ᠤᠶᠢᠷ᠎ᠠ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠡᠬᠢ ᠪᠠᠶᠠᠯᠢᠭ ᠤᠨ ᠰᠥᠨᠢᠳ ᠵᠡᠭᠦᠨ ᠬᠤᠰᠢᠭᠤᠨ | ᠤ ᠮᠠᠩᠯᠠᠶ ᠠᠭᠤᠷᠬᠠᠶ ᠶᠢᠨ ᠦᠶᠯᠡᠰ ᠤᠨ ᠬᠢᠵᠠᠭᠠᠷᠲᠤ ᠺᠣᠮᠫᠠᠨᠢ ᠠᠴᠠ ᠥᠷᠭᠡᠨᠲᠠᠯ᠎ᠠ ᠪᠠᠯᠭᠠᠰᠤᠨ ᠤ ᠪᠠᠶ᠋ᠬᠠᠤᠪᠤᠭ᠎ᠠ | ᠭᠠᠴᠠᠭ᠎ᠠ ᠶᠢ ᠬᠠᠪᠰᠤᠷᠤᠨ ᠲᠡᠳᠬᠦᠭᠰᠡᠨ ᠦᠷ᠎ᠡ ᠪᠦᠲᠦᠮᠵᠢ ᠶᠢᠨ ᠶᠠᠷᠢᠯᠴᠠᠬᠤ ᠬᠤᠷᠠᠯ ᠬᠤᠷᠠᠯᠳᠤᠵᠤ᠂ ᠬᠤᠶᠠᠷ ᠲᠠᠯ᠎ᠠ | ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠬᠦᠯᠬᠦ ᠳᠤᠬᠠᠢ ᠰᠠᠨᠠᠯ | ᠪᠤᠳᠤᠯ ᠢᠶᠠᠨ ᠬᠦᠨᠵᠡᠬᠡᠢ ᠰᠤᠯᠢᠯᠴᠠᠵᠠᠢ᠃ | | | ︵ᠭᠠᠴᠠᠭᠠᠨ ᠤ ᠨᠢᠭᠡᠳᠦᠭᠡᠷ ᠱᠦᠵᠢ ᠠᠴᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠬᠡᠮᠡᠷᠯᠢᠭ ᠲᠤᠭ | ᠬᠦᠷᠭᠡᠨ ᠳᠠᠯᠠᠷᠬᠠᠯ ᠢᠯᠡᠷᠭᠡᠶᠢᠯᠡᠵᠦ ᠪᠠᠶᠢᠭ᠎ᠠ ᠨᠢ︶ | | | | ︵ᠠᠵᠤ ᠠᠬᠤᠶᠢᠯᠠᠯ ᠤᠨ ᠬᠢᠨ ᠪᠠ ᠭᠠᠴᠠᠭᠠᠨ ᠤ ᠬᠠᠷᠢᠭᠤᠴᠠᠯᠭᠠᠲᠠᠨ ᠨᠠᠷ ᠶᠠᠳᠠᠭᠤ ᠬᠦᠴᠢᠷᠳᠡᠯᠲᠡᠶ ᠡᠷᠦᠬᠡ | ᠶᠢ ᠪᠣᠯᠭᠤᠭᠠᠨ ᠳᠤᠬᠤᠨᠢᠭᠤᠯᠤᠯᠠ︶ | | ᠣᠶᠢᠯᠠᠭᠠᠭᠰᠠᠨ ᠢᠶᠠᠷ᠂ ᠥᠷᠭᠡᠨᠲᠠᠯ᠎ᠠ ᠪᠠᠯᠭᠠᠰᠤᠨ ᠤ ᠪᠠᠶ᠋ᠬᠠᠤᠪᠤᠭ᠎ᠠ ᠭᠠᠴᠠᠭ᠎ᠠ 2018 ᠣᠨ ᠳᠤ ᠳᠤᠮᠳᠠᠳᠤ | ᠤᠯᠤᠰ ᠤᠨ ᠲᠡᠮᠦᠷ ᠵᠠᠮ ᠤᠨ ᠡᠬᠢ ᠪᠠᠶᠠᠯᠢᠭ ᠤᠨ ᠰᠥᠨᠢᠳ ᠵᠡᠭᠦᠨ ᠬᠤᠰᠢᠭᠤᠨ ᠤ ᠮᠠᠩᠯᠠᠶ ᠠᠭᠤᠷᠬᠠᠶ ᠶᠢᠨ ᠦᠶᠯᠡᠰ | ᠤᠨ ᠬᠢᠵᠠᠭᠠᠷᠲᠤ ᠺᠣᠮᠫᠠᠨᠢ ᠲᠠᠢ ᠬᠠᠪᠰᠤᠷᠤᠨ ᠲᠡᠳᠬᠦᠬᠦ ᠬᠠᠮᠳᠤᠷᠠᠯᠴᠠᠭ᠎ᠠ ᠪᠠᠶᠢᠭᠤᠯᠤᠭᠰᠠᠨ ᠠᠴᠠ ᠨᠠᠰᠢ᠂ ᠬᠤᠶᠠᠷ | ᠳᠠᠯ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠠᠵᠢᠯ ᠳᠤ ᠭᠠᠷ ᠬᠤᠯᠪᠤᠨ ᠵᠢᠳᠬᠦᠵᠦ᠂ | ᠠᠵᠤ ᠠᠬᠤᠶᠢᠯᠠᠯ ᠤᠨ ᠬᠢᠨ ᠡᠬᠢ ᠪᠠᠶᠠᠯᠢᠭ ᠪᠠ ᠵᠠᠬ᠎ᠠ ᠳᠡᠯᠭᠡᠭᠦᠷ ᠤᠨ ᠳᠠᠪᠠᠭᠤᠯᠢᠭ ᠢᠶᠠᠨ ᠠᠰᠢᠭᠯᠠᠨ᠂ ᠪᠠᠶ᠋ᠬᠠᠤᠪᠤᠭ᠎ᠠ | ᠭᠠᠴᠠᠭᠠᠨ ᠳᠤ ᠬᠦᠮᠦᠷᠢᠬᠦᠯᠳᠦ ᠳᠡᠷᠭᠡ ᠦᠨ᠎ᠡ ᠲᠦᠯᠦᠪᠦᠷᠢ ᠦᠬᠡᠢ ᠪᠠᠷ ᠭᠡᠷᠡᠭᠯᠡᠬᠦᠯᠦᠨ᠂ ᠲᠡᠭᠡᠭᠡᠪᠦᠷᠢ ᠶᠢᠨ ᠠᠵᠢᠯ ᠢ | ᠢᠳᠡᠪᠬᠢᠲᠡᠢ ᠵᠤᠬᠢᠴᠠᠭᠤᠯᠬᠤ ᠵᠡᠷᠭᠡ ᠮᠠᠶ᠋ᠢᠭ ᠢᠶᠠᠷ ᠳᠠᠮᠵᠢᠨ᠂ 2020 ᠣᠨ ᠳᠤ ᠳᠤᠰ ᠭᠠᠴᠠᠭᠠᠨ ᠳᠤ 8 ᠲᠦᠮᠡᠨ | ᠲᠥᠭᠦᠷᠢᠭ ᠤᠨ ᠣᠷᠣᠯᠭ᠎ᠠ ᠡᠭᠦᠳᠦᠨ ᠦᠭᠴᠦ᠂ ᠬᠠᠮᠳᠤᠷᠠᠯᠴᠠᠭ᠎ᠠ ᠪᠠᠶᠢᠭᠤᠯᠤᠭᠰᠠᠨ ᠭᠤᠷᠪᠠᠨ ᠵᠢᠯ ᠳᠤ ᠨᠡᠶᠢᠲᠡ | 20 ᠲᠦᠮᠡᠨ ᠲᠥᠭᠦᠷᠢᠭ ᠤᠨ ᠤᠷᠤᠯᠭ᠎ᠠ ᠤᠯᠭᠤᠨ ᠭᠠᠴᠠᠭᠠᠨ ᠤ ᠬᠠᠮᠲᠤ ᠶᠢᠨ ᠠᠵᠤ ᠠᠬᠤᠶ ᠶᠢ | ᠪᠤᠵᠠᠭᠠᠶᠢᠷᠠᠭᠤᠯᠤᠭᠰᠠᠨ ᠪᠠᠶᠢᠨ᠎ᠠ᠃ | | | |