᠶᠡᠯᠡᠭᠦᠯᠬᠦ ᠳᠤ ᠰᠠᠭᠤᠷᠢ ᠲᠠᠯᠪᠢᠬᠤ ᠬᠡᠷᠡᠭᠳᠠᠢ᠃      ᠡᠭᠦᠨ ᠤ ᠲᠣᠯᠠᠳᠠ᠂ ᠪᠢᠳᠡ ᠪᠦᠬᠦ ᠬᠤᠰᠢᠭᠤᠨ ᠤ ᠡᠯ᠎ᠡ ᠱᠠᠳᠣᠨ ᠤ ᠨᠠᠮ ᠵᠠᠰᠠᠭ ᠤᠨ ᠪᠠᠶᠢᠭᠤᠯᠭ᠎ᠠ᠂ ᠠᠵᠣ ᠠᠬᠤᠶᠢᠯᠠᠯ ᠠᠵᠢᠯ ᠦᠢᠯᠡᠰ ᠤᠨ ᠨᠢᠭᠡᠴᠡ᠂ ᠪᠦᠬᠦ ᠠᠷᠠᠳ ᠲᠤ ᠰᠠᠨᠠᠭᠠᠴᠢᠯᠠᠬᠤ ᠨᠢ᠄ ᠡᠨᠧᠷᠬᠢ ᠠᠷᠪᠢᠯᠠᠬᠤ ᠰᠢᠪᠳᠣᠯᠣᠯᠳᠠ ᠶᠢᠨ ᠠᠵᠢᠯ ᠳᠤ ᠪᠦᠬᠦ ᠠᠷᠠᠳ ᠢᠶᠠᠷ ᠢᠶᠠᠨ ᠬᠦᠳᠡᠯᠦᠯᠴᠡᠨ᠂ ᠬᠠᠮᠳᠣᠪᠡᠷ ᠴᠢᠷᠮᠠᠶᠢᠨ᠂ ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠶᠢ ᠪᠠᠶᠢᠭᠤᠯᠭ᠎ᠠ ᠨᠢᠭᠡᠴᠡ  ᠪᠣᠯᠣᠨ ᠬᠦᠮᠦᠨ ᠨᠢᠭᠡ ᠪᠦᠷᠢ ᠶᠢᠨ ᠣᠬᠠᠮᠰᠠᠷᠳᠣ ᠠᠵᠢᠯᠯᠠᠭ᠎ᠠ ᠪᠣᠯᠭᠠᠵᠣ᠂ ᠪᠣᠬᠢᠷᠳᠣᠯ ᠦᠭᠡᠢ᠂ ᠡᠶ᠎ᠡ ᠵᠣᠬᠢᠴᠠᠯᠳᠣ᠂ ᠰᠠᠭᠤᠷᠢᠰᠢᠬᠤ ᠳᠤ ᠲᠣᠬᠢᠷᠠᠮᠵᠢᠳᠠᠢ ᠣᠷᠴᠢᠨ ᠲᠣᠭᠤᠷᠢᠨ ᠢ ᠡᠭᠦᠳᠴᠦ᠂ ᠰᠦᠨᠢᠳ ᠪᠠᠷᠠᠭᠤᠨ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ  ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠪᠠᠨ ᠦᠵᠡᠭᠦᠯᠦᠰᠦᠭᠡᠢ︕      ᠨᠢᠭᠡ᠂ ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠠᠵᠢᠯ ᠤᠨ ᠰᠠᠨᠠᠭᠠᠴᠢᠯᠠᠭᠴᠢ ᠪᠣᠯᠬᠤ ᠪᠠᠷ ᠴᠢᠷᠮᠠᠶᠢᠬᠤ ᠬᠡᠷᠡᠭᠳᠠᠢ᠃ ᠣᠯᠣᠰ ᠤᠨ ᠬᠦᠭᠵᠢᠯᠳᠡ ᠶᠢᠨ ᠪᠠᠶᠢᠯᠳᠣᠬᠤ ᠪᠣᠳᠣᠯᠭ᠎ᠠ ᠪᠣᠯᠣᠨ ᠪᠦᠬᠦ  ᠲᠠᠯ᠎ᠠ ᠶᠢᠨ ᠦᠨᠳᠦᠷᠴᠡ ᠠᠴᠠ ᠡᠭᠦᠰᠴᠦ᠂ ᠠᠷᠪᠢᠴᠢ ᠨᠡᠶᠢᠭᠡᠮ ᠢ ᠲᠦᠷᠭᠡᠨ ᠪᠦᠲᠦᠭᠡᠨ ᠪᠠᠶᠢᠭᠤᠯᠬᠤ ᠶᠢᠨ ᠴᠢᠬᠤᠯᠠ ᠴᠢᠨᠠᠷ ᠪᠣᠯᠣᠨ ᠲᠣᠯᠭᠠᠮ᠎ᠠ ᠴᠢᠨᠠᠷ ᠢ ᠭᠦᠢᠴᠡᠳ ᠲᠠᠨᠢᠵᠣ᠂ ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠠᠵᠢᠯ ᠤᠨ ᠣᠯᠣᠰ ᠠᠷᠠᠳ ᠤᠨ ᠠᠵᠣ ᠠᠬᠤᠢ ᠶᠢᠨ ᠦᠷᠭᠦᠯᠵᠢᠯᠡᠭᠦᠶᠢᠴᠡ ᠭᠦᠭᠵᠢᠯᠳᠡ ᠶᠢ ᠪᠠᠳᠣᠯᠠᠨ ᠠᠬᠢᠭᠤᠯᠬᠤ ᠳᠠᠬᠢ ᠴᠢᠬᠤᠯᠠ ᠠᠴᠢ ᠬᠤᠯᠪᠣᠭᠳᠠᠯ ᠢ ᠬᠦᠨᠵᠡᠭᠡᠢ ᠣᠶᠢᠯᠠᠭᠠᠵᠣ᠂ ᠠᠵᠢᠯ ᠠᠮᠢᠳᠣᠷᠠᠯ᠂ ᠦᠢᠯᠡᠳᠪᠦᠷᠢᠯᠡᠯ ᠬᠡᠷᠡᠭᠯᠡᠭᠡᠨ ᠤ ᠶᠠᠪᠣᠴᠠ ᠳᠠᠭᠠᠨ ᠡᠷᠡᠭᠦᠯ ᠮᠡᠨᠲᠦ ᠳᠤ ᠲᠣᠰᠠᠳᠠᠢ᠂ ᠪᠣᠯᠪᠠᠰᠣᠨ ᠰᠠᠶᠢᠬᠠᠨ᠂ ᠠᠷᠪᠢᠴᠢ ᠭᠠᠮᠳᠠᠢ᠂ ᠡᠨᠧᠷᠬᠢ ᠳᠤ ᠠᠷᠪᠢᠳᠠᠢ᠂ ᠪᠣᠬᠢᠷᠳᠣᠯ ᠦᠭᠡᠢ ᠠᠷᠭ᠎ᠠ ᠬᠡᠯᠪᠡᠷᠢ ᠶᠢ ᠰᠦᠪᠡᠭᠴᠢᠯᠡᠬᠦ ᠶᠢ ᠰᠠᠨᠠᠭᠠᠴᠢᠯᠠᠬᠤ ᠬᠡᠷᠡᠭᠳᠠᠢ᠃ ᠠᠮᠢ ᠠᠬᠤᠢ  ᠶᠢᠨ ᠪᠣᠯᠪᠠᠰᠣᠨ ᠤ ᠦᠵᠡᠯ ᠰᠠᠨᠠᠭ᠎ᠠ ᠶᠢ ᠬᠦᠨᠵᠡᠭᠡᠢ ᠲᠣᠣᠱᠯᠠᠭᠤᠯᠵᠣ᠂ ᠰᠢ ᠶᠢᠨ ᠫᠢᠩ ᠶᠡᠷᠦᠩᠭᠡᠢ ᠱᠦᠵᠢ ᠶᠢᠨ ᠡᠨᠧᠷᠬᠢ ᠶᠢᠨ ᠬᠤᠷᠣᠭᠳᠠᠯ ᠤᠨ ᠨᠡᠮᠡᠭᠳᠡᠯ ᠪᠠ ᠳᠠᠭᠠᠭᠠᠴᠠ ᠶᠢᠨ ᠬᠡᠮᠵᠢᠶ᠎ᠡ ᠶᠢ ᠵᠡᠷᠭᠡᠪᠡᠷ ᠡᠵᠡᠮᠳᠡᠬᠦ ᠠᠵᠢᠯ ᠤᠨ ᠲᠣᠬᠠᠢ ᠴᠢᠬᠤᠯᠠ ᠵᠢᠭᠠᠪᠣᠷᠢ ᠪᠣᠯᠣᠨ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠰᠢᠨ᠎ᠡ ᠬᠦᠭᠵᠢᠯᠳᠡ ᠶᠢᠨ ᠦᠵᠡᠯᠳᠡ ᠶᠢ ᠪᠠᠲᠦ ᠪᠠᠬᠢ ᠪᠣᠢ ᠪᠣᠯᠭᠠᠵᠣ᠂ ︽ᠬᠦᠮᠦᠨ ᠪᠦᠷᠢ ᠠᠷᠪᠢᠴᠢ ᠭᠠᠮᠳᠠᠢ ᠪᠠᠶᠢᠬᠤ ︾ ᠰᠢᠯᠢᠳᠡᠭ ᠰᠣᠷᠳᠠᠯ ᠪᠣᠯᠣᠨ ︽ᠠᠷᠪᠢᠯᠠᠨ ᠭᠠᠮᠨᠠᠬᠤ ᠪᠣᠯ ᠦᠩᠭᠡ ᠭᠡᠷᠡᠯᠳᠠᠢ᠂ ᠪᠦᠷᠢᠯᠭᠡᠨ ᠰᠦᠢᠳᠭᠡᠬᠦ ᠪᠣᠯ ᠢᠴᠢᠭᠦᠷᠢ ᠲᠠᠢ︾ ᠭᠡᠬᠦ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠴᠢᠷᠮᠠᠶᠢᠨ ᠪᠦᠷᠢᠯᠳᠦᠭᠦᠯᠵᠦ᠂ ᠡᠨᠧᠷᠬᠢ ᠠᠷᠪᠢᠯᠠᠬᠤ ᠶᠢ ᠡᠳᠦᠷ ᠲᠣᠳᠣᠮ ᠤᠨ ᠠᠵᠢᠯᠯᠠᠭ᠎ᠠ ᠳᠣᠮᠳᠠᠬᠢ ᠵᠦᠭᠯᠡᠭᠦᠷ ᠢᠶᠠᠨ ᠪᠣᠯᠭᠠᠬᠤ ᠭᠡᠷᠡᠭᠳᠠᠢ᠃      ᠬᠤᠶᠠᠷ᠂ ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠠᠵᠢᠯ ᠤᠨ ᠵᠢᠱᠢᠶᠡᠴᠢ ᠪᠣᠯᠬᠤ ᠪᠠᠷ ᠴᠢᠷᠮᠠᠶᠢᠬᠤ ᠬᠡᠷᠡᠭᠳᠠᠢ᠃ ᠪᠠᠶᠢᠭᠤᠯᠭ᠎ᠠ ᠨᠢᠭᠡᠴᠡ ᠶᠢᠨ ᠲᠣᠬᠠᠶᠢᠯᠠᠭᠰᠠᠨ ᠠᠵᠢᠯ ᠲᠠᠢ ᠪᠠᠨ ᠣᠶᠠᠯᠳᠣᠭᠤᠯᠣᠨ᠂ ᠬᠠᠮᠢᠶᠠᠷᠣᠯᠳᠠ ᠶᠢᠨ ᠲᠦᠷᠢᠮ ᠢ ᠪᠠᠶᠢᠭᠤᠯᠣᠨ ᠲᠡᠭᠦᠯᠳᠡᠷᠵᠢᠭᠦᠯᠵᠦ᠂ ᠠᠳᠠᠯᠢ ᠪᠣᠰᠣ ᠬᠡᠯᠪᠡᠷᠢ ᠮᠠᠶ᠋ᠢᠭ ᠤᠨ ᠠᠷᠪᠢᠯᠠᠨ ᠭᠠᠮᠨᠠᠬᠤ ᠠᠵᠢᠯᠯᠠᠭ᠎ᠠ  ᠶᠢ ᠦᠷᠨᠢᠭᠦᠯᠵᠦ᠂ ᠬᠠᠮᠢᠶᠠᠷᠣᠯᠳᠠ ᠪᠠᠷ  ᠠᠷᠪᠢᠴᠢ ᠭᠠᠮᠳᠠᠢ ᠪᠣᠯᠬᠤ ᠶᠢ ᠠᠬᠢᠭᠤᠯᠵᠣ᠂ ᠠᠷᠪᠢᠯᠠᠨ ᠭᠠᠮᠨᠠᠬᠤ ᠠᠵᠢᠯᠯᠠᠭ᠎ᠠ ᠪᠠᠷ ᠳᠠᠮᠵᠢᠨ ᠡᠨᠧᠷᠬᠢ ᠠᠷᠪᠢᠯᠠᠬᠤ ᠳᠤ ᠦᠷ᠎ᠡ ᠪᠦᠲᠦᠮᠵᠢ ᠭᠠᠷᠭᠠᠵᠣ᠂ ᠠᠷᠪᠢᠴᠢ ᠪᠠᠶᠢᠭᠤᠯᠭ᠎ᠠ ᠨᠢᠭᠡᠴᠡ  ᠶᠢ ᠴᠢᠷᠮᠠᠶᠢᠨ ᠪᠠᠶᠢᠭᠤᠯᠬᠤ ᠬᠡᠷᠡᠭᠳᠠᠢ᠃ ᠨᠠᠮ ᠤᠨ ᠭᠡᠰᠢᠭᠦᠨ ᠣᠳᠣᠷᠢᠳᠬᠤ ᠺᠠᠳ᠋ᠷ ᠪᠡᠶ᠎ᠡ ᠪᠠᠷ ᠢᠶᠠᠨ ᠵᠢᠱᠢᠶ᠎ᠡ ᠦᠵᠡᠭᠦᠯᠦᠨ ᠳᠠᠶᠢᠴᠢᠯᠠᠵᠣ᠂ ᠡᠨᠧᠷᠬᠢ ᠠᠷᠪᠢᠯᠠᠨ ᠬᠤᠷᠣᠭᠳᠠᠯ ᠢ ᠪᠠᠭᠠᠰᠬᠠᠬᠤ ᠶᠢ ᠪᠦᠬᠦ ᠠᠵᠢᠯ ᠤᠨ ᠶᠠᠪᠣᠴᠠ ᠳᠠᠭᠠᠨ ᠦᠢᠯᠡᠳᠦᠯᠭᠡᠵᠢᠭᠦᠯᠬᠦ ᠬᠡᠷᠡᠭᠳᠠᠢ᠃ ᠣᠳᠣᠷᠢᠳᠬᠤ ᠺᠠᠳ᠋ᠷ ᠪᠣᠯᠣᠨ ᠡᠪ ᠬᠠᠮᠳᠣ ᠨᠠᠮ ᠤᠨ ᠭᠡᠰᠢᠭᠦᠨ ᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠣ᠂ ᠪᠣᠳᠠᠳᠣ ᠠᠵᠢᠯᠯᠠᠭ᠎ᠠ ᠪᠠᠷ ᠢᠶᠠᠨ ᠰᠠᠯᠠᠭ᠎ᠠ ᠮᠦᠴᠢᠷ ᠪᠣᠯᠣᠨ ᠪᠠᠶᠢᠭᠤᠯᠭ᠎ᠠ ᠨᠢᠭᠡᠴᠡ ᠶᠢᠨ ᠢᠶᠠᠨ ᠡᠨᠧᠷᠬᠢ ᠠᠷᠪᠢᠯᠠᠬᠤ ᠠᠵᠢᠯ ᠢ ᠬᠦᠨᠵᠡᠭᠡᠢ ᠦᠷᠨᠢᠭᠦᠯᠬᠦ ᠬᠡᠷᠡᠭᠳᠠᠢ᠃ ᠦᠷᠭᠡᠨ ᠣᠯᠠᠨ ᠺᠠᠳ᠋ᠷ ᠠᠵᠢᠯᠳᠠᠨ᠂ ᠣᠯᠠᠨ ᠲᠦᠮᠡᠨ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠣ᠂ ᠲᠣᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠰᠢᠨ᠎ᠡ ᠶᠢ ᠡᠭᠦᠳᠬᠦ᠂ ᠰᠢᠨᠡᠴᠢᠯᠡᠬᠦ᠂ ᠦᠭᠡᠷᠡᠴᠢᠯᠡᠯᠳᠡ ᠬᠢᠬᠦ᠂ ᠲᠦᠯᠦᠪᠯᠡᠬᠦ᠂ ᠰᠠᠨᠠᠭᠤᠯᠭ᠎ᠠ ᠭᠠᠷᠭᠠᠬᠤ ᠵᠡᠷᠭᠡ ᠠᠵᠢᠯᠯᠠᠭ᠎ᠠ ᠶᠢ ᠦᠷᠨᠢᠭᠦᠯᠵᠦ᠂ ᠡᠨᠧᠷᠬᠢ ᠠᠷᠪᠢᠯᠠᠬᠤ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠡᠨᠧᠷᠬᠢ ᠠᠷᠪᠢᠯᠠᠬᠤ ᠶᠢ ᠲᠦᠷᠢ ᠲᠦᠷᠭᠦ ᠪᠠᠨ ᠡᠭᠦᠳᠬᠦ ᠵᠠᠭᠤᠴᠢ ᠪᠣᠯᠭᠠᠬᠤ ᠬᠡᠷᠡᠭᠳᠠᠢ᠃      ᠭᠤᠷᠪᠡ᠂ ᠡᠨᠧᠷᠬᠢ ᠠᠷᠪᠢᠯᠠᠨ ᠬᠤᠷᠤᠭᠳᠠᠯ ᠢ ᠪᠠᠭᠠᠰᠬᠠᠬᠤ ᠠᠵᠢᠯ ᠤᠨ ᠬᠤᠰᠢᠭᠤᠴᠢᠯᠠᠭᠴᠢ ᠪᠤᠯᠬᠤ ᠪᠠᠷ ᠴᠢᠷᠮᠡᠶᠢᠬᠤ ᠭᠡᠷᠡᠭᠳᠡᠢ᠃ ᠤᠯᠠᠨ ᠨᠠᠶᠢᠳᠠ ᠶᠢᠨ ᠬᠠᠮᠢᠶᠠᠷᠤᠯᠳᠠ ᠶᠢᠨ ᠪᠦᠳᠤᠴᠠ ᠶᠢᠨ ᠬᠤᠷᠸ᠎ᠡ ᠵᠢᠯᠤᠭᠤᠳᠤᠯᠭ᠎ᠠ ᠶᠢᠨ ᠡᠬᠦᠷᠭᠡ ᠴᠢᠳᠠᠪᠬᠢ ᠪᠠᠨ ᠴᠢᠩᠭᠠᠳᠬᠠᠵᠦ᠂ ᠠᠷᠪᠢᠴᠢ ᠠᠵᠦ ᠦᠢᠯᠡᠰ ᠤᠨ ᠪᠦᠳᠤᠴᠠ ᠶᠢᠨ ᠲᠤᠭᠳᠠᠯᠴᠠᠭ᠎ᠠ ᠪᠠᠶᠢᠭᠤᠯᠬᠤ ᠶᠢ ᠰᠠᠨᠠᠭᠠᠴᠢᠯᠠᠵᠦ᠂ ᠲᠡᠭᠡᠳᠤ ᠰᠢᠨ᠎ᠡ ᠮᠡᠷᠭᠡᠵᠢᠯ ᠤᠨ ᠠᠵᠦ ᠦᠢᠯᠡᠰ ᠪᠡ ᠪᠠᠶᠢᠯᠳᠤᠬᠤ ᠪᠤᠳᠤᠯᠭ᠎ᠠ ᠶᠢᠨ ᠴᠢᠨᠡᠷᠳᠡᠢ ᠰᠢᠨ᠎ᠡ ᠪᠠᠷ ᠮᠠᠨᠳᠤᠭᠰᠠᠨ ᠠᠵᠦ ᠦᠢᠯᠡᠰ ᠢ ᠬᠦᠭᠵᠢᠬᠦᠯᠬᠦ ᠶᠢ ᠵᠢᠯᠤᠭᠤᠳᠤᠨ᠂ ᠲᠤᠬᠢᠷᠠᠬᠤ ᠲᠡᠷᠢᠬᠦᠨ ᠤ ᠮᠡᠷᠭᠡᠵᠢᠯ ᠢ ᠭᠡᠷᠡᠭᠯᠡᠨ ᠤᠯᠠᠮᠵᠢᠯᠠᠯᠳᠤ ᠠᠵᠦ ᠦᠢᠯᠡᠰ ᠢ ᠦᠬᠡᠷᠡᠴᠢᠯᠠᠨ ᠲᠡᠭᠡᠭᠰᠢᠯᠡᠬᠦᠯᠬᠦ ᠶᠢ ᠵᠤᠷᠢᠭᠵᠢᠭᠤᠯᠤᠨ᠂ ᠡᠨᠧᠷᠬᠢ ᠶᠢᠨ ᠬᠤᠷᠤᠭᠳᠠᠯ᠂ ᠮᠡᠲ᠋ᠧᠷᠢᠶᠠᠯ ᠤᠨ ᠬᠤᠷᠤᠭᠳᠠᠯ ᠪᠡ ᠤᠰᠤᠨ ᠤ ᠬᠤᠷᠤᠭᠳᠠᠯ ᠶᠡᠭᠡ ᠲᠠᠢ ᠠᠵᠦ ᠦᠢᠯᠡᠰ  ᠤᠨ ᠬᠦᠭᠵᠢᠯᠳᠡ ᠶᠢ ᠴᠢᠩᠭ᠎ᠠ ᠬᠢᠵᠠᠭᠠᠷᠯᠠᠵᠦ᠂ ᠡᠨᠧᠷᠬᠢ ᠶᠡᠭᠡ ᠵᠠᠷᠤᠴᠠᠭᠤᠯᠳᠠᠭ ᠬᠤᠴᠤᠷᠤᠩᠭᠤᠢ ᠭᠠᠷ ᠤᠷᠠᠯᠠᠯ᠂ ᠮᠡᠷᠭᠡᠵᠢᠯ ᠪᠡ ᠲᠦᠬᠦᠭᠡᠷᠤᠮᠵᠢ ᠶᠢ ᠲᠠᠶᠠᠭᠳᠠᠵᠦ᠂ ᠦᠯᠡᠳᠡᠭᠳᠡᠯ ᠡᠨᠧᠷᠬᠢ᠂ ᠦᠯᠡᠳᠡᠭᠳᠡᠯ ᠢᠯᠴᠢ ᠵᠡᠷᠭᠡ ᠡᠯ᠎ᠡ ᠵᠦᠢᠯ  ᠤᠨ ᠡᠬᠢ ᠪᠠᠶᠠᠯᠢᠭ ᠢ ᠢᠳᠡᠪᠬᠢᠳᠡᠢ ᠪᠠᠷ ᠲᠠᠬᠢᠨ ᠠᠰᠢᠭᠯᠠᠵᠦ᠂ ᠠᠵᠦ ᠠᠬᠤᠶᠢᠯᠠᠯ ᠤᠨ ᠠᠷᠪᠢᠴᠢ ᠬᠦᠭᠵᠢᠯᠳᠡ᠂ ᠡᠷᠬᠢᠯᠳᠡᠳᠤ ᠬᠦᠭᠵᠢᠯᠳᠡ ᠪᠡ ᠦᠷᠬᠦᠯᠵᠢᠯᠡᠬᠦᠶᠢᠴᠠ ᠬᠦᠭᠵᠢᠯᠳᠡ ᠶᠢ ᠪᠡᠶᠡᠯᠡᠬᠦᠯᠬᠦ ᠭᠡᠷᠡᠭᠳᠡᠢ᠃ ᠡᠨᠧᠷᠬᠢ ᠠᠷᠪᠢᠯᠠᠬᠤ  ᠶᠢ ᠲᠡᠷᠢᠬᠦᠨ ᠪᠠᠶᠢᠷᠢᠨ ᠳᠤ ᠪᠠᠶᠢᠬᠤ ᠶᠢ ᠪᠠᠳᠤᠯᠠᠬᠤ ᠠᠷᠭ᠎ᠠ ᠪᠡᠷᠢᠯ ᠢᠶᠠᠨ ᠪᠤᠯᠭᠠᠬᠤ ᠭᠡᠷᠡᠭᠳᠡᠢ᠃      ᠲᠦᠷᠪᠡ᠂ ᠡᠨᠧᠷᠬᠢ ᠠᠷᠪᠢᠯᠠᠨ ᠬᠤᠷᠤᠭᠳᠠᠯ ᠢ ᠪᠠᠭᠠᠰᠬᠠᠬᠤ ᠠᠵᠢᠯ ᠤᠨ ᠦᠢᠯᠡᠳᠤᠯᠬᠡᠵᠢᠬᠦᠯᠦᠭᠴᠢ ᠪᠤᠯᠬᠤ ᠪᠠᠷ ᠴᠢᠷᠮᠡᠶᠢᠬᠤ ᠭᠡᠷᠡᠭᠳᠡᠢ᠃ ᠪᠠᠶᠢᠭᠤᠯᠭ᠎ᠠ ᠨᠢᠭᠡᠴᠠ᠂ ᠠᠵᠦ ᠠᠬᠤᠶᠢᠯᠠᠯ᠂ ᠭᠡᠷ ᠪᠦᠯᠢ᠂ ᠠᠷᠡᠳ ᠢᠷᠭᠡᠨ ᠨᠢᠬᠡᠪᠤᠷᠢ ᠡᠳᠤᠷ ᠪᠦᠷᠢ᠂ ᠵᠢᠵᠢᠭ ᠰᠠᠵᠢᠭ ᠶᠡᠪᠤᠳᠠᠯ ᠪᠤᠯᠭᠠᠨ ᠳᠠᠭᠠᠨ ᠤᠳᠤ ᠠᠴᠠ ᠡᠬᠢᠯᠡᠨ ᠪᠠᠶ᠎ᠠ ᠢᠶᠠᠷ ᠢᠶᠠᠨ ᠲᠦᠷᠦᠬᠦᠯᠡᠨ ᠠᠯᠢᠪᠡ ᠡᠬᠢ ᠪᠠᠶᠠᠯᠢᠭ ᠢ ᠠᠷᠪᠢᠯᠠᠨ᠂ ᠨᠠᠷᠢᠯᠢᠭ ᠵᠦᠢᠯ ᠪᠦᠬᠦᠨ ᠲᠡᠭᠡᠷ᠎ᠡ ᠠᠴᠠ ᠡᠨᠧᠷᠬᠢ ᠠᠷᠪᠢᠯᠠᠨ ᠬᠤᠷᠤᠭᠳᠠᠯ ᠢ ᠪᠠᠭᠠᠰᠬᠠᠬᠤ ᠠᠵᠢᠯ ᠢ ᠰᠠᠶᠢᠳᠤᠷ ᠬᠢᠬᠦ ᠭᠡᠷᠡᠭᠳᠡᠢ᠃ ᠡᠯ᠎ᠡ ᠵᠦᠢᠯ ᠤᠨ ᠴᠠᠬᠢᠯᠭᠠᠨ ᠭᠡᠷᠡᠭᠰᠡᠯ ᠢ ᠵᠤᠬᠢᠰᠳᠠᠢ ᠭᠡᠷᠡᠭᠯᠡᠵᠦ᠂ ᠴᠠᠬᠢᠯᠭᠠᠨ ᠡᠨᠧᠷᠬᠢ ᠶᠢᠨ ᠬᠤᠷᠤᠭᠳᠠᠯ ᠢ ᠪᠠᠭᠠᠰᠬᠠᠨ᠂ ᠴᠠᠬᠢᠯᠭᠠᠨ ᠢ ᠠᠷᠪᠢᠯᠠᠬᠤ ᠭᠡᠷᠡᠭᠳᠡᠢ︔ ᠤᠰᠤᠨ ᠭᠤᠭᠤᠵᠢᠭᠤᠷ  ᠢᠶᠠᠨ ᠰᠠᠶᠢᠳᠤᠷ ᠬᠠᠭᠠᠵᠦ᠂ ᠲᠤᠰᠤᠯ ᠤᠰᠤ ᠶᠢ ᠴᠦ ᠠᠷᠪᠢᠯᠠᠨ ᠭᠠᠮᠨᠠᠬᠤ ᠭᠡᠷᠡᠭᠳᠡᠢ︔ ᠵᠡᠮ ᠬᠠᠷᠢᠯᠴᠠᠭᠠᠨ ᠤ ᠪᠠᠭᠠᠵᠢ  ᠶᠢ ᠰᠢᠨᠵᠢᠯᠡᠬᠦ ᠤᠬᠠᠭᠠᠨᠴᠢ ᠪᠠᠷ ᠰᠤᠩᠭᠤᠬᠤ ᠶᠢ ᠰᠠᠨᠠᠭᠠᠴᠢᠯᠠᠵᠦ᠂ ᠮᠠᠰᠢᠨ ᠲᠡᠷᠭᠡᠨ ᠤ ᠰᠢᠳᠠᠭᠠᠯᠭ᠎ᠠ ᠶᠢᠨ ᠲᠤᠰᠤᠨ ᠤ ᠬᠡᠮᠵᠢᠶ᠎ᠠ ᠶᠢ ᠪᠠᠭᠤᠷᠠᠭᠤᠯᠵᠦ᠂ ᠲᠤᠰᠤ ᠶᠢ ᠠᠷᠪᠢᠯᠠᠬᠤ ᠭᠡᠷᠡᠭᠳᠡᠢ︔  ᠺᠤᠮᠫᠢᠦ᠋ᠲ᠋ᠧᠷ ᠢᠶᠠᠷ ᠠᠯᠪᠡᠯᠠᠬᠤ ᠶᠢ ᠭᠡᠷᠡᠭᠵᠢᠬᠦᠯᠵᠦ᠂ ᠴᠠᠭᠠᠰᠤᠨ ᠤ ᠬᠤᠶᠠᠷ ᠲᠠᠯ᠎ᠠ ᠳᠤᠨᠢ ᠲᠠᠷᠤᠮᠠᠯᠯᠠᠵᠦ᠂ ᠬᠠᠭᠤᠳᠠᠰᠤ ᠴᠠᠭᠠᠰᠤ ᠪᠤᠯᠭᠠᠨ ᠢ ᠠᠷᠪᠢᠯᠠᠬᠤ ᠭᠡᠷᠡᠭᠳᠡᠢ᠃ ᠡᠨᠧᠷᠬᠢ ᠠᠷᠪᠢᠯᠠᠬᠤ ᠶᠢ ᠠᠵᠢᠯ ᠠᠮᠢᠳᠤᠷᠠᠯ ᠤᠨ ᠢᠶᠠᠨ ᠲᠠᠳᠬᠠᠯ ᠪᠤᠯᠭᠠᠬᠤ ᠭᠡᠷᠡᠭᠳᠡᠢ᠃      ᠲᠠᠪᠤ᠂ ᠡᠨᠧᠷᠬᠢ ᠠᠷᠪᠢᠯᠠᠨ ᠬᠤᠷᠤᠭᠳᠠᠯ ᠢ ᠪᠠᠭᠠᠰᠬᠠᠬᠤ ᠠᠵᠢᠯ ᠤᠨ ᠲᠠᠶᠢᠴᠢᠯᠠᠭᠴᠢ ᠪᠤᠯᠬᠤ ᠪᠠᠷ ᠴᠢᠷᠮᠡᠶᠢᠬᠤ ᠭᠡᠷᠡᠭᠳᠡᠢ᠃ ᠡᠨᠧᠷᠬᠢ ᠠᠷᠪᠢᠯᠠᠨ ᠬᠤᠷᠤᠭᠳᠠᠯ ᠢ ᠪᠠᠭᠠᠰᠬᠠᠬᠤ ᠪᠠᠷ ᠠᠭᠤᠯᠭ᠎ᠠ ᠪᠤᠯᠭᠠᠭᠰᠠᠨ ᠰᠤᠷᠭᠠᠭᠤᠯᠢ ᠶᠢᠨ ᠭᠤᠤᠯ ᠰᠡᠳᠤᠪᠳᠤ ᠬᠦᠮᠦᠵᠢᠯ ᠪᠤᠯᠤᠨ ᠨᠡᠶᠢᠬᠡᠮ ᠤᠨ ᠦᠢᠯᠡᠳᠤᠯᠭᠡ ᠶᠢᠨ ᠠᠵᠢᠯᠯᠠᠭ᠎ᠠ ᠶᠢ ᠢᠳᠡᠪᠬᠢᠳᠡᠢ ᠦᠷᠨᠢᠬᠦᠯᠵᠦ᠂ ᠰᠤᠷᠤᠭᠴᠢᠳ ᠢ ᠡᠨᠧᠷᠬᠢ ᠠᠷᠪᠢᠯᠠᠳᠠᠭ ᠰᠡᠶᠢᠨ ᠰᠠᠶᠢᠬᠠᠨ ᠤᠬᠠᠮᠰᠠᠷ ᠪᠡ ᠲᠠᠳᠬᠠᠯ ᠲᠠᠢ ᠪᠤᠯᠭᠠᠨ ᠬᠦᠮᠦᠵᠢᠬᠦᠯᠬᠦ ᠭᠡᠷᠡᠭᠳᠡᠢ᠃ ᠡᠨᠧᠷᠬᠢ ᠠᠷᠪᠢᠯᠠᠵᠦ ᠪᠤᠬᠢᠷᠳᠤᠯ ᠢ ᠪᠠᠭᠠᠰᠬᠠᠨ ᠤᠷᠴᠢᠨ ᠲᠤᠭᠤᠷᠢᠨ ᠢ ᠬᠠᠮᠠᠭᠠᠯᠠᠬᠤ ᠪᠠᠷ ᠡᠬᠦᠷᠭᠡ ᠪᠠᠨ ᠪᠤᠯᠭᠠᠵᠦ᠂ ᠤᠬᠠᠮᠰᠠᠷ ᠠᠴᠠ ᠪᠠᠨ ᠦᠢᠯᠡᠳᠤᠯᠬᠡᠵᠢᠬᠦᠯᠬᠦ ᠶᠢᠨ ᠬᠠᠮᠳᠤ᠂ ᠭᠡᠷ ᠪᠦᠯᠢ ᠶᠢᠨ ᠬᠦᠮᠦᠰ᠂ ᠠᠶᠢᠯ ᠰᠠᠭᠠᠬᠠᠯᠳᠠ᠂ ᠨᠡᠶᠢᠵᠡ ᠨᠦᠬᠦᠳ ᠲᠡᠭᠡᠨ ᠪᠤᠬᠢᠷᠳᠤᠯ ᠢ ᠪᠠᠭᠠᠰᠬᠠᠬᠤ᠂ ᠡᠨᠧᠷᠬᠢ ᠶᠢ ᠠᠷᠪᠢᠯᠠᠬᠤ ᠪᠤᠯᠤᠨ ᠤᠷᠴᠢᠨ ᠲᠤᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠡᠷ ᠪᠤᠯᠤᠨ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠮᠡᠳᠡᠯᠬᠡ ᠶᠢ ᠤᠬᠠᠭᠤᠯᠤᠨ᠂ ᠨᠠᠩ ᠤᠯᠠᠨ ᠬᠦᠮᠦᠨ ᠢ ᠲᠠᠶᠢᠴᠢᠯᠠᠨ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠠᠵᠢᠯᠯᠠᠭ᠎ᠠ ᠳᠤ ᠤᠷᠤᠯᠴᠠᠭᠤᠯᠬᠤ ᠭᠡᠷᠡᠭᠳᠡᠢ᠃ ᠲᠡᠷᠭᠡᠳᠡ ᠴᠢᠨᠢ ᠡᠬᠦᠰᠦᠭᠰᠡᠨ ᠡᠬᠢ ᠪᠠᠶᠠᠯᠢᠭ ᠢ ᠪᠦᠷᠢᠯᠭᠡᠨ ᠰᠦᠢᠳᠭᠡᠵᠦ ᠪᠠᠶᠢᠭ᠎ᠠ ᠦᠵᠡᠭᠳᠡᠯ ᠢ ᠵᠤᠷᠢᠭᠳᠠᠢ ᠢᠶᠠᠷ ᠢᠳᠬᠠᠨ ᠬᠠᠮᠢᠶᠠᠷᠴᠦ᠂ ᠬᠠᠷᠢᠯᠴᠠᠨ ᠬᠢᠨᠠᠯᠳᠠ ᠲᠡᠯᠪᠢᠨ᠂ ᠡᠬᠢ ᠪᠠᠶᠠᠯᠢᠭ ᠤᠨ ᠤᠷᠴᠢᠨ ᠲᠤᠭᠤᠷᠢᠨ ᠢ ᠬᠠᠮᠳᠤ ᠪᠠᠷ ᠬᠠᠮᠠᠭᠠᠯᠠᠵᠦ᠂ ᠡᠨᠧᠷᠬᠢ ᠠᠷᠪᠢᠯᠠᠬᠤ ᠪᠠᠷ ᠬᠦᠴᠦᠯᠠᠨ ᠴᠢᠷᠮᠡᠶᠢᠵᠦ᠂ ᠪᠤᠬᠢᠷᠳᠤᠯ ᠦᠬᠡᠢ ᠭᠡᠷ ᠤᠷᠤᠨ ᠢ ᠬᠠᠮᠳᠤ ᠪᠠᠷ ᠴᠤᠭᠴᠠᠯᠠᠬᠤ ᠭᠡᠷᠡᠭᠳᠡᠢ᠃ ᠡᠨᠧᠷᠬᠢ ᠠᠷᠪᠢᠯᠠᠬᠤ ᠶᠢ ᠴᠠᠭ  ᠦᠶ᠎ᠠ ᠶᠢᠨ ᠪᠠᠳᠠᠷᠠᠭᠤᠯᠬᠤ ᠵᠤᠬᠢᠰᠳᠡᠢ ᠭᠡᠪ ᠰᠤᠷᠳᠠᠯ ᠪᠤᠯᠭᠠᠬᠤ ᠭᠡᠷᠡᠭᠳᠡᠢ᠃      ᠰᠠᠨᠠᠭᠠᠴᠢᠯᠠᠭ᠎ᠠ ᠪᠤᠯ ᠠᠮᠠᠯᠠᠯᠳᠠ᠂ ᠠᠮᠠᠯᠠᠯᠳᠠ ᠪᠤᠯ ᠬᠠᠷᠢᠭᠤᠴᠠᠯᠭ᠎ᠠ ᠮᠦᠨ᠃ ᠪᠢᠳᠡ ᠢᠳᠡᠪᠬᠢᠳᠡᠢ ᠬᠦᠳᠡᠯᠤᠯᠴᠠᠵᠦ᠂ ᠡᠨᠧᠷᠬᠢ ᠶᠢ ᠠᠷᠪᠢᠯᠠᠵᠦ᠂ ᠰᠠᠶᠢᠨ ᠰᠠᠶᠢᠬᠠᠨ ᠤᠷᠴᠢᠨ ᠲᠤᠭᠤᠷᠢᠨ ᠢᠶᠠᠨ ᠬᠠᠮᠠᠭᠠᠯᠠᠬᠤ ᠬᠦᠨᠳᠤ ᠡᠬᠦᠷᠭᠡ ᠶᠢ ᠡᠬᠦᠷᠭᠡᠯᠡᠵᠦ᠂ ᠡᠶ᠎ᠡ ᠵᠤᠬᠢᠴᠠᠯᠳᠤ ᠰᠦᠨᠢᠳ ᠪᠠᠷᠠᠭᠤᠨ ᠬᠤᠰᠢᠭᠤ ᠶᠢ ᠪᠦᠳᠤᠭᠡᠨ ᠪᠠᠶᠢᠭᠤᠯᠬᠤ᠂ ᠠᠵᠦ ᠠᠬᠤᠢ ᠨᠡᠶᠢᠬᠡᠮ ᠤᠨ ᠶᠡᠭᠡ ᠬᠦᠭᠵᠢᠯᠳᠡ᠂ ᠶᠡᠭᠡ ᠲᠠᠪᠰᠢᠯᠳᠠ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠬᠦᠯᠦᠰᠤᠭᠡᠢ︕
 
ᠢᠷᠡᠯᠲᠡ᠄ ᠰᠥᠨᠢᠳ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号