ᠴᠠᠭᠠᠨ  ᠰᠠᠷ᠎ᠠ  ᠶᠢᠨ ᠥᠯᠵᠡᠶᠢᠲᠦ ᠡᠳᠦᠷ ᠤᠨ ᠪᠠᠶᠠᠷ  ᠤᠨ ᠬᠤᠭᠤᠴᠠᠭᠠᠨ  ᠳᠠᠬᠢ ᠬᠤᠸᠠᠷ ᠫᠤᠤᠵᠢᠩ ᠤᠨ ᠠᠶᠤᠯᠬᠦᠢ ᠶᠢᠨ  ᠬᠠᠮᠢᠶᠠᠷᠤᠯᠲᠠ ᠶᠢ ᠴᠢᠩᠭᠠᠳᠬᠠᠵᠤ ᠪ᠊
ᠨᠡᠶᠢᠲᠡᠯᠡᠭᠰᠡᠨ ᠴᠠᠭ᠄
2021/2/24
     ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠠᠬᠢ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠠᠳᠡᠯ ᠬᠡᠷᠡᠭ ᠡᠭᠦᠰᠬᠦ ᠶᠢ ᠬᠤᠷᠢᠭᠯᠠᠬᠤ ᠶᠢᠨ ᠲᠥᠯᠥᠭᠡ᠂ ᠤᠶᠢᠷ᠎ᠠ ᠶᠢᠨ ᠡᠳᠦᠷ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠥᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠮᠲᠤᠷᠠᠨ ᠪᠦᠬᠦ ᠬᠤᠰᠢᠭᠤᠨ ᠤ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠲᠡᠯᠭᠡᠭᠦᠷ ᠬᠤᠳᠠᠯᠳᠤᠭ᠎ᠠ ᠪᠠᠷ ᠭᠦᠨᠵᠡᠭᠡᠶᠢᠷᠡᠨ ᠠᠮᠤᠷ ᠲᠦᠪᠰᠢᠨ ᠤ ᠲᠤᠰᠬᠠᠢ ᠲᠥᠷᠥᠯ ᠤᠨ ᠪᠠᠶᠢᠴᠠᠭᠠᠯᠲᠠ ᠬᠢᠪᠡ᠃
     ᠪᠠᠶᠢᠴᠠᠭᠠᠬᠤ ᠳᠤᠭᠤᠢᠯᠠᠩ ᠤᠨ ᠬᠢᠨ ᠡᠵᠡᠩᠨᠡᠯᠲᠡ ᠶᠢᠨ ᠡᠷᠦᠬᠡ ᠶᠢᠨ ᠬᠤᠸᠠᠷ ᠫᠤᠤᠵᠢᠩ  ᠤᠨ ᠬᠠᠳᠠᠭᠠᠯᠠᠵᠤ ᠪᠠᠶᠢᠭ᠎ᠠ ᠪᠠᠶᠢᠳᠠᠯ᠂ ᠬᠠᠳᠠᠭᠠᠯᠠᠭᠰᠠᠨ ᠫᠤᠤᠵᠢᠩ ᠤᠨ ᠲᠤᠭ᠎ᠠ ᠬᠡᠮᠵᠢᠶ᠎ᠡ᠂ ᠪᠦᠲᠦᠭᠡᠭᠳᠡᠬᠦᠨ ᠤ ᠬᠦᠴᠦᠨ ᠲᠠᠢ ᠬᠤᠭᠤᠴᠠᠭ᠎ᠠ᠂ ᠳᠥᠷᠢᠮ ᠠᠴᠠ ᠵᠥᠷᠢᠴᠡᠭᠰᠡᠨ ᠵᠦᠢᠯᠡᠰ ᠢ ᠪᠤᠷᠤᠯᠠᠭᠤᠯᠵᠤ ᠪᠠᠶᠢᠭ᠎ᠠ ᠡᠰᠡᠬᠦ᠂ ᠭᠠᠯ ᠤᠨᠲᠠᠷᠠᠭᠠᠬᠤ ᠪᠠᠭᠠᠵᠢ ᠳᠥᠬᠦᠭᠡᠷᠦᠮᠵᠢ  ᠶᠢ ᠪᠦᠷᠢᠳᠦᠭᠦᠯᠦᠭᠰᠡᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃
     ᠬᠠᠤᠯᠢ ᠬᠡᠷᠡᠭᠵᠢᠭᠦᠯᠦᠭᠴᠢᠳ ᠡᠵᠡᠩᠨᠡᠭᠴᠢᠳ ᠢ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠠᠩᠬᠠᠷᠤᠨ᠂ ᠥᠯᠵᠡᠶᠢᠲᠦ ᠡᠳᠦᠷ ᠤᠨ ᠪᠠᠶᠠᠷ ᠢᠶᠠᠷ ᠳᠡᠭᠳᠡᠭᠦᠷ ᠳ᠋ᠧᠩᠯᠤ ᠪᠤᠷᠤᠯᠠᠭᠤᠯᠵᠤ ᠲᠠᠯᠪᠢᠬᠤ ᠶᠢ ᠡᠷᠡᠰ ᠴᠠᠭᠠᠵᠠᠯᠠᠨ᠎ᠠ᠃ ᠲᠤᠰ ᠤᠳᠠᠭᠠᠨ ᠤ ᠪᠠᠶᠢᠴᠠᠭᠠᠯᠳᠠ ᠳᠤ ᠢᠯᠡᠷᠡᠭᠦᠯᠦᠭᠰᠡᠨ ᠠᠰᠠᠭᠤᠳᠠᠯ ᠢ ᠲᠠᠷᠤᠶᠢᠬᠠᠨ ᠴᠡᠭᠴᠡᠯᠡᠨ ᠵᠠᠰᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号