ᠦᠨᠳᠦᠷ ᠭᠤᠷᠪᠠ ᠶᠢᠨ ᠰᠤᠷᠤᠭᠴᠢᠳ ᠰᠤᠷᠭᠠᠭᠤᠯᠢ ᠡᠬᠢᠯᠡᠯ᠎ᠡ
ᠨᠡᠶᠢᠲᠡᠯᠡᠭᠰᠡᠨ ᠴᠠᠭ᠄
2021/2/26
     ᠡᠪᠦᠯ ᠤᠨ ᠠᠮᠠᠷᠠᠯᠲᠠ ᠠᠶᠠᠷᠯᠠᠵᠤ᠂ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠬᠦᠷᠴᠦ ᠢᠷᠡᠬᠦ ᠶᠢ ᠳᠠᠭᠠᠯᠳᠤᠨ᠂ ᠦᠨᠳᠦᠷ ᠵᠡᠷᠭᠡ ᠶᠢᠨ ᠭᠤᠷᠪᠠ ᠤᠨ ᠤ ᠰᠤᠷᠤᠭᠴᠢᠳ ᠤᠷᠢᠳᠠᠪᠠᠷ ᠰᠤᠷᠭᠠᠭᠤᠯᠢ ᠳᠤ  ᠪᠠᠨ ᠪᠤᠴᠠᠨ ᠬᠢᠴᠢᠶᠡᠯ ᠢᠶᠠᠨ  ᠡᠬᠢᠯᠡᠭᠦᠯᠵᠠᠢ᠃ ᠬᠤᠰᠢᠭᠤ ᠮᠤᠩᠭᠤᠯ ᠲᠤᠮᠳᠠᠳᠤ ᠰᠤᠷᠭᠠᠭᠤᠯᠢ ᠪᠤᠯᠤᠨ ᠶᠡᠷᠥᠩᠬᠡᠶᠢᠯᠡᠭᠰᠡᠨ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠳᠤ᠂ ᠨᠠᠮ ᠵᠢᠮ ᠪᠠᠶᠢᠭᠰᠠᠨ ᠰᠤᠷᠭᠠᠭᠤᠯᠢ ᠶᠢᠨ ᠬᠦᠷᠢᠶᠡᠨ ᠳᠤ ᠰᠤᠷᠤᠭᠴᠢᠳ ᠤᠨ ᠲᠠᠭᠤ ᠴᠤᠤ ᠪᠠᠷ ᠴᠠᠯᠬᠢᠨ᠂ ᠶᠡᠭᠡ ᠰᠤᠷᠭᠠᠭᠤᠯᠢ ᠳᠤ ᠰᠢᠯᠭᠠᠬᠤ ᠪᠠᠷ ᠪᠡᠯᠡᠳᠬᠡᠵᠦ ᠪᠠᠶᠢᠭ᠎ᠠ ᠵᠠᠯᠠᠭᠤᠰ ᠰᠤᠷᠤᠯᠭ᠎ᠠ ᠶᠢᠨ ᠰᠢᠨ᠎ᠡ ᠲᠥᠯᠥᠪᠯᠡᠭᠡ ᠪᠠ ᠬᠠᠷᠯᠠᠲᠠ ᠪᠠᠨ ᠲᠤᠭᠳᠠᠭᠠᠨ᠂ ᠥᠪᠡᠷ ᠤᠨ ᠬᠦᠰᠡᠵᠦ ᠰᠠᠨᠠᠭᠰᠠᠨ ᠶᠡᠭᠡ ᠳᠡᠭᠡᠲᠦ ᠰᠤᠷᠭᠠᠭᠤᠯᠢ ᠳᠤ ᠪᠠᠨ ᠰᠢᠯᠭᠠᠨ ᠣᠷᠣᠬᠤ ᠪᠠᠷ ᠮᠡᠷᠡᠶᠢᠨ ᠴᠢᠷᠮᠠᠶᠢᠨ᠎ᠠ᠃
     ᠣᠶᠢᠯᠠᠭᠠᠭᠰᠠᠨ ᠢᠶᠠᠷ᠂ ᠰᠤᠷᠭᠠᠭᠤᠯᠢ ᠡᠬᠢᠯᠡᠭᠰᠡᠨ ᠤ ᠳᠠᠷᠠᠭ᠎ᠠ᠂ ᠡᠯ᠎ᠡ ᠰᠤᠷᠭᠠᠭᠤᠯᠢ ᠨᠢ ᠡᠩ ᠤᠨ ᠵᠢᠭᠠᠨ ᠰᠤᠷᠭᠠᠯᠳᠠ ᠪᠠᠨ ᠬᠡᠪ ᠤᠨ ᠶᠤᠰᠤᠭᠠᠷ ᠶᠠᠪᠤᠭᠳᠠᠭᠤᠯᠬᠤ ᠶᠢᠨ ᠲᠠᠭᠠᠤ᠂ ᠪᠠᠭᠰᠢ ᠰᠤᠷᠤᠭᠴᠢᠳ ᠤᠨ ᠪᠡᠶ᠎ᠡ ᠶᠢᠨ ᠲᠤᠯᠠᠭᠠᠨ ᠢ ᠬᠡᠮᠵᠢᠬᠦ᠂ ᠪᠠᠴᠢᠮ ᠪᠠᠶᠢᠳᠠᠯ ᠢ ᠠᠷᠭᠠᠴᠠᠬᠤ  ᠲᠦᠰᠦᠪ ᠢ ᠪᠦᠷᠢᠨᠰᠢᠭᠦᠯᠬᠦ᠂ ᠬᠤᠭᠤᠯᠠᠨ ᠬᠡᠷ ᠤᠨ ᠡᠷᠡᠬᠦᠯ ᠬᠠᠮᠠᠭᠠᠯᠠᠯ ᠤᠨ ᠬᠠᠮᠢᠶᠠᠷᠤᠯᠳᠠ‌‍ᠶᠢ ᠴᠢᠩᠭᠠᠳᠬᠠᠬᠤ᠂ ᠬᠢᠨᠠᠨ ᠪᠠᠶᠢᠴᠠᠭᠠᠯᠳᠠ ᠶᠢ ᠨᠠᠷᠢᠯᠢᠭᠵᠢᠭᠤᠯᠬᠤ ᠵᠡᠷᠬᠡ ᠠᠵᠢᠯ ᠢ ᠰᠠᠶᠢᠲᠤᠷ ᠬᠢᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠮᠤᠷ ᠲᠦᠪᠰᠢᠨ᠂ ᠲᠤᠭᠳᠠᠭᠤᠨ᠂ ᠡᠮᠬᠢ ᠵᠢᠷᠤᠮ ᠢ ᠪᠠᠳᠤᠯᠠᠵᠤ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号